ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠦᠨᠳᠦᠰᠦᠲᠡᠨ᠎ᠤ ᠰᠤᠷᠭᠠᠨ ᠬᠥᠮᠦᠵᠢᠯ᠎ᠦᠨ ᠳᠦᠷᠢᠮ (ᠭᠤᠷᠪᠠᠳᠤᠭᠠᠷ ᠪᠦᠯᠦᠭ)
2019.11.04

   (2016 ᠣᠨ᠎ᠤ 9 ᠰᠠᠷ᠎ᠠ᠎ᠶᠢᠨ 29᠎ᠤ ᠡᠳᠦᠷ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠠᠷᠪᠠᠨ ᠬᠣᠶᠠᠳᠤᠭᠠᠷ ᠬᠤᠭᠤᠴᠠᠭᠠᠨ᠎ᠤ

  ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠬᠣᠷᠢᠨ ᠵᠢᠷᠭᠤᠳᠤᠭᠠᠷ ᠬᠤᠷᠠᠯᠳᠤᠭᠠᠨ᠎ᠢᠶᠠᠷ ᠪᠠᠲᠤᠯᠠᠪᠠ)

 

    ᠭᠤᠷᠪᠠᠳᠤᠭᠠᠷ ᠪᠦᠯᠦᠭ  ᠰᠤᠷᠭᠠᠨ ᠬᠥᠮᠦᠵᠢᠯ ᠵᠢᠭᠠᠨ ᠰᠤᠷᠭᠠᠯᠲᠠ

 

  ᠠᠷᠪᠠᠨ ᠨᠠᠢ᠍ᠮᠠᠳᠤᠭᠠᠷ ᠵᠦᠢᠯ   ᠥᠪᠡᠷᠲᠡᠭᠡᠨ ᠵᠠᠰᠠᠬᠤ ᠣᠷᠤᠨ᠎ᠤ ᠠᠷᠠᠳ᠎ᠤᠨ ᠵᠠᠰᠠᠭ᠎ᠤᠨ ᠣᠷᠳᠤᠨ ᠤᠯᠤᠰ᠎ᠤᠨ ᠰᠤᠷᠭᠠᠨ ᠬᠥᠮᠦᠵᠢᠯ᠎ᠦᠨ ᠴᠢᠭᠯᠡᠯᠲᠡ᠎ᠶᠢ ᠦᠨᠳᠦᠰᠦᠯᠡᠨ᠂ ᠬᠠᠤᠯᠢ ᠴᠠᠭᠠᠵᠠ ᠪᠠ ᠬᠠᠮᠢᠶ᠎ᠠ ᠪᠦᠬᠦᠢ ᠲᠣᠭᠲᠠᠭᠠᠯ ᠶᠣᠰᠤᠭᠠᠷ᠂ ᠦᠨᠳᠦᠰᠦᠲᠡᠨ᠎ᠤ ᠰᠤᠷᠭᠠᠨ ᠬᠥᠮᠦᠵᠢᠯ᠎ᠦᠨ ᠬᠥᠭᠵᠢᠯᠲᠡ᠎ᠶᠢᠨ ᠲᠥᠯᠦᠪᠵᠢᠭᠦᠯᠭᠡ ᠵᠢᠴᠢ ᠡᠯ᠎ᠡ ᠱᠠᠲᠤᠨ᠎ᠤ ᠡᠯ᠎ᠡ ᠲᠥᠷᠦᠯ᠎ᠦᠨ ᠦᠨᠳᠦᠰᠦᠲᠡᠨ᠎ᠤ ᠰᠤᠷᠭᠠᠭᠤᠯᠢ᠎ᠶᠢᠨ ᠲᠣᠬᠢᠷᠠᠭᠤᠯᠤᠯᠲᠠ᠂ ᠰᠤᠷᠤᠯᠴᠠᠬᠤ ᠴᠠᠭ ᠬᠤᠭᠤᠴᠠᠭ᠎ᠠ᠂ ᠰᠤᠷᠭᠠᠭᠤᠯᠢ ᠡᠷᠬᠢᠯᠡᠬᠦ ᠬᠡᠯᠪᠡᠷᠢ᠂ ᠰᠤᠷᠬᠤ ᠪᠢᠴᠢᠭ᠎ᠤᠨ ᠪᠠᠢᠭᠤᠯᠤᠯᠲᠠ᠂ ᠵᠢᠭᠠᠨ ᠰᠤᠷᠭᠠᠬᠤ ᠠᠭᠤᠯᠭ᠎ᠠ᠂ ᠵᠢᠭᠠᠨ ᠰᠤᠷᠭᠠᠬᠤ᠎ᠳᠤ ᠬᠡᠷᠡᠭᠯᠡᠬᠦ ᠦᠭᠡ ᠬᠡᠯᠡ ᠪᠠ ᠰᠤᠷᠤᠭᠴᠢ ᠡᠯᠰᠡᠬᠦ ᠳᠦᠷᠢᠮ᠎ᠢ ᠲᠣᠭᠲᠠᠭᠠᠨ᠎ᠠ᠃

  ᠠᠷᠪᠠ ᠶᠢᠰᠦᠳᠦᠭᠡᠷ ᠵᠦᠢᠯ   ᠥᠪᠡᠷᠲᠡᠭᠡᠨ ᠵᠠᠰᠠᠬᠤ ᠣᠷᠤᠨ᠎ᠤ ᠡᠯ᠎ᠡ ᠱᠠᠲᠤᠨ᠎ᠤ ᠡᠯ᠎ᠡ ᠲᠥᠷᠦᠯ᠎ᠦᠨ ᠦᠨᠳᠦᠰᠦᠲᠡᠨ᠎ᠤ ᠰᠤᠷᠭᠠᠭᠤᠯᠢ᠎ᠨᠢ ᠲᠤᠰ ᠦᠨᠳᠦᠰᠦᠲᠡᠨ᠎ᠤ᠎ᠪᠠᠨ ᠦᠭᠡ ᠬᠡᠯᠡ ᠦᠰᠦᠭ ᠪᠢᠴᠢᠭ ᠪᠤᠶᠤ ᠲᠤᠰ ᠦᠨᠳᠦᠰᠦᠲᠡᠨ᠎ᠤ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢᠶᠠᠷ ᠵᠢᠭᠠᠨ ᠰᠤᠷᠭᠠᠵᠤ᠂ ᠦᠨᠳᠦᠰᠦᠲᠡᠨ᠎ᠤ ᠰᠤᠷᠭᠠᠭᠤᠯᠢ᠎ᠶᠢᠨ ᠬᠣᠤᠰ ᠬᠡᠯᠡᠨ᠎ᠤ ᠵᠢᠭᠠᠨ ᠰᠤᠷᠭᠠᠯᠲᠠ᠎ᠶᠢᠨ ᠠᠵᠢᠯ᠎ᠢ ᠭᠣᠤᠯᠳᠠᠯᠭ᠎ᠠ᠎ᠲᠠᠢ ᠬᠥᠭᠵᠢᠭᠦᠯᠬᠦ ᠬᠡᠷᠡᠭᠲᠡᠢ᠃

  ᠬᠣᠷᠢᠳᠤᠭᠠᠷ ᠵᠦᠢᠯ   ᠮᠣᠩᠭᠤᠯ ᠦᠨᠳᠦᠰᠦᠲᠡᠨ᠎ᠤ ᠬᠡᠤᠬᠡᠳ᠎ᠦᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ᠎ᠨᠢ ᠭᠣᠤᠯᠳᠠᠭᠤ ᠮᠣᠩᠭᠤᠯ ᠦᠨᠳᠦᠰᠦᠲᠡᠨ᠎ᠤ ᠰᠤᠷᠤᠭᠴᠢᠳ᠎ᠢ ᠡᠯᠰᠡᠵᠦ᠂ ᠮᠣᠩᠭᠤᠯ ᠬᠡᠯᠡ᠎ᠪᠡᠷ ᠬᠢᠴᠢᠶᠡᠯᠯᠡᠬᠦ᠎ᠪᠡᠷ ᠭᠣᠤᠯᠯᠠᠵᠤ᠂ ᠬᠢᠲᠠᠳ ᠬᠡᠯᠡ᠎ᠶᠢ ᠨᠡᠮᠡᠵᠤ ᠰᠤᠷᠭᠠᠬᠤ ᠪᠤᠶᠤ ᠬᠢᠲᠠᠳ ᠬᠡᠯᠡ᠎ᠪᠡᠷ ᠬᠢᠴᠢᠶᠡᠯᠯᠡᠬᠦ᠎ᠪᠡᠷ ᠭᠣᠤᠯᠯᠠᠵᠤ᠂ ᠮᠣᠩᠭᠤᠯ ᠬᠡᠯᠡ᠎ᠶᠢ ᠨᠡᠮᠡᠵᠦ ᠰᠤᠷᠭᠠᠬᠤ ᠬᠣᠤᠰ ᠬᠡᠯᠡᠨ᠎ᠤ ᠵᠢᠭᠠᠨ ᠰᠤᠷᠭᠠᠯᠲᠠ᠎ᠶᠢ ᠬᠡᠷᠡᠭᠵᠢᠭᠦᠯᠬᠦ ᠬᠡᠷᠡᠭᠲᠡᠢ᠃

  ᠰᠣᠯᠤᠩᠭᠤᠰ ᠦᠨᠳᠦᠰᠦᠲᠡᠨ᠎ᠤ ᠬᠡᠤᠬᠡᠳ᠎ᠦᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ᠎ᠨᠢ ᠭᠣᠤᠯᠳᠠᠭᠤ ᠰᠣᠯᠤᠩᠭᠤᠰ ᠦᠨᠳᠦᠰᠦᠲᠡᠨ᠎ᠤ ᠰᠤᠷᠤᠭᠴᠢᠳ᠎ᠢ ᠡᠯᠰᠡᠵᠦ᠂ ᠰᠣᠯᠤᠩᠭᠤᠰ ᠬᠡᠯᠡ᠎ᠪᠡᠷ ᠬᠢᠴᠢᠶᠡᠯᠯᠡᠬᠦ᠎ᠪᠡᠷ ᠭᠣᠤᠯᠯᠠᠵᠤ᠂ ᠬᠢᠲᠠᠳ ᠬᠡᠯᠡ᠎ᠶᠢ ᠨᠡᠮᠡᠵᠤ ᠰᠤᠷᠭᠠᠬᠤ ᠪᠤᠶᠤ ᠬᠢᠲᠠᠳ ᠬᠡᠯᠡ᠎ᠪᠡᠷ ᠬᠢᠴᠢᠶᠡᠯᠯᠡᠬᠦ᠎ᠪᠡᠷ ᠭᠣᠤᠯᠯᠠᠵᠤ᠂ ᠰᠣᠯᠤᠩᠭᠤᠰ ᠬᠡᠯᠡ᠎ᠶᠢ ᠨᠡᠮᠡᠵᠤ ᠰᠤᠷᠭᠠᠬᠤ ᠬᠣᠤᠰ ᠬᠡᠯᠡᠨ᠎ᠤ ᠵᠢᠭᠠᠨ ᠰᠤᠷᠭᠠᠯᠲᠠ᠎ᠶᠢ ᠬᠡᠷᠡᠭᠵᠢᠭᠦᠯᠬᠦ ᠬᠡᠷᠡᠭᠲᠡᠢ᠃

  ᠪᠤᠰᠤᠳ ᠴᠦ᠋ᠬᠡᠨ ᠲᠤᠭᠠᠳᠤ ᠦᠨᠳᠦᠰᠦᠲᠡᠨ᠎ᠤ ᠬᠡᠤᠬᠡᠳ᠎ᠦᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ᠎ᠨᠢ ᠭᠣᠤᠯᠳᠠᠭᠤ ᠲᠤᠰ ᠦᠨᠳᠦᠰᠦᠲᠡᠨ᠎ᠤ᠎ᠪᠠᠨ ᠰᠤᠷᠤᠭᠴᠢᠳ᠎ᠢ ᠡᠯᠰᠡᠵᠦ᠂ ᠲᠤᠰ ᠦᠨᠳᠦᠰᠦᠲᠡᠨ᠎ᠤ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢᠶᠡᠷ ᠵᠢᠭᠠᠨ ᠰᠤᠷᠭᠠᠵᠤ᠂ ᠰᠤᠷᠤᠭᠴᠢᠳ᠎ᠤᠨ ᠣᠨᠴᠠᠯᠢᠭ᠎ᠲᠤ ᠲᠤᠬᠢᠷᠠᠬᠤ ᠦᠨᠳᠦᠰᠦᠲᠡᠨ᠎ᠤ ᠤᠯᠠᠮᠵᠢᠯᠠᠯᠲᠤ ᠰᠣᠶᠤᠯ ᠰᠤᠷᠭᠠᠨ ᠬᠥᠮᠦᠵᠢᠯ᠎ᠦᠨ ᠬᠢᠴᠢᠶᠡᠯ᠎ᠢ ᠲᠣᠬᠢᠷᠠᠭᠤᠯᠬᠤ ᠬᠡᠷᠡᠭᠲᠡᠢ᠃

  ᠥᠪᠡᠷᠲᠡᠭᠡᠨ ᠵᠠᠰᠠᠬᠤ ᠣᠷᠤᠨ᠎ᠠᠴᠠ ᠣᠷᠴᠤᠨ ᠦᠨᠳᠦᠰᠦᠲᠡᠨ᠂ ᠡᠸᠡᠩᠬᠢ ᠦᠨᠳᠦᠰᠦᠲᠡᠨ᠂ ᠲᠠᠭᠤᠷ ᠦᠨᠳᠦᠰᠦᠲᠡᠨ ᠰᠤᠷᠭᠠᠭᠤᠯᠢ᠎ᠶᠢᠨ ᠰᠤᠷᠭᠠᠨ ᠬᠥᠮᠦᠵᠢᠯ᠎ᠦᠨ ᠬᠡᠯᠪᠡᠷᠢ᠎ᠪᠡᠷ ᠲᠤᠰ ᠦᠨᠳᠦᠰᠦᠲᠡᠨ᠎ᠤ᠎ᠪᠠᠨ ᠦᠭᠡ ᠬᠡᠯᠡ ᠪᠡ ᠲᠤᠰ ᠦᠨᠳᠦᠰᠦᠲᠡᠨ᠎ᠤ᠎ᠪᠠᠨ ᠰᠣᠶᠤᠯ᠎ᠢ ᠰᠤᠷᠤᠯᠴᠠᠨ ᠤᠯᠠᠮᠵᠢᠯᠠᠬᠤ᠎ᠶᠢ ᠳᠠᠮᠵᠢᠨ᠎ᠠ᠃

  ᠬᠣᠷᠢᠨ ᠨᠢᠭᠡᠳᠦᠭᠡᠷ ᠵᠦᠢᠯ   ᠬᠣᠤᠰ ᠬᠡᠯᠡᠨ᠎ᠤ ᠵᠢᠭᠠᠨ ᠰᠤᠷᠭᠠᠯᠲᠠ᠎ᠶᠢ ᠬᠡᠷᠡᠭᠵᠢᠭᠦᠯᠵᠦ᠂ ᠰᠤᠷᠬᠤ ᠨᠠᠰᠤᠨ᠎ᠠᠴᠠ ᠡᠮᠦᠨᠡᠬᠢ ᠱᠠᠲᠤᠨ᠎ᠳᠡᠬᠢ ᠨᠢᠯᠬ᠎ᠠ ᠬᠡᠤᠬᠡᠳ᠎ᠦᠨ ᠲᠤᠰ ᠦᠨᠳᠦᠰᠦᠲᠡᠨ᠎ᠤ ᠦᠭᠡ ᠬᠡᠯᠡ᠎ᠪᠡᠨ ᠰᠤᠷᠤᠯᠴᠠᠬᠤ ᠴᠢᠳᠠᠪᠦᠷᠢ ᠪᠠ ᠬᠢᠲᠠᠳ ᠬᠡᠯᠡ ᠰᠤᠷᠬᠤ ᠤᠷᠮ᠎ᠠ ᠪᠠᠬ᠎ᠠ᠎ᠶᠢ ᠬᠥᠮᠦᠵᠢᠭᠦᠯᠵᠦ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠱᠠᠲᠤᠨ᠎ᠳᠤ ᠲᠤᠰ ᠦᠨᠳᠦᠰᠦᠲᠡᠨ᠎ᠤ᠎ᠪᠠᠨ ᠦᠭᠡ ᠬᠡᠯᠡ ᠦᠰᠦᠭ ᠪᠢᠴᠢᠭ ᠪᠠ ᠬᠢᠲᠠᠳ ᠦᠭᠡ ᠬᠡᠯᠡ ᠦᠰᠦᠭ ᠪᠢᠴᠢᠭ᠎ᠢ ᠦᠨᠳᠦᠰᠦᠨ᠎ᠳᠤ᠎ᠪᠠᠨ ᠡᠵᠡᠮᠱᠢᠭᠦᠯᠵᠦ᠂ ᠳᠡᠭᠡᠲᠤ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠱᠠᠲᠤᠨ᠎ᠳᠤ ᠲᠤᠰ ᠦᠨᠳᠦᠰᠦᠲᠡᠨ᠎ᠤ ᠦᠭᠡ ᠬᠡᠯᠡ ᠦᠰᠦᠭ ᠪᠢᠴᠢᠭ ᠪᠠ ᠬᠢᠲᠠᠳ ᠦᠭᠡ ᠬᠡᠯᠡ ᠦᠰᠦᠭ ᠪᠢᠴᠢᠭ᠎ᠢ ᠪᠣᠯᠪᠠᠰᠤᠷᠠᠩᠭᠤᠢ ᠬᠡᠷᠡᠭᠯᠡᠵᠦ ᠴᠢᠳᠠᠬᠤ ᠪᠣᠯᠭᠠᠬᠤ ᠬᠡᠷᠡᠭᠲᠡᠢ᠃

  ᠬᠣᠤᠰ ᠬᠡᠯᠡ᠎ᠪᠡᠷ ᠵᠢᠭᠠᠨ ᠰᠤᠷᠭᠠᠬᠤ ᠦᠨᠳᠦᠰᠦᠲᠡᠨ᠎ᠤ ᠳᠤᠮᠳᠠᠳᠤ ᠪᠠᠭ᠎ᠠ ᠰᠤᠷᠭᠠᠭᠤᠯᠢ᠎ᠨᠢ ᠥᠪᠡᠷᠲᠡᠭᠡᠨ ᠵᠠᠰᠠᠬᠤ ᠣᠷᠤᠨ᠎ᠤ ᠲᠣᠭᠲᠠᠭᠠᠭᠰᠠᠨ ᠬᠢᠴᠢᠶᠡᠯ᠎ᠦᠨ ᠲᠥᠯᠦᠪᠯᠡᠭᠡ ᠶᠣᠰᠤᠭᠠᠷ ᠨᠢᠭᠡ ᠲᠥᠷᠦᠯ᠎ᠦᠨ ᠭᠠᠳᠠᠭᠠᠲᠤ ᠬᠡᠯᠡᠨ᠎ᠤ ᠬᠢᠴᠢᠶᠡᠯ᠎ᠢ ᠲᠣᠬᠢᠷᠠᠭᠤᠯᠬᠤ ᠬᠡᠷᠡᠭᠲᠡᠢ᠃

  ᠬᠣᠷᠢᠨ ᠬᠣᠶᠠᠳᠤᠭᠠᠷ ᠵᠦᠢᠯ   ᠳᠡᠭᠡᠲᠤ ᠵᠡᠷᠭᠡ᠎ᠶᠢᠨ ᠰᠤᠷᠭᠠᠭᠤᠯᠢ᠎ᠨᠢ ᠦᠨᠳᠦᠰᠦᠲᠡᠨ᠎ᠤ ᠣᠨᠴᠠᠯᠢᠭ᠎ᠲᠠᠢ ᠭᠣᠤᠯᠳᠠᠯᠭᠠᠲᠤ ᠱᠢᠨᠵᠢᠯᠡᠭᠡᠨ᠎ᠤ ᠲᠥᠷᠦᠯ ᠪᠠ ᠲᠤᠰᠭᠠᠢ ᠮᠡᠷᠭᠡᠵᠢᠯ᠎ᠦᠨ ᠪᠠᠢᠭᠤᠯᠤᠯᠲᠠ᠎ᠪᠠᠨ ᠴᠢᠩᠭᠠᠳᠭᠠᠨ᠂ ᠠᠵᠤ ᠠᠬᠤᠢ ᠨᠡᠢᠭᠡᠮ᠎ᠤᠨ ᠬᠥᠭᠵᠢᠯᠲᠡ᠎ᠲᠠᠢ ᠵᠣᠬᠢᠴᠠᠭᠰᠠᠨ ᠱᠢᠨᠵᠢᠯᠡᠭᠡᠨ᠎ᠤ ᠲᠥᠷᠦᠯ᠎ᠦᠨ ᠲᠤᠰᠭᠠᠢ ᠮᠡᠷᠭᠡᠵᠢᠯ᠎ᠢ ᠲᠣᠬᠢᠷᠠᠭᠤᠯᠵᠤ᠂ ᠰᠤᠳᠤᠯᠭᠠᠨ᠎ᠤ ᠬᠡᠯᠪᠡᠷᠢ᠎ᠶᠢᠨ᠂ ᠱᠢᠨ᠎ᠡ᠎ᠶᠢ ᠡᠭᠦᠳᠬᠦ ᠬᠡᠯᠪᠡᠷᠢ᠎ᠶᠢᠨ᠂ ᠬᠡᠷᠡᠭᠯᠡᠭᠡᠨ᠎ᠤ ᠬᠡᠯᠪᠡᠷᠢ᠎ᠶᠢᠨ ᠴᠦ᠋ᠬᠡᠨ ᠲᠣᠭᠠᠲᠤ ᠦᠨᠳᠦᠰᠦᠲᠡᠨ᠎ᠤ ᠱᠢᠯᠢᠳᠡᠭ ᠴᠢᠳᠠᠪᠦᠷᠢᠲᠠᠨ ᠪᠠ ᠮᠣᠩᠭᠤᠯ ᠬᠢᠲᠠᠳ ᠬᠤᠶᠠᠷ ᠬᠡᠯᠡᠨ᠎ᠳᠤ ᠨᠡᠪᠲᠡᠷᠡᠭᠰᠡᠨ ᠥᠨᠳᠦᠷ ᠬᠡᠪ ᠪᠣᠯᠪᠠᠰᠤᠷᠠᠯ᠎ᠲᠠᠢ ᠴᠢᠳᠠᠪᠦᠷᠢᠲᠠᠨ᠎ᠢ ᠬᠥᠮᠦᠵᠢᠭᠦᠯᠬᠦ ᠬᠡᠷᠡᠭᠲᠡᠢ᠃

  ᠮᠣᠩᠭᠤᠯ ᠬᠡᠯᠡ᠎ᠪᠡᠷ ᠬᠢᠴᠢᠶᠡᠯᠯᠡᠬᠦ᠎ᠪᠡᠷ ᠭᠣᠤᠯᠯᠠᠵᠤ ᠬᠢᠲᠠᠳ ᠬᠡᠯᠡ᠎ᠶᠢ ᠨᠡᠮᠡᠵᠤ ᠰᠤᠷᠤᠭᠰᠠᠨ ᠳᠡᠭᠡᠲᠤ ᠵᠡᠷᠭᠡ᠎ᠶᠢᠨ ᠳᠤᠮᠳᠠᠳᠤ ᠰᠤᠷᠭᠠᠭᠤᠯᠢ᠎ᠠᠴᠠ ᠲᠡᠭᠦᠰᠦᠭᠰᠡᠳ ᠣᠷᠤᠨ᠎ᠤ ᠳᠣᠲᠤᠷᠠᠬᠢ ᠳᠡᠭᠡᠲᠤ ᠵᠡᠷᠭᠡ᠎ᠶᠢᠨ ᠰᠤᠷᠭᠠᠭᠤᠯᠢ᠎ᠳᠤ ᠱᠢᠯᠭᠠᠭᠳᠠᠵᠤ᠂ ᠮᠣᠩᠭᠤᠯ ᠬᠡᠯᠡ᠎ᠪᠡᠷ ᠬᠢᠴᠢᠶᠡᠯᠯᠡᠬᠦ ᠲᠤᠰᠭᠠᠢ ᠮᠡᠷᠭᠡᠵᠢᠯ᠎ᠢ ᠰᠣᠩᠭᠤᠭᠰᠠᠨ ᠪᠤᠯ᠂ ᠠᠵᠢᠯ ᠣᠯᠵᠤ ᠦᠢᠯᠡᠰ ᠪᠣᠰᠭᠠᠬᠤ᠎ᠳᠤ᠎ᠨᠢ ᠲᠤᠰᠠᠲᠠᠢ ᠬᠣᠶᠠᠳᠤᠭᠠᠷ ᠡᠷᠳᠡᠮ᠎ᠦᠨ ᠴᠣᠯᠠ᠂ ᠬᠣᠶᠠᠳᠤᠭᠠᠷ ᠲᠤᠰᠭᠠᠢ ᠮᠡᠷᠭᠡᠵᠢᠯ ᠪᠤᠶᠤ ᠬᠢᠲᠠᠳ ᠬᠡᠯᠡ᠎ᠪᠡᠷ ᠬᠢᠴᠢᠶᠡᠯᠯᠡᠬᠦ ᠬᠡᠷᠡᠭᠯᠡᠭᠡᠨ᠎ᠤ ᠲᠥᠷᠦᠯ᠎ᠦᠨ ᠬᠢᠴᠢᠶᠡᠯ᠎ᠢ ᠨᠡᠮᠡᠨ ᠰᠤᠷᠤᠯᠴᠠᠬᠤ᠎ᠶᠢ ᠵᠣᠷᠢᠭᠵᠢᠭᠤᠯᠤᠨ᠎ᠠ; ᠦᠨᠳᠦᠰᠦᠲᠡᠨ᠎ᠤ ᠠᠩᠭᠢ ᠪᠠ ᠦᠨᠳᠦᠰᠦᠲᠡᠨ᠎ᠤ ᠪᠡᠯᠡᠳᠭᠡᠯ ᠠᠩᠭᠢ᠎ᠶᠢᠨ ᠬᠡᠯᠪᠡᠷᠢ᠎ᠪᠡᠷ ᠬᠢᠲᠠᠳ ᠬᠡᠯᠡ᠎ᠪᠡᠷ ᠬᠢᠴᠢᠶᠡᠯᠯᠡᠬᠦ ᠲᠤᠰᠭᠠᠢ ᠮᠡᠷᠭᠡᠵᠢᠯ᠎ᠢ ᠰᠣᠩᠭᠤᠪᠠᠯ᠂ ᠶᠡᠬᠡ ᠰᠤᠷᠭᠠᠭᠤᠯᠢ᠎ᠶᠢᠨ ᠮᠣᠩᠭᠤᠯ ᠬᠡᠯᠡᠨ᠎ᠤ ᠬᠢᠴᠢᠶᠡᠯ ᠲᠥᠷᠦᠯ᠎ᠢ ᠦᠷᠭᠦᠯᠵᠢᠯᠡᠨ ᠰᠤᠷᠤᠯᠴᠠᠬᠤ ᠬᠡᠷᠡᠭᠲᠡᠢ᠃

  ᠬᠢᠲᠠᠳ ᠬᠡᠯᠡ᠎ᠪᠡᠷ ᠬᠢᠴᠢᠶᠡᠯᠯᠡᠬᠦ᠎ᠪᠡᠷ ᠭᠣᠤᠯᠯᠠᠵᠤ᠂ ᠮᠣᠩᠭᠤᠯ ᠬᠡᠯᠡ᠎ᠶᠢ ᠨᠡᠮᠡᠵᠤ ᠰᠤᠷᠤᠭᠰᠠᠨ ᠳᠡᠭᠡᠲᠤ ᠵᠡᠷᠭᠡ᠎ᠶᠢᠨ ᠳᠤᠮᠳᠠᠳᠤ ᠰᠤᠷᠭᠠᠭᠤᠯᠢ᠎ᠠᠴᠠ ᠲᠡᠭᠦᠰᠦᠭᠰᠡᠳ ᠣᠷᠤᠨ᠎ᠤ ᠳᠣᠲᠤᠷᠠᠬᠢ ᠳᠡᠭᠡᠲᠤ ᠵᠡᠷᠭᠡ᠎ᠶᠢᠨ ᠰᠤᠷᠭᠠᠭᠤᠯᠢ᠎ᠳᠤ ᠱᠢᠯᠭᠠᠭᠳᠠᠵᠤ᠂ ᠬᠢᠲᠠᠳ ᠬᠡᠯᠡ᠎ᠪᠡᠷ ᠬᠢᠴᠢᠶᠡᠯᠯᠡᠬᠦ ᠲᠤᠰᠭᠠᠢ ᠮᠡᠷᠭᠡᠵᠢᠯ᠎ᠢ ᠰᠣᠩᠭᠤᠪᠠᠯ᠂ ᠶᠡᠬᠡ ᠰᠤᠷᠭᠠᠭᠤᠯᠢ᠎ᠶᠢᠨ ᠮᠣᠩᠭᠤᠯ ᠬᠡᠯᠡᠨ᠎ᠤ ᠬᠢᠴᠢᠶᠡᠯ᠎ᠢ ᠦᠷᠭᠦᠯᠵᠢᠯᠡᠨ ᠰᠤᠷᠤᠯᠴᠠᠬᠤ᠎ᠶᠢ ᠵᠣᠷᠢᠭᠵᠢᠭᠤᠯᠤᠨ᠎ᠠ᠃

  ᠬᠣᠷᠢᠨ ᠭᠤᠷᠪᠠᠳᠤᠭᠠᠷ ᠵᠦᠢᠯ   ᠥᠪᠡᠷᠲᠡᠭᠡᠨ ᠵᠠᠰᠠᠬᠤ ᠣᠷᠤᠨ᠎ᠨᠢ ᠮᠣᠩᠭᠤᠯ ᠬᠡᠯᠡ᠎ᠪᠡᠷ ᠬᠢᠴᠢᠶᠡᠯᠯᠡᠬᠦ᠎ᠪᠡᠷ ᠭᠣᠤᠯᠯᠠᠵᠤ᠂ ᠬᠢᠲᠠᠳ ᠬᠡᠯᠡ᠎ᠶᠢ ᠨᠡᠮᠡᠵᠤ ᠰᠤᠷᠬᠤ ᠦᠨᠳᠦᠰᠦᠲᠡᠨ᠎ᠤ ᠰᠤᠷᠭᠠᠭᠤᠯᠢ᠎ᠶᠢᠨ ᠰᠤᠷᠤᠭᠴᠢᠳ᠎ᠲᠤ 《ᠳᠤᠮᠳᠠᠳᠤ ᠤᠯᠤᠰ᠎ᠤᠨ ᠴᠦ᠋ᠬᠡᠨ ᠲᠤᠭᠠᠳᠤ ᠦᠨᠳᠦᠰᠦᠲᠡᠨ᠎ᠤ ᠬᠢᠲᠠᠳ ᠬᠡᠯᠡᠨ᠎ᠤ ᠬᠢᠷᠢ ᠲᠦᠪᠱᠢᠨ᠎ᠤ ᠱᠢᠯᠭᠠᠯᠲᠠ》᠎ᠶᠢᠨ ᠳᠦᠷᠢᠮ᠎ᠢ ᠬᠡᠷᠡᠭᠵᠢᠭᠦᠯᠦᠨ᠎ᠡ᠃ ᠬᠢᠲᠠᠳ ᠬᠡᠯᠡ᠎ᠪᠡᠷ ᠬᠢᠴᠢᠶᠡᠯᠯᠡᠬᠦ᠎ᠪᠡᠷ ᠭᠣᠤᠯᠯᠠᠵᠤ᠂ ᠮᠣᠩᠭᠤᠯ ᠬᠡᠯᠡ᠎ᠶᠢ ᠨᠡᠮᠡᠵᠤ ᠰᠤᠷᠭᠠᠬᠤ ᠦᠨᠳᠦᠰᠦᠲᠡᠨ᠎ᠤ ᠰᠤᠷᠭᠠᠭᠤᠯᠢ ᠪᠠ ᠮᠣᠩᠭᠤᠯ ᠬᠡᠯᠡ᠎ᠶᠢ ᠰᠣᠩᠭᠤᠵᠤ ᠰᠤᠷᠬᠤ ᠬᠢᠴᠢᠶᠡᠯ ᠲᠣᠬᠢᠷᠠᠭᠤᠯᠤᠭᠰᠠᠨ ᠡᠩ᠎ᠦᠨ ᠰᠤᠷᠭᠠᠭᠤᠯᠢ᠎ᠶᠢᠨ ᠰᠤᠷᠤᠭᠴᠢᠳ᠎ᠲᠤ 《ᠮᠣᠩᠭᠤᠯ ᠬᠡᠯᠡᠨ᠎ᠤ ᠬᠡᠷᠡᠭᠯᠡᠭᠡᠨ᠎ᠤ ᠬᠢᠷᠢ ᠲᠦᠪᠱᠢᠨ᠎ᠤ ᠱᠢᠯᠭᠠᠯᠲᠠ》᠎ᠶᠢᠨ ᠳᠦᠷᠢᠮ᠎ᠢ ᠬᠡᠷᠡᠭᠵᠢᠭᠦᠯᠦᠨ᠎ᠡ᠃

  ᠡᠯ᠎ᠡ ᠦᠨᠳᠦᠰᠦᠲᠡᠨ᠎ᠤ ᠰᠤᠷᠤᠭᠴᠢᠳ᠎ᠤᠨ ᠦᠭᠡ ᠬᠡᠯᠡ ᠦᠰᠦᠭ ᠪᠢᠴᠢᠭ᠎ᠢᠶᠡᠨ ᠬᠠᠷᠢᠯᠴᠠᠨ ᠰᠤᠷᠤᠯᠴᠠᠵᠤ᠂ ᠥᠪ ᠰᠣᠶᠤᠯ ᠪᠠ ᠵᠠᠩ ᠳᠠᠳᠭᠠᠯ᠎ᠢᠶᠠᠨ ᠬᠠᠷᠢᠯᠴᠠᠨ ᠣᠢᠯᠠᠭᠠᠯᠴᠠᠬᠤ᠎ᠶᠢ ᠵᠣᠷᠢᠭᠵᠢᠭᠤᠯᠤᠨ᠎ᠠ᠃

  ᠬᠣᠷᠢᠨ ᠳᠥᠷᠪᠡᠳᠦᠭᠡᠷ ᠵᠦᠢᠯ   ᠥᠪᠡᠷᠲᠡᠭᠡᠨ ᠵᠠᠰᠠᠬᠤ ᠣᠷᠤᠨ᠎ᠨᠢ ᠴᠦ᠋ᠬᠡᠨ ᠲᠣᠭᠠᠲᠤ ᠦᠨᠳᠦᠰᠦᠲᠡᠨ᠎ᠤ ᠰᠤᠷᠭᠠᠭᠤᠯᠢ ᠲᠡᠭᠦᠰᠦᠭᠰᠡᠳ᠎ᠲᠤ ᠰᠤᠷᠭᠠᠭᠤᠯᠢ ᠳᠠᠪᠱᠢᠬᠤ ᠬᠠᠷᠠᠭᠠᠯᠵᠠᠯ᠎ᠤᠨ ᠲᠥᠷᠦ᠎ᠶᠢᠨ ᠪᠣᠳᠤᠯᠭ᠎ᠠ᠎ᠶᠢ ᠬᠡᠷᠡᠭᠵᠢᠭᠦᠯᠦᠨ᠎ᠡ᠃

  ᠣᠷᠤᠨ᠎ᠤ ᠲᠤᠳᠤᠨ᠎ᠠ ᠭᠠᠳᠠᠨᠠᠬᠢ ᠳᠡᠭᠡᠲᠤ ᠵᠡᠷᠭᠡ᠎ᠶᠢᠨ ᠰᠤᠷᠭᠠᠭᠤᠯᠢ᠎ᠳᠤ ᠱᠢᠯᠭᠠᠬᠤ᠎ᠪᠡᠷ ᠮᠡᠳᠡᠭᠦᠯᠦᠭᠰᠡᠨ ᠮᠣᠩᠭᠤᠯ ᠦᠨᠳᠦᠰᠦᠲᠡᠨ᠂ ᠣᠷᠴᠤᠨ ᠦᠨᠳᠦᠰᠦᠲᠡᠨ᠂ ᠡᠸᠡᠩᠬᠢ ᠦᠨᠳᠦᠰᠦᠲᠡᠨ᠂ ᠲᠠᠭᠤᠷ ᠦᠨᠳᠦᠰᠦᠲᠡᠨ᠎ᠤ ᠰᠤᠷᠤᠭᠴᠢᠳ᠎ᠲᠤ ᠬᠤᠪᠢ ᠨᠡᠮᠡᠵᠤ ᠡᠯᠰᠡᠬᠦ ᠲᠥᠷᠦ᠎ᠶᠢᠨ ᠪᠣᠳᠤᠯᠭ᠎ᠠ᠎ᠶᠢ ᠬᠡᠷᠡᠭᠵᠢᠭᠦᠯᠦᠨ᠎ᠡ᠃ ᠪᠤᠰᠤᠳ ᠴᠦ᠋ᠬᠡᠨ ᠲᠣᠭᠠᠲᠤ ᠦᠨᠳᠦᠰᠦᠲᠡᠨ᠎ᠤ ᠱᠢᠯᠭᠠᠭᠰᠠᠳ᠎ᠲᠤ ᠠᠳᠠᠯᠢ ᠨᠥᠬᠦᠴᠡᠯ᠎ᠦᠨ ᠳᠣᠤᠷ᠎ᠠ ᠤᠷᠢᠳ᠎ᠢᠶᠠᠷ ᠡᠯᠰᠡᠬᠦ ᠲᠥᠷᠦ᠎ᠶᠢᠨ ᠪᠣᠳᠤᠯᠭ᠎ᠠ᠎ᠶᠢ ᠬᠡᠷᠡᠭᠵᠢᠭᠦᠯᠦᠨ᠎ᠡ᠃

  ᠬᠣᠷᠢᠨ ᠲᠠᠪᠤᠳᠤᠭᠠᠷ ᠵᠦᠢᠯ   ᠥᠪᠡᠷᠲᠡᠭᠡᠨ ᠵᠠᠰᠠᠬᠤ ᠣᠷᠤᠨ᠎ᠠᠴᠠ ᠪᠤᠲᠠᠲᠠᠢ ᠬᠡᠷᠡᠭᠴᠡᠭᠡ᠎ᠪᠡᠨ ᠦᠨᠳᠦᠰᠦᠯᠡᠨ᠂ ᠮᠣᠩᠭᠤᠯ ᠬᠡᠯᠡ᠎ᠪᠡᠷ ᠬᠢᠴᠢᠶᠡᠯᠯᠡᠬᠦ ᠳᠡᠭᠡᠲᠤ ᠵᠡᠷᠭᠡ᠎ᠶᠢᠨ ᠰᠤᠷᠭᠠᠨ ᠬᠥᠮᠦᠵᠢᠯ᠎ᠦᠨ ᠰᠤᠷᠭᠠᠭᠤᠯᠢ ᠡᠷᠬᠢᠯᠡᠬᠦ ᠬᠡᠪᠴᠢᠶ᠎ᠡ᠎ᠪᠠᠨ ᠢᠳᠡᠭ ᠢᠳᠡᠭ᠎ᠢᠶᠡᠷ ᠦᠷᠭᠡᠳᠬᠡᠵᠤ᠂ ᠲᠤᠰᠭᠠᠢ ᠮᠡᠷᠭᠡᠵᠢᠯ᠎ᠦᠨ ᠪᠦᠲᠦᠴᠡ᠎ᠶᠢ ᠱᠢᠯᠢᠳᠡᠭᠵᠢᠭᠦᠯᠦᠨ᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠶᠠᠰᠤ ᠴᠢᠨᠠᠷ᠎ᠢ ᠳᠡᠭᠡᠭᠱᠢᠯᠡᠭᠦᠯᠦᠨ᠎ᠡ᠃

  ᠮᠣᠩᠭᠤᠯ ᠬᠡᠯᠡ᠎ᠪᠡᠷ ᠬᠢᠴᠢᠶᠡᠯᠯᠡᠬᠦ᠎ᠪᠡᠷ ᠭᠣᠤᠯᠯᠠᠵᠤ ᠬᠢᠲᠠᠳ ᠬᠡᠯᠡ᠎ᠶᠢ ᠨᠡᠮᠡᠵᠤ ᠰᠤᠷᠤᠭᠰᠠᠨ ᠳᠡᠭᠡᠲᠤ ᠰᠤᠷᠭᠠᠭᠤᠯᠢ᠎ᠳᠤ ᠱᠢᠯᠭᠠᠭᠰᠠᠳ᠎ᠢ ᠡᠯᠰᠡᠬᠦ᠎ᠳᠤ᠂ ᠰᠤᠷᠤᠭᠴᠢ ᠡᠯᠰᠡᠬᠦ ᠲᠥᠯᠦᠪᠯᠡᠭᠡ᠎ᠪᠠᠨ ᠲᠤᠰᠠᠭᠠᠷ ᠲᠦᠯᠦᠪᠯᠡᠵᠤ᠂ ᠰᠤᠷᠤᠭᠴᠢ ᠡᠯᠰᠡᠬᠦ ᠬᠤᠪᠢ᠎ᠶᠢᠨ ᠪᠠᠷᠢᠮᠵᠢᠶ᠎ᠠ᠎ᠶᠢ ᠠᠰ᠎ᠲᠤ᠎ᠨᠢ ᠲᠣᠭᠲᠠᠭᠠᠵᠤ᠂ ᠨᠢᠭᠡᠳᠦᠯᠲᠡᠢ ᠡᠯᠰᠡᠬᠦ ᠬᠡᠷᠡᠭᠲᠡᠢ᠃ ᠱᠢᠯᠭᠠᠭᠰᠠᠳ ᠣᠷᠤᠨ᠎ᠤ ᠳᠣᠲᠤᠨ᠎ᠠ ᠭᠠᠳᠠᠨᠠᠬᠢ ᠳᠡᠭᠡᠲᠤ ᠵᠡᠷᠭᠡ᠎ᠶᠢᠨ ᠰᠤᠷᠭᠠᠭᠤᠯᠢ᠎ᠶᠢᠨ ᠬᠢᠲᠠᠳ ᠬᠡᠯᠡ᠎ᠪᠡᠷ ᠬᠢᠴᠢᠶᠡᠯᠯᠡᠬᠦ ᠲᠤᠰᠭᠠᠢ ᠮᠡᠷᠭᠡᠵᠢᠯ᠎ᠳᠤ ᠵᠡᠷᠭᠡ᠎ᠳᠤ᠎ᠨᠢ ᠮᠡᠳᠡᠭᠦᠯᠬᠦ᠎ᠶᠢ ᠵᠥᠪᠱᠢᠶᠡᠷᠡᠨ᠎ᠡ᠃

  ᠣᠷᠤᠨ᠎ᠤ ᠳᠣᠲᠤᠷᠠᠬᠢ ᠳᠡᠭᠡᠲᠤ ᠵᠡᠷᠭᠡ᠎ᠶᠢᠨ ᠰᠤᠷᠭᠠᠭᠤᠯᠢ᠎ᠶᠢᠨ ᠡᠷᠬᠢᠯᠡᠭᠰᠡᠨ ᠦᠨᠳᠦᠰᠦᠲᠡᠨ᠎ᠤ ᠠᠩᠭᠢ ᠪᠠ ᠦᠨᠳᠦᠰᠦᠲᠡᠨ᠎ᠤ ᠪᠡᠯᠡᠳᠭᠡᠯ ᠠᠩᠭᠢ᠂ ᠮᠣᠩᠭᠤᠯ ᠬᠡᠯᠡᠨ᠎ᠤ ᠬᠠᠮᠵᠢᠯᠴᠠᠭᠠᠨ᠎ᠤ ᠮᠤᠵᠢ ᠣᠷᠤᠨ᠎ᠤ ᠳᠡᠭᠡᠲᠤ ᠵᠡᠷᠭᠡ᠎ᠶᠢᠨ ᠰᠤᠷᠭᠠᠭᠤᠯᠢ᠎ᠠᠴᠠ ᠲᠣᠭᠲᠠᠭᠠᠭᠰᠠᠨ ᠬᠠᠮᠵᠢᠯᠴᠠᠨ ᠡᠯᠰᠡᠬᠦ ᠲᠥᠯᠦᠪᠯᠡᠭᠡ᠎ᠳᠤ᠂ ᠮᠣᠩᠭᠤᠯ ᠬᠡᠯᠡ᠎ᠪᠡᠷ ᠬᠢᠴᠢᠶᠡᠯᠯᠡᠬᠦ᠎ᠪᠡᠷ ᠭᠣᠤᠯᠯᠠᠵᠤ᠂ ᠬᠢᠲᠠᠳ ᠬᠡᠯᠡ᠎ᠶᠢ ᠨᠡᠮᠡᠵᠤ ᠰᠤᠷᠤᠭᠰᠠᠨ ᠳᠡᠭᠡᠲᠤ ᠰᠤᠷᠭᠠᠭᠤᠯᠢ ᠱᠢᠯᠭᠠᠭᠰᠠᠳ᠎ᠢ ᠡᠯᠰᠡᠬᠦ ᠬᠡᠷᠡᠭᠲᠡᠢ᠃

  ᠥᠪᠡᠷᠲᠡᠭᠡᠨ ᠵᠠᠰᠠᠬᠤ ᠣᠷᠤᠨ᠎ᠤ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠨᠢ ᠣᠷᠤᠨ᠎ᠤ ᠭᠠᠳᠠᠨᠠᠬᠢ ᠳᠡᠭᠡᠲᠤ ᠵᠡᠷᠭᠡ᠎ᠶᠢᠨ ᠰᠤᠷᠭᠠᠭᠤᠯᠢ᠎ᠠᠴᠠ ᠥᠪᠡᠷᠲᠡᠭᠡᠨ ᠵᠠᠰᠠᠬᠤ ᠣᠷᠤᠨ᠎ᠳᠤ ᠥᠭᠭᠦᠭᠰᠡᠨ ᠦᠨᠳᠦᠰᠦᠲᠡᠨ᠎ᠤ ᠠᠩᠭᠢ᠂ ᠦᠨᠳᠦᠰᠦᠲᠡᠨ᠎ᠤ ᠪᠡᠯᠡᠳᠭᠡᠯ ᠠᠩᠭᠢ ᠪᠠ ᠰᠤᠷᠤᠭᠴᠢ ᠡᠯᠰᠡᠬᠦ ᠪᠤᠰᠤᠳ ᠲᠥᠯᠦᠪᠯᠡᠭᠡ᠎ᠳᠤ᠎ᠪᠠᠨ ᠵᠣᠬᠢᠬᠤ ᠬᠠᠷᠢᠴᠠᠯ ᠲᠣᠭᠲᠠᠭᠠᠵᠤ᠂ ᠮᠣᠩᠭᠤᠯ ᠬᠡᠯᠡ᠎ᠪᠡᠷ ᠬᠢᠴᠢᠶᠡᠯᠯᠡᠬᠦ᠎ᠪᠡᠷ ᠭᠣᠤᠯᠯᠠᠵᠤ ᠬᠢᠲᠠᠳ ᠬᠡᠯᠡ᠎ᠶᠢ ᠨᠡᠮᠡᠵᠤ ᠰᠤᠷᠤᠭᠰᠠᠨ ᠳᠡᠭᠡᠲᠤ ᠰᠤᠷᠭᠠᠭᠤᠯᠢ ᠱᠢᠯᠭᠠᠭᠰᠠᠳ᠎ᠢ ᠡᠯᠰᠡᠬᠦ ᠬᠡᠷᠡᠭᠲᠡᠢ᠃

ᠣᠷᠤᠨ᠎ᠤ ᠳᠣᠲᠤᠷᠠᠬᠢ ᠨᠥᠬᠦᠴᠡᠯ ᠪᠦᠷᠢᠯᠳᠦᠭᠦᠯᠦᠭᠰᠡᠨ ᠳᠡᠭᠡᠲᠤ ᠵᠡᠷᠭᠡ᠎ᠶᠢᠨ ᠰᠤᠷᠭᠠᠭᠤᠯᠢ ᠣᠷᠴᠤᠨ ᠦᠨᠳᠦᠰᠦᠲᠡᠨ᠂ ᠡᠸᠡᠩᠬᠢ ᠦᠨᠳᠦᠰᠦᠲᠡᠨ᠂ ᠲᠠᠭᠤᠷ ᠦᠨᠳᠦᠰᠦᠲᠡᠨ᠎ᠤ ᠱᠢᠯᠭᠠᠭᠰᠠᠳ᠎ᠲᠤ ᠦᠨᠳᠦᠰᠦᠲᠡᠨ᠎ᠤ ᠪᠡᠯᠡᠳᠭᠡᠯ ᠠᠩᠭᠢ᠎ᠶᠢ ᠡᠷᠬᠢᠯᠡᠬᠦ ᠬᠡᠷᠡᠭᠲᠡᠢ᠃

  ᠬᠣᠷᠢᠨ ᠵᠢᠷᠭᠤᠳᠤᠭᠠᠷ ᠵᠦᠢᠯ   ᠥᠪᠡᠷᠲᠡᠭᠡᠨ ᠵᠠᠰᠠᠬᠤ ᠣᠷᠤᠨ᠎ᠨᠢ ᠦᠨᠳᠦᠰᠦᠲᠡᠨ᠎ᠤ ᠰᠤᠷᠭᠠᠨ ᠬᠥᠮᠦᠵᠢᠯ᠎ᠦᠨ ᠪᠤᠳᠠᠳᠤ ᠪᠠᠢᠳᠠᠯ᠎ᠲᠠᠢ ᠨᠡᠢᠴᠡᠭᠰᠡᠨ ᠬᠣᠤᠰ ᠬᠡᠯᠡᠨ᠎ᠤ ᠵᠢᠭᠠᠨ ᠰᠤᠷᠭᠠᠯᠲᠠ᠎ᠶᠢᠨ ᠬᠢᠴᠢᠶᠡᠯ ᠬᠥᠮᠦᠵᠢᠯ᠎ᠦᠨ ᠵᠢᠭᠠᠬᠤ ᠮᠠᠲᠧᠷᠢᠶᠠᠯ᠎ᠤᠨ ᠲᠣᠭᠲᠠᠯᠴᠠᠭ᠎ᠠ᠎ᠶᠢ ᠪᠠᠢᠭᠤᠯᠤᠨ ᠲᠡᠭᠦᠯᠳᠡᠷᠵᠢᠭᠦᠯᠵᠦ᠂ ᠮᠣᠩᠭᠤᠯ ᠵᠢᠭᠠᠬᠤ ᠮᠠᠲᠧᠷᠢᠶᠠᠯ᠎ᠢ ᠨᠠᠢᠷᠠᠭᠤᠯᠵᠤ ᠣᠷᠴᠢᠭᠤᠯᠬᠤ ᠲᠤᠰᠭᠠᠢ ᠡᠩᠨᠡᠭᠡ ᠪᠡ ᠲᠤᠱᠢᠶᠠᠯ ᠬᠠᠪᠰᠤᠷᠭᠠᠭᠰᠠᠨ ᠡᠩᠨᠡᠭᠡ᠎ᠶᠢ ᠪᠠᠢᠭᠤᠯᠤᠨ᠂ ᠤᠯᠤᠰ᠎ᠤᠨ ᠬᠢᠴᠢᠶᠡᠯ ᠬᠥᠮᠦᠵᠢᠯ᠎ᠦᠨ ᠵᠢᠭᠠᠬᠤ ᠮᠠᠲᠧᠷᠢᠶᠠᠯ᠎ᠢ ᠨᠠᠢᠷᠠᠭᠤᠯᠵᠤ ᠣᠷᠴᠢᠭᠤᠯᠬᠤ ᠶᠠᠰᠤ ᠴᠢᠨᠠᠷ᠎ᠢ ᠳᠡᠭᠡᠭᠱᠢᠯᠡᠬᠦᠯᠵᠤ᠂ ᠣᠷᠤᠨ ᠨᠤᠲᠤᠭ᠎ᠤᠨ ᠬᠢᠴᠢᠶᠡᠯ ᠬᠥᠮᠦᠵᠢᠯ ᠪᠠ ᠰᠤᠷᠭᠠᠭᠤᠯᠢ᠎ᠶᠢᠨ ᠬᠢᠴᠢᠶᠡᠯ ᠬᠥᠮᠦᠵᠢᠯ᠎ᠦᠨ ᠵᠢᠭᠠᠬᠤ ᠮᠠᠲᠧᠷᠢᠶᠠᠯ᠎ᠤᠨ ᠣᠨᠴᠠᠯᠢᠭ᠎ᠢ ᠳᠣᠪᠤᠢᠯᠭᠠᠨ᠎ᠠ᠃

  ᠳᠤᠮᠳᠠᠳᠤ ᠪᠠᠭ᠎ᠠ ᠰᠤᠷᠭᠠᠭᠤᠯᠢ᠂ ᠶᠡᠬᠡ ᠳᠡᠭᠡᠲᠤ ᠰᠤᠷᠭᠠᠭᠤᠯᠢ᠂ ᠳᠤᠮᠳᠠᠳᠤ ᠵᠡᠷᠭᠡ᠎ᠶᠢᠨ ᠲᠤᠰᠭᠠᠢ ᠮᠡᠷᠭᠡᠵᠢᠯ᠎ᠦᠨ ᠰᠤᠷᠭᠠᠭᠤᠯᠢ᠎ᠶᠢᠨ ᠮᠣᠩᠭᠤᠯ ᠵᠢᠭᠠᠬᠤ ᠮᠠᠲᠧᠷᠢᠶᠠᠯ ᠪᠠ ᠵᠢᠭᠠᠨ ᠰᠤᠷᠭᠠᠯᠲᠠ᠎ᠶᠢᠨ ᠲᠤᠰᠠᠯᠠᠬᠤ ᠮᠠᠲᠧᠷᠢᠶᠠᠯ ᠵᠢᠴᠢ ᠵᠢᠭᠠᠨ ᠰᠤᠷᠭᠠᠬᠤ ᠡᠬᠢ ᠪᠠᠶᠠᠯᠢᠭ᠎ᠢ ᠨᠡᠭᠡᠭᠡᠨ ᠬᠥᠭᠵᠢᠭᠦᠯᠬᠦ ᠲᠤᠮᠳᠠ ᠤᠷᠲᠤ ᠬᠤᠭᠤᠴᠠᠭᠠᠨ᠎ᠤ ᠲᠥᠯᠦᠪᠵᠢᠭᠦᠯᠭᠡ᠎ᠶᠢ ᠲᠣᠭᠲᠠᠭᠠᠵᠤ᠂ ᠨᠠᠢᠷᠠᠭᠤᠯᠵᠤ ᠣᠷᠴᠢᠭᠤᠯᠬᠤ᠂ ᠬᠢᠨᠠᠨ ᠪᠠᠢᠴᠠᠭᠠᠬᠤ᠂ ᠬᠡᠪᠯᠡᠬᠦ᠂ ᠲᠠᠷᠬᠠᠭᠠᠬᠤ ᠠᠵᠢᠯ᠎ᠢ ᠴᠢᠩᠭᠠᠳᠭᠠᠨ᠎ᠠ᠃

  ᠣᠳᠤ ᠦᠶ᠎ᠡ᠎ᠶᠢᠨ ᠮᠡᠳᠡᠭᠡ ᠵᠠᠩᠭᠢ᠎ᠶᠢᠨ ᠮᠡᠷᠭᠡᠵᠢᠯ᠎ᠦᠨ ᠠᠷᠭ᠎ᠠ ᠪᠠᠷᠢᠯ ᠪᠠ ᠰᠤᠷᠭᠠᠨ ᠬᠥᠮᠦᠵᠢᠯ᠎ᠦᠨ ᠮᠡᠳᠡᠭᠡ  ᠵᠠᠩᠭᠢᠴᠢᠯᠠᠭᠰᠠᠨ ᠢᠨᠵᠧᠨᠧᠷᠢᠩ᠎ᠢ ᠬᠦᠢᠴᠡᠳ ᠠᠱᠢᠭᠯᠠᠵᠤ᠂ ᠦᠨᠳᠦᠰᠦᠲᠡᠨ᠎ᠤ ᠰᠤᠷᠭᠠᠨ ᠬᠥᠮᠦᠵᠢᠯ᠎ᠤᠨ ᠱᠢᠯᠢᠳᠡᠭ ᠰᠤᠷᠭᠠᠨ ᠬᠥᠮᠦᠵᠢᠯ᠎ᠦᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠎ᠶᠢ ᠪᠡᠶᠡᠯᠡᠭᠦᠯᠦᠨ᠎ᠡ᠃

  ᠬᠣᠷᠢᠨ ᠳᠣᠯᠤᠳᠤᠭᠠᠷ ᠵᠦᠢᠯ   ᠥᠪᠡᠷᠲᠡᠭᠡᠨ ᠵᠠᠰᠠᠬᠤ ᠣᠷᠤᠨ᠎ᠠᠴᠠ ᠦᠨᠳᠦᠰᠦᠲᠡᠨ᠎ᠤ ᠰᠣᠶᠤᠯ᠎ᠢ ᠲᠦᠭᠡᠮᠡᠯᠵᠢᠭᠦᠯᠬᠦ ᠰᠤᠷᠭᠠᠨ ᠬᠥᠮᠦᠵᠢᠯ᠎ᠢ ᠴᠢᠩᠭᠠᠳᠭᠠᠵᠤ᠂ ᠦᠨᠳᠦᠰᠦᠲᠡᠨ᠎ᠤ ᠰᠤᠷᠭᠠᠭᠤᠯᠢ᠎ᠳᠤ ᠦᠨᠳᠦᠰᠦᠲᠡᠨ᠎ᠤ ᠰᠣᠶᠤᠯ ᠰᠤᠷᠭᠠᠨ ᠬᠥᠮᠦᠵᠢᠯ᠎ᠦᠨ ᠰᠣᠩᠭᠤᠵᠤ ᠰᠤᠷᠬᠤ ᠬᠢᠴᠢᠶᠡᠯ᠎ᠢ ᠲᠣᠬᠢᠷᠠᠭᠤᠯᠵᠤ᠂ ᠪᠠᠢᠭᠠᠯᠢ᠎ᠪᠠᠨ ᠳᠡᠭᠡᠳᠦᠯᠡᠬᠦ᠂ ᠨᠡᠭᠡᠭᠡᠯᠲᠡ᠎ᠲᠠᠢ ᠪᠠᠢᠬᠤ᠎ᠶᠢ ᠦᠢᠯᠡᠳᠦᠯᠭᠡᠵᠢᠭᠦᠯᠬᠦ᠂ ᠢᠳᠡᠭᠡᠯ ᠵᠢᠷᠤᠮ᠎ᠲᠠᠢ ᠪᠠᠢᠬᠤ ᠲᠠᠯ᠎ᠠ ᠨᠤᠳᠤᠭ᠎ᠤᠨ ᠰᠣᠶᠤᠯ᠎ᠤᠨ ᠦᠨᠳᠦᠰᠦᠨ ᠣᠢᠯᠠᠭᠠᠭᠳᠠᠬᠤᠨ᠎ᠢ ᠬᠥᠭᠵᠢᠭᠦᠯᠦᠨ᠎ᠡ᠃

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604