ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠦᠨᠳᠦᠰᠦᠲᠡᠨ᠎ᠤ ᠰᠤᠷᠭᠠᠨ ᠬᠥᠮᠦᠵᠢᠯ᠎ᠦᠨ ᠳᠦᠷᠢᠮ (ᠳᠥᠷᠪᠡᠳᠦᠭᠡᠷ ᠪᠦᠯᠦᠭ)
2019.11.04

   (2016 ᠣᠨ᠎ᠤ 9 ᠰᠠᠷ᠎ᠠ᠎ᠶᠢᠨ 29᠎ᠤ ᠡᠳᠦᠷ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠠᠷᠪᠠᠨ ᠬᠣᠶᠠᠳᠤᠭᠠᠷ ᠬᠤᠭᠤᠴᠠᠭᠠᠨ᠎ᠤ

  ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠬᠣᠷᠢᠨ ᠵᠢᠷᠭᠤᠳᠤᠭᠠᠷ ᠬᠤᠷᠠᠯᠳᠤᠭᠠᠨ᠎ᠢᠶᠠᠷ ᠪᠠᠲᠤᠯᠠᠪᠠ)

 

    ᠳᠥᠷᠪᠡᠳᠦᠭᠡᠷ ᠪᠦᠯᠦᠭ  ᠪᠠᠭᠱᠢ ᠪᠠ ᠪᠤᠰᠤᠳ ᠰᠤᠷᠭᠠᠨ ᠬᠥᠮᠦᠵᠢᠯ᠎ᠦᠨ ᠠᠵᠢᠯᠲᠠᠨ

 

  ᠬᠣᠷᠢᠨ ᠨᠠᠢ᠍ᠮᠠᠳᠤᠭᠠᠷ ᠵᠦᠢᠯ   ᠡᠯ᠎ᠡ ᠱᠠᠲᠤᠨ᠎ᠤ ᠡᠯ᠎ᠡ ᠲᠥᠷᠦᠯ᠎ᠦᠨ ᠦᠨᠳᠦᠰᠦᠲᠡᠨ᠎ᠤ ᠰᠤᠷᠭᠠᠭᠤᠯᠢ᠎ᠶᠢᠨ ᠪᠠᠭᠱᠢ᠎ᠨᠠᠷ ᠤᠯᠤᠰ ᠪᠠ ᠥᠪᠡᠷᠲᠡᠭᠡᠨ ᠵᠠᠰᠠᠬᠤ ᠣᠷᠤᠨ᠎ᠠᠴᠠ ᠲᠣᠭᠲᠠᠭᠠᠭᠰᠠᠨ ᠪᠠᠭᠱᠢ᠎ᠶᠢᠨ ᠬᠢᠷᠢ ᠬᠡᠮ ᠪᠠ ᠲᠤᠱᠢᠶᠠᠯ ᠡᠭᠦᠷᠭᠡᠯᠡᠬᠦ ᠨᠥᠬᠦᠴᠡᠯ᠎ᠢ ᠪᠦᠷᠢᠯᠳᠦᠭᠦᠯᠵᠦ᠂ ᠪᠠᠭᠱᠢ᠎ᠶᠢᠨ ᠶᠣᠰᠤ ᠰᠤᠷᠲᠠᠬᠤᠨ᠎ᠤ ᠳᠦᠷᠢᠮᠵᠢᠯ᠎ᠢ ᠴᠢᠩᠭ᠎ᠠ ᠵᠢᠷᠤᠮᠯᠠᠬᠤ ᠬᠡᠷᠡᠭᠲᠡᠢ᠃

  ᠬᠣᠤᠰ ᠬᠡᠯᠡᠨ᠎ᠤ ᠵᠢᠭᠠᠨ ᠰᠤᠷᠭᠠᠬᠤ ᠠᠵᠢᠯ᠎ᠢ ᠡᠭᠦᠷᠭᠡᠯᠡᠵᠤ ᠪᠠᠢᠭ᠎ᠠ ᠪᠠᠭᠱᠢ ᠲᠤᠰᠭᠠᠢ ᠮᠡᠷᠭᠡᠵᠢᠯ᠎ᠦᠨ ᠬᠢᠷᠢ ᠲᠦᠪᠱᠢᠨ ᠪᠠ ᠮᠣᠩᠭᠤᠯ (ᠰᠣᠯᠤᠩᠭᠤᠰ) ᠬᠢᠲᠠᠳ ᠬᠤᠶᠠᠷ ᠵᠦᠢᠯ᠎ᠦᠨ ᠦᠭᠡ ᠬᠡᠯᠡ ᠦᠰᠦᠭ ᠪᠢᠴᠢᠭ᠎ᠢ ᠬᠡᠷᠡᠭᠯᠡᠬᠦ ᠴᠢᠳᠠᠪᠦᠷᠢ ᠎ᠨᠢ ᠠᠵᠢᠯ᠎ᠤᠨ ᠪᠠᠢᠷᠢ᠎ᠶᠢᠨ ᠱᠠᠭᠠᠷᠳᠠᠯᠭ᠎ᠠ᠎ᠳᠤ ᠨᠡᠢᠴᠡᠬᠦ ᠬᠡᠷᠡᠭᠲᠡᠢ᠃

  ᠬᠣᠷᠢ ᠶᠢᠰᠦᠳᠦᠭᠡᠷ ᠵᠦᠢᠯ   ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠨᠢ ᠡᠯ᠎ᠡ ᠱᠠᠲᠤᠨ᠎ᠤ ᠡᠯ᠎ᠡ ᠲᠥᠷᠦᠯ᠎ᠦᠨ ᠦᠨᠳᠦᠰᠦᠲᠡᠨ᠎ᠤ ᠰᠤᠷᠭᠠᠭᠤᠯᠢ᠎ᠶᠢᠨ ᠪᠠᠭᠱᠢ᠎ᠶᠢᠨ ᠬᠦᠷᠲᠡᠮᠵᠢ᠎ᠶᠢ ᠠᠯᠬᠤᠮ ᠠᠯᠬᠤᠮ᠎ᠢᠶᠠᠷ ᠳᠡᠭᠡᠭᠱᠢᠯᠡᠭᠦᠯᠵᠦ᠂ ᠠᠵᠢᠯ᠎ᠤᠨ ᠨᠥᠬᠦᠴᠡᠯ ᠪᠠ ᠠᠮᠢᠳᠤᠷᠠᠯ᠎ᠤᠨ ᠨᠥᠬᠦᠴᠡᠯ᠎ᠢ ᠰᠠᠢᠵᠢᠷᠠᠭᠤᠯᠵᠤ᠂ ᠪᠠᠭᠱᠢ᠎ᠶᠢᠨ ᠬᠠᠤᠯᠢ ᠶᠣᠰᠤᠨ᠎ᠤ ᠡᠷᠬᠡ ᠠᠱᠢᠭ᠎ᠢ ᠪᠠᠲᠤᠯᠠᠬᠤ ᠬᠡᠷᠡᠭᠲᠡᠢ᠃

  ᠬᠣᠤᠰ ᠬᠡᠯᠡ᠎ᠪᠡᠷ ᠵᠢᠭᠠᠨ ᠰᠤᠷᠭᠠᠬᠤ ᠦᠨᠳᠦᠰᠦᠲᠡᠨ᠎ᠤ ᠬᠡᠤᠬᠡᠳ᠎ᠦᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ᠎ᠶᠢᠨ ᠪᠠᠭᠱᠢ᠎ᠶᠢᠨ ᠴᠠᠯᠢᠩ ᠣᠯᠭᠤᠮᠵᠢ᠎ᠨᠢ ᠠᠳᠠᠯᠢ ᠱᠠᠲᠤᠨ᠎ᠤ ᠠᠳᠠᠯᠢ ᠲᠥᠷᠦᠯ᠎ᠦᠨ ᠰᠤᠷᠭᠠᠭᠤᠯᠢ᠎ᠶᠢᠨ ᠪᠤᠰᠤᠳ ᠪᠠᠭᠱᠢ᠎ᠠᠴᠠ ᠵᠣᠬᠢᠬᠤ ᠬᠡᠮᠵᠢᠶ᠎ᠡ᠎ᠪᠡᠷ ᠥᠨᠳᠦᠷ ᠪᠠᠢᠬᠤ ᠬᠡᠷᠡᠭᠲᠡᠢ᠃

  ᠦᠨᠳᠦᠰᠦᠲᠡᠨ᠎ᠤ ᠰᠤᠷᠭᠠᠭᠤᠯᠢ᠎ᠳᠤ ᠲᠣᠬᠢᠷᠠᠭᠤᠯᠤᠭᠰᠠᠨ ᠪᠠᠭᠱᠢ᠎ᠶᠢᠨ ᠲᠤᠰᠭᠠᠢ ᠮᠡᠷᠭᠡᠵᠢᠯ᠎ᠦᠨ ᠠᠵᠢᠯ᠎ᠤᠨ ᠪᠠᠢᠷᠢ᠂ ᠥᠨᠳᠦᠷ ᠵᠡᠷᠭᠡ᠎ᠶᠢᠨ ᠠᠵᠢᠯ᠎ᠤᠨ᠎ᠤ ᠬᠠᠷᠢᠴᠠᠯ᠎ᠨᠢ ᠠᠳᠠᠯᠢ ᠱᠠᠲᠤᠨ᠎ᠤ ᠠᠳᠠᠯᠢ ᠲᠥᠷᠦᠯ᠎ᠦᠨ ᠪᠤᠰᠤᠳ ᠰᠤᠷᠭᠠᠭᠤᠯᠢ᠎ᠠᠴᠠ ᠥᠨᠳᠦᠷ ᠪᠠᠢᠬᠤ ᠬᠡᠷᠡᠭᠲᠡᠢ᠃

  ᠭᠤᠴᠢᠳᠤᠭᠠᠷ ᠵᠦᠢᠯ   ᠥᠪᠡᠷᠲᠡᠭᠡᠨ ᠵᠠᠰᠠᠬᠤ ᠣᠷᠤᠨ᠎ᠠᠴᠠ ᠬᠣᠤᠰ ᠬᠡᠯᠡ᠎ᠪᠡᠷ ᠵᠢᠭᠠᠨ ᠰᠤᠷᠭᠠᠬᠤ ᠦᠨᠳᠦᠰᠦᠲᠡᠨ᠎ᠤ ᠬᠡᠤᠬᠡᠳ᠎ᠦᠨ ᠴᠡᠴᠡᠷᠯᠢᠭ᠎ᠦᠨ ᠵᠠᠬᠢᠷᠤᠯ᠂ ᠳᠤᠮᠳᠠᠳᠤ ᠪᠠᠭ᠎ᠠ ᠰᠤᠷᠭᠠᠭᠤᠯᠢ᠎ᠶᠢᠨ ᠵᠠᠬᠢᠷᠤᠯ ᠪᠠ ᠪᠠᠭᠱᠢ᠎ᠨᠠᠷ᠎ᠲᠤ ᠲᠥᠯᠦᠪᠦᠷᠢ᠎ᠦᠭᠡᠢ᠎ᠪᠠᠷ ᠪᠣᠯᠪᠠᠰᠤᠷᠠᠯ ᠬᠦᠷᠲᠡᠭᠡᠨ᠎ᠡ᠃

  ᠦᠨᠳᠦᠰᠦᠲᠡᠨ᠎ᠤ ᠬᠡᠤᠬᠡᠳ᠎ᠦᠨ ᠴᠡᠴᠡᠷᠯᠢᠭ᠎ᠦᠨ ᠵᠠᠬᠢᠷᠤᠯ᠂ ᠳᠤᠮᠳᠠᠳᠤ ᠪᠠᠭ᠎ᠠ ᠰᠤᠷᠭᠠᠭᠤᠯᠢ᠎ᠶᠢᠨ ᠵᠠᠬᠢᠷᠤᠯ ᠪᠠ ᠴᠦ᠋ᠬᠡᠨ ᠲᠣᠭᠠᠲᠤ ᠦᠨᠳᠦᠰᠦᠲᠡᠨ᠎ᠤ ᠱᠢᠯᠢᠳᠡᠭ ᠢᠳᠡᠷ ᠵᠠᠯᠠᠭᠤ ᠪᠠᠭᠱᠢ᠎ᠨᠠᠷ᠎ᠢ ᠵᠣᠬᠢᠶᠠᠨ ᠪᠠᠢᠭᠤᠯᠤᠨ ᠳᠠᠪᠲᠠᠨ ᠪᠣᠯᠪᠠᠰᠤᠷᠠᠭᠤᠯᠵᠤ᠂ ᠲᠦᠷ ᠴᠠᠭ ᠲᠤᠱᠢᠶᠠᠯ ᠡᠭᠦᠷᠭᠡᠯᠡᠭᠦᠯᠵᠦ ᠪᠣᠯᠪᠠᠰᠤᠷᠠᠭᠤᠯᠤᠨ᠎ᠠ᠃

  ᠭᠤᠴᠢᠨ ᠨᠢᠭᠡᠳᠦᠭᠡᠷ ᠵᠦᠢᠯ   ᠦᠪᠡᠷᠲᠡᠭᠨ ᠵᠠᠰᠠᠬᠤ ᠣᠷᠤᠨ᠎ᠨᠢ ᠦᠨᠳᠦᠰᠦᠲᠡᠨ᠎ᠤ ᠪᠠᠭᠱᠢ᠎ᠶᠢᠨ ᠰᠤᠷᠭᠠᠭᠤᠯᠢ ᠪᠠ ᠦᠨᠳᠦᠰᠦᠲᠡᠨ᠎ᠤ ᠪᠠᠭᠱᠢ᠎ᠨᠠᠷ᠎ᠤᠨ ᠪᠣᠯᠪᠠᠰᠤᠷᠠᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢᠭᠤᠯᠤᠯᠲᠠ ᠬᠥᠭᠵᠢᠯᠲᠡ᠎ᠶᠢ ᠤᠷᠢᠳ᠎ᠢᠶᠠᠷ ᠪᠠᠲᠤᠯᠠᠨ᠎ᠠ᠃

  ᠦᠨᠳᠦᠰᠦᠲᠡᠨ᠎ᠤ ᠪᠠᠭᠱᠢ᠎ᠶᠢᠨ ᠰᠤᠷᠭᠠᠭᠤᠯᠢ᠎ᠨᠢ ᠪᠤᠳᠠᠳᠤ ᠬᠡᠷᠡᠭᠴᠡᠭᠡ᠎ᠪᠡᠨ ᠦᠨᠳᠦᠰᠦᠯᠡᠵᠤ᠂ ᠬᠢᠯᠢ ᠬᠢᠵᠠᠭᠠᠷ᠎ᠤᠨ ᠶᠠᠳᠠᠭᠤ ᠬᠦᠴᠢᠷᠳᠡᠯᠲᠡᠢ ᠴᠦ᠋ᠬᠡᠨ ᠲᠣᠭᠠᠲᠤ ᠦᠨᠳᠦᠰᠦᠲᠡᠨ᠎ᠤ ᠭᠠᠵᠠᠷ ᠣᠷᠤᠨ᠎ᠳᠤ ᠴᠢᠭᠯᠡᠯ᠎ᠲᠠᠢ᠎ᠪᠡᠷ ᠪᠠᠭᠱᠢ᠎ᠶᠢᠨ ᠮᠡᠷᠭᠡᠵᠢᠯ᠎ᠦᠨ ᠰᠤᠷᠤᠭᠴᠢ᠎ᠶᠢ ᠲᠥᠯᠦᠪᠦᠷᠢ᠎ᠦᠭᠡᠢ᠎ᠪᠡᠷ ᠬᠥᠮᠦᠵᠢᠭᠦᠯᠬᠦ ᠬᠡᠷᠡᠭᠲᠡᠢ᠃

  ᠡᠯ᠎ᠡ ᠦᠨᠳᠦᠰᠦᠲᠡᠨ᠎ᠤ ᠱᠢᠯᠢᠳᠡᠭ ᠪᠠᠭᠱᠢ ᠪᠠ ᠲᠤᠱᠢᠶᠠᠯ ᠡᠭᠦᠷᠭᠡᠯᠡᠬᠦ ᠨᠥᠬᠦᠴᠡᠯ᠎ᠳᠤ ᠨᠡᠢᠴᠡᠭᠰᠡᠨ ᠡᠯ᠎ᠡ ᠦᠨᠳᠦᠰᠦᠲᠡᠨ᠎ᠤ ᠱᠢᠯᠢᠳᠡᠭ ᠲᠡᠭᠦᠰᠦᠭᠰᠡᠳ ᠦᠨᠳᠦᠰᠦᠲᠡᠨ᠎ᠤ ᠰᠤᠷᠭᠠᠭᠤᠯᠢ᠎ᠳᠤ ᠣᠴᠢᠨ ᠪᠠᠭᠱᠢᠯᠠᠬᠤ᠂ ᠬᠣᠴᠤᠷᠤᠩᠭᠤᠢ ᠭᠠᠵᠠᠷ ᠣᠷᠤᠨ᠎ᠳᠤ ᠬᠦᠷᠴᠦ ᠰᠠᠢᠨ ᠲᠤᠷ᠎ᠠ᠎ᠶᠢᠨ ᠲᠤᠰᠠᠯᠠᠬᠤ ᠪᠠᠭᠱᠢ ᠪᠣᠯᠬᠤ᠎ᠶᠢ ᠵᠣᠷᠢᠭᠵᠢᠭᠤᠯᠤᠨ᠎ᠠ᠃

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604