ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠦᠨᠳᠦᠰᠦᠲᠡᠨ᠎ᠤ ᠰᠤᠷᠭᠠᠨ ᠬᠥᠮᠦᠵᠢᠯ᠎ᠦᠨ ᠳᠦᠷᠢᠮ (ᠲᠠᠪᠤᠳᠤᠭᠠᠷ ᠪᠦᠯᠦᠭ )
2019.11.04

   (2016 ᠣᠨ᠎ᠤ 9 ᠰᠠᠷ᠎ᠠ᠎ᠶᠢᠨ 29᠎ᠤ ᠡᠳᠦᠷ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠠᠷᠪᠠᠨ ᠬᠣᠶᠠᠳᠤᠭᠠᠷ ᠬᠤᠭᠤᠴᠠᠭᠠᠨ᠎ᠤ

  ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠬᠣᠷᠢᠨ ᠵᠢᠷᠭᠤᠳᠤᠭᠠᠷ ᠬᠤᠷᠠᠯᠳᠤᠭᠠᠨ᠎ᠢᠶᠠᠷ ᠪᠠᠲᠤᠯᠠᠪᠠ)

 

    ᠲᠠᠪᠤᠳᠤᠭᠠᠷ ᠪᠦᠯᠦᠭ  ᠱᠢᠨᠵᠢᠯᠡᠬᠦ ᠤᠬᠠᠭᠠᠨ᠎ᠤ ᠰᠤᠳᠤᠯᠭᠠᠨ ᠪᠣᠯᠤᠨ ᠬᠠᠮᠵᠢᠯᠴᠠᠭ᠎ᠠ  ᠰᠣᠯᠢᠯᠴᠠᠭ᠎ᠠ

 

  ᠭᠤᠴᠢᠨ ᠬᠣᠶᠠᠳᠤᠭᠠᠷ ᠵᠦᠢᠯ   ᠡᠯ᠎ᠡ ᠱᠠᠲᠤᠨ᠎ᠤ ᠰᠤᠷᠭᠠᠨ ᠬᠥᠮᠦᠵᠢᠯ᠎ᠦᠨ ᠱᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠨᠢ ᠵᠣᠬᠢᠬᠤ ᠬᠠᠷᠢᠴᠠᠯ᠎ᠲᠠᠢ᠎ᠪᠡᠷ ᠦᠨᠳᠦᠰᠦᠲᠡᠨ᠎ᠤ ᠰᠤᠷᠭᠠᠨ ᠬᠥᠮᠦᠵᠢᠯ᠎ᠦᠨ ᠰᠤᠳᠤᠯᠤᠭᠴᠢᠳ᠎ᠢ ᠲᠣᠬᠢᠷᠠᠭᠤᠯᠬᠤ ᠬᠡᠷᠡᠭᠲᠡᠢ᠃ ᠡᠯ᠎ᠡ ᠱᠠᠲᠤᠨ᠎ᠤ ᠵᠢᠭᠠᠨ ᠰᠤᠷᠭᠠᠯᠲᠠ᠎ᠶᠢᠨ ᠰᠤᠳᠤᠯᠭᠠᠨ᠎ᠤ ᠪᠠᠢᠭᠤᠯᠤᠮᠵᠢ᠎ᠨᠢ ᠮᠣᠩᠭᠤᠯ ᠬᠡᠯᠡ᠎ᠪᠡᠷ ᠬᠢᠴᠢᠶᠡᠯᠯᠡᠬᠦ ᠭᠣᠤᠯ ᠪᠣᠯᠬᠤ ᠱᠢᠨᠵᠢᠯᠡᠭᠡᠨ᠎ᠤ ᠲᠥᠷᠦᠯ᠎ᠦᠨ ᠰᠤᠳᠤᠯᠤᠭᠴᠢᠳ᠎ᠢ ᠬᠦᠢᠴᠡᠳ ᠲᠣᠬᠢᠷᠠᠭᠤᠯᠬᠤ ᠬᠡᠷᠡᠭᠲᠡᠢ᠃

  ᠭᠤᠴᠢᠨ ᠭᠤᠷᠪᠠᠳᠤᠭᠠᠷ ᠵᠦᠢᠯ   ᠦᠪᠡᠷᠲᠡᠭᠨ ᠵᠠᠰᠠᠬᠤ ᠣᠷᠤᠨ᠎ᠨᠢ ᠮᠣᠩᠭᠤᠯ ᠬᠡᠯᠡᠨ᠎ᠤ ᠬᠠᠮᠵᠢᠯᠴᠠᠭᠠᠨ᠎ᠤ ᠮᠤᠵᠢ᠂ ᠣᠷᠤᠨ᠎ᠯᠤᠭ᠎ᠠ᠎ᠶᠢᠨ ᠮᠣᠩᠭᠤᠯ᠎ᠢᠶᠠᠷ ᠬᠢᠴᠢᠶᠡᠯᠯᠡᠬᠦ ᠰᠤᠷᠭᠠᠨ ᠬᠥᠮᠦᠵᠢᠯ᠎ᠦᠨ ᠬᠦᠷᠢᠶ᠎ᠡ ᠬᠡᠪᠴᠢᠶᠡᠨ᠎ᠳᠡᠬᠢ ᠬᠠᠮᠵᠢᠯᠴᠠᠭ᠎ᠠ᠎ᠪᠠᠨ ᠴᠢᠩᠭᠠᠳᠭᠠᠵᠤ᠂ ᠠᠳᠠᠯᠢ ᠪᠤᠰᠤ ᠵᠠᠰᠠᠭ ᠵᠠᠬᠢᠷᠭᠠᠨ᠎ᠤ ᠣᠷᠤᠨ᠎ᠤ ᠮᠣᠩᠭᠤᠯ ᠬᠡᠯᠡ᠎ᠪᠡᠷ ᠬᠢᠴᠢᠶᠡᠯᠯᠡᠬᠦ ᠰᠤᠷᠭᠠᠨ ᠬᠥᠮᠦᠵᠢᠯ᠎ᠦᠨ ᠰᠤᠷᠤᠯᠴᠠᠬᠤ ᠴᠠᠭ ᠬᠤᠭᠤᠴᠠᠭ᠎ᠠ᠂ ᠬᠢᠴᠢᠶᠡᠯ᠎ᠦᠨ ᠲᠥᠯᠦᠪᠯᠡᠭᠡ᠂ ᠵᠢᠭᠠᠬᠤ ᠮᠠᠲᠧᠷᠢᠶᠠᠯ᠎ᠤᠨ ᠪᠠᠢᠭᠤᠯᠤᠯᠲᠠ᠂ ᠰᠤᠷᠭᠠᠨ ᠬᠥᠮᠦᠵᠢᠯ ᠱᠢᠨᠵᠢᠯᠡᠬᠦ ᠤᠬᠠᠭᠠᠨ᠎ᠤ ᠰᠤᠳᠤᠯᠭᠠᠨ᠂ ᠰᠤᠷᠤᠭᠴᠢ ᠬᠥᠮᠦᠵᠢᠭᠦᠯᠬᠦ ᠬᠠᠮᠵᠢᠯᠴᠠᠭ᠎ᠠ᠂ ᠪᠠᠭᠱᠢ᠎ᠶᠢᠨ ᠪᠣᠯᠪᠠᠰᠤᠷᠠᠯ ᠵᠡᠷᠭᠡ ᠵᠦᠢᠯᠡᠰ᠎ᠢ ᠬᠠᠮᠲᠤ᠎ᠪᠠᠷ ᠵᠥᠪᠳᠡᠯᠴᠡᠨ᠎ᠡ᠃

  ᠭᠤᠴᠢᠨ ᠳᠥᠷᠪᠡᠳᠦᠭᠡᠷ ᠵᠦᠢᠯ   ᠥᠪᠡᠷᠲᠡᠭᠡᠨ ᠵᠠᠰᠠᠬᠤ ᠣᠷᠤᠨ᠎ᠠᠴᠠ ᠬᠥᠳᠡᠭᠡ ᠲᠣᠰᠭᠤᠨ ᠮᠠᠯᠵᠢᠬᠤ ᠣᠷᠤᠨ ᠵᠢᠴᠢ ᠬᠢᠯᠢ ᠬᠢᠵᠠᠭᠠᠷ᠎ᠤᠨ ᠬᠣᠱᠢᠭᠤ ᠪᠠ ᠬᠤᠳᠠ᠎ᠶᠢᠨ ᠦᠨᠳᠦᠰᠦᠲᠡᠨ᠎ᠤ ᠰᠤᠷᠭᠠᠭᠤᠯᠢ᠎ᠳᠤ ᠠᠵᠢᠯ ᠲᠥᠷᠦᠯ᠎ᠢᠶᠡᠷ ᠳᠡᠮᠵᠢᠯᠭᠡ ᠦᠵᠡᠭᠦᠯᠬᠦ᠎ᠶᠢ ᠵᠣᠷᠢᠭᠵᠢᠭᠤᠯᠤᠨ᠎ᠠ᠃

  ᠭᠤᠴᠢᠨ ᠲᠠᠪᠤᠳᠤᠭᠠᠷ ᠵᠦᠢᠯ   ᠥᠪᠡᠷᠲᠡᠭᠡᠨ ᠵᠠᠰᠠᠬᠤ ᠣᠷᠤᠨ᠎ᠨᠢ ᠤᠯᠤᠰ᠎ᠤᠨ ᠲᠣᠭᠲᠠᠭᠠᠯ ᠶᠣᠰᠤᠭᠠᠷ ᠤᠯᠠᠨ ᠤᠯᠤᠰ᠎ᠤᠨ ᠰᠤᠷᠭᠠᠨ ᠬᠥᠮᠦᠵᠢᠯ᠎ᠦᠨ ᠰᠣᠯᠢᠯᠴᠠᠭ᠎ᠠ ᠪᠣᠯᠤᠨ ᠬᠠᠮᠲᠤᠷᠠᠯᠴᠠᠭ᠎ᠠ᠎ᠶᠢ ᠢᠳᠡᠪᠬᠢᠲᠡᠢ ᠬᠥᠭᠵᠢᠭᠦᠯᠦᠨ᠎ᠡ᠃ ᠦᠨᠳᠦᠰᠦᠲᠡᠨ᠎ᠤ ᠰᠤᠷᠭᠠᠭᠤᠯᠢ᠎ᠶᠢᠨ ᠭᠠᠵᠠᠷ ᠣᠷᠤᠨ᠎ᠤ ᠳᠠᠪᠠᠭᠤᠯᠢᠭ ᠪᠠ ᠦᠭᠡ ᠬᠡᠯᠡ ᠦᠰᠦᠭ ᠪᠢᠴᠢᠭ᠎ᠦᠨ ᠨᠥᠬᠦᠴᠡᠯ᠎ᠢᠶᠡᠨ ᠠᠱᠢᠭᠯᠠᠵᠤ ᠬᠠᠮᠢᠶ᠎ᠠ ᠪᠦᠬᠦᠢ ᠠᠵᠢᠯᠯᠠᠭ᠎ᠠ ᠥᠷᠨᠢᠭᠦᠯᠬᠦ᠎ᠶᠢ ᠵᠣᠷᠢᠭᠵᠢᠭᠤᠯᠤᠨ ᠳᠡᠮᠵᠢᠨ᠎ᠡ᠃

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604