ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠤ᠋ ᠰᠤᠷᠭᠠᠨ ᠬᠥᠮᠦᠵᠢᠯ ᠦ᠋ᠨ ᠳᠦᠷᠢ(ᠵᠢᠷᠭᠤᠳᠤᠭᠠᠷ ᠪᠦᠯᠦᠭ)
2019.11.04

 

  (2016 ᠣᠨ ᠤ᠋ 9 ᠰᠠᠷ᠎ᠠ ᠶ᠋ᠢᠨ 29 ᠤ᠋ ᠡᠳᠦᠷ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠠᠷᠪᠠᠨ ᠬᠣᠶᠠᠳᠤᠭᠠᠷ ᠬᠤᠭᠤᠴᠠᠭᠠᠨ ᠤ᠋

  ᠠᠷᠠᠳ ᠤ᠋ᠨ ᠲᠥᠯᠦᠭᠡᠯᠡᠭᠴᠢᠳ ᠦ᠋ᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶᠠᠨ ᠤ᠋ ᠬᠣᠷᠢᠨ ᠵᠢᠷᠭᠤᠳᠤᠭᠠᠷ ᠬᠤᠷᠠᠯᠳᠤᠭᠠᠨ ᠢ᠋ᠶ᠋ᠠᠷ ᠪᠠᠲᠤᠯᠠᠪᠠ)

 

    ᠵᠢᠷᠭᠤᠳᠤᠭᠠᠷ ᠪᠦᠯᠦᠭ  ᠣᠷᠤᠭᠤᠯᠤᠯᠲᠠ ᠪᠣᠯᠤᠨ ᠪᠠᠲᠤᠯᠠᠭ᠎ᠠ

 

  ᠭᠤᠴᠢᠨ ᠵᠢᠷᠭᠤᠳᠤᠭᠠᠷ ᠵᠦᠢᠯ   ᠥᠪᠡᠷᠲᠡᠭᠡᠨ ᠵᠠᠰᠠᠬᠤ ᠣᠷᠤᠨ ᠨᠢ ᠦᠨᠳᠦᠰᠦᠲᠡᠨ ᠤ᠋ ᠰᠤᠷᠭᠠᠨ ᠬᠥᠮᠦᠵᠢᠯ ᠳ᠋ᠡᠬᠢ ᠣᠷᠤᠭᠤᠯᠤᠯᠲᠠ ᠶ᠋ᠢ ᠤᠷᠢᠳ ᠢ᠋ᠶ᠋ᠠᠷ ᠪᠠᠲᠤᠯᠠᠨ᠎ᠠ᠃ ᠠᠯᠪᠠᠨ ᠵᠢᠷᠤᠮ ᠤ᠋ᠨ ᠰᠤᠷᠭᠠᠨ ᠬᠥᠮᠦᠵᠢᠯ ᠦ᠋ᠨ ᠱᠠᠲᠤᠨ ᠤ᠋ ᠦᠨᠳᠦᠰᠦᠲᠡᠨ ᠤ᠋ ᠰᠤᠷᠭᠠᠭᠤᠯᠢ ᠶ᠋ᠢᠨ ᠵᠠᠷᠤᠳᠠᠯ ᠤ᠋ᠨ ᠪᠠᠲᠤᠯᠠᠭ᠎ᠠ ᠶ᠋ᠢᠨ ᠪᠠᠷᠢᠮᠵᠢᠶ᠎ᠠ ᠶ᠋ᠢ ᠳᠡᠭᠡᠭᠰᠢᠯᠡᠭᠦᠯᠵᠦ᠂ ᠦᠨᠳᠦᠰᠦᠲᠡᠨ ᠤ᠋ ᠰᠤᠷᠬᠤ ᠨᠠᠰᠤᠨ ᠠ᠋ᠴᠠ ᠡᠮᠦᠨᠡᠬᠢ ᠰᠤᠷᠭᠠᠨ ᠬᠥᠮᠦᠵᠢᠯ᠂ ᠡᠩ ᠦ᠋ᠨ ᠥᠨᠳᠦᠷ ᠳᠤᠮᠳᠠᠳᠤ ᠶ᠋ᠢᠨ ᠰᠤᠷᠭᠠᠨ ᠬᠥᠮᠦᠵᠢᠯ᠂ ᠠᠵᠢᠯ ᠮᠡᠷᠭᠡᠵᠢᠯ ᠦ᠋ᠨ ᠰᠤᠷᠭᠠᠨ ᠬᠥᠮᠦᠵᠢᠯ᠂ ᠳᠡᠭᠡᠲᠦ ᠵᠡᠷᠭᠡ ᠶ᠋ᠢᠨ ᠰᠤᠷᠭᠠᠨ ᠬᠥᠮᠦᠵᠢᠯ ᠦ᠋ᠨ ᠵᠠᠷᠤᠳᠠᠯ ᠳ᠋ᠡᠬᠢ ᠣᠷᠤᠭᠤᠯᠤᠯᠲᠠ ᠪᠠᠨ ᠨᠡᠮᠡᠭᠳᠡᠭᠦᠯᠦᠨ᠎ᠡ᠃

  ᠭᠤᠴᠢᠨ ᠳᠣᠯᠤᠳᠤᠭᠠᠷ ᠵᠦᠢᠯ   ᠥᠪᠡᠷᠲᠡᠭᠡᠨ ᠵᠠᠰᠠᠬᠤ ᠣᠷᠤᠨ ᠨᠢ ᠲᠥᠪ ᠦ᠋ᠨ ᠡᠳ᠋ ᠦ᠋ᠨ ᠵᠠᠰᠠᠭ ᠠ᠋ᠴᠠ ᠲᠣᠬᠢᠷᠠᠭᠤᠯᠤᠭᠰᠠᠨ ᠴᠦ᠋ᠬᠡᠨ ᠲᠣᠭᠠᠲᠤ ᠦᠨᠳᠦᠰᠦᠲᠡᠨ ᠤ᠋ ᠬᠥᠭᠵᠢᠯᠲᠡ ᠶ᠋ᠢᠨ ᠪᠡᠯᠡ ᠮᠥᠩᠭᠦ᠂ ᠬᠢᠯᠢ ᠬᠢᠵᠠᠭᠠᠷ ᠣᠷᠤᠨ ᠤ᠋ ᠠᠵᠢᠯ ᠦᠢᠯᠡᠰ ᠦ᠋ᠨ ᠨᠥᠬᠦᠪᠦᠷᠢ ᠮᠥᠩᠭᠦ ᠪᠠ ᠦᠨᠳᠦᠰᠦᠨ ᠪᠦᠲᠦᠭᠡᠨ ᠪᠠᠢᠭᠤᠯᠤᠯᠲᠠ ᠶ᠋ᠢᠨ ᠵᠠᠷᠤᠳᠠᠯ᠂ ᠶᠠᠳᠠᠭᠤ ᠶ᠋ᠢ ᠲᠡᠳᠭᠦᠵᠦ ᠨᠡᠭᠡᠭᠡᠨ ᠬᠥᠭᠵᠢᠭᠦᠯᠬᠦ ᠪᠡᠯᠡ ᠮᠥᠩᠭᠦ ᠵᠡᠷᠭᠡ ᠶ᠋ᠢ ᠵᠣᠬᠢᠬᠤ ᠬᠠᠷᠢᠴᠠᠯ ᠢ᠋ᠶ᠋ᠠᠷ ᠦᠨᠳᠦᠰᠦᠲᠡᠨ ᠤ᠋ ᠰᠤᠷᠭᠠᠨ ᠬᠥᠮᠦᠵᠢᠯ ᠳ᠋ᠤ᠌ ᠲᠣᠬᠢᠷᠠᠭᠤᠯᠬᠤ ᠬᠡᠷᠡᠭᠲᠡᠢ᠃

  ᠥᠪᠡᠷᠲᠡᠭᠡᠨ ᠵᠠᠰᠠᠬᠤ ᠣᠷᠤᠨ ᠤ᠋ ᠡᠳ᠋ ᠦ᠋ᠨ ᠵᠠᠰᠠᠭ ᠠ᠋ᠴᠠ ᠲᠣᠬᠢᠷᠠᠭᠤᠯᠤᠭᠰᠠᠨ ᠴᠦ᠋ᠬᠡᠨ ᠲᠣᠭᠠᠲᠤ ᠦᠨᠳᠦᠰᠦᠲᠡᠨ ᠤ᠋ ᠭᠠᠵᠠᠷ ᠣᠷᠤᠨ ᠤ᠋ ᠨᠥᠬᠦᠪᠦᠷᠢ ᠮᠥᠩᠭᠦ ᠪᠠ ᠦᠨᠳᠦᠰᠦᠲᠡᠨ ᠤ᠋ ᠪᠡᠯᠡᠳᠭᠡᠯ ᠮᠥᠩᠭᠦ ᠶ᠋ᠢ ᠦᠨᠳᠦᠰᠦᠲᠡᠨ ᠤ᠋ ᠰᠤᠷᠭᠠᠨ ᠬᠥᠮᠦᠵᠢᠯ ᠳ᠋ᠤ᠌ ᠬᠡᠷᠡᠭᠯᠡᠬᠦ ᠬᠠᠷᠢᠴᠠᠯ ᠢ᠋ ᠣᠨ ᠳᠠᠷᠠᠭᠠᠯᠠᠨ ᠨᠡᠮᠡᠭᠳᠡᠭᠦᠯᠬᠦ ᠬᠡᠷᠡᠭᠲᠡᠢ᠃

  ᠦᠨᠳᠦᠰᠦᠲᠡᠨ ᠤ᠋ ᠰᠤᠷᠭᠠᠨ ᠬᠥᠮᠦᠵᠢᠯ ᠦ᠋ᠨ ᠲᠤᠰᠭᠠᠢ ᠵᠠᠷᠤᠳᠠᠯ ᠤ᠋ᠨ ᠮᠥᠩᠭᠦ ᠶ᠋ᠢ ᠲᠤᠰᠭᠠᠢ ᠬᠡᠷᠡᠭᠯᠡᠵᠦ᠂ ᠶᠠᠮᠠᠷᠪᠠ ᠨᠢᠭᠡᠴᠢ ᠪᠠ ᠬᠤᠪᠢ ᠬᠥᠮᠦᠨ ᠰᠢᠬᠠᠨ ᠡᠵᠡᠯᠡᠵᠤ᠂ ᠦᠯᠡᠳᠡᠭᠡᠵᠤ᠂ ᠰᠢᠯᠵᠢᠭᠦᠯᠦᠨ ᠬᠡᠷᠡᠭᠯᠡᠵᠤ ᠪᠣᠯᠬᠤ ᠦᠭᠡᠢ᠃

  ᠭᠤᠴᠢᠨ ᠨᠠᠢ᠍ᠮᠠᠳᠤᠭᠠᠷ ᠵᠦᠢᠯ   ᠬᠣᠰᠢᠭᠤ ᠰᠢᠶᠠᠨ ᠤ᠋ ᠱᠠᠲᠤᠨ ᠠ᠋ᠴᠠ ᠳᠡᠭᠡᠭᠰᠢᠬᠢ ᠠᠷᠠᠳ ᠤ᠋ᠨ ᠵᠠᠰᠠᠭ ᠤ᠋ᠨ ᠣᠷᠳᠤᠨ ᠨᠢ ᠦᠨᠳᠦᠰᠦᠲᠡᠨ ᠤ᠋ ᠬᠡᠤᠬᠡᠳ ᠦ᠋ᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠶ᠋ᠢᠨ ᠠᠯᠪᠠᠨ ᠵᠠᠷᠤᠳᠠᠯ ᠢ᠋ ᠬᠢᠨᠠᠨ ᠲᠣᠭᠲᠠᠭᠠᠬᠤ ᠦᠶᠡᠰ᠂ ᠨᠥᠬᠦᠪᠦᠷᠢ ᠶ᠋ᠢᠨ ᠪᠠᠷᠢᠮᠵᠢᠶ᠎ᠠ ᠶ᠋ᠢ ᠲᠤᠬᠠᠢ ᠶ᠋ᠢᠨ ᠭᠠᠵᠠᠷ ᠤ᠋ᠨ ᠠᠳᠠᠯᠢ ᠱᠠᠲᠤᠨ ᠤ᠋ ᠠᠳᠠᠯᠢ ᠲᠥᠷᠦᠯ ᠦ᠋ᠨ ᠰᠤᠷᠭᠠᠭᠤᠯᠢ ᠶ᠋ᠢᠨ ᠪᠠᠷᠢᠮᠵᠢᠶ᠎ᠠ ᠠ᠋ᠴᠠ ᠥᠨᠳᠦᠷ ᠲᠣᠬᠢᠷᠠᠭᠤᠯᠬᠤ ᠬᠡᠷᠡᠭᠲᠡᠢ᠃

  ᠬᠣᠰᠢᠭᠤ ᠰᠢᠶᠠᠨ ᠤ᠋ ᠱᠠᠲᠤᠨ ᠠ᠋ᠴᠠ ᠳᠡᠭᠡᠭᠰᠢᠬᠢ ᠠᠷᠠᠳ ᠤ᠋ᠨ ᠵᠠᠰᠠᠭ ᠤ᠋ᠨ ᠣᠷᠳᠤᠨ ᠨᠢ ᠦᠨᠳᠦᠰᠦᠲᠡᠨ ᠤ᠋ ᠬᠡᠤᠬᠡᠳ ᠦ᠋ᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠶ᠋ᠢᠨ ᠬᠡᠷᠡᠭᠰᠡᠬᠦ ᠤᠰᠤ᠂ ᠴᠠᠬᠢᠯᠭᠠᠨ᠂ ᠳᠤᠯᠠᠭᠠᠯᠭ᠎ᠠ ᠶ᠋ᠢᠨ ᠵᠠᠷᠤᠳᠠᠯ ᠢ᠋ ᠪᠤᠲᠠᠲᠠᠢ ᠵᠠᠷᠤᠯᠭ᠎ᠠ ᠶᠣᠰᠣᠭᠠᠷ ᠲᠥᠰᠦᠪ ᠲᠤ᠌ ᠣᠷᠤᠭᠤᠯᠵᠤ᠂ ᠬᠦᠢᠴᠡᠳ ᠲᠣᠭ᠎ᠠ ᠪᠠᠷ ᠬᠢᠨᠠᠨ ᠲᠣᠭᠲᠠᠭᠠᠬᠤ ᠶ᠋ᠢᠨ ᠬᠠᠮᠲᠤ ᠴᠠᠭ ᠲᠤᠬᠠᠢ ᠳ᠋ᠤ᠌ ᠨᠢ ᠥᠭᠬᠦ ᠬᠡᠷᠡᠭᠲᠡᠢ᠃

  ᠭᠤᠴᠢ ᠶᠢᠰᠦᠳᠦᠭᠡᠷ ᠵᠦᠢᠯ   ᠡᠯ᠎ᠡ ᠱᠠᠲᠤᠨ ᠤ᠋ ᠡᠳ᠋ ᠦ᠋ᠨ ᠵᠠᠰᠠᠭ ᠦᠨᠳᠦᠰᠦᠲᠡᠨ ᠤ᠋ ᠰᠤᠷᠭᠠᠨ ᠬᠥᠮᠦᠵᠢᠯ ᠦ᠋ᠨ ᠲᠤᠰᠭᠠᠢ ᠲᠥᠷᠦᠯ ᠦ᠋ᠨ ᠨᠥᠬᠦᠪᠦᠷᠢ ᠮᠥᠩᠭᠦ ᠲᠣᠬᠢᠷᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠤᠨ ᠤ᠋ ᠡᠳ᠋ ᠦ᠋ᠨ ᠵᠠᠰᠠᠭ ᠨᠢ ᠴᠦ᠋ᠬᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠪᠥᠭᠡᠳ ᠬᠥᠮᠦᠨ ᠠᠮᠠ ᠤᠯᠠᠨ᠂ ᠦᠨᠳᠦᠰᠦᠲᠡᠨ ᠤ᠋ ᠰᠤᠷᠭᠠᠨ ᠬᠥᠮᠦᠵᠢᠯ ᠦ᠋ᠨ ᠠᠵᠢᠯ ᠤ᠋ᠨ ᠡᠭᠦᠷᠭᠡ ᠬᠦᠨᠳᠦ᠂ ᠬᠦᠴᠢᠷᠳᠡᠯ ᠶᠡᠬᠡᠲᠡᠢ ᠭᠠᠵᠠᠷ ᠣᠷᠤᠨ ᠳ᠋ᠤ᠌ ᠵᠣᠬᠢᠬᠤ ᠬᠡᠮᠵᠢᠶ᠎ᠡ ᠪᠡᠷ ᠬᠡᠯᠪᠡᠢᠬᠦ ᠬᠡᠷᠡᠭᠲᠡᠢ᠃

  ᠡᠯ᠎ᠡ ᠱᠠᠲᠤᠨ ᠤ᠋ ᠡᠳ᠋ ᠦ᠋ᠨ ᠵᠠᠰᠠᠭ ᠤ᠋ᠨ ᠲᠣᠬᠢᠷᠠᠭᠤᠯᠤᠭᠰᠠᠨ ᠦᠨᠳᠦᠰᠦᠲᠡᠨ ᠤ᠋ ᠰᠤᠷᠭᠠᠨ ᠬᠥᠮᠦᠵᠢᠯ ᠦ᠋ᠨ ᠲᠤᠰᠭᠠᠢ ᠲᠥᠷᠦᠯ ᠦ᠋ᠨ ᠨᠥᠬᠦᠪᠦᠷᠢ ᠮᠥᠩᠭᠦ ᠶ᠋ᠢ ᠬᠡᠷᠡᠭᠴᠡᠭᠡ ᠪᠠᠨ ᠦᠨᠳᠦᠰᠦᠯᠡᠵᠦ ᠬᠦᠢᠴᠡᠳ ᠲᠣᠭ᠎ᠠ ᠪᠠᠷ ᠬᠢᠨᠠᠨ ᠲᠣᠭᠲᠠᠭᠠᠵᠤ᠂ ᠡᠳ᠋ ᠦ᠋ᠨ ᠵᠠᠰᠠᠭ ᠤ᠋ᠨ ᠲᠥᠰᠦᠪ ᠲᠤ᠌ ᠪᠠᠨ ᠣᠷᠤᠭᠤᠯᠵᠤ ᠴᠠᠭ ᠲᠤᠬᠠᠢ ᠳ᠋ᠤ᠌ ᠨᠢ ᠥᠭᠬᠦ ᠬᠡᠷᠡᠭᠲᠡᠢ᠃

  ᠳᠥᠴᠢᠳᠦᠭᠡᠷ ᠵᠦᠢᠯ   ᠴᠦ᠋ᠬᠡᠨ ᠲᠣᠭᠠᠲᠤ ᠦᠨᠳᠦᠰᠦᠲᠡᠨ ᠤ᠋ ᠰᠤᠷᠤᠭᠴᠢᠳ ᠤ᠋ᠨ ᠰᠤᠷᠤᠯᠭ᠎ᠠ ᠶ᠋ᠢᠨ ᠳᠡᠳᠭᠦᠮᠵᠢ ᠶ᠋ᠢᠨ ᠮᠥᠩᠭᠦ ᠶ᠋ᠢ ᠥᠪᠡᠷᠲᠡᠭᠡᠨ ᠵᠠᠰᠠᠬᠤ ᠣᠷᠤᠨ᠂ ᠠᠢᠮᠠᠭ ᠬᠤᠳᠠ᠂ ᠬᠣᠰᠢᠭᠤ ᠰᠢᠶᠠᠨ ᠭᠤᠷᠪᠠᠨ ᠱᠠᠲᠤ ᠬᠤᠪᠢᠶᠠᠨ ᠡᠭᠦᠷᠭᠡᠯᠡᠬᠦ ᠲᠣᠭᠲᠠᠴᠠ ᠶ᠋ᠢ ᠪᠠᠢᠭᠤᠯᠤᠨ ᠲᠡᠭᠦᠯᠳᠡᠷᠵᠢᠭᠦᠯᠦᠨ᠎ᠡ᠃

  ᠰᠤᠷᠤᠯᠭ᠎ᠠ ᠶ᠋ᠢᠨ ᠳᠡᠳᠭᠦᠮᠵᠢ ᠶ᠋ᠢᠨ ᠮᠥᠩᠭᠦ ᠶ᠋ᠢᠨ ᠪᠠᠷᠢᠮᠵᠢᠶ᠎ᠠ ᠶ᠋ᠢ ᠥᠪᠡᠷᠲᠡᠭᠡᠨ ᠵᠠᠰᠠᠬᠤ ᠣᠷᠤᠨ ᠤ᠋ ᠠᠷᠠᠳ ᠤ᠋ᠨ ᠵᠠᠰᠠᠭ ᠤ᠋ᠨ ᠣᠷᠳᠤᠨ ᠤ᠋ ᠡᠳ᠋ ᠦ᠋ᠨ ᠵᠠᠰᠠᠭ᠂ ᠰᠤᠷᠭᠠᠨ ᠬᠥᠮᠦᠵᠢᠯ ᠦ᠋ᠨ ᠵᠠᠰᠠᠭ ᠵᠠᠬᠢᠷᠭᠠᠨ ᠤ᠋ ᠰᠠᠯᠠᠭ᠎ᠠ ᠮᠥᠴᠢᠷ ᠡᠴᠡ ᠨᠢᠭᠡᠳᠦᠯᠲᠡᠢ ᠲᠣᠭᠲᠠᠭᠠᠵᠤ᠂ ᠡᠯ᠎ᠡ ᠱᠠᠲᠤᠨ ᠤ᠋ ᠡᠳ᠋ ᠦ᠋ᠨ ᠵᠠᠰᠠᠭ ᠤ᠋ᠨ ᠲᠥᠰᠦᠪ ᠲᠤ᠌ ᠣᠷᠤᠭᠤᠯᠵᠤ᠂ ᠴᠠᠭ ᠲᠤᠬᠠᠢ ᠳ᠋ᠤ᠌ ᠨᠢ ᠬᠦᠢᠴᠡᠳ ᠲᠣᠭ᠎ᠠ ᠪᠠᠷ ᠬᠠᠩᠭᠠᠬᠤ ᠶ᠋ᠢ ᠪᠠᠲᠤᠯᠠᠨ᠎ᠠ᠃

  ᠳᠥᠴᠢᠨ ᠨᠢᠭᠡᠳᠦᠭᠡᠷ ᠵᠦᠢᠯ   ᠥᠪᠡᠷᠲᠡᠭᠡᠨ ᠵᠠᠰᠠᠬᠤ ᠣᠷᠤᠨ ᠨᠢ ᠬᠣᠣᠰ ᠬᠡᠯᠡ ᠪᠡᠷ ᠵᠢᠭᠠᠨ ᠰᠤᠷᠭᠠᠬᠤ ᠦᠨᠳᠦᠰᠦᠲᠡᠨ ᠤ᠋ ᠬᠡᠤᠬᠡᠳ ᠦ᠋ᠨ ᠴᠡᠴᠡᠷᠯᠢᠭ ᠦ᠋ᠨ ᠴᠡᠴᠡᠷᠯᠢᠭ ᠲᠤ᠌ ᠪᠠᠢᠭ᠎ᠠ ᠬᠡᠤᠬᠡᠳ ᠢ᠋ ᠠᠰᠠᠷᠠᠨ ᠬᠥᠮᠦᠵᠢᠭᠦᠯᠬᠦ ᠰᠦᠢᠳᠭᠡᠯ ᠢ᠋ ᠬᠠᠰᠤᠨ ᠬᠡᠯᠲᠦᠷᠢᠭᠦᠯᠵᠦ᠂ ᠬᠡᠷᠡᠭᠰᠡᠬᠦ ᠪᠡᠯᠡ ᠮᠥᠩᠭᠦ ᠶ᠋ᠢ ᠣᠷᠤᠨ ᠨᠤᠳᠤᠭ ᠤ᠋ᠨ ᠡᠳ᠋ ᠦ᠋ᠨ ᠵᠠᠰᠠᠭ ᠠ᠋ᠴᠠ ᠡᠭᠦᠷᠭᠡᠯᠡᠨ᠎ᠡ᠃

  ᠬᠣᠣᠰ ᠬᠡᠯᠡ ᠪᠡᠷ ᠵᠢᠭᠠᠨ ᠰᠤᠷᠭᠠᠬᠤ ᠦᠨᠳᠦᠰᠦᠲᠡᠨ ᠤ᠋ ᠳᠤᠮᠳᠠᠳᠤ ᠪᠠᠭ᠎ᠠ ᠰᠤᠷᠭᠠᠭᠤᠯᠢ ᠶ᠋ᠢᠨ ᠰᠤᠷᠭᠠᠭᠤᠯᠢ ᠳ᠋ᠤ᠌ ᠪᠠᠢᠭ᠎ᠠ ᠰᠤᠷᠤᠭᠴᠢᠳ ᠤ᠋ᠨ ᠰᠤᠷᠤᠯᠭ᠎ᠠ ᠶ᠋ᠢᠨ ᠰᠦᠢᠳᠭᠡᠯ ᠢ᠋ ᠬᠡᠯᠲᠦᠷᠢᠭᠦᠯᠵᠦ᠂ ᠵᠢᠭᠠᠬᠤ ᠮᠠᠲ᠋ᠧᠷᠢᠶᠠᠯ ᠪᠠ ᠨᠢᠭᠡ ᠬᠤᠪᠢ ᠵᠢᠭᠠᠨ ᠰᠤᠷᠭᠠᠯᠲᠠ ᠶ᠋ᠢᠨ ᠲᠤᠰᠠᠯᠠᠬᠤ ᠮᠠᠲ᠋ᠧᠷᠢᠶᠠᠯ ᠢ᠋ ᠦᠨ᠎ᠡ ᠲᠥᠯᠦᠪᠦᠷᠢ ᠦᠭᠡᠢ ᠪᠡᠷ ᠬᠠᠩᠭᠠᠵᠤ᠂ ᠪᠠᠢᠷᠢ ᠶ᠋ᠢᠨ ᠳᠦᠷᠢᠮᠲᠦ ᠰᠤᠷᠤᠭᠴᠢᠳ ᠲᠤ᠌ ᠠᠮᠢᠳᠤᠷᠠᠯ ᠤ᠋ᠨ ᠨᠥᠬᠦᠪᠦᠷᠢ ᠣᠯᠭᠤᠵᠤ᠂ ᠬᠡᠷᠡᠭᠰᠡᠬᠦ ᠪᠡᠯᠡ ᠮᠥᠩᠭᠦ ᠶ᠋ᠢ ᠥᠪᠡᠷᠲᠡᠭᠡᠨ ᠵᠠᠰᠠᠬᠤ ᠣᠷᠤᠨ ᠤ᠋ ᠡᠳ᠋ ᠦ᠋ᠨ ᠵᠠᠰᠠᠭ ᠠ᠋ᠴᠠ ᠡᠭᠦᠷᠭᠡᠯᠡᠨ᠎ᠡ᠃

  ᠳᠥᠴᠢᠨ ᠬᠣᠶᠠᠳᠤᠭᠠᠷ ᠵᠦᠢᠯ   ᠥᠪᠡᠷᠲᠡᠭᠡᠨ ᠵᠠᠰᠠᠬᠤ ᠣᠷᠤᠨ ᠨᠢ ᠣᠷᠤᠨ ᠤ᠋ ᠳᠣᠲᠤᠷᠠᠬᠢ ᠳᠡᠭᠡᠲᠤ ᠵᠡᠷᠭᠡ ᠶ᠋ᠢᠨ ᠰᠤᠷᠭᠠᠭᠤᠯᠢ ᠳ᠋ᠤ᠌ ᠰᠢᠯᠭᠠᠵᠤ ᠣᠷᠤᠭᠰᠠᠨ ᠮᠣᠩᠭᠤᠯ ᠬᠡᠯᠡ ᠪᠡᠷ ᠬᠢᠴᠢᠶᠡᠯᠯᠡᠬᠦ ᠪᠡᠷ ᠭᠣᠣᠯᠯᠠᠵᠤ᠂ ᠬᠢᠲᠠᠳ ᠬᠡᠯᠡ ᠨᠡᠮᠡᠨ ᠰᠤᠷᠴᠤ ᠪᠠᠢᠭ᠎ᠠ ᠰᠤᠷᠤᠭᠴᠢᠳ ᠤ᠋ᠨ 20% ᠶ᠋ᠢᠨ ᠰᠤᠷᠤᠯᠭ᠎ᠠ ᠶ᠋ᠢᠨ ᠰᠦᠢᠳᠭᠡᠯ ᠢ᠋ ᠬᠠᠰᠤᠨ ᠬᠡᠯᠳᠦᠷᠢᠬᠦᠯᠵᠦ᠂ ᠬᠡᠷᠡᠭᠰᠡᠬᠦ ᠪᠡᠯᠡ ᠮᠥᠩᠭᠦ ᠶ᠋ᠢ ᠥᠪᠡᠷᠲᠡᠭᠡᠨ ᠵᠠᠰᠠᠬᠤ ᠣᠷᠤᠨ ᠤ᠋ ᠡᠳ᠋ ᠦ᠋ᠨ ᠵᠠᠰᠠᠭ ᠠ᠋ᠴᠠ ᠡᠭᠦᠷᠭᠡᠯᠡᠨ᠎ᠡ᠃

  ᠣᠷᠤᠨ ᠤ᠋ ᠲᠤᠳᠤᠷᠠᠬᠢ ᠳᠡᠭᠡᠲᠦ ᠵᠡᠷᠭᠡ ᠶ᠋ᠢᠨ ᠰᠤᠷᠭᠠᠭᠤᠯᠢ ᠶ᠋ᠢᠨ ᠮᠣᠩᠭᠤᠯ ᠬᠡᠯᠡ ᠪᠡᠷ ᠬᠢᠴᠢᠶᠡᠯᠯᠡᠬᠦ ᠲᠤᠰᠭᠠᠢ ᠮᠡᠷᠭᠡᠵᠢᠯ ᠦ᠋ᠨ ᠰᠤᠷᠤᠭᠴᠢᠳ ᠠᠵᠢᠯ ᠣᠯᠵᠤ ᠦᠢᠯᠡᠰ ᠪᠣᠰᠭᠠᠬᠤ ᠳ᠋ᠤ᠌ ᠨᠢ ᠲᠤᠰᠠᠲᠠᠢ ᠬᠣᠶᠠᠳᠤᠭᠠᠷ ᠡᠷᠳᠡᠮ ᠦ᠋ᠨ ᠴᠣᠯᠠ᠂ ᠬᠣᠶᠠᠳᠤᠭᠠᠷ ᠲᠤᠰᠭᠠᠢ ᠮᠡᠷᠭᠡᠵᠢᠯ ᠪᠣᠯᠤᠨ ᠬᠢᠲᠠᠳ ᠬᠡᠯᠡ ᠪᠡᠷ ᠬᠢᠴᠢᠶᠡᠯᠯᠡᠬᠦ ᠬᠡᠷᠡᠭᠯᠡᠭᠡᠨ ᠤ᠋ ᠲᠥᠷᠦᠯ ᠦ᠋ᠨ ᠬᠢᠴᠢᠶᠡᠯ ᠲᠥᠷᠦᠯ ᠢ᠋ ᠨᠡᠮᠡᠨ ᠰᠤᠷᠴᠤ᠂ ᠬᠢᠷᠢ ᠲᠡᠩᠴᠡᠭᠰᠡᠨ ᠦᠨᠡᠮᠯᠡᠯ ᠪᠤᠶᠤ ᠬᠢᠷᠢ ᠲᠡᠩᠴᠡᠭᠰᠡᠨ ᠬᠢᠷᠢ ᠪᠦᠲᠦᠮᠵᠢ ᠶ᠋ᠢᠨ ᠬᠠᠭᠤᠳᠠᠰᠤ ᠣᠯᠤᠭᠰᠠᠨ ᠪᠤᠯ᠂ ᠵᠠᠰᠠᠭ ᠤ᠋ᠨ ᠣᠷᠳᠤᠨ ᠠ᠋ᠴᠠ ᠰᠣᠩᠭᠤᠵᠤ ᠰᠤᠷᠤᠭᠰᠠᠨ ᠰᠦᠢᠳᠭᠡᠯ ᠢ᠋ ᠨᠢ ᠨᠥᠬᠦᠪᠦᠷᠢᠯᠡᠵᠦ᠂ ᠬᠡᠷᠡᠭᠰᠡᠬᠦ ᠪᠡᠯᠡ ᠮᠥᠩᠭᠦ ᠶ᠋ᠢ ᠰᠤᠷᠭᠠᠭᠤᠯᠢ ᠶ᠋ᠢᠨ ᠬᠠᠷᠢᠶᠠᠯᠠᠭᠳᠠᠬᠤ ᠬᠠᠷᠢᠴᠠᠭ᠎ᠠ ᠶᠣᠰᠣᠭᠠᠷ ᠡᠯ᠎ᠡ ᠱᠠᠲᠤᠨ ᠤ᠋ ᠡᠳ᠋ ᠦ᠋ᠨ ᠵᠠᠰᠠᠭ ᠠ᠋ᠴᠠ ᠰᠤᠷᠤᠭᠴᠢ ᠪᠦᠷᠢ ᠶ᠋ᠢᠨ ᠲᠣᠭᠲᠠᠭᠰᠠᠨ ᠲᠣᠭᠠᠲᠤ ᠨᠥᠬᠦᠪᠦᠷᠢ ᠳ᠋ᠤ᠌ ᠣᠷᠤᠭᠤᠯᠤᠨ᠎ᠠ᠃

  ᠴᠦ᠋ᠬᠡᠨ ᠲᠣᠭᠠᠲᠤ ᠦᠨᠳᠦᠰᠦᠲᠡᠨ ᠤ᠋ ᠶᠡᠬᠡ ᠳᠡᠭᠡᠲᠤ ᠰᠤᠷᠭᠠᠭᠤᠯᠢ ᠶ᠋ᠢᠨ ᠪᠡᠯᠡᠳᠭᠡᠯ ᠠᠩᠭᠢ ᠶ᠋ᠢᠨ ᠰᠤᠷᠤᠭᠴᠢ ᠨᠢ ᠢᠷᠡᠯᠲᠡ ᠶ᠋ᠢᠨ ᠭᠠᠵᠠᠷ ᠤ᠋ᠨ ᠢ᠋ᠶ᠋ᠠᠨ ᠵᠠᠰᠠᠭ ᠤ᠋ᠨ ᠣᠷᠳᠤᠨ ᠤ᠋ ᠨᠥᠬᠦᠪᠦᠷᠢ ᠬᠦᠤ ᠲᠠᠢ ᠵᠢᠭᠡᠯᠡᠯᠭᠡ ᠶ᠋ᠢ ᠬᠦᠷᠲᠡᠬᠦ ᠶᠣᠰᠣᠲᠠᠢ᠃ ᠴᠦ᠋ᠬᠡᠨ ᠲᠣᠭᠠᠲᠤ ᠦᠨᠳᠦᠰᠦᠲᠡᠨ ᠤ᠋ ᠬᠡᠷ ᠪᠦᠯᠢ ᠶ᠋ᠢᠨ ᠠᠵᠤ ᠠᠬᠤᠢ ᠨᠢ ᠬᠦᠴᠢᠷᠳᠡᠯᠲᠡᠢ᠂ ᠮᠤᠷᠠᠯ ᠰᠤᠷᠤᠯᠭ᠎ᠠ ᠬᠣᠣᠰᠯᠠᠭᠰᠠᠨ ᠰᠤᠷᠤᠭᠴᠢ ᠳ᠋ᠤ᠌ ᠤᠯᠤᠰ ᠪᠠ ᠥᠪᠡᠷᠲᠡᠭᠡᠨ ᠵᠠᠰᠠᠬᠤ ᠣᠷᠤᠨ ᠤ᠋ ᠡᠯ᠎ᠡ ᠲᠥᠷᠦᠯ ᠦ᠋ᠨ ᠰᠤᠷᠤᠯᠭ᠎ᠠ ᠶ᠋ᠢ ᠳᠡᠳᠬᠦᠬᠦ ᠱᠠᠩᠨᠠᠯ ᠢ᠋ ᠤᠷᠢᠳ ᠢ᠋ᠶ᠋ᠠᠷ ᠬᠦᠷᠲᠡᠭᠡᠨ᠎ᠡ᠃

  ᠳᠥᠴᠢᠨ ᠭᠤᠷᠪᠠᠳᠤᠭᠠᠷ ᠵᠦᠢᠯ   ᠠᠯᠪᠠᠲᠠᠨ ᠰᠢᠯᠭᠠᠨ ᠡᠯᠰᠡᠬᠦ᠂ ᠠᠵᠢᠯ ᠦᠢᠯᠡᠰ ᠦ᠋ᠨ ᠨᠢᠭᠡᠴᠢ ᠠᠵᠢᠯᠲᠠᠨ ᠡᠯᠰᠡᠬᠦ ᠦᠶᠡᠰ᠂ ᠵᠢᠯ ᠪᠦᠷᠢ ᠶ᠋ᠢᠨ ᠡᠯᠰᠡᠨ ᠬᠡᠷᠡᠭᠯᠡᠬᠦ ᠲᠥᠯᠦᠪᠯᠡᠭᠡ ᠳ᠋ᠤ᠌ ᠪᠠᠨ ᠶᠡᠷᠦᠩᠬᠡᠢ ᠲᠣᠭᠠᠨ ᠤ᠋ ᠵᠠᠭᠤᠨ ᠤ᠋ ᠠᠷᠪᠠᠨ ᠲᠠᠪᠤ ᠠ᠋ᠴᠠ ᠲᠤᠤᠷ᠎ᠠ ᠪᠤᠰᠤ ᠠᠵᠢᠯ ᠤ᠋ᠨ ᠪᠠᠢᠷᠢ ᠶ᠋ᠢ ᠮᠣᠩᠭᠤᠯ ᠬᠡᠯᠡ ᠪᠡᠷ ᠬᠢᠴᠢᠶᠡᠯᠯᠡᠭᠰᠡᠨ ᠶᠡᠬᠡ ᠰᠤᠷᠭᠠᠭᠤᠯᠢ ᠲᠡᠭᠦᠰᠦᠭᠰᠡᠳ ᠲᠤ᠌ ᠬᠡᠷᠡᠭᠯᠡᠬᠦ ᠪᠠᠷ ᠲᠣᠭᠲᠠᠭᠠᠬᠤ ᠬᠡᠷᠡᠭᠲᠡᠢ᠃

  ᠤᠯᠤᠰ ᠤ᠋ᠨ ᠦᠮᠴᠢᠯᠡᠯᠲᠤ ᠠᠵᠤ ᠠᠬᠤᠢᠯᠠᠯ ᠠᠵᠢᠯᠲᠠᠨ ᠡᠯᠰᠡᠬᠦ ᠦᠶᠡᠰ᠂ ᠠᠳᠠᠯᠢ ᠨᠥᠬᠦᠴᠡᠯ ᠳᠣᠣᠷ᠎ᠠ ᠮᠣᠩᠭᠤᠯ ᠬᠡᠯᠡ ᠪᠠᠷ ᠬᠢᠴᠢᠶᠡᠯᠯᠡᠭᠰᠡᠨ ᠶᠡᠬᠡ ᠳᠡᠭᠡᠲᠤ ᠰᠤᠷᠭᠠᠭᠤᠯᠢ᠂ ᠳᠤᠮᠳᠠᠳᠤ ᠵᠡᠷᠭᠡ ᠶ᠋ᠢᠨ ᠲᠤᠰᠭᠠᠢ ᠮᠡᠷᠭᠡᠵᠢᠯ ᠦ᠋ᠨ ᠰᠤᠷᠭᠠᠭᠤᠯᠢ ᠲᠡᠭᠦᠰᠦᠭᠰᠡᠳ ᠢ᠋ ᠤᠷᠢᠳ ᠢ᠋ᠶ᠋ᠠᠷ ᠡᠯᠰᠡᠨ ᠬᠡᠷᠡᠭᠯᠡᠨ᠎ᠡ᠃

  ᠳᠥᠴᠢᠨ ᠳᠥᠷᠪᠡᠳᠦᠭᠡᠷ ᠵᠦᠢᠯ   ᠥᠪᠡᠷᠲᠡᠭᠡᠨ ᠵᠠᠰᠠᠬᠤ ᠣᠷᠤᠨ ᠠ᠋ᠴᠠ ᠦᠨᠳᠦᠰᠦᠲᠡᠨ ᠤ᠋ ᠰᠣᠶᠤᠯ ᠢ᠋ ᠤᠯᠠᠮᠵᠢᠯᠠᠨ ᠬᠥᠭᠵᠢᠭᠦᠯᠬᠦ ᠠᠵᠢᠯ ᠦᠢᠯᠡᠰ ᠪᠠ ᠮᠣᠩᠭᠤᠯ ᠨᠣᠮ ᠪᠢᠴᠢᠭ᠂ ᠳᠠᠭᠤ ᠳᠦᠷᠰᠦ ᠰᠢᠩᠭᠡᠭᠡᠯᠲᠡ ᠶ᠋ᠢᠨ ᠬᠡᠪᠯᠡᠭᠳᠡᠬᠦᠨ ᠢ᠋ ᠬᠡᠪᠯᠡᠨ ᠲᠠᠷᠬᠠᠭᠠᠬᠤ ᠠᠵᠢᠯ ᠢ᠋ ᠴᠢᠬᠤᠯᠠᠴᠢᠯᠠᠨ᠎ᠠ᠃

  ᠮᠣᠩᠭᠤᠯ ᠵᠢᠭᠠᠬᠤ ᠮᠠᠲ᠋ᠧᠷᠢᠶᠠᠯ᠂ ᠵᠢᠭᠠᠨ ᠰᠤᠷᠭᠠᠯᠲᠠ ᠶ᠋ᠢᠨ ᠲᠤᠰᠠᠯᠠᠬᠤ ᠮᠠᠲ᠋ᠧᠷᠢᠶᠠᠯ᠂ ᠨᠣᠮ ᠪᠢᠴᠢᠭ᠂ ᠳᠠᠭᠤ ᠳᠦᠷᠰᠦ ᠰᠢᠩᠭᠡᠭᠡᠯᠲᠡ ᠶ᠋ᠢᠨ ᠬᠡᠪᠯᠡᠭᠳᠡᠬᠦᠨ ᠵᠡᠷᠭᠡ ᠬᠡᠪᠯᠡᠯ ᠦ᠋ᠨ ᠵᠦᠢᠯᠡᠰ ᠢ᠋ ᠬᠡᠪᠯᠡᠨ ᠲᠠᠷᠬᠠᠭᠠᠬᠤ ᠳ᠋ᠤ᠌ ᠡᠳ᠋ ᠦ᠋ᠨ ᠵᠠᠰᠠᠭ ᠤ᠋ᠨ ᠨᠥᠬᠦᠪᠦᠷᠢ ᠶ᠋ᠢᠨ ᠲᠥᠷᠦ ᠶ᠋ᠢᠨ ᠪᠣᠳᠤᠯᠭ᠎ᠠ ᠶ᠋ᠢ ᠬᠡᠷᠡᠭᠵᠢᠭᠦᠯᠦᠨ᠎ᠡ᠃

  ᠮᠣᠩᠭᠤᠯ ᠵᠢᠭᠠᠬᠤ ᠮᠠᠲ᠋ᠧᠷᠢᠶᠠᠯ ᠪᠠ ᠵᠢᠭᠠᠨ ᠰᠤᠷᠭᠠᠯᠲᠠ ᠶ᠋ᠢᠨ ᠲᠤᠰᠠᠯᠠᠬᠤ ᠮᠠᠲ᠋ᠧᠷᠢᠶᠠᠯ ᠢ᠋ ᠨᠠᠢᠷᠠᠭᠤᠯᠵᠤ ᠣᠷᠴᠢᠭᠤᠯᠬᠤ᠂ ᠬᠢᠨᠠᠨ ᠪᠠᠢᠴᠠᠭᠠᠬᠤ ᠵᠡᠷᠭᠡ ᠳ᠋ᠤ᠌ ᠪᠡᠯᠡ ᠮᠥᠩᠭᠦ ᠶ᠋ᠢᠨ ᠪᠠᠲᠤᠯᠠᠭ᠎ᠠ ᠬᠠᠩᠭᠠᠨ᠎ᠠ᠃

  ᠳᠥᠴᠢᠨ ᠲᠠᠪᠤᠳᠤᠭᠠᠷ ᠵᠦᠢᠯ   ᠥᠪᠡᠷᠲᠡᠭᠡᠨ ᠵᠠᠰᠠᠬᠤ ᠣᠷᠤᠨ ᠨᠢ ᠦᠨᠳᠦᠰᠦᠲᠡᠨ ᠤ᠋ ᠰᠤᠷᠭᠠᠨ ᠬᠥᠮᠦᠵᠢᠯ ᠢ᠋ ᠬᠢᠨᠠᠨ ᠵᠢᠯᠤᠭᠤᠳᠴᠤ ᠦᠨᠡᠯᠡᠨ ᠵᠢᠱ᠌ᠢᠬᠦ ᠪᠣᠯᠤᠨ ᠰᠤᠷᠭᠠᠭᠤᠯᠢ ᠡᠷᠬᠢᠯᠡᠬᠦ ᠨᠥᠬᠦᠴᠡᠯ ᠢ᠋ ᠪᠠᠲᠤᠯᠠᠬᠤ ᠠᠵᠢᠯ ᠢ᠋ ᠴᠢᠩᠭᠠᠳᠭᠠᠬᠤ ᠬᠡᠷᠡᠭᠲᠡᠢ᠃ ᠬᠣᠰᠢᠭᠤ ᠰᠢᠶᠠᠨ ᠤ᠋ ᠱᠠᠲᠤᠨ ᠠ᠋ᠴᠠ ᠳᠡᠭᠡᠭᠰᠢᠬᠢ ᠠᠷᠠᠳ ᠤ᠋ᠨ ᠵᠠᠰᠠᠭ ᠤ᠋ᠨ ᠣᠷᠳᠤᠨ ᠨᠢ ᠡᠯ᠎ᠡ ᠱᠠᠲᠤᠨ ᠤ᠋ ᠡᠯ᠎ᠡ ᠲᠥᠷᠦᠯ ᠦ᠋ᠨ ᠦᠨᠳᠦᠰᠦᠲᠡᠨ ᠤ᠋ ᠰᠤᠷᠭᠠᠭᠤᠯᠢ ᠶ᠋ᠢᠨ ᠰᠠᠭᠤᠷᠢ ᠲᠥᠭᠦᠭᠡᠷᠦᠮᠵᠢ ᠶ᠋ᠢᠨ ᠪᠦᠲᠦᠭᠡᠨ ᠪᠠᠢᠭᠤᠯᠤᠯᠲᠠ ᠪᠠ ᠵᠢᠭᠠᠨ ᠰᠤᠷᠭᠠᠬᠤ ᠲᠥᠭᠦᠭᠡᠷᠦᠮᠵᠢ ᠶ᠋ᠢ ᠬᠤᠳᠠᠯᠳᠤᠨ ᠠᠪᠬᠤ ᠶ᠋ᠢ ᠤᠯᠠᠨ ᠨᠡᠢᠲᠡ ᠶ᠋ᠢᠨ ᠡᠳ᠋ ᠦ᠋ᠨ ᠵᠠᠰᠠᠭ ᠤ᠋ᠨ ᠪᠠᠲᠤᠯᠠᠭ᠎ᠠ ᠶ᠋ᠢᠨ ᠬᠦᠷᠢᠶ᠎ᠡ ᠬᠡᠪᠴᠢᠶᠡᠨ ᠳ᠋ᠤ᠌ ᠣᠷᠤᠭᠤᠯᠬᠤ ᠶ᠋ᠢᠨ ᠬᠠᠮᠲᠤ ᠤᠷᠲᠤ ᠬᠤᠭᠤᠴᠠᠭᠠᠨ ᠤ᠋ ᠳᠠᠭᠠᠭᠠᠮᠠᠭᠠᠢ ᠲᠣᠭᠲᠠᠴᠠ ᠶ᠋ᠢ ᠪᠠᠢᠭᠤᠯᠬᠤ ᠬᠡᠷᠡᠭᠲᠡᠢ᠃

  ᠡᠯ᠎ᠡ ᠱᠠᠲᠤᠨ ᠤ᠋ ᠡᠯ᠎ᠡ ᠲᠥᠷᠦᠯ ᠦ᠋ᠨ ᠦᠨᠳᠦᠰᠦᠲᠡᠨ ᠤ᠋ ᠰᠤᠷᠭᠠᠭᠤᠯᠢ ᠶ᠋ᠢᠨ ᠰᠤᠷᠭᠠᠭᠤᠯᠢ ᠡᠷᠬᠢᠯᠡᠬᠦ ᠨᠥᠬᠦᠴᠡᠯ ᠨᠢ ᠪᠠᠷᠢᠮᠵᠢᠶᠠᠴᠢᠯᠠᠭᠰᠠᠨ ᠱᠠᠭᠠᠷᠳᠠᠯᠭ᠎ᠠ ᠳ᠋ᠤ᠌ ᠬᠦᠷᠴᠦ᠂ ᠣᠨᠴᠠᠯᠢᠭᠲᠤ ᠬᠥᠭᠵᠢᠯᠲᠡ ᠶ᠋ᠢᠨ ᠬᠡᠷᠡᠭᠴᠡᠭᠡ ᠶ᠋ᠢ ᠬᠠᠩᠭᠠᠬᠤ ᠬᠡᠷᠡᠭᠲᠡᠢ᠃

  ᠳᠥᠴᠢᠨ ᠵᠢᠷᠭᠤᠳᠤᠭᠠᠷ ᠵᠦᠢᠯ   ᠡᠯ᠎ᠡ ᠱᠠᠲᠤᠨ ᠤ᠋ ᠡᠯ᠎ᠡ ᠲᠥᠷᠦᠯ ᠦ᠋ᠨ ᠦᠨᠳᠦᠰᠦᠲᠡᠨ ᠤ᠋ ᠰᠤᠷᠭᠠᠭᠤᠯᠢ ᠨᠢ ᠬᠡᠪ ᠦ᠋ᠨ ᠰᠤᠷᠭᠠᠨ ᠬᠥᠮᠦᠵᠢᠯ ᠵᠢᠭᠠᠨ ᠰᠤᠷᠭᠠᠯᠲᠠ ᠶ᠋ᠢ ᠨᠦᠯᠦᠭᠡᠯᠡᠬᠦ ᠦᠭᠡᠢ ᠤᠷᠢᠳᠠᠯ ᠳᠣᠣᠷ᠎ᠠ᠂ ᠠᠵᠢᠯᠴᠢ ᠠᠷᠪᠢᠴᠢ ᠪᠠᠷ ᠰᠤᠷᠤᠯᠴᠠᠬᠤ ᠪᠠ ᠨᠡᠢᠭᠡᠮ ᠦ᠋ᠨ ᠦᠢᠯᠡᠴᠢᠯᠡᠭᠡ ᠥᠷᠨᠢᠭᠦᠯᠵᠦ ᠪᠣᠯᠤᠨ᠎ᠠ᠃

  ᠳᠥᠴᠢᠨ ᠳᠣᠯᠤᠳᠤᠭᠠᠷ ᠵᠦᠢᠯ   ᠥᠪᠡᠷᠲᠡᠭᠡᠨ ᠵᠠᠰᠠᠬᠤ ᠣᠷᠤᠨ ᠨᠢ ᠠᠵᠤ  ᠠᠬᠤᠢᠯᠠᠯ ᠠᠵᠢᠯ ᠦᠢᠯᠡᠰ ᠦ᠋ᠨ ᠵᠣᠬᠢᠶᠠᠨ ᠪᠠᠢᠭᠤᠯᠤᠯᠲᠠ᠂ ᠨᠡᠢᠭᠡᠮ ᠦ᠋ᠨ ᠪᠦᠯᠬᠦᠮ᠂ ᠪᠤᠰᠤᠳ ᠨᠡᠢᠭᠡᠮ ᠦ᠋ᠨ ᠵᠣᠬᠢᠶᠠᠨ ᠪᠠᠢᠭᠤᠯᠤᠯᠲᠠ ᠵᠢᠴᠢ ᠬᠤᠪᠢ ᠬᠥᠮᠦᠨ ᠤ᠋ ᠦᠨᠳᠦᠰᠦᠲᠡᠨ ᠤ᠋ ᠰᠤᠷᠭᠠᠨ ᠬᠥᠮᠦᠵᠢᠯ ᠳ᠋ᠤ᠌ ᠬᠠᠨᠳᠢᠪ ᠡᠷᠭᠦᠵᠦ ᠰᠤᠷᠤᠯᠭ᠎ᠠ ᠶ᠋ᠢ ᠳᠡᠮᠵᠢᠬᠦ ᠶ᠋ᠢ ᠵᠣᠷᠢᠭᠵᠢᠭᠤᠯᠤᠨ᠎ᠠ᠃

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ
蒙ICP 备0500604