ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠤ᠋ ᠰᠤᠷᠭᠠᠨ ᠬᠥᠮᠦᠵᠢᠯ ᠦ᠋ᠨ ᠳᠦᠷᠢᠮ(ᠳᠣᠯᠤᠳᠤᠭᠠᠷ ᠪᠦᠯᠦᠭ᠂ ᠨᠠᠢ᠍ᠮᠠᠳᠤᠭᠠᠷ ᠪᠦᠯᠦᠭ)
2019.11.04

  (2016 ᠣᠨ ᠤ᠋ 9 ᠰᠠᠷ᠎ᠠ ᠶ᠋ᠢᠨ 29 ᠤ᠋ ᠡᠳᠦᠷ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠠᠷᠪᠠᠨ ᠬᠣᠶᠠᠳᠤᠭᠠᠷ ᠬᠤᠭᠤᠴᠠᠭᠠᠨ ᠤ᠋

  ᠠᠷᠠᠳ ᠤ᠋ᠨ ᠲᠥᠯᠦᠭᠡᠯᠡᠭᠴᠢᠳ ᠦ᠋ᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶᠠᠨ ᠤ᠋ ᠬᠣᠷᠢᠨ ᠵᠢᠷᠭᠤᠳᠤᠭᠠᠷ ᠬᠤᠷᠠᠯᠳᠤᠭᠠᠨ ᠢ᠋ᠶ᠋ᠠᠷ ᠪᠠᠲᠤᠯᠠᠪᠠ)

 

    ᠳᠣᠯᠤᠳᠤᠭᠠᠷ ᠪᠦᠯᠦᠭ  ᠬᠠᠤᠯᠢ ᠴᠠᠭᠠᠵᠠ ᠶ᠋ᠢᠨ ᠬᠠᠷᠢᠭᠤᠴᠠᠯᠭ᠎ᠠ

 

  ᠳᠥᠴᠢᠨ ᠨᠠᠢ᠍ᠮᠠᠳᠤᠭᠠᠷ ᠵᠦᠢᠯ   ᠲᠤᠰ ᠳᠦᠷᠢᠮ ᠦ᠋ᠨ ᠲᠣᠭᠲᠠᠭᠠᠯ ᠢ᠋ ᠵᠥᠷᠢᠴᠡᠭᠰᠡᠨ ᠦᠢᠯᠡ ᠠᠵᠢᠯᠯᠠᠭ᠎ᠠ ᠶ᠋ᠢᠨ ᠲᠤᠬᠠᠢ《ᠪᠦᠭᠦᠲᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠰᠤᠷᠭᠠᠨ ᠬᠥᠮᠦᠵᠢᠯ ᠦ᠋ᠨ ᠬᠠᠤᠯᠢ》ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠳ᠋ᠤ᠌ ᠨᠢᠭᠡᠨᠲᠡ ᠰᠢᠢᠳᠭᠡᠨ ᠲᠤᠷᠭᠠᠬᠤ ᠲᠣᠭᠲᠠᠭᠠᠯ ᠲᠠᠢ ᠪᠤᠯ ᠲᠡᠷᠡ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃

  ᠳᠥᠴᠢ ᠶᠢᠰᠦᠳᠦᠭᠡᠷ ᠵᠦᠢᠯ   ᠲᠤᠰ ᠳᠦᠷᠢᠮ ᠦ᠋ᠨ ᠲᠣᠭᠲᠠᠭᠠᠯ ᠠ᠋ᠴᠠ ᠵᠦᠷᠢᠴᠠᠵᠦ᠂ ᠳᠣᠣᠷᠠᠬᠢ ᠦᠢᠯᠡ ᠠᠵᠢᠯᠯᠠᠭ᠎ᠠ ᠶ᠋ᠢᠨ ᠨᠢᠭᠡ ᠨᠢ ᠪᠠᠢᠪᠠᠯ᠂ ᠰᠢᠭᠤᠳ ᠬᠠᠷᠢᠭᠤᠴᠠᠵᠤ ᠪᠠᠢᠭ᠎ᠠ ᠭᠣᠣᠯ ᠬᠠᠷᠢᠭᠤᠴᠠᠯᠭᠠᠲᠠᠨ ᠪᠠ ᠪᠤᠰᠤᠳ ᠰᠢᠭᠤᠳ ᠬᠠᠷᠢᠭᠤᠴᠠᠯᠭᠠᠲᠠᠨ ᠳ᠋ᠤ᠌ ᠬᠠᠤᠯᠢ ᠶᠣᠰᠣᠭᠠᠷ ᠰᠢᠢᠳᠭᠡᠯ ᠣᠯᠭᠤᠨ᠎ᠠ; ᠶᠠᠯ᠎ᠠ ᠳ᠋ᠤ᠌ ᠬᠦᠷᠦᠭᠰᠡᠨ  ᠪᠤᠯ᠂ ᠬᠠᠤᠯᠢ ᠶᠣᠰᠣᠭᠠᠷ ᠡᠷᠡᠬᠦᠤ ᠶ᠋ᠢᠨ ᠬᠡᠷᠡᠭ ᠦ᠋ᠨ ᠬᠠᠷᠢᠭᠤᠴᠠᠯᠭ᠎ᠠ ᠨᠡᠬᠡᠮᠵᠢᠯᠡᠨ᠎ᠡ᠄

  (ᠨᠢᠭᠡ) ᠬᠣᠰᠢᠭᠤ ᠰᠢᠶᠠᠨ ᠤ᠋ ᠱᠠᠲᠤᠨ ᠠ᠋ᠴᠠ ᠳᠡᠭᠡᠭᠰᠢᠬᠢ ᠠᠷᠠᠳ ᠤ᠋ᠨ ᠵᠠᠰᠠᠭ ᠤ᠋ᠨ ᠣᠷᠳᠤᠨ ᠤ᠋ ᠰᠤᠷᠭᠠᠨ ᠬᠥᠮᠦᠵᠢᠯ ᠦ᠋ᠨ ᠵᠠᠰᠠᠭ ᠵᠠᠬᠢᠷᠭᠠᠨ ᠤ᠋ ᠰᠠᠯᠠᠭ᠎ᠠ ᠮᠥᠴᠢᠷ ᠦ᠋ᠨ ᠬᠢᠨᠠᠨ ᠵᠥᠪᠰᠢᠶᠡᠷᠡᠯ ᠦᠭᠡᠢ ᠪᠡᠷ ᠲᠤᠷ᠎ᠠ ᠪᠡᠷ ᠢ᠋ᠶ᠋ᠡᠨ ᠡᠯ᠎ᠡ ᠱᠠᠲᠤᠨ ᠤ᠋ ᠡᠯ᠎ᠡ ᠲᠥᠷᠦᠯ ᠦ᠋ᠨ ᠦᠨᠳᠦᠰᠦᠲᠡᠨ ᠤ᠋ ᠰᠤᠷᠭᠠᠭᠤᠯᠢ ᠶ᠋ᠢ ᠪᠠᠢᠭᠤᠯᠤᠭᠰᠠᠨ᠂ ᠬᠤᠪᠢᠷᠭᠠᠭᠰᠠᠨ ᠪᠤᠶᠤ ᠰᠤᠷᠭᠠᠭᠤᠯᠢ ᠡᠷᠬᠢᠯᠡᠬᠦ ᠪᠠᠨ ᠪᠣᠯᠢᠭᠰᠠᠨ;

  (ᠬᠤᠶᠠᠷ) ᠦᠨᠳᠦᠰᠦᠲᠡᠨ ᠤ᠋ ᠰᠤᠷᠭᠠᠨ ᠬᠥᠮᠦᠵᠢᠯ ᠦ᠋ᠨ ᠵᠠᠷᠤᠳᠠᠯ ᠢ᠋ ᠰᠢᠬᠠᠨ ᠡᠵᠡᠯᠡᠭᠰᠡᠨ᠂ ᠦᠯᠡᠳᠡᠭᠡᠭᠰᠡᠨ᠂ ᠰᠢᠯᠵᠢᠭᠦᠯᠦᠨ ᠬᠡᠷᠡᠭᠯᠡᠭᠰᠡᠨ;

  (ᠭᠤᠷᠪᠠ) ᠦᠨᠳᠦᠰᠦᠲᠡᠨ ᠤ᠋ ᠰᠤᠷᠭᠠᠨ ᠬᠦᠮᠦᠵᠯ ᠵᠢᠭᠠᠨ ᠰᠤᠷᠭᠠᠯᠲᠠ ᠶ᠋ᠢᠨ ᠡᠮᠬᠢ ᠲᠢᠭᠯᠢᠮ ᠢ᠋ ᠬᠠᠷᠰᠢᠯᠠᠭᠰᠠᠨ;

  (ᠳᠥᠷᠪᠡ) ᠦᠨᠳᠦᠰᠦᠲᠡᠨ ᠤ᠋ ᠰᠤᠷᠭᠠᠨ ᠬᠥᠮᠦᠵᠢᠯ ᠢ᠋ ᠬᠣᠬᠢᠷᠠᠭᠤᠯᠤᠭᠰᠠᠨ ᠪᠤᠰᠤᠳ ᠦᠢᠯᠡ ᠠᠵᠢᠯᠯᠠᠭ᠎ᠠ᠃

 

    ᠨᠠᠢ᠍ᠮᠠᠳᠤᠭᠠᠷ ᠪᠦᠯᠦᠭ  ᠳᠠᠭᠠᠯᠳᠤᠭᠤᠯᠤᠭᠰᠠᠨ ᠳᠦᠷᠢᠮ 

 

  ᠲᠠᠪᠢᠳᠤᠭᠠᠷ ᠵᠦᠢᠯ   ᠲᠤᠰ ᠳᠦᠷᠢᠮ ᠢ᠋ 2016 ᠤᠨ ᠤ᠋ 11 ᠰᠠᠷ᠎ᠠ ᠶ᠋ᠢᠨ 1  ᠤ᠋ ᠡᠳᠦᠷ ᠡᠴᠡ ᠡᠬᠢᠯᠡᠨ ᠬᠡᠷᠡᠭᠵᠢᠭᠦᠯᠦᠨ᠎ᠡ᠃

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ
蒙ICP 备0500604