ᠪᠦᠬᠦᠲᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠠᠯᠪᠠᠨ ᠵᠢᠷᠤᠮ ᠤ᠋ᠨ ᠰᠤᠷᠭᠠᠨ ᠬᠥᠮᠦᠵᠢᠯ ᠦ᠋ᠨ ᠬᠠᠤᠯᠢ(ᠨᠢᠭᠡᠳᠦᠭᠡᠷ ᠪᠦᠯᠦᠭ)
2019.11.04

  (1986 ᠣᠨ ᠤ᠋ 4 ᠰᠠᠷ᠎ᠠ ᠶ᠋ᠢᠨ 12 ᠤ᠋ ᠡᠳᠦᠷ ᠵᠢᠷᠭᠤᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠳᠥᠷᠪᠡᠳᠦᠭᠡᠷ ᠬᠤᠷᠠᠯᠳᠤᠭᠠᠨ ᠠ᠋ᠴᠠ ᠪᠠᠲᠤᠯᠠᠪᠠ

  2006 ᠣᠨ ᠤ᠋ 6 ᠰᠠᠷ᠎ᠠ ᠶ᠋ᠢᠨ 29 ᠦ᠌ ᠡᠳᠦᠷ ᠠᠷᠪᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶᠠᠨ ᠤ᠋ ᠬᠣᠷᠢᠨ ᠬᠣᠶᠠᠳᠤᠭᠠᠷ ᠬᠤᠷᠠᠯᠳᠤᠭᠠᠨ ᠠ᠋ᠴᠠ ᠵᠠᠰᠠᠵᠤ ᠲᠣᠭᠲᠠᠭᠠᠪᠠ

  2015 ᠣᠨ ᠤ᠋ 4 ᠰᠠᠷ᠎ᠠ ᠶ᠋ᠢᠨ 24 ᠦ᠌ ᠡᠳᠦᠷ ᠦ᠋ᠨ ᠠᠷᠪᠠᠨ ᠬᠣᠶᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶᠠᠨ ᠤ᠋ ᠠᠷᠪᠠᠨ ᠳᠥᠷᠪᠡᠳᠦᠭᠡᠷ ᠬᠤᠷᠠᠯᠳᠤᠭᠠᠨ ᠤ᠋ 《<ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠠᠯᠪᠠᠨ ᠵᠢᠷᠤᠮ ᠤ᠋ᠨ ᠰᠤᠷᠭᠠᠨ ᠬᠥᠮᠦᠵᠢᠯ ᠦ᠋ᠨ ᠬᠠᠤᠯᠢ> ᠵᠡᠷᠭᠡ ᠲᠠᠪᠤᠨ ᠬᠠᠤᠯᠢ ᠳ᠋ᠤ᠌ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ》 ᠢ᠋ ᠦᠨᠳᠦᠰᠦᠯᠡᠨ ᠵᠠᠰᠠᠪᠠ)

 

 

    ᠨᠢᠭᠡᠳᠦᠭᠡᠷ ᠪᠦᠯᠦᠭ   ᠶᠡᠷᠦᠩᠬᠡᠢ ᠳᠦᠷᠢᠮ

 

  ᠨᠢᠭᠡᠳᠦᠭᠡᠷ ᠵᠦᠢᠯ   ᠰᠤᠷᠭᠠᠭᠤᠯᠢ ᠳ᠋ᠤ᠌ ᠣᠷᠣᠬᠤ ᠨᠠᠰᠤᠨ ᠤ᠋ ᠬᠡᠦᠬᠡᠳ᠂ ᠪᠠᠭᠠᠴᠤᠳ ᠤ᠋ᠨ ᠠᠯᠪᠠᠨ ᠵᠢᠷᠤᠮ ᠤ᠋ᠨ ᠰᠤᠷᠭᠠᠨ ᠬᠥᠮᠦᠵᠢᠯ ᠬᠦᠷᠲᠡᠬᠦ ᠡᠷᠬᠡ ᠶ᠋ᠢ ᠪᠠᠲᠤᠯᠠᠵᠤ᠂ ᠠᠯᠪᠠᠨ ᠵᠢᠷᠤᠮ ᠤ᠋ᠨ ᠰᠤᠷᠭᠠᠨ ᠬᠥᠮᠦᠵᠢᠯ ᠦ᠋ᠨ ᠬᠡᠷᠡᠭᠵᠢᠭᠦᠯᠦᠭᠳᠡᠬᠦ ᠶ᠋ᠢ ᠪᠠᠲᠤᠯᠠᠵᠤ᠂ ᠪᠦᠬᠦ ᠦᠨᠳᠦᠰᠦᠲᠡᠨ ᠦ᠌ ᠬᠡᠪ ᠴᠢᠨᠠᠷ ᠢ᠋ ᠳᠡᠭᠡᠭᠱᠢᠯᠡᠭᠦᠯᠬᠦ ᠶ᠋ᠢᠨ ᠲᠥᠯᠥᠭᠡ᠂ ᠦᠨᠳᠦᠰᠦᠨ ᠬᠠᠤᠯᠢ ᠪᠠ ᠰᠤᠷᠭᠠᠨ ᠬᠥᠮᠦᠵᠢᠯ ᠦ᠋ᠨ ᠬᠠᠤᠯᠢ ᠶ᠋ᠢ ᠦᠨᠳᠦᠰᠦᠯᠡᠨ ᠲᠤᠰ ᠬᠠᠤᠯᠢ ᠶ᠋ᠢ ᠲᠣᠭᠲᠠᠭᠠᠪᠠ᠃

  ᠬᠣᠶᠠᠳᠤᠭᠠᠷ ᠵᠦᠢᠯ   ᠤᠯᠤᠰ ᠠ᠋ᠴᠠ ᠶᠢᠰᠦᠨ ᠵᠢᠯ ᠦ᠋ᠨ ᠠᠯᠪᠠᠨ ᠵᠢᠷᠤᠮ ᠤ᠋ᠨ ᠰᠤᠷᠭᠠᠨ ᠬᠥᠮᠦᠵᠢᠯ ᠦ᠋ᠨ ᠳᠦᠷᠢᠮ ᠢ᠋ ᠬᠡᠷᠡᠭᠵᠢᠭᠦᠯᠦᠨ᠎ᠡ᠃

  ᠠᠯᠪᠠᠨ ᠵᠢᠷᠤᠮ ᠤ᠋ᠨ ᠰᠤᠷᠭᠠᠨ ᠬᠥᠮᠦᠵᠢᠯ ᠪᠣᠯ ᠤᠯᠤᠰ ᠠ᠋ᠴᠠ ᠨᠢᠭᠡᠳᠦᠯᠲᠡᠢ ᠬᠡᠷᠡᠭᠵᠢᠭᠦᠯᠵᠦ ᠪᠠᠢᠭ᠎ᠠ ᠪᠣᠢ ᠪᠦᠬᠦᠢ ᠰᠤᠷᠭᠠᠭᠤᠯᠢ ᠳ᠋ᠤ᠌ ᠣᠷᠣᠬᠤ ᠨᠠᠰᠤᠨ ᠤ᠋ ᠬᠡᠦᠬᠡᠳ᠂ ᠪᠠᠭᠠᠴᠤᠳ ᠤ᠋ᠨ ᠡᠷᠬᠡᠪᠱᠢ ᠬᠦᠷᠲᠡᠬᠦ ᠬᠡᠷᠡᠭᠲᠡᠢ ᠰᠤᠷᠭᠠᠨ ᠬᠥᠮᠦᠵᠢᠯ ᠮᠥᠨ᠂ ᠤᠯᠤᠰ ᠠ᠋ᠴᠠ ᠡᠷᠬᠡᠪᠱᠢ ᠪᠠᠲᠤᠯᠠᠬᠤ ᠬᠡᠷᠡᠭᠲᠡᠢ ᠨᠡᠢᠲᠡ ᠶ᠋ᠢᠨ ᠠᠰᠠᠷᠠᠮᠵᠢ ᠶ᠋ᠢᠨ ᠴᠢᠨᠠᠷᠲᠠᠢ ᠦᠢᠯᠡᠰ ᠮᠥᠨ᠃

  ᠠᠯᠪᠠᠨ ᠵᠢᠷᠤᠮ ᠤ᠋ᠨ ᠰᠤᠷᠭᠠᠨ ᠬᠥᠮᠦᠵᠢᠯ ᠢ᠋ ᠬᠡᠷᠡᠭᠵᠢᠭᠦᠯᠬᠦ ᠳ᠋ᠦ᠍ ᠰᠤᠷᠤᠯᠭ᠎ᠠ ᠶ᠋ᠢᠨ ᠵᠠᠷᠤᠳᠠᠯ ᠪᠠ ᠰᠤᠯᠠ ᠵᠠᠷᠤᠳᠠᠯ ᠬᠤᠷᠢᠶᠠᠬᠤ ᠦᠭᠡᠢ᠃

  ᠤᠯᠤᠰ ᠠ᠋ᠴᠠ ᠠᠯᠪᠠᠨ ᠵᠢᠷᠤᠮ ᠤ᠋ᠨ ᠰᠤᠷᠭᠠᠨ ᠬᠥᠮᠦᠵᠢᠯ ᠦ᠋ᠨ ᠵᠠᠷᠤᠳᠠᠯ ᠤ᠋ᠨ ᠪᠠᠲᠤᠯᠠᠭ᠎ᠠ ᠶ᠋ᠢᠨ ᠲᠣᠭᠲᠠᠴᠠ ᠶ᠋ᠢ ᠪᠠᠢᠭᠤᠯᠵᠤ᠂ ᠠᠯᠪᠠᠨ ᠵᠢᠷᠤᠮ ᠤ᠋ᠨ ᠰᠤᠷᠭᠠᠨ ᠬᠥᠮᠦᠵᠢᠯ ᠦ᠋ᠨ ᠳᠦᠷᠢᠮ ᠦ᠋ᠨ ᠬᠡᠷᠡᠭᠵᠢᠭᠦᠯᠦᠭᠳᠡᠬᠦ ᠶ᠋ᠢ ᠪᠠᠲᠤᠯᠠᠨ᠎ᠠ᠃

  ᠭᠤᠷᠪᠠᠳᠤᠭᠠᠷ ᠵᠦᠢᠯ   ᠠᠯᠪᠠᠨ ᠵᠢᠷᠤᠮ ᠤ᠋ᠨ ᠰᠤᠷᠭᠠᠨ ᠬᠥᠮᠦᠵᠢᠯ ᠡᠷᠬᠡᠪᠱᠢ ᠤᠯᠤᠰ ᠤ᠋ᠨ ᠰᠤᠷᠭᠠᠨ ᠬᠥᠮᠦᠵᠢᠯ ᠦ᠋ᠨ ᠴᠢᠭᠯᠡᠯᠲᠡ ᠶ᠋ᠢ ᠲᠤᠭᠤᠰᠢᠯᠠᠭᠤᠯᠤᠨ᠂ ᠬᠡᠪ ᠴᠢᠨᠠᠷ ᠤ᠋ᠨ ᠰᠤᠷᠭᠠᠨ ᠬᠥᠮᠦᠵᠢᠯ ᠢ᠋ ᠬᠡᠷᠡᠭᠵᠢᠭᠦᠯᠵᠦ᠂ ᠰᠤᠷᠭᠠᠨ ᠬᠥᠮᠦᠵᠢᠯ ᠦ᠋ᠨ ᠶᠠᠰᠤ ᠴᠢᠨᠠᠷ ᠢ᠋ ᠳᠡᠭᠡᠭᠱᠢᠯᠡᠭᠦᠯᠦᠨ᠂ ᠰᠤᠷᠭᠠᠭᠤᠯᠢ ᠳ᠋ᠤ᠌ ᠣᠷᠣᠬᠤ ᠨᠠᠰᠤᠨ ᠤ᠋ ᠬᠡᠦᠬᠡᠳ᠂ ᠪᠠᠭᠠᠴᠤᠳ ᠢ᠋ ᠵᠠᠩ ᠮᠣᠷᠠᠯ᠂ ᠣᠶᠤᠨ ᠮᠡᠳᠡᠯᠭᠡ᠂ ᠪᠡᠶ᠎ᠡ ᠮᠠᠬᠠᠪᠣᠳ ᠵᠡᠷᠭᠡ ᠪᠦᠬᠦ ᠲᠠᠯ᠎ᠠ ᠪᠠᠷ ᠬᠥᠭᠵᠢᠭᠦᠯᠵᠦ᠂ ᠬᠦᠰᠡᠯᠡᠩ ᠲᠡᠢ᠂ ᠶᠣᠰᠣ ᠮᠣᠷᠠᠯ ᠲᠠᠢ᠂ ᠰᠣᠶᠣᠯ ᠪᠣᠯᠪᠠᠰᠤᠷᠠᠯ ᠲᠠᠢ᠂ ᠰᠠᠬᠢᠯᠭ᠎ᠠ ᠪᠠᠲᠤ ᠲᠠᠢ ᠨᠡᠢᠭᠡᠮ ᠵᠢᠷᠤᠮ ᠤ᠋ᠨ ᠪᠦᠲᠦᠭᠡᠨ ᠪᠠᠢᠭᠤᠯᠤᠭᠴᠢᠳ ᠪᠠ ᠵᠠᠯᠭᠠᠮᠵᠢᠯᠠᠭᠴᠢᠳ  ᠢ᠋ ᠬᠥᠮᠦᠵᠢᠭᠦᠯᠬᠦ ᠳ᠋ᠦ᠍ ᠰᠠᠭᠤᠷᠢ ᠲᠠᠯᠪᠢᠵᠤ ᠥᠭᠬᠦ ᠬᠡᠷᠡᠭᠲᠡᠢ᠃

  ᠳᠥᠷᠪᠡᠳᠦᠭᠡᠷ ᠵᠦᠢᠯ   ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠤᠯᠤᠰ ᠤ᠋ᠨ ᠬᠠᠷᠢᠶ᠎ᠠ ᠲᠠᠢ ᠰᠤᠷᠭᠠᠭᠤᠯᠢ ᠳ᠋ᠤ᠌ ᠣᠷᠣᠬᠤ ᠨᠠᠰᠤᠨ ᠤ᠋ ᠬᠡᠦᠬᠡᠳ᠂ ᠪᠠᠭᠠᠴᠤᠳ ᠪᠦᠬᠦᠨ ᠬᠦᠢᠰᠦ᠂ ᠦᠨᠳᠦᠰᠦᠲᠡᠨ᠂ ᠠᠷᠠᠰᠤᠲᠠᠨ᠂ ᠭᠡᠷ ᠪᠦᠯᠢ ᠶ᠋ᠢᠨ ᠡᠳ᠋ ᠬᠥᠷᠥᠩᠭᠡ ᠶ᠋ᠢᠨ ᠪᠠᠢᠳᠠᠯ᠂ ᠱᠠᠱᠢᠨ ᠱᠢᠲᠦᠯᠭᠡ ᠵᠡᠷᠭᠡ ᠶ᠋ᠢᠨ ᠢᠯᠭᠠᠯ ᠦᠭᠡᠢ ᠪᠡᠷ ᠬᠠᠤᠯᠢ ᠶᠣᠰᠣᠭᠠᠷ ᠠᠯᠪᠠᠨ ᠵᠢᠷᠤᠮ ᠤ᠋ᠨ ᠰᠤᠷᠭᠠᠨ ᠬᠥᠮᠦᠵᠢᠯ ᠢ᠋ ᠡᠷᠬᠡ ᠲᠡᠭᠱᠢ ᠪᠡᠷ ᠬᠦᠷᠲᠡᠬᠦ ᠡᠷᠬᠡ ᠲᠡᠢ ᠪᠥᠭᠡᠳ ᠠᠯᠪᠠᠨ ᠵᠢᠷᠤᠮ ᠤ᠋ᠨ ᠰᠤᠷᠭᠠᠨ ᠬᠥᠮᠦᠵᠢᠯ ᠢ᠋ ᠬᠦᠷᠲᠡᠬᠦ ᠡᠭᠦᠷᠭᠡ ᠪᠡᠨ ᠭᠦᠢᠴᠡᠳᠭᠡᠨ᠎ᠡ᠃

  ᠲᠠᠪᠤᠳᠤᠭᠠᠷ ᠵᠦᠢᠯ   ᠡᠯ᠎ᠡ ᠱᠠᠲᠤᠨ ᠤ᠋ ᠠᠷᠠᠳ ᠤ᠋ᠨ ᠵᠠᠰᠠᠭ ᠤ᠋ᠨ ᠣᠷᠳᠣᠨ ᠵᠢᠴᠢ ᠲᠡᠭᠦᠨ ᠦ᠌ ᠬᠣᠯᠪᠣᠭᠳᠠᠯ ᠪᠦᠬᠦᠢ ᠰᠠᠯᠠᠭ᠎ᠠ ᠮᠥᠴᠢᠷ ᠡᠴᠡ ᠲᠤᠰ ᠬᠠᠤᠯᠢ ᠳ᠋ᠤ᠌ ᠲᠣᠭᠲᠠᠭᠠᠭᠰᠠᠨ ᠡᠯ᠎ᠡ ᠵᠦᠢᠯ ᠦ᠋ᠨ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠰᠤᠷᠭᠠᠭᠤᠯᠢ ᠳ᠋ᠤ᠌ ᠣᠷᠣᠬᠤ ᠨᠠᠰᠤᠨ ᠤ᠋ ᠬᠡᠦᠬᠡᠳ᠂ ᠪᠠᠭᠠᠴᠤᠳ ᠤ᠋ᠨ ᠠᠯᠪᠠᠨ ᠵᠢᠷᠤᠮ ᠤ᠋ᠨ ᠰᠤᠷᠭᠠᠨ ᠬᠥᠮᠦᠵᠢᠯ ᠬᠦᠷᠲᠡᠬᠦ ᠡᠷᠬᠡ ᠶ᠋ᠢ ᠪᠠᠲᠤᠯᠠᠬᠤ ᠬᠡᠷᠡᠭᠲᠡᠢ᠃

  ᠰᠤᠷᠭᠠᠭᠤᠯᠢ ᠳ᠋ᠤ᠌ ᠣᠷᠣᠬᠤ ᠨᠠᠰᠤᠨ ᠤ᠋ ᠬᠡᠦᠬᠡᠳ᠂ ᠪᠠᠭᠠᠴᠤᠳ ᠤ᠋ᠨ ᠡᠴᠢᠭᠡ ᠡᠬᠡ ᠪᠤᠶᠤ ᠬᠠᠤᠯᠢ ᠪᠠᠷ ᠲᠣᠭᠲᠠᠭᠠᠭᠰᠠᠨ ᠪᠤᠰᠤᠳ ᠬᠢᠨᠠᠨ ᠬᠠᠮᠠᠭᠠᠯᠠᠭᠴᠢ ᠨᠢ ᠲᠡᠳᠡᠨ ᠦ᠌ ᠴᠠᠭ ᠲᠤ᠌ ᠪᠠᠨ ᠰᠤᠷᠭᠠᠭᠤᠯᠢ ᠳ᠋ᠤ᠌ ᠣᠷᠣᠵᠤ ᠠᠯᠪᠠᠨ ᠵᠢᠷᠤᠮ ᠤ᠋ᠨ ᠰᠤᠷᠭᠠᠨ ᠬᠥᠮᠦᠵᠢᠯ ᠬᠦᠷᠲᠡᠬᠦ ᠪᠠ ᠲᠡᠭᠦᠰᠭᠡᠬᠦ ᠶ᠋ᠢ ᠬᠠᠤᠯᠢ ᠶᠣᠰᠣᠭᠠᠷ ᠪᠠᠲᠤᠯᠠᠬᠤ ᠬᠡᠷᠡᠭᠲᠡᠢ᠃

  ᠬᠠᠤᠯᠢ ᠶᠣᠰᠣᠭᠠᠷ ᠠᠯᠪᠠᠨ ᠵᠢᠷᠤᠮ ᠤ᠋ᠨ ᠰᠤᠷᠭᠠᠨ ᠬᠥᠮᠦᠵᠢᠯ ᠢ᠋ ᠬᠡᠷᠡᠭᠵᠢᠭᠦᠯᠵᠦ ᠪᠠᠢᠭ᠎ᠠ ᠰᠤᠷᠭᠠᠭᠤᠯᠢ ᠲᠣᠭᠲᠠᠭᠠᠭᠰᠠᠨ ᠪᠠᠷᠢᠮᠵᠢᠶ᠎ᠠ ᠶᠣᠰᠣᠭᠠᠷ ᠰᠤᠷᠭᠠᠨ ᠬᠥᠮᠦᠵᠢᠭᠦᠯᠬᠦ᠂ ᠵᠢᠭᠠᠨ ᠰᠤᠷᠭᠠᠬᠤ ᠡᠭᠦᠷᠭᠡ ᠪᠡᠨ ᠪᠡᠶᠡᠯᠡᠭᠦᠯᠵᠦ᠂ ᠰᠤᠷᠭᠠᠨ ᠬᠥᠮᠦᠵᠢᠭᠦᠯᠬᠦ ᠪᠠ ᠵᠢᠭᠠᠨ ᠰᠤᠷᠭᠠᠬᠤ ᠶᠠᠰᠤ ᠴᠢᠨᠠᠷ ᠢ᠋ ᠪᠠᠲᠤᠯᠠᠬᠤ ᠬᠡᠷᠡᠭᠲᠡᠢ᠃

  ᠨᠡᠢᠭᠡᠮ ᠦ᠋ᠨ ᠵᠣᠬᠢᠶᠠᠨ ᠪᠠᠢᠭᠤᠯᠤᠯᠲᠠ ᠪᠠ ᠬᠤᠪᠢ ᠬᠥᠮᠦᠨ ᠰᠤᠷᠭᠠᠭᠤᠯᠢ ᠳ᠋ᠤ᠌ ᠣᠷᠣᠬᠤ ᠨᠠᠰᠤᠨ ᠤ᠋ ᠬᠡᠦᠬᠡᠳ᠂ ᠪᠠᠭᠠᠴᠤᠳ ᠤ᠋ᠨ ᠠᠯᠪᠠᠨ ᠵᠢᠷᠤᠮ ᠤ᠋ᠨ ᠰᠤᠷᠭᠠᠨ ᠬᠥᠮᠦᠵᠢᠯ ᠬᠦᠷᠲᠡᠬᠦ ᠳ᠋ᠦ᠍ ᠰᠠᠢᠨ ᠰᠠᠢᠬᠠᠨ ᠣᠷᠴᠢᠨ ᠨᠥᠬᠥᠴᠡᠯ ᠢ᠋ ᠪᠦᠷᠢᠯᠳᠦᠭᠦᠯᠵᠦ ᠥᠭᠬᠦ ᠬᠡᠷᠡᠭᠲᠡᠢ᠃

  ᠵᠢᠷᠭᠤᠳᠤᠭᠠᠷ ᠵᠦᠢᠯ   ᠲᠥᠷᠥ ᠶ᠋ᠢᠨ ᠶᠠᠪᠤᠳᠠᠯ ᠤ᠋ᠨ ᠬᠣᠷᠢᠶ᠎ᠠ ᠪᠣᠯᠤᠨ ᠱᠢᠶᠠᠨ ᠤ᠋ ᠱᠠᠲᠤᠨ ᠠ᠋ᠴᠠ ᠳᠡᠭᠡᠭᠱᠢᠬᠢ ᠣᠷᠣᠨ ᠨᠤᠲᠤᠭ ᠤ᠋ᠨ ᠠᠷᠠᠳ ᠤ᠋ᠨ ᠵᠠᠰᠠᠭ ᠤ᠋ᠨ ᠣᠷᠳᠣᠨ ᠠ᠋ᠴᠠ ᠰᠤᠷᠭᠠᠨ ᠬᠥᠮᠦᠵᠢᠯ ᠦ᠋ᠨ ᠡᠬᠢ ᠪᠠᠶᠠᠯᠢᠭ ᠢ᠋ ᠵᠦᠢ ᠵᠣᠬᠢᠰᠲᠠᠢ ᠲᠣᠬᠢᠷᠠᠭᠤᠯᠵᠤ᠂ ᠠᠯᠪᠠᠨ ᠵᠢᠷᠤᠮ ᠤ᠋ᠨ ᠰᠤᠷᠭᠠᠨ ᠬᠥᠮᠦᠵᠢᠯ ᠦ᠋ᠨ ᠲᠡᠩᠴᠡᠭᠦᠷᠢᠲᠡᠢ ᠬᠥᠭᠵᠢᠯᠲᠡ ᠶ᠋ᠢ ᠠᠬᠢᠭᠤᠯᠵᠤ᠂ ᠪᠠᠭᠤᠷᠠᠢ ᠰᠤᠷᠭᠠᠭᠤᠯᠢ ᠶ᠋ᠢᠨ ᠰᠤᠷᠭᠠᠭᠤᠯᠢ ᠡᠷᠬᠢᠯᠡᠬᠦ ᠨᠥᠬᠥᠴᠡᠯ ᠢ᠋ ᠰᠠᠢᠵᠢᠷᠠᠭᠤᠯᠬᠤ ᠶ᠋ᠢᠨ ᠬᠠᠮᠲᠤ ᠠᠷᠭ᠎ᠠ ᠬᠡᠮᠵᠢᠶ᠎ᠡ ᠠᠪᠴᠤ ᠪᠠᠢᠭᠠᠳ ᠬᠥᠳᠡᠭᠡ ᠲᠣᠰᠭᠣᠨ ᠤ᠋ ᠭᠠᠵᠠᠷ ᠣᠷᠣᠨ᠂ ᠦᠨᠳᠦᠰᠦᠲᠡᠨ ᠦ᠌ ᠭᠠᠵᠠᠷ ᠣᠷᠣᠨ ᠳ᠋ᠤ᠌ ᠠᠯᠪᠠᠨ ᠵᠢᠷᠤᠮ ᠤ᠋ᠨ ᠰᠤᠷᠭᠠᠨ ᠬᠥᠮᠦᠵᠢᠯ ᠦ᠋ᠨ ᠬᠡᠷᠡᠭᠵᠢᠭᠦᠯᠦᠭᠳᠡᠬᠦ ᠶ᠋ᠢ ᠪᠠᠲᠤᠯᠠᠵᠤ᠂ ᠰᠤᠷᠭᠠᠭᠤᠯᠢ ᠳ᠋ᠤ᠌ ᠣᠷᠣᠬᠤ ᠨᠠᠰᠤᠨ ᠤ᠋ ᠭᠡᠷ ᠦ᠋ᠨ ᠠᠮᠢᠳᠤᠷᠠᠯ ᠨᠢ ᠬᠦᠴᠢᠷᠲᠡᠢ ᠪᠠ ᠵᠡᠮᠳᠡᠭ ᠬᠡᠦᠬᠡᠳ᠂ ᠪᠠᠭᠠᠴᠤᠳ ᠤ᠋ᠨ ᠠᠯᠪᠠᠨ ᠵᠢᠷᠤᠮ ᠤ᠋ᠨ ᠰᠤᠷᠭᠠᠨ ᠬᠥᠮᠦᠵᠢᠯ ᠬᠦᠷᠲᠡᠬᠦ ᠶ᠋ᠢ ᠪᠠᠲᠤᠯᠠᠬᠤ ᠬᠡᠷᠡᠭᠲᠡᠢ᠃

  ᠠᠵᠤ ᠠᠬᠤᠢ ᠬᠥᠭᠵᠢᠭᠰᠡᠨ ᠭᠠᠵᠠᠷ ᠣᠷᠣᠨ ᠠ᠋ᠴᠠ ᠠᠵᠤ ᠠᠬᠤᠢ ᠳᠡᠮᠡᠢ ᠬᠥᠭᠵᠢᠭᠡᠳᠦᠢ ᠭᠠᠵᠠᠷ ᠣᠷᠣᠨ ᠤ᠋ ᠠᠯᠪᠠᠨ ᠵᠢᠷᠤᠮ ᠤ᠋ᠨ ᠰᠤᠷᠭᠠᠨ ᠬᠥᠮᠦᠵᠢᠯ ᠢ᠋ ᠬᠡᠷᠡᠭᠵᠢᠭᠦᠯᠬᠦ ᠶ᠋ᠢ ᠳᠠᠮᠵᠢᠨ ᠲᠤᠰᠠᠯᠠᠬᠤ ᠶ᠋ᠢ ᠤᠯᠤᠰ ᠠ᠋ᠴᠠ ᠵᠣᠬᠢᠶᠠᠨ ᠪᠠᠢᠭᠤᠯᠤᠨ ᠵᠣᠷᠢᠭᠵᠢᠭᠤᠯᠤᠨ᠎ᠠ᠃

  ᠳᠣᠯᠣᠳᠤᠭᠠᠷ ᠵᠦᠢᠯ   ᠠᠯᠪᠠᠨ ᠵᠢᠷᠤᠮ ᠤ᠋ᠨ ᠰᠤᠷᠭᠠᠨ ᠬᠥᠮᠦᠵᠢᠯ ᠳ᠋ᠦ᠍ ᠲᠥᠷᠥ ᠶ᠋ᠢᠨ ᠶᠠᠪᠤᠳᠠᠯ ᠤ᠋ᠨ ᠬᠣᠷᠢᠶ᠎ᠠ ᠠ᠋ᠴᠠ ᠤᠳᠤᠷᠢᠳᠬᠤ᠂ ᠮᠣᠵᠢ᠂ ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ ᠶ᠋ᠢᠨ ᠠᠷᠠᠳ ᠤ᠋ᠨ ᠵᠠᠰᠠᠭ ᠤ᠋ᠨ ᠣᠷᠳᠣᠨ ᠠ᠋ᠴᠠ ᠨᠢᠭᠡᠳᠦᠯᠲᠡᠢ ᠲᠥᠯᠥᠪᠵᠢᠭᠦᠯᠵᠦ ᠬᠡᠷᠡᠭᠵᠢᠭᠦᠯᠬᠦ᠂ ᠱᠢᠶᠠᠨ ᠤ᠋ ᠱᠠᠲᠤᠨ ᠤ᠋ ᠠᠷᠠᠳ ᠤ᠋ᠨ ᠵᠠᠰᠠᠭ ᠤ᠋ᠨ ᠣᠷᠳᠣᠨ ᠢ᠋ᠶ᠋ᠠᠷ ᠭᠣᠣᠯᠯᠠᠨ ᠬᠠᠮᠢᠶᠠᠷᠤᠭᠤᠯᠬᠤ ᠪᠠᠢᠭᠤᠯᠤᠯ ᠢ᠋ ᠬᠡᠷᠡᠭᠵᠢᠭᠦᠯᠦᠨ᠎ᠡ᠃

  ᠱᠢᠶᠠᠨ ᠤ᠋ ᠱᠠᠲᠤᠨ ᠠ᠋ᠴᠠ ᠳᠡᠭᠡᠭᠱᠢᠬᠢ ᠠᠷᠠᠳ ᠤ᠋ᠨ ᠵᠠᠰᠠᠭ ᠤ᠋ᠨ ᠣᠷᠳᠣᠨ ᠤ᠋ ᠰᠤᠷᠭᠠᠨ ᠬᠥᠮᠦᠵᠢᠯ ᠦ᠋ᠨ ᠵᠠᠰᠠᠭ ᠵᠠᠬᠢᠷᠭᠠᠨ ᠤ᠋ ᠰᠠᠯᠠᠭ᠎ᠠ ᠮᠥᠴᠢᠷ ᠠᠯᠪᠠᠨ ᠵᠢᠷᠤᠮ ᠤ᠋ᠨ ᠰᠤᠷᠭᠠᠨ ᠬᠥᠮᠦᠵᠢᠯ ᠦ᠋ᠨ ᠬᠡᠷᠡᠭᠵᠢᠭᠦᠯᠦᠭᠳᠡᠬᠦ ᠠᠵᠢᠯ ᠢ᠋ ᠪᠣᠳᠠᠲᠠᠢ ᠬᠠᠷᠢᠭᠤᠴᠠᠨ᠎ᠠ; ᠱᠢᠶᠠᠨ ᠤ᠋ ᠱᠠᠲᠤᠨ ᠠ᠋ᠴᠠ ᠳᠡᠭᠡᠭᠱᠢᠬᠢ ᠠᠷᠠᠳ ᠤ᠋ᠨ ᠵᠠᠰᠠᠭ ᠤ᠋ᠨ ᠣᠷᠳᠣᠨ ᠤ᠋ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ ᠦ᠋ᠳ ᠲᠤᠰ ᠲᠤᠰ ᠤ᠋ᠨ ᠢ᠋ᠶ᠋ᠠᠨ ᠲᠤᠱᠢᠶᠠᠯ ᠬᠠᠷᠢᠭᠤᠴᠠᠯᠭ᠎ᠠ ᠶ᠋ᠢᠨ ᠬᠡᠪᠴᠢᠶᠡᠨ ᠳ᠋ᠦ᠍ ᠠᠯᠪᠠᠨ ᠵᠢᠷᠤᠮ ᠤ᠋ᠨ ᠰᠤᠷᠭᠠᠨ ᠬᠥᠮᠦᠵᠢᠯ ᠦ᠋ᠨ ᠬᠡᠷᠡᠭᠵᠢᠭᠦᠯᠦᠭᠳᠡᠬᠦ ᠠᠵᠢᠯ ᠢ᠋ ᠬᠠᠷᠢᠭᠤᠴᠠᠨ᠎ᠠ᠃

  ᠨᠠᠢ᠍ᠮᠠᠳᠤᠭᠠᠷ ᠵᠦᠢᠯ   ᠠᠷᠠᠳ ᠤ᠋ᠨ ᠵᠠᠰᠠᠭ ᠤ᠋ᠨ ᠣᠷᠳᠣᠨ ᠤ᠋ ᠰᠤᠷᠭᠠᠨ ᠬᠥᠮᠦᠵᠢᠯ ᠦ᠋ᠨ ᠬᠢᠨᠠᠨ ᠵᠢᠯᠣᠭᠣᠳᠬᠤ ᠪᠠᠢᠭᠤᠯᠤᠮᠵᠢ ᠠ᠋ᠴᠠ ᠠᠯᠪᠠᠨ ᠵᠢᠷᠤᠮ ᠤ᠋ᠨ ᠰᠤᠷᠭᠠᠨ ᠬᠥᠮᠦᠵᠢᠯ ᠦ᠋ᠨ ᠠᠵᠢᠯ ᠤ᠋ᠨ ᠬᠠᠤᠯᠢ ᠴᠠᠭᠠᠵᠠ ᠬᠠᠤᠯᠢ ᠲᠣᠭᠲᠠᠭᠠᠯ ᠢ᠋ ᠬᠡᠷᠡᠭᠵᠢᠭᠦᠯᠵᠦ ᠪᠠᠢᠭ᠎ᠠ ᠪᠠᠢᠳᠠᠯ᠂ ᠰᠤᠷᠭᠠᠨ ᠬᠥᠮᠦᠵᠢᠭᠦᠯᠬᠦ ᠪᠠ ᠵᠢᠭᠠᠨ ᠰᠤᠷᠭᠠᠬᠤ ᠶᠠᠰᠤ ᠴᠢᠨᠠᠷ ᠵᠢᠴᠢ ᠠᠯᠪᠠᠨ ᠵᠢᠷᠤᠮ ᠤ᠋ᠨ ᠰᠤᠷᠭᠠᠨ ᠬᠥᠮᠦᠵᠢᠯ ᠦ᠋ᠨ ᠲᠡᠩᠴᠡᠭᠦᠷᠢᠲᠡᠢ ᠬᠥᠭᠵᠢᠯᠲᠡ ᠶ᠋ᠢᠨ ᠪᠠᠢᠳᠠᠯ ᠵᠡᠷᠭᠡ ᠶ᠋ᠢ ᠬᠢᠨᠠᠨ ᠵᠢᠯᠣᠭᠣᠳᠴᠤ᠂ ᠬᠢᠨᠠᠨ ᠵᠢᠯᠣᠭᠣᠳᠤᠭᠰᠠᠨ ᠮᠡᠳᠡᠭᠦᠯᠦᠯᠲᠡ ᠪᠡᠨ ᠨᠡᠢᠭᠡᠮ ᠳ᠋ᠦ᠍ ᠨᠡᠢᠲᠡᠯᠡᠨ᠎ᠡ᠃

  ᠶᠢᠰᠦᠳᠦᠭᠡᠷ ᠵᠦᠢᠯ   ᠶᠠᠮᠠᠷᠪᠠ ᠨᠡᠢᠭᠡᠮ ᠦ᠋ᠨ ᠵᠣᠬᠢᠶᠠᠨ ᠪᠠᠢᠭᠤᠯᠤᠯᠲᠠ ᠪᠤᠶᠤ ᠬᠤᠪᠢ ᠬᠥᠮᠦᠨ ᠲᠤᠰ ᠬᠠᠤᠯᠢ ᠶ᠋ᠢ ᠵᠥᠷᠢᠴᠡᠭᠰᠡᠨ ᠦᠢᠯᠡ ᠠᠵᠢᠯᠯᠠᠭ᠎ᠠ ᠶ᠋ᠢ ᠬᠣᠯᠪᠣᠭᠳᠠᠯ ᠪᠦᠬᠦᠢ ᠲᠥᠷᠥ ᠶ᠋ᠢᠨ ᠪᠠᠢᠭᠤᠯᠭ᠎ᠠ ᠳ᠋ᠤ᠌ ᠢᠯᠡᠴᠢᠯᠡᠬᠦ ᠪᠤᠶᠤ ᠵᠠᠭᠠᠯᠳᠤᠬᠤ ᠡᠷᠬᠡ ᠲᠡᠢ᠃

  ᠲᠤᠰ ᠬᠠᠤᠯᠢ ᠶ᠋ᠢ ᠵᠥᠷᠢᠴᠡᠭᠰᠡᠨ ᠬᠦᠨᠳᠦ ᠶᠡᠬᠡ ᠬᠡᠷᠡᠭ ᠶᠠᠪᠤᠳᠠᠯ ᠡᠭᠦᠰᠦᠭᠡᠳ ᠠᠯᠪᠠᠨ ᠵᠢᠷᠤᠮ ᠤ᠋ᠨ ᠰᠤᠷᠭᠠᠨ ᠬᠥᠮᠦᠵᠢᠯ ᠦ᠋ᠨ ᠬᠡᠷᠡᠭᠵᠢᠭᠦᠯᠦᠭᠳᠡᠬᠦ ᠶ᠋ᠢ ᠬᠠᠷᠱᠢᠯᠠᠵᠤ᠂ ᠨᠡᠢᠭᠡᠮ ᠳ᠋ᠦ᠍ ᠴᠢᠬᠤᠯᠠ ᠶᠡᠬᠡ ᠨᠥᠯᠥᠭᠡ ᠭᠠᠷᠭᠠᠭᠰᠠᠨ ᠪᠠᠢᠪᠠᠯ᠂ ᠤᠳᠤᠷᠢᠳᠬᠤ ᠬᠠᠷᠢᠭᠤᠴᠠᠯᠭ᠎ᠠ ᠲᠠᠢ ᠠᠷᠠᠳ ᠤ᠋ᠨ ᠵᠠᠰᠠᠭ ᠤ᠋ᠨ ᠣᠷᠳᠣᠨ ᠪᠤᠶᠤ ᠠᠷᠠᠳ ᠤ᠋ᠨ ᠵᠠᠰᠠᠭ ᠤ᠋ᠨ ᠣᠷᠳᠣᠨ ᠤ᠋ ᠰᠤᠷᠭᠠᠨ ᠬᠥᠮᠦᠵᠢᠯ ᠦ᠋ᠨ ᠵᠠᠰᠠᠭ ᠵᠠᠬᠢᠷᠭᠠᠨ ᠤ᠋ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠠᠯᠳᠠᠭ᠎ᠠ ᠪᠤᠷᠤᠭᠤ ᠪᠠᠨ ᠬᠦᠯᠢᠶᠡᠵᠦ ᠲᠤᠱᠢᠶᠠᠯ ᠠ᠋ᠴᠠ ᠪᠠᠨ ᠪᠠᠭᠤᠬᠤ ᠬᠡᠷᠡᠭᠲᠡᠢ᠃

  ᠠᠷᠪᠠᠳᠤᠭᠠᠷ ᠵᠦᠢᠯ   ᠠᠯᠪᠠᠨ ᠵᠢᠷᠤᠮ ᠤ᠋ᠨ ᠰᠤᠷᠭᠠᠨ ᠬᠥᠮᠦᠵᠢᠯ ᠢ᠋ ᠬᠡᠷᠡᠭᠵᠢᠭᠦᠯᠬᠦ ᠠᠵᠢᠯ ᠤ᠋ᠨ ᠳᠤᠮᠳᠠ ᠳᠣᠪᠣᠢᠮ᠎ᠠ ᠬᠤᠪᠢ ᠨᠡᠮᠡᠷᠢ ᠦᠵᠡᠭᠦᠯᠦᠭᠰᠡᠨ ᠨᠡᠢᠭᠡᠮ ᠦ᠋ᠨ ᠵᠣᠬᠢᠶᠠᠨ ᠪᠠᠢᠭᠤᠯᠤᠯᠲᠠ ᠪᠠ ᠬᠤᠪᠢ ᠬᠥᠮᠦᠨ ᠢ᠋ ᠡᠯ᠎ᠡ ᠱᠠᠲᠤᠨ ᠤ᠋ ᠠᠷᠠᠳ ᠤ᠋ᠨ ᠵᠠᠰᠠᠭ ᠤ᠋ᠨ ᠣᠷᠳᠣᠨ ᠵᠢᠴᠢ ᠲᠡᠭᠦᠨ ᠦ᠌ ᠬᠣᠯᠪᠣᠭᠳᠠᠯ ᠪᠦᠬᠦᠢ ᠰᠠᠯᠠᠭ᠎ᠠ ᠮᠥᠴᠢᠷ ᠡᠴᠡ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠨ᠎ᠠ᠃

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ
蒙ICP 备0500604