ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠬᠠᠤᠯᠢ (ᠬᠣᠶᠠᠳᠤᠭᠠᠷ ᠪᠦᠯᠦᠭ)
2019.11.04

  

  (1986 ᠣᠨ᠎ᠤ 4 ᠰᠠᠷ᠎ᠠ᠎ᠶᠢᠨ 12᠎ᠤ ᠡᠳᠦᠷ ᠵᠢᠷᠭᠤᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯᠳᠤᠭᠠᠨ᠎ᠠᠴᠠ ᠪᠠᠲᠤᠯᠠᠪᠠ

  2006 ᠣᠨ᠎ᠤ 6 ᠰᠠᠷ᠎ᠠ᠎ᠶᠢᠨ 29᠎ᠦ ᠡᠳᠦᠷ ᠠᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠬᠣᠷᠢᠨ ᠬᠣᠶᠠᠳᠤᠭᠠᠷ ᠬᠤᠷᠠᠯᠳᠤᠭᠠᠨ᠎ᠠᠴᠠ ᠵᠠᠰᠠᠵᠤ ᠲᠣᠭᠲᠠᠭᠠᠪᠠ

  2015 ᠣᠨ᠎ᠤ 4 ᠰᠠᠷ᠎ᠠ᠎ᠶᠢᠨ 24᠎ᠦ ᠡᠳᠦᠷ᠎ᠦᠨ ᠠᠷᠪᠠᠨ ᠬᠣᠶᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠳᠥᠷᠪᠡᠳᠦᠭᠡᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠬᠠᠤᠯᠢ〉ᠵᠡᠷᠭᠡ ᠲᠠᠪᠤᠨ ᠬᠠᠤᠯᠢ᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠵᠠᠰᠠᠪᠠ)

 

    ᠬᠣᠶᠠᠳᠤᠭᠠᠷ ᠪᠦᠯᠦᠭ   ᠰᠤᠷᠤᠭᠴᠢ

 

  ᠠᠷᠪᠠᠨ ᠨᠢᠭᠡᠳᠦᠭᠡᠷ ᠵᠦᠢᠯ   ᠪᠦᠬᠦᠯᠢ ᠵᠢᠷᠭᠤᠭᠠᠨ ᠨᠠᠰᠤ ᠬᠦᠷᠦᠭᠰᠡᠨ ᠬᠡᠦᠬᠡᠳ᠎ᠢ ᠡᠴᠢᠭᠡ ᠡᠬᠡ᠎ᠨᠢ ᠪᠤᠶᠤ ᠬᠠᠤᠯᠢ᠎ᠪᠠᠷ ᠲᠣᠭᠲᠠᠭᠠᠭᠰᠠᠨ ᠪᠤᠰᠤᠳ ᠬᠢᠨᠠᠨ ᠬᠠᠮᠠᠭᠠᠯᠠᠭᠴᠢ᠎ᠨᠢ ᠰᠤᠷᠭᠠᠭᠤᠯᠢ᠎ᠳᠤ ᠣᠷᠤᠭᠤᠯᠵᠤ ᠠᠯᠪᠠᠨ ᠵᠢᠷᠤᠮ᠎ᠤᠨ ᠰᠤᠷᠭᠠᠨ ᠬᠥᠮᠦᠵᠢᠯ ᠬᠦᠷᠲᠡᠭᠡᠵᠦ ᠲᠡᠭᠦᠰᠭᠡᠬᠦ ᠬᠡᠷᠡᠭᠲᠡᠢ; ᠨᠥᠬᠦᠴᠡᠯ ᠪᠦᠷᠢᠯᠳᠦᠭᠡᠳᠦᠢ ᠭᠠᠵᠠᠷ ᠣᠷᠤᠨ᠎ᠤ ᠬᠡᠦᠬᠡᠳ᠎ᠢ ᠪᠦᠬᠦᠯᠢ ᠳᠣᠯᠤᠭᠠᠨ ᠨᠠᠰᠤ ᠬᠦᠷᠲᠡᠯ᠎ᠡ ᠬᠣᠢᠱᠢᠯᠠᠭᠤᠯᠵᠤ ᠰᠤᠷᠭᠠᠭᠤᠯᠢ᠎ᠳᠤ ᠣᠷᠤᠭᠤᠯᠵᠤ ᠪᠣᠯᠤᠨ᠎ᠠ᠃

  ᠰᠤᠷᠭᠠᠭᠤᠯᠢ᠎ᠳᠤ ᠣᠷᠤᠬᠤ ᠨᠠᠰᠤᠨ᠎ᠤ ᠬᠡᠦᠬᠡᠳ᠂ ᠪᠠᠭᠠᠴᠤᠳ ᠪᠡᠶ᠎ᠡ ᠮᠠᠬᠠᠪᠤᠳ᠎ᠤᠨ ᠱᠢᠯᠲᠠᠭᠠᠨ᠎ᠠᠴᠠ ᠪᠣᠯᠵᠤ᠂ ᠰᠤᠷᠭᠠᠭᠤᠯᠢ᠎ᠳᠤ ᠣᠷᠤᠬᠤ᠎ᠶᠢ ᠬᠣᠢᠱᠢᠯᠠᠭᠤᠯᠬᠤ ᠪᠤᠶᠤ ᠰᠤᠷᠤᠯᠭ᠎ᠠ᠎ᠠᠴᠠ᠎ᠪᠠᠨ᠎ᠲᠦᠷ ᠵᠣᠭᠰᠤᠬᠤ ᠴᠢᠬᠤᠯᠠᠲᠠᠢ ᠦᠶ᠎ᠡ᠎ᠳᠦ᠂ ᠡᠴᠢᠭᠡ ᠡᠬᠡ᠎ᠨᠢ ᠪᠤᠶᠤ ᠬᠠᠤᠯᠢ᠎ᠪᠠᠷ ᠲᠣᠭᠲᠠᠭᠠᠭᠰᠠᠨ ᠪᠤᠰᠤᠳ ᠬᠢᠨᠠᠨ ᠬᠠᠮᠠᠭᠠᠯᠠᠭᠴᠢ᠎ᠨᠢ ᠭᠤᠶᠤᠴᠢᠯᠠᠯ ᠭᠠᠷᠭᠠᠵᠤ᠂ ᠲᠤᠬᠠᠢ᠎ᠶᠢᠨ ᠭᠠᠵᠠᠷ᠎ᠤᠨ ᠱᠢᠶᠠᠩ ᠪᠠᠯᠭᠠᠰᠤᠨ᠎ᠤ ᠠᠷᠠᠳ᠎ᠤᠨ ᠵᠠᠰᠠᠭ᠎ᠤᠨ ᠣᠷᠳᠤᠨ ᠪᠤᠶᠤ ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠢᠶᠡᠷ ᠵᠥᠪᠱᠢᠶᠡᠷᠡᠭᠦᠯᠬᠦ ᠬᠡᠷᠡᠭᠲᠡᠢ᠃

  ᠠᠷᠪᠠᠨ ᠬᠣᠶᠠᠳᠤᠭᠠᠷ ᠵᠦᠢᠯ   ᠰᠤᠷᠭᠠᠭᠤᠯᠢ᠎ᠳᠤ ᠣᠷᠤᠬᠤ ᠨᠠᠰᠤᠨ᠎ᠤ ᠬᠡᠦᠬᠡᠳ᠂ ᠪᠠᠭᠠᠴᠤᠳ᠎ᠢ ᠱᠢᠯᠭᠠᠬᠤ᠎ᠦᠭᠡᠢ᠎ᠪᠡᠷ ᠰᠤᠷᠭᠠᠭᠤᠯᠢ᠎ᠳᠤ ᠣᠷᠤᠭᠤᠯᠤᠨ᠎ᠠ᠃ ᠣᠷᠤᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ᠎ᠨᠢ ᠰᠤᠷᠭᠠᠭᠤᠯᠢ᠎ᠳᠤ ᠣᠷᠤᠬᠤ ᠨᠠᠰᠤᠨ᠎ᠤ ᠬᠡᠦᠬᠡᠳ᠂ ᠪᠠᠭᠠᠴᠤᠳ᠎ᠤᠨ ᠡᠷᠦᠬᠡ ᠠᠮᠠ᠎ᠶᠢᠨ ᠳᠠᠩᠰᠠ ᠪᠠᠢᠭ᠎ᠠ ᠭᠠᠵᠠᠷ᠎ᠤᠨ ᠭᠡᠷ᠎ᠡᠴᠡ᠎ᠪᠡᠨ ᠣᠢᠷᠠᠯᠴᠠᠭ᠎ᠠ ᠰᠤᠷᠭᠠᠭᠤᠯᠢ᠎ᠳᠤ ᠣᠷᠤᠬᠤ᠎ᠶᠢ ᠪᠠᠲᠤᠯᠠᠬᠤ ᠬᠡᠷᠡᠭᠲᠡᠢ᠃

  ᠡᠴᠢᠭᠡ ᠡᠬᠡ᠎ᠨᠢ ᠪᠤᠶᠤ ᠬᠠᠤᠯᠢ᠎ᠪᠠᠷ ᠲᠣᠭᠲᠠᠭᠠᠭᠰᠠᠨ ᠪᠤᠰᠤᠳ ᠬᠢᠨᠠᠨ ᠬᠠᠮᠠᠭᠠᠯᠠᠭᠴᠢ᠎ᠨᠢ ᠡᠷᠦᠬᠡ ᠠᠮᠠ᠎ᠶᠢᠨ ᠳᠠᠩᠰᠠ ᠪᠠᠢᠭ᠎ᠠ ᠭᠠᠵᠠᠷ᠎ᠲᠤ᠎ᠪᠠᠨ ᠠᠵᠢᠯᠯᠠᠬᠤ ᠪᠤᠶᠤ ᠰᠠᠭᠤᠵᠤ ᠪᠠᠢᠬᠤ᠎ᠦᠭᠡᠢ ᠪᠠᠢᠳᠠᠯ ᠳᠣᠤᠷ᠎ᠠ᠂ ᠲᠡᠳᠡ᠎ᠨᠡᠷ᠎ᠦᠨ ᠰᠤᠷᠭᠠᠭᠤᠯᠢ᠎ᠳᠤ ᠣᠷᠤᠬᠤ ᠨᠠᠰᠤᠨ᠎ᠤ ᠬᠡᠦᠬᠡᠳ᠂ ᠪᠠᠭᠠᠴᠤᠳ᠎ᠨᠢ ᠡᠴᠢᠭᠡ ᠡᠬᠡ ᠪᠤᠶᠤ ᠬᠠᠤᠯᠢ᠎ᠪᠠᠷ ᠲᠣᠭᠲᠠᠭᠠᠭᠰᠠᠨ ᠪᠤᠰᠤᠳ ᠬᠢᠨᠠᠨ ᠬᠠᠮᠠᠭᠠᠯᠠᠭᠴᠢ᠎ᠶᠢᠨ ᠠᠵᠢᠯᠯᠠᠵᠤ ᠪᠠᠢᠭ᠎ᠠ ᠪᠤᠶᠤ ᠰᠠᠭᠤᠵᠤ ᠪᠠᠢᠭ᠎ᠠ ᠭᠠᠵᠠᠷ᠎ᠲᠤ ᠠᠯᠪᠠᠨ ᠵᠢᠷᠤᠮ᠎ᠤᠨ ᠰᠤᠷᠭᠠᠨ ᠬᠥᠮᠦᠵᠢᠯ ᠬᠦᠷᠲᠡᠬᠦ ᠭᠡᠪᠡᠯ᠂ ᠲᠤᠬᠠᠢ᠎ᠶᠢᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠤᠨ᠎ᠠᠴᠠ ᠲᠡᠳᠡ᠎ᠨᠡᠷ᠎ᠲᠦ ᠡᠷᠬᠡ ᠲᠡᠭᠱᠢ᠎ᠪᠡᠷ ᠠᠯᠪᠠᠨ ᠵᠢᠷᠤᠮ᠎ᠤᠨ ᠰᠤᠷᠭᠠᠨ ᠬᠥᠮᠦᠵᠢᠯ ᠬᠦᠷᠲᠡᠬᠦ ᠨᠥᠬᠦᠴᠡᠯ ᠬᠠᠩᠭᠠᠵᠤ ᠥᠭᠬᠦ ᠬᠡᠷᠡᠭᠲᠡᠢ᠃ ᠪᠣᠳᠠᠲᠠᠢ ᠠᠷᠭ᠎ᠠ᠎ᠶᠢ ᠮᠣᠵᠢ᠂ ᠥᠪᠡᠷᠲᠡᠭᠡᠨ ᠵᠠᠰᠠᠬᠤ ᠣᠷᠤᠨ᠂ ᠱᠢᠭᠤᠳ ᠬᠠᠷᠢᠶ᠎ᠠ ᠬᠣᠲᠠ᠎ᠠᠴᠠ ᠲᠣᠭᠲᠠᠭᠠᠨ᠎ᠠ᠃

  ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠨᠢ ᠲᠤᠰ ᠵᠠᠰᠠᠭ ᠵᠠᠬᠢᠷᠭᠠᠨ᠎ᠤ ᠣᠷᠤᠨ᠎ᠳᠠᠬᠢ ᠴᠡᠷᠢᠭ᠎ᠦᠨ ᠬᠥᠮᠦᠨ᠎ᠦ ᠦᠷ᠎ᠡ ᠬᠡᠦᠬᠡᠳ᠎ᠦᠨ ᠠᠯᠪᠠᠨ ᠵᠢᠷᠤᠮ᠎ᠤᠨ ᠰᠤᠷᠭᠠᠨ ᠬᠥᠮᠦᠵᠢᠯ ᠬᠦᠷᠲᠡᠬᠦ᠎ᠶᠢ ᠪᠠᠲᠤᠯᠠᠨ᠎ᠠ᠃

  ᠠᠷᠪᠠᠨ ᠭᠤᠷᠪᠠᠳᠤᠭᠠᠷ ᠵᠦᠢᠯ   ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ ᠪᠣᠯᠤᠨ ᠱᠢᠶᠠᠩ ᠪᠠᠯᠭᠠᠰᠤᠨ᠎ᠤ ᠠᠷᠠᠳ᠎ᠤᠨ ᠵᠠᠰᠠᠭ᠎ᠤᠨ ᠣᠷᠳᠤᠨ᠎ᠠᠴᠠ ᠵᠣᠬᠢᠶᠠᠨ ᠪᠠᠢᠭᠤᠯᠤᠨ ᠱᠢᠪᠠᠳᠠᠵᠤ ᠪᠠᠢᠭᠠᠳ ᠰᠤᠷᠭᠠᠭᠤᠯᠢ᠎ᠳᠤ ᠣᠷᠤᠬᠤ ᠨᠠᠰᠤᠨ᠎ᠤ ᠬᠡᠦᠬᠡᠳ᠂ ᠪᠠᠭᠠᠴᠤᠳ᠎ᠢ ᠰᠤᠷᠭᠠᠭᠤᠯᠢ᠎ᠳᠤ ᠣᠷᠤᠭᠤᠯᠵᠤ᠂ ᠰᠤᠷᠭᠠᠭᠤᠯᠢ᠎ᠳᠤ ᠣᠷᠤᠬᠤ ᠨᠠᠰᠤᠨ᠎ᠤ ᠬᠡᠦᠬᠡᠳ᠂ ᠪᠠᠭᠠᠴᠤᠳ᠎ᠤᠨ ᠠᠯᠪᠠᠨ ᠵᠢᠷᠤᠮ᠎ᠤᠨ ᠰᠤᠷᠭᠠᠨ ᠬᠥᠮᠦᠵᠢᠯ ᠬᠦᠷᠲᠡᠬᠦ ᠬᠦᠴᠢᠷᠳᠡᠯ᠎ᠢ᠎ᠨᠢ ᠬᠠᠪᠰᠤᠷᠤᠨ ᠱᠢᠢᠳᠪᠦᠷᠢᠯᠡᠵᠦ᠂ ᠠᠷᠭ᠎ᠠ ᠬᠡᠮᠵᠢᠶ᠎ᠡ ᠠᠪᠴᠤ ᠪᠠᠢᠭᠠᠳ ᠰᠤᠷᠭᠠᠭᠤᠯᠢ᠎ᠳᠤ ᠣᠷᠤᠬᠤ ᠨᠠᠰᠤᠨ᠎ᠤ ᠬᠡᠦᠬᠡᠳ᠂ ᠪᠠᠭᠠᠴᠤᠳ᠎ᠤᠨ ᠰᠤᠷᠤᠯᠭ᠎ᠠ᠎ᠪᠠᠨ ᠳᠣᠷᠭᠤᠨ ᠵᠣᠭᠰᠤᠬᠤ᠎ᠶᠢ ᠬᠣᠷᠢᠭᠯᠠᠨ᠎ᠠ᠃

  ᠰᠠᠭᠤᠭᠠᠯᠢ ᠠᠷᠠᠳ᠎ᠤᠨ ᠵᠥᠪᠯᠡᠯ ᠪᠣᠯᠤᠨ ᠭᠠᠴᠠᠭᠠᠨ᠎ᠤ ᠠᠷᠠᠳ᠎ᠤᠨ ᠵᠥᠪᠯᠡᠯ᠎ᠨᠢ ᠵᠠᠰᠠᠭ᠎ᠤᠨ ᠣᠷᠳᠤᠨ᠎ᠳᠤ ᠬᠠᠮᠵᠢᠨ ᠠᠵᠢᠯ᠎ᠢ ᠰᠠᠢᠲᠤᠷ ᠬᠢᠵᠦ᠂ ᠰᠤᠷᠭᠠᠭᠤᠯᠢ᠎ᠳᠤ ᠣᠷᠤᠬᠤ ᠨᠠᠰᠤᠨ᠎ᠤ ᠬᠡᠦᠬᠡᠳ᠂ ᠪᠠᠭᠠᠴᠤᠳ᠎ᠢ ᠱᠢᠪᠠᠳᠠᠵᠤ ᠪᠠᠢᠭᠠᠳ ᠰᠤᠷᠭᠠᠭᠤᠯᠢ᠎ᠳᠤ ᠣᠷᠤᠭᠤᠯᠤᠨ᠎ᠠ᠃

  ᠠᠷᠪᠠᠨ ᠳᠥᠷᠪᠡᠳᠦᠭᠡᠷ ᠵᠦᠢᠯ   ᠠᠯᠪᠠᠨ ᠵᠢᠷᠤᠮ᠎ᠤᠨ ᠰᠤᠷᠭᠠᠨ ᠬᠥᠮᠦᠵᠢᠯ ᠬᠦᠷᠲᠡᠬᠦ ᠶᠣᠰᠤᠲᠠᠢ ᠰᠤᠷᠭᠠᠭᠤᠯᠢ᠎ᠳᠤ ᠣᠷᠤᠬᠤ ᠨᠠᠰᠤᠨ᠎ᠤ ᠬᠡᠦᠬᠡᠳ᠂ ᠪᠠᠭᠠᠴᠤᠳ᠎ᠢ ᠠᠵᠢᠯᠲᠠᠨ ᠬᠡᠷᠡᠭᠯᠡᠬᠦ ᠨᠢᠭᠡᠴᠢ ᠡᠯᠰᠡᠵᠦ ᠬᠡᠷᠡᠭᠯᠡᠬᠦ᠎ᠶᠢ ᠴᠠᠭᠠᠵᠠᠯᠠᠨ᠎ᠠ᠃

  ᠤᠯᠤᠰ᠎ᠤᠨ ᠬᠣᠯᠪᠤᠭᠳᠠᠯ ᠪᠦᠬᠦᠢ ᠲᠣᠭᠲᠠᠭᠠᠯ᠎ᠢ ᠦᠨᠳᠦᠰᠦᠯᠡᠨ ᠰᠤᠷᠭᠠᠭᠤᠯᠢ᠎ᠳᠤ ᠣᠷᠤᠬᠤ ᠨᠠᠰᠤᠨ᠎ᠤ ᠬᠡᠦᠬᠡᠳ᠂ ᠪᠠᠭᠠᠴᠤᠳ᠎ᠢ ᠡᠯᠰᠡᠵᠦ ᠤᠷᠠᠯᠢᠭ᠂ ᠪᠡᠶ᠎ᠡ᠎ᠶᠢᠨ ᠲᠠᠮᠢᠷ ᠵᠡᠷᠭᠡ ᠲᠤᠰᠭᠠᠢ ᠮᠡᠷᠭᠡᠵᠢᠯ᠎ᠦᠨ ᠪᠣᠯᠪᠠᠰᠤᠷᠠᠯ ᠬᠢᠯᠭᠡᠬᠦ᠎ᠪᠡᠷ ᠵᠥᠪᠱᠢᠶᠡᠷᠡᠭᠦᠯᠦᠭᠰᠡᠨ ᠨᠡᠢᠭᠡᠮ᠎ᠦᠨ ᠵᠣᠬᠢᠶᠠᠨ ᠪᠠᠢᠭᠤᠯᠤᠯᠲᠠ᠎ᠨᠢ ᠡᠯᠰᠡᠵᠦ ᠠᠪᠤᠭᠰᠠᠨ ᠰᠤᠷᠭᠠᠭᠤᠯᠢ᠎ᠳᠤ ᠣᠷᠤᠬᠤ ᠨᠠᠰᠤᠨ᠎ᠤ ᠬᠡᠦᠬᠡᠳ᠂ ᠪᠠᠭᠠᠴᠤᠳ᠎ᠤᠨ ᠠᠯᠪᠠᠨ ᠵᠢᠷᠤᠮ᠎ᠤᠨ ᠰᠤᠷᠭᠠᠨ ᠬᠥᠮᠦᠵᠢᠯ ᠬᠦᠷᠲᠡᠬᠦ᠎ᠶᠢ ᠪᠠᠲᠤᠯᠠᠬᠤ ᠬᠡᠷᠡᠭᠲᠡᠢ; ᠠᠯᠪᠠᠨ ᠵᠢᠷᠤᠮ᠎ᠤᠨ ᠰᠤᠷᠭᠠᠨ ᠬᠥᠮᠦᠵᠢᠯ᠎ᠢ ᠥᠪᠡᠷᠲᠡᠭᠡᠨ ᠬᠡᠷᠡᠭᠵᠢᠭᠦᠯᠬᠦ᠎ᠳᠦ ᠬᠦᠷᠪᠡᠯ᠂ ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠢᠶᠡᠷ ᠵᠥᠪᠱᠢᠶᠡᠷᠡᠭᠦᠯᠬᠦ ᠬᠡᠷᠡᠭᠲᠡᠢ᠃

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604