ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠠᠯᠪᠠᠨ ᠵᠢᠷᠤᠮ ᠤ᠋ᠨ ᠰᠤᠷᠭᠠᠨ ᠬᠥᠮᠦᠵᠢᠯ ᠦ᠋ᠨ ᠬᠠᠤᠯᠢ(ᠭᠤᠷᠪᠠᠳᠤᠭᠠᠷ ᠪᠦᠯᠦᠭ)
2019.11.04

  (1986 ᠣᠨ ᠤ᠋ 4 ᠰᠠᠷ᠎ᠠ ᠶ᠋ᠢᠨ 12 ᠤ᠋ ᠡᠳᠦᠷ ᠵᠢᠷᠭᠤᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠳᠥᠷᠪᠡᠳᠦᠭᠡᠷ ᠬᠤᠷᠠᠯᠳᠤᠭᠠᠨ ᠠ᠋ᠴᠠ ᠪᠠᠲᠤᠯᠠᠪᠠ

  2006 ᠣᠨ ᠤ᠋ 6 ᠰᠠᠷ᠎ᠠ ᠶ᠋ᠢᠨ 29 ᠦ᠌ ᠡᠳᠦᠷ ᠠᠷᠪᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶᠠᠨ ᠤ᠋ ᠬᠣᠷᠢᠨ ᠬᠣᠶᠠᠳᠤᠭᠠᠷ ᠬᠤᠷᠠᠯᠳᠤᠭᠠᠨ ᠠ᠋ᠴᠠ ᠵᠠᠰᠠᠵᠤ ᠲᠣᠭᠲᠠᠭᠠᠪᠠ

  2015 ᠣᠨ ᠤ᠋ 4 ᠰᠠᠷ᠎ᠠ ᠶ᠋ᠢᠨ 24 ᠦ᠌ ᠡᠳᠦᠷ ᠦ᠋ᠨ ᠠᠷᠪᠠᠨ ᠬᠣᠶᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶᠠᠨ ᠤ᠋ ᠠᠷᠪᠠᠨ ᠳᠥᠷᠪᠡᠳᠦᠭᠡᠷ ᠬᠤᠷᠠᠯᠳᠤᠭᠠᠨ ᠤ᠋ 《<ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠠᠯᠪᠠᠨ ᠵᠢᠷᠤᠮ ᠤ᠋ᠨ ᠰᠤᠷᠭᠠᠨ ᠬᠥᠮᠦᠵᠢᠯ ᠦ᠋ᠨ ᠬᠠᠤᠯᠢ> ᠵᠡᠷᠭᠡ ᠲᠠᠪᠤᠨ ᠬᠠᠤᠯᠢ ᠳ᠋ᠤ᠌ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ》 ᠢ᠋ ᠦᠨᠳᠦᠰᠦᠯᠡᠨ ᠵᠠᠰᠠᠪᠠ)

 

    ᠭᠤᠷᠪᠠᠳᠤᠭᠠᠷ ᠪᠦᠯᠦᠭ   ᠰᠤᠷᠭᠠᠭᠤᠯᠢ

 

  ᠠᠷᠪᠠᠨ ᠲᠠᠪᠤᠳᠤᠭᠠᠷ ᠵᠦᠢᠯ   ᠱᠢᠶᠠᠨ ᠤ᠋ ᠱᠠᠲᠤᠨ ᠠ᠋ᠴᠠ ᠳᠡᠭᠡᠭᠱᠢᠬᠢ ᠣᠷᠣᠨ ᠨᠤᠲᠤᠭ ᠤ᠋ᠨ ᠠᠷᠠᠳ ᠤ᠋ᠨ ᠵᠠᠰᠠᠭ ᠤ᠋ᠨ ᠣᠷᠳᠣᠨ ᠠ᠋ᠴᠠ ᠲᠤᠰ ᠵᠠᠰᠠᠭ ᠵᠠᠬᠢᠷᠭᠠᠨ ᠤ᠋ ᠣᠷᠣᠨ ᠳ᠋ᠤ᠌ ᠰᠠᠭᠤᠭ᠎ᠠ ᠰᠤᠷᠭᠠᠭᠤᠯᠢ ᠳ᠋ᠤ᠌ ᠣᠷᠣᠬᠤ ᠨᠠᠰᠤᠨ ᠤ᠋ ᠬᠡᠦᠬᠡᠳ᠂ ᠪᠠᠭᠠᠴᠤᠳ ᠤ᠋ᠨ ᠲᠣᠭ᠎ᠠ ᠪᠠ ᠲᠠᠷᠬᠠᠯᠲᠠ ᠶ᠋ᠢᠨ ᠪᠠᠢᠳᠠᠯ ᠵᠡᠷᠭᠡ ᠡᠯᠧᠮᠧᠨ᠋ᠲ ᠢ᠋ ᠦᠨᠳᠦᠰᠦᠯᠡᠨ᠂ ᠤᠯᠤᠰ ᠤ᠋ᠨ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠰᠤᠷᠭᠠᠭᠤᠯᠢ ᠪᠠᠢᠭᠤᠯᠬᠤ ᠲᠥᠯᠥᠪᠵᠢᠭᠦᠯᠭᠡ ᠪᠡᠨ ᠲᠣᠭᠲᠠᠭᠠᠨ ᠲᠣᠬᠢᠷᠠᠭᠤᠯᠤᠨ᠎ᠠ᠃ ᠱᠢᠨ᠎ᠡ ᠪᠡᠷ ᠪᠠᠢᠭᠤᠯᠤᠭᠰᠠᠨ ᠰᠠᠭᠤᠭᠠᠯᠢ ᠠᠷᠠᠳ ᠤ᠋ᠨ ᠲᠣᠭᠣᠷᠢᠭ ᠲᠤ᠌ ᠰᠤᠷᠭᠠᠭᠤᠯᠢ ᠪᠠᠢᠭᠤᠯᠬᠤ ᠴᠢᠬᠤᠯᠠᠲᠠᠢ ᠪᠠᠢᠪᠠᠯ᠂ ᠲᠡᠭᠦᠨ ᠢ᠋ ᠰᠠᠭᠤᠭᠠᠯᠢ ᠠᠷᠠᠳ ᠤ᠋ᠨ ᠲᠣᠭᠣᠷᠢᠭ ᠤ᠋ᠨ ᠪᠦᠲᠦᠭᠡᠨ ᠪᠠᠢᠭᠤᠯᠤᠯᠲᠠ ᠯᠤᠭ᠎ᠠ ᠵᠡᠷᠭᠡ ᠪᠡᠷ ᠶᠠᠪᠤᠭᠳᠠᠭᠤᠯᠬᠤ ᠬᠡᠷᠡᠭᠲᠡᠢ᠃

  ᠠᠷᠪᠠᠨ ᠵᠢᠷᠭᠤᠳᠤᠭᠠᠷ ᠵᠦᠢᠯ   ᠰᠤᠷᠭᠠᠭᠤᠯᠢ ᠶ᠋ᠢᠨ ᠪᠦᠲᠦᠭᠡᠨ ᠪᠠᠢᠭᠤᠯᠤᠯᠲᠠ ᠶ᠋ᠢ ᠤᠯᠤᠰ ᠠ᠋ᠴᠠ ᠲᠣᠭᠲᠠᠭᠠᠭᠰᠠᠨ ᠰᠤᠷᠭᠠᠭᠤᠯᠢ ᠡᠷᠬᠢᠯᠡᠬᠦ ᠪᠠᠷᠢᠮᠵᠢᠶ᠎ᠠ ᠳ᠋ᠤ᠌ ᠨᠡᠢᠴᠡᠭᠦᠯᠵᠦ᠂ ᠰᠤᠷᠭᠠᠨ ᠬᠥᠮᠦᠵᠢᠭᠦᠯᠬᠦ ᠪᠠ ᠵᠢᠭᠠᠨ ᠰᠤᠷᠭᠠᠬᠤ ᠬᠡᠷᠡᠭᠴᠡᠭᠡ ᠳ᠋ᠦ᠍ ᠵᠣᠬᠢᠴᠠᠭᠤᠯᠬᠤ ᠬᠡᠷᠡᠭᠲᠡᠢ; ᠤᠯᠤᠰ ᠠ᠋ᠴᠠ ᠲᠣᠭᠲᠠᠭᠠᠭᠰᠠᠨ ᠭᠠᠵᠠᠷ ᠰᠣᠩᠭᠣᠬᠤ ᠱᠠᠭᠠᠷᠳᠠᠯᠭ᠎ᠠ ᠪᠠ ᠪᠦᠲᠦᠭᠡᠨ ᠪᠠᠢᠭᠤᠯᠬᠤ ᠪᠠᠷᠢᠮᠵᠢᠶ᠎ᠠ ᠳ᠋ᠤ᠌ ᠨᠡᠢᠴᠡᠭᠦᠯᠵᠦ᠂ ᠰᠤᠷᠤᠭᠴᠢ ᠪᠠ ᠪᠠᠭᠱᠢ ᠠᠵᠢᠯᠲᠠᠨ ᠤ᠋ ᠠᠮᠤᠷ ᠲᠦᠪᠱᠢᠨ ᠢ᠋ ᠦᠨᠡᠨ ᠬᠦ᠌ ᠪᠠᠲᠤᠯᠠᠬᠤ ᠬᠡᠷᠡᠭᠲᠡᠢ᠃

  ᠠᠷᠪᠠᠨ ᠳᠣᠯᠣᠳᠤᠭᠠᠷ ᠵᠦᠢᠯ   ᠱᠢᠶᠠᠨ ᠤ᠋ ᠱᠠᠲᠤᠨ ᠤ᠋ ᠠᠷᠠᠳ ᠤ᠋ᠨ ᠵᠠᠰᠠᠭ ᠤ᠋ᠨ ᠣᠷᠳᠣᠨ ᠠ᠋ᠴᠠ ᠬᠡᠷᠡᠭᠴᠡᠭᠡ ᠪᠡᠨ ᠦᠨᠳᠦᠰᠦᠯᠡᠨ ᠪᠠᠢᠷᠢ ᠳ᠋ᠤ᠌ ᠰᠠᠭᠤᠬᠤ ᠳᠦᠷᠢᠮᠲᠦ ᠰᠤᠷᠭᠠᠭᠤᠯᠢ ᠪᠠᠢᠭᠤᠯᠵᠤ᠂ ᠲᠠᠷᠠᠬᠠᠢ ᠪᠤᠲᠠᠷᠬᠠᠢ ᠰᠠᠭᠤᠵᠤ ᠪᠠᠢᠭ᠎ᠠ ᠰᠤᠷᠭᠠᠭᠤᠯᠢ ᠳ᠋ᠤ᠌ ᠣᠷᠣᠬᠤ ᠨᠠᠰᠤᠨ ᠤ᠋ ᠬᠡᠦᠬᠡᠳ᠂ ᠪᠠᠭᠠᠴᠤᠳ ᠤ᠋ᠨ ᠰᠤᠷᠭᠠᠭᠤᠯᠢ ᠳ᠋ᠤ᠌ ᠣᠷᠣᠵᠤ ᠠᠯᠪᠠᠨ ᠵᠢᠷᠤᠮ ᠤ᠋ᠨ ᠰᠤᠷᠭᠠᠨ ᠬᠥᠮᠦᠵᠢᠯ ᠬᠦᠷᠲᠡᠬᠦ ᠶ᠋ᠢ ᠪᠠᠲᠤᠯᠠᠨ᠎ᠠ᠃

  ᠠᠷᠪᠠᠨ ᠨᠠᠢ᠍ᠮᠠᠳᠤᠭᠠᠷ ᠵᠦᠢᠯ   ᠲᠥᠷᠥ ᠶ᠋ᠢᠨ ᠶᠠᠪᠤᠳᠠᠯ ᠤ᠋ᠨ ᠬᠣᠷᠢᠶᠠᠨ ᠤ᠋ ᠰᠤᠷᠭᠠᠨ ᠬᠥᠮᠦᠵᠢᠯ ᠦ᠋ᠨ ᠵᠠᠰᠠᠭ ᠵᠠᠬᠢᠷᠭᠠᠨ ᠤ᠋ ᠰᠠᠯᠠᠭ᠎ᠠ ᠮᠥᠴᠢᠷ ᠪᠣᠯᠤᠨ ᠮᠣᠵᠢ᠂ ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ ᠶ᠋ᠢᠨ ᠠᠷᠠᠳ ᠤ᠋ᠨ ᠵᠠᠰᠠᠭ ᠤ᠋ᠨ ᠣᠷᠳᠣᠨ ᠬᠡᠷᠡᠭᠴᠡᠭᠡ ᠪᠡᠨ ᠦᠨᠳᠦᠰᠦᠯᠡᠨ᠂ ᠠᠵᠤ ᠠᠬᠤᠢ ᠬᠥᠭᠵᠢᠭᠰᠡᠨ ᠭᠠᠵᠠᠷ ᠣᠷᠣᠨ ᠳ᠋ᠤ᠌ ᠴᠥᠭᠡᠨ ᠲᠣᠭᠠᠲᠤ ᠦᠨᠳᠦᠰᠦᠲᠡᠨ ᠦ᠌ ᠰᠤᠷᠭᠠᠭᠤᠯᠢ ᠳ᠋ᠤ᠌ ᠣᠷᠣᠬᠤ ᠨᠠᠰᠤᠨ ᠤ᠋ ᠬᠡᠦᠬᠡᠳ᠂ ᠪᠠᠭᠠᠴᠤᠳ ᠢ᠋ ᠬᠦᠯᠢᠶᠡᠨ ᠠᠪᠬᠤ ᠰᠤᠷᠭᠠᠭᠤᠯᠢ (ᠠᠩᠭᠢ) ᠪᠠᠢᠭᠤᠯᠤᠨ᠎ᠠ᠃

  ᠠᠷᠪᠠ ᠶᠢᠰᠦᠳᠦᠭᠡᠷ ᠵᠦᠢᠯ   ᠱᠢᠶᠠᠨ ᠤ᠋ ᠱᠠᠲᠤᠨ ᠠ᠋ᠴᠠ ᠳᠡᠭᠡᠭᠱᠢᠬᠢ ᠣᠷᠣᠨ ᠨᠤᠲᠤᠭ ᠤ᠋ᠨ ᠠᠷᠠᠳ ᠤ᠋ᠨ ᠵᠠᠰᠠᠭ ᠤ᠋ᠨ ᠣᠷᠳᠣᠨ ᠬᠡᠷᠡᠭᠴᠡᠭᠡ ᠪᠡᠨ ᠦᠨᠳᠦᠰᠦᠯᠡᠨ᠂ ᠣᠨᠴᠠᠭᠠᠢ ᠰᠤᠷᠭᠠᠨ ᠬᠥᠮᠦᠵᠢᠯ ᠢ᠋ ᠬᠡᠷᠡᠭᠵᠢᠭᠦᠯᠬᠦ ᠵᠣᠬᠢᠴᠠᠩᠭᠤᠢ ᠰᠤᠷᠭᠠᠭᠤᠯᠢ (ᠠᠩᠭᠢ) ᠪᠠᠢᠭᠤᠯᠵᠤ᠂ ᠬᠠᠷᠠᠭ᠎ᠠ ᠵᠡᠮᠳᠡᠭ᠂ ᠰᠣᠨᠣᠷ ᠪᠠ ᠦᠭᠡ ᠬᠡᠯᠡ ᠨᠢ ᠵᠡᠮᠳᠡᠭ ᠪᠣᠯᠤᠨ ᠣᠶᠤᠨ ᠤᠬᠠᠭᠠᠨ ᠨᠢ ᠵᠡᠮᠳᠡᠭ ᠰᠤᠷᠭᠠᠭᠤᠯᠢ ᠳ᠋ᠤ᠌ ᠣᠷᠣᠬᠤ ᠨᠠᠰᠤᠨ ᠤ᠋ ᠬᠡᠦᠬᠡᠳ᠂ ᠪᠠᠭᠠᠴᠤᠳ ᠲᠤ᠌ ᠠᠯᠪᠠᠨ ᠵᠢᠷᠤᠮ ᠤ᠋ᠨ ᠰᠤᠷᠭᠠᠨ ᠬᠥᠮᠦᠵᠢᠯ ᠢ᠋ ᠬᠡᠷᠡᠭᠵᠢᠭᠦᠯᠦᠨ᠎ᠡ᠃ ᠣᠨᠴᠠᠭᠠᠢ ᠰᠤᠷᠭᠠᠨ ᠬᠥᠮᠦᠵᠢᠯ ᠦ᠋ᠨ ᠰᠤᠷᠭᠠᠭᠤᠯᠢ (ᠠᠩᠭᠢ) ᠨᠢ ᠵᠡᠮᠳᠡᠭ ᠬᠡᠦᠬᠡᠳ᠂ ᠪᠠᠭᠠᠴᠤᠳ ᠤ᠋ᠨ ᠰᠤᠷᠤᠯᠴᠠᠨ᠂ ᠡᠷᠡᠭᠦᠯᠵᠢᠵᠦ᠂ ᠠᠮᠢᠳᠤᠷᠠᠬᠤ ᠣᠨᠴᠠᠯᠢᠭ ᠲᠤ᠌ ᠲᠣᠬᠢᠷᠠᠭᠰᠠᠨ ᠲᠠᠯᠠᠪᠤᠷ ᠭᠠᠵᠠᠷ ᠪᠠ ᠲᠣᠨᠣᠭ ᠲᠥᠬᠥᠭᠡᠷᠦᠮᠵᠢ ᠶ᠋ᠢ ᠪᠦᠷᠢᠯᠳᠦᠭᠦᠯᠬᠦ ᠬᠡᠷᠡᠭᠲᠡᠢ᠃

  ᠡᠩ ᠦ᠋ᠨ ᠰᠤᠷᠭᠠᠭᠤᠯᠢ ᠨᠢ ᠰᠤᠷᠭᠠᠭᠤᠯᠢ ᠳ᠋ᠤ᠌ ᠣᠷᠣᠬᠤ ᠨᠠᠰᠤᠨ ᠤ᠋ ᠡᠩ ᠦ᠋ᠨ ᠰᠤᠷᠭᠠᠨ ᠬᠥᠮᠦᠵᠢᠯ ᠢ᠋ ᠬᠦᠷᠲᠡᠬᠦ ᠴᠢᠳᠠᠪᠤᠷᠢ ᠲᠠᠢ ᠵᠡᠮᠳᠡᠭ ᠬᠡᠦᠬᠡᠳ᠂ ᠪᠠᠭᠠᠴᠤᠳ ᠤ᠋ᠨ ᠠᠩᠭᠢ ᠳᠠᠭᠠᠵᠤ ᠰᠤᠷᠤᠯᠴᠠᠬᠤ ᠶ᠋ᠢ ᠬᠦᠯᠢᠶᠡᠵᠦ ᠠᠪᠬᠤ ᠬᠡᠷᠡᠭᠲᠡᠢ ᠪᠥᠭᠡᠳ ᠲᠡᠳᠡ ᠨᠡᠷ ᠦ᠋ᠨ ᠰᠤᠷᠤᠯᠴᠠᠵᠤ᠂ ᠡᠷᠡᠭᠦᠯᠵᠢᠬᠦ ᠳ᠋ᠦ᠍ ᠳᠡᠮᠵᠢᠯᠭᠡ ᠬᠠᠩᠭᠠᠬᠤ ᠬᠡᠷᠡᠭᠲᠡᠢ᠃

  ᠬᠣᠷᠢᠳᠤᠭᠠᠷ ᠵᠦᠢᠯ   ᠱᠢᠶᠠᠨ ᠤ᠋ ᠱᠠᠲᠤᠨ ᠠ᠋ᠴᠠ ᠳᠡᠭᠡᠭᠱᠢᠬᠢ ᠣᠷᠣᠨ ᠨᠤᠲᠤᠭ ᠤ᠋ᠨ ᠠᠷᠠᠳ ᠤ᠋ᠨ ᠵᠠᠰᠠᠭ ᠤ᠋ᠨ ᠣᠷᠳᠣᠨ ᠬᠡᠷᠡᠭᠴᠡᠭᠡ ᠪᠡᠨ ᠦᠨᠳᠦᠰᠦᠯᠡᠨ᠂ ᠨᠠᠰᠤᠨ ᠳ᠋ᠤ᠌ ᠦᠯᠦ ᠬᠦᠷᠦᠭᠰᠡᠳ ᠦ᠋ᠨ ᠶᠠᠯ᠎ᠠ ᠬᠢᠬᠦ ᠶ᠋ᠢ ᠰᠡᠷᠭᠡᠢᠯᠡᠬᠦ ᠬᠠᠤᠯᠢ ᠳ᠋ᠤ᠌ ᠲᠣᠭᠲᠠᠭᠠᠭᠰᠠᠨ ᠬᠦᠨᠳᠦ ᠨᠣᠴᠢᠲᠠᠢ ᠮᠠᠭᠤ ᠦᠢᠯᠡ ᠠᠵᠢᠯᠯᠠᠭ᠎ᠠ ᠲᠠᠢ ᠰᠤᠷᠭᠠᠭᠤᠯᠢ ᠳ᠋ᠤ᠌ ᠣᠷᠣᠬᠤ ᠨᠠᠰᠤᠨ ᠤ᠋ ᠪᠠᠭᠠᠴᠤᠳ ᠲᠤ᠌ ᠲᠤᠰᠭᠠᠢ ᠰᠤᠷᠭᠠᠭᠤᠯᠢ ᠭᠠᠷᠭᠠᠵᠤ᠂ ᠠᠯᠪᠠᠨ ᠵᠢᠷᠤᠮ ᠤ᠋ᠨ ᠰᠤᠷᠭᠠᠨ ᠬᠥᠮᠦᠵᠢᠯ ᠢ᠋ ᠬᠡᠷᠡᠭᠵᠢᠭᠦᠯᠦᠨ᠎ᠡ᠃

  ᠬᠣᠷᠢᠨ ᠨᠢᠭᠡᠳᠦᠭᠡᠷ ᠵᠦᠢᠯ   ᠠᠯᠪᠠᠨ ᠵᠢᠷᠤᠮ ᠤ᠋ᠨ ᠰᠤᠷᠭᠠᠨ ᠬᠥᠮᠦᠵᠢᠯ ᠲᠡᠭᠦᠰᠭᠡᠭᠰᠡᠨ ᠦᠭᠡᠢ ᠨᠠᠰᠤᠨ ᠳ᠋ᠤ᠌ ᠦᠯᠦ ᠬᠦᠷᠦᠭᠰᠡᠨ ᠶᠠᠯᠠᠲᠠᠨ ᠪᠠ ᠠᠯᠪᠠᠳᠠᠯᠭ᠎ᠠ ᠶ᠋ᠢᠨ ᠴᠢᠨᠠᠷᠲᠠᠢ ᠰᠤᠷᠭᠠᠨ ᠬᠥᠮᠦᠵᠢᠭᠦᠯᠬᠦ ᠠᠷᠭ᠎ᠠ ᠬᠡᠮᠵᠢᠶ᠎ᠡ ᠠᠪᠤᠭᠤᠯᠵᠤ ᠪᠠᠢᠭ᠎ᠠ ᠨᠠᠰᠤᠨ ᠳ᠋ᠤ᠌ ᠦᠯᠦ ᠬᠦᠷᠦᠭᠰᠡᠳ ᠲᠦ᠍ ᠠᠯᠪᠠᠨ ᠵᠢᠷᠤᠮ ᠤ᠋ᠨ ᠰᠤᠷᠭᠠᠨ ᠬᠥᠮᠦᠵᠢᠯ ᠬᠦᠷᠲᠡᠭᠡᠬᠦ ᠬᠡᠷᠡᠭᠲᠡᠢ᠂ ᠬᠡᠷᠡᠭᠰᠡᠬᠦ ᠵᠠᠷᠤᠳᠠᠯ ᠢ᠋ ᠨᠢ ᠠᠷᠠᠳ ᠤ᠋ᠨ ᠵᠠᠰᠠᠭ ᠤ᠋ᠨ ᠣᠷᠳᠣᠨ ᠠ᠋ᠴᠠ ᠪᠠᠲᠤᠯᠠᠨ᠎ᠠ᠃

  ᠬᠣᠷᠢᠨ ᠬᠣᠶᠠᠳᠤᠭᠠᠷ ᠵᠦᠢᠯ   ᠱᠢᠶᠠᠨ ᠤ᠋ ᠱᠠᠲᠤᠨ ᠠ᠋ᠴᠠ ᠳᠡᠭᠡᠭᠱᠢᠬᠢ ᠠᠷᠠᠳ ᠤ᠋ᠨ ᠵᠠᠰᠠᠭ ᠤ᠋ᠨ ᠣᠷᠳᠣᠨ ᠵᠢᠴᠢ ᠲᠡᠭᠦᠨ ᠦ᠌ ᠰᠤᠷᠭᠠᠨ ᠬᠥᠮᠦᠵᠢᠯ ᠦ᠋ᠨ ᠵᠠᠰᠠᠭ ᠵᠠᠬᠢᠷᠭᠠᠨ ᠤ᠋ ᠰᠠᠯᠠᠭ᠎ᠠ ᠮᠥᠴᠢᠷ ᠰᠤᠷᠭᠠᠭᠤᠯᠢ ᠶ᠋ᠢᠨ ᠲᠡᠩᠴᠡᠭᠦᠷᠢᠲᠡᠢ ᠬᠥᠭᠵᠢᠯᠲᠡ ᠶ᠋ᠢ ᠠᠬᠢᠭᠤᠯᠵᠤ᠂ ᠰᠤᠷᠭᠠᠭᠤᠯᠢ ᠶ᠋ᠢᠨ ᠬᠣᠭᠣᠷᠣᠨᠳᠣᠬᠢ ᠰᠤᠷᠭᠠᠭᠤᠯᠢ ᠡᠷᠬᠢᠯᠡᠬᠦ ᠨᠥᠬᠥᠴᠡᠯ ᠦ᠋ᠨ ᠵᠥᠷᠢᠶ᠎ᠡ ᠶ᠋ᠢ ᠪᠠᠭᠠᠰᠬᠠᠬᠤ ᠬᠡᠷᠡᠭᠲᠡᠢ᠂ ᠰᠤᠷᠭᠠᠭᠤᠯᠢ ᠶ᠋ᠢ ᠭᠣᠣᠯᠳᠠᠯᠭᠠᠲᠤ ᠰᠤᠷᠭᠠᠭᠤᠯᠢ ᠪᠠ ᠭᠣᠣᠯᠳᠠᠯᠭᠠᠲᠤ ᠪᠤᠰᠤ ᠰᠤᠷᠭᠠᠭᠤᠯᠢ ᠭᠡᠵᠦ ᠬᠤᠪᠢᠶᠠᠵᠤ ᠪᠣᠯᠬᠤ ᠦᠭᠡᠢ᠃ ᠰᠤᠷᠭᠠᠭᠤᠯᠢ ᠭᠣᠣᠯᠳᠠᠯᠭᠠᠲᠤ ᠠᠩᠭᠢ ᠪᠠ ᠭᠣᠣᠯᠳᠠᠯᠭᠠᠲᠤ ᠪᠤᠰᠤ ᠠᠩᠭᠢ ᠭᠡᠵᠦ ᠲᠤᠰ ᠲᠤ᠌ ᠨᠢ ᠬᠤᠪᠢᠶᠠᠵᠤ ᠪᠣᠯᠬᠤ ᠦᠭᠡᠢ᠃

  ᠱᠢᠶᠠᠨ ᠤ᠋ ᠱᠠᠲᠤᠨ ᠠ᠋ᠴᠠ ᠳᠡᠭᠡᠭᠱᠢᠬᠢ ᠠᠷᠠᠳ ᠤ᠋ᠨ ᠵᠠᠰᠠᠭ ᠤ᠋ᠨ ᠣᠷᠳᠣᠨ ᠵᠢᠴᠢ ᠲᠡᠭᠦᠨ ᠦ᠌ ᠰᠤᠷᠭᠠᠨ ᠬᠥᠮᠦᠵᠢᠯ ᠦ᠋ᠨ ᠵᠠᠰᠠᠭ ᠵᠠᠬᠢᠷᠭᠠᠨ ᠤ᠋ ᠰᠠᠯᠠᠭ᠎ᠠ ᠮᠥᠴᠢᠷ ᠨᠢ ᠠᠯᠪᠠᠨ ᠠ᠋ᠴᠠ ᠡᠷᠬᠢᠯᠡᠭᠰᠡᠨ ᠰᠤᠷᠭᠠᠭᠤᠯᠢ ᠶ᠋ᠢᠨ ᠱᠢᠨᠵᠢ ᠴᠢᠨᠠᠷ ᠢ᠋ ᠶᠠᠮᠠᠷᠪᠠ ᠨᠡᠷ᠎ᠡ ᠪᠡᠷ ᠬᠤᠪᠢᠷᠠᠭᠤᠯᠬᠤ ᠪᠤᠶᠤ ᠬᠡᠯᠪᠡᠷᠢ ᠶ᠋ᠢ ᠨᠢ ᠥᠭᠡᠷᠡᠲᠦᠭᠦᠯᠦᠨ ᠬᠤᠪᠢᠷᠠᠭᠤᠯᠵᠤ ᠪᠣᠯᠬᠤ ᠦᠭᠡᠢ᠃

  ᠬᠣᠷᠢᠨ ᠭᠤᠷᠪᠠᠳᠤᠭᠠᠷ ᠵᠦᠢᠯ   ᠡᠯ᠎ᠡ ᠱᠠᠲᠤᠨ ᠤ᠋ ᠠᠷᠠᠳ ᠤ᠋ᠨ ᠵᠠᠰᠠᠭ ᠤ᠋ᠨ ᠣᠷᠳᠣᠨ ᠵᠢᠴᠢ ᠲᠡᠭᠦᠨ ᠦ᠌ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢ ᠬᠠᠤᠯᠢ ᠶᠣᠰᠣᠭᠠᠷ ᠰᠤᠷᠭᠠᠭᠤᠯᠢ ᠶ᠋ᠢᠨ ᠡᠷᠭᠢᠨ ᠲᠣᠭᠣᠷᠢᠨ ᠤ᠋ ᠡᠮᠬᠢ ᠵᠢᠷᠤᠮ ᠢ᠋ ᠬᠠᠮᠠᠭᠠᠯᠠᠵᠤ᠂ ᠰᠤᠷᠤᠭᠴᠢ᠂ ᠪᠠᠭᠱᠢ᠂ ᠰᠤᠷᠭᠠᠭᠤᠯᠢ ᠶ᠋ᠢᠨ ᠬᠠᠤᠯᠢ ᠶᠣᠰᠣᠨ ᠤ᠋ ᠡᠷᠬᠡ ᠠᠱᠢᠭ ᠢ᠋ ᠬᠠᠮᠠᠭᠠᠯᠠᠵᠤ᠂ ᠰᠤᠷᠭᠠᠭᠤᠯᠢ ᠳ᠋ᠤ᠌ ᠠᠶᠤᠯᠭᠦᠢ ᠶ᠋ᠢᠨ ᠪᠠᠲᠤᠯᠠᠭ᠎ᠠ ᠬᠠᠩᠭᠠᠨ᠎ᠠ᠃

  ᠬᠣᠷᠢᠨ ᠳᠥᠷᠪᠡᠳᠦᠭᠡᠷ ᠵᠦᠢᠯ   ᠰᠤᠷᠭᠠᠭᠤᠯᠢ ᠠ᠋ᠴᠠ ᠠᠶᠤᠯᠭᠦᠢ ᠶ᠋ᠢᠨ ᠳᠦᠷᠢᠮ ᠪᠠ ᠪᠠᠴᠢᠮ ᠪᠠᠢᠳᠠᠯ ᠢ᠋ ᠠᠷᠭᠠᠴᠠᠬᠤ ᠲᠣᠭᠲᠠᠴᠠ ᠶ᠋ᠢ ᠪᠠᠢᠭᠤᠯᠤᠨ ᠲᠡᠭᠦᠯᠳᠡᠷᠵᠢᠭᠦᠯᠵᠦ᠂ ᠰᠤᠷᠤᠭᠴᠢᠳ ᠲᠤ᠌ ᠠᠶᠤᠯᠭᠦᠢ ᠶ᠋ᠢᠨ ᠬᠥᠮᠦᠵᠢᠯ ᠬᠢᠵᠦ᠂ ᠬᠠᠮᠢᠶᠠᠷᠤᠯᠲᠠ ᠪᠠᠨ ᠴᠢᠩᠭᠠᠳᠭᠠᠵᠤ᠂ ᠳᠠᠯᠳᠠ ᠭᠡᠮ ᠢ᠋ ᠴᠠᠭ ᠲᠤᠬᠠᠢ ᠳ᠋ᠤ᠌ ᠨᠢ ᠠᠷᠢᠯᠭᠠᠵᠤ᠂ ᠡ᠊ᠨᠳᠡᠯ ᠭᠠᠷᠬᠤ ᠶ᠋ᠢ ᠤᠷᠢᠳᠴᠢᠯᠠᠨ ᠰᠡᠷᠭᠡᠢᠯᠡᠬᠦ ᠬᠡᠷᠡᠭᠲᠡᠢ᠃

  ᠱᠢᠶᠠᠨ ᠤ᠋ ᠱᠠᠲᠤᠨ ᠠ᠋ᠴᠠ ᠳᠡᠭᠡᠭᠱᠢᠬᠢ ᠣᠷᠣᠨ ᠨᠤᠲᠤᠭ ᠤ᠋ᠨ ᠠᠷᠠᠳ ᠤ᠋ᠨ ᠵᠠᠰᠠᠭ ᠤ᠋ᠨ ᠣᠷᠳᠣᠨ ᠠ᠋ᠴᠠ ᠰᠤᠷᠭᠠᠭᠤᠯᠢ ᠶ᠋ᠢᠨ ᠭᠡᠷ ᠪᠠᠢᠱᠢᠩ ᠤ᠋ᠨ ᠠᠶᠤᠯᠭᠦᠢ ᠶ᠋ᠢ ᠲᠣᠭᠲᠠᠮᠠᠯ ᠬᠤᠭᠤᠴᠠᠭ᠎ᠠ ᠲᠠᠢ ᠪᠠᠷ ᠪᠠᠢᠴᠠᠭᠠᠨ᠎ᠠ; ᠰᠡᠯᠪᠢᠨ ᠵᠠᠰᠠᠵᠤ᠂ ᠥᠭᠡᠷᠡᠴᠢᠯᠡᠬᠦ ᠴᠢᠬᠤᠯᠠᠲᠠᠢ ᠪᠠᠢᠪᠠᠯ ᠴᠠᠭ ᠲᠤᠬᠠᠢ ᠳ᠋ᠤ᠌ ᠨᠢ ᠰᠡᠯᠪᠢᠨ ᠵᠠᠰᠠᠵᠤ᠂ ᠥᠭᠡᠷᠡᠴᠢᠯᠡᠬᠦ ᠬᠡᠷᠡᠭᠲᠡᠢ᠃

  ᠰᠤᠷᠭᠠᠭᠤᠯᠢ ᠨᠢ ᠵᠣᠷᠢᠭᠤᠳᠠ ᠶᠠᠯ᠎ᠠ ᠬᠢᠵᠦ ᠬᠠᠤᠯᠢ ᠶᠣᠰᠣᠭᠠᠷ ᠤᠯᠤᠰ ᠲᠥᠷᠥ ᠶ᠋ᠢᠨ ᠡᠷᠬᠡ ᠪᠡᠨ ᠬᠠᠰᠤᠭᠤᠯᠤᠭᠰᠠᠨ ᠬᠥᠮᠦᠨ ᠪᠤᠶᠤ ᠠᠯᠪᠠᠨ ᠵᠢᠷᠤᠮ ᠤ᠋ᠨ ᠰᠤᠷᠭᠠᠨ ᠬᠥᠮᠦᠵᠢᠯ ᠦ᠋ᠨ ᠠᠵᠢᠯ ᠢ᠋ ᠬᠢᠬᠦ ᠳ᠋ᠦ᠍ ᠲᠣᠬᠢᠷᠠᠬᠤ ᠦᠭᠡᠢ ᠪᠤᠰᠤᠳ ᠬᠥᠮᠦᠨ ᠢ᠋ ᠤᠷᠢᠨ ᠬᠡᠷᠡᠭᠯᠡᠵᠦ ᠰᠤᠷᠭᠠᠭᠤᠯᠢ ᠶ᠋ᠢᠨ ᠠᠵᠢᠯᠲᠠᠨ ᠪᠣᠯᠭᠠᠵᠤ ᠪᠣᠯᠬᠤ ᠦᠭᠡᠢ᠃

  ᠬᠣᠷᠢᠨ ᠲᠠᠪᠤᠳᠤᠭᠠᠷ ᠵᠦᠢᠯ   ᠰᠤᠷᠭᠠᠭᠤᠯᠢ ᠨᠢ ᠤᠯᠤᠰ ᠤ᠋ᠨ ᠲᠣᠭᠲᠠᠭᠠᠯ ᠢ᠋ ᠵᠥᠷᠢᠴᠡᠵᠦ ᠰᠦᠢᠳᠭᠡᠯ ᠬᠤᠷᠢᠶᠠᠵᠤ ᠪᠣᠯᠬᠤ ᠦᠭᠡᠢ᠂ ᠰᠤᠷᠤᠭᠴᠢᠳ ᠲᠤ᠌ ᠲᠠᠸᠠᠷ᠂ ᠦᠢᠯᠡᠴᠢᠯᠡᠭᠡ ᠶ᠋ᠢ ᠪᠣᠷᠣᠯᠠᠭᠤᠯᠬᠤ ᠪᠤᠶᠤ ᠬᠡᠯᠪᠡᠷᠢ ᠶ᠋ᠢ ᠨᠢ ᠥᠭᠡᠷᠡᠲᠦᠭᠦᠯᠦᠨ ᠪᠣᠷᠣᠯᠠᠭᠤᠯᠬᠤ ᠵᠡᠷᠭᠡ ᠠᠷᠭ᠎ᠠ ᠬᠡᠯᠪᠡᠷᠢ ᠪᠡᠷ ᠠᠱᠢᠭ ᠲᠤᠰᠠ ᠣᠯᠵᠤ ᠪᠣᠯᠬᠤ ᠦᠭᠡᠢ᠃

  ᠬᠣᠷᠢᠨ ᠵᠢᠷᠭᠤᠳᠤᠭᠠᠷ ᠵᠦᠢᠯ   ᠰᠤᠷᠭᠠᠭᠤᠯᠢ ᠨᠢ ᠰᠤᠷᠭᠠᠭᠤᠯᠢ ᠶ᠋ᠢᠨ ᠵᠠᠬᠢᠷᠤᠯ ᠤ᠋ᠨ ᠬᠠᠷᠢᠭᠤᠴᠠᠬᠤ ᠳᠦᠷᠢᠮ ᠢ᠋ ᠬᠡᠷᠡᠭᠵᠢᠭᠦᠯᠦᠨ᠎ᠡ᠃ ᠰᠤᠷᠭᠠᠭᠤᠯᠢ ᠶ᠋ᠢᠨ ᠵᠠᠬᠢᠷᠤᠯ ᠨᠢ ᠤᠯᠤᠰ ᠠ᠋ᠴᠠ ᠲᠣᠭᠲᠠᠭᠠᠭᠰᠠᠨ ᠲᠤᠱᠢᠶᠠᠯ ᠡᠭᠦᠷᠭᠡᠯᠡᠬᠦ ᠨᠥᠬᠥᠴᠡᠯ ᠳ᠋ᠦ᠍ ᠨᠡᠢᠴᠡᠭᠰᠡᠨ ᠪᠠᠢᠬᠤ ᠬᠡᠷᠡᠭᠲᠡᠢ᠃ ᠰᠤᠷᠭᠠᠭᠤᠯᠢ ᠶ᠋ᠢᠨ ᠵᠠᠬᠢᠷᠤᠯ ᠢ᠋ ᠱᠢᠶᠠᠨ ᠤ᠋ ᠱᠠᠲᠤᠨ ᠤ᠋ ᠠᠷᠠᠳ ᠤ᠋ᠨ ᠵᠠᠰᠠᠭ ᠤ᠋ᠨ ᠣᠷᠳᠣᠨ ᠤ᠋ ᠰᠤᠷᠭᠠᠨ ᠬᠥᠮᠦᠵᠢᠯ ᠦ᠋ᠨ ᠵᠠᠰᠠᠭ ᠵᠠᠬᠢᠷᠭᠠᠨ ᠤ᠋ ᠰᠠᠯᠠᠭ᠎ᠠ ᠮᠥᠴᠢᠷ ᠡᠴᠡ ᠬᠠᠤᠯᠢ ᠶᠣᠰᠣᠭᠠᠷ ᠤᠷᠢᠵᠤ ᠲᠣᠮᠢᠯᠠᠨ᠎ᠠ᠃

  ᠬᠣᠷᠢᠨ ᠳᠣᠯᠣᠳᠤᠭᠠᠷ ᠵᠦᠢᠯ   ᠰᠤᠷᠭᠠᠭᠤᠯᠢ ᠶ᠋ᠢᠨ ᠬᠠᠮᠢᠶᠠᠷᠤᠯᠲᠠ ᠶ᠋ᠢᠨ ᠳᠦᠷᠢᠮ ᠢ᠋ ᠵᠥᠷᠢᠴᠡᠭᠰᠡᠨ ᠰᠤᠷᠤᠭᠴᠢᠳ ᠢ᠋ ᠰᠤᠷᠭᠠᠭᠤᠯᠢ ᠠ᠋ᠴᠠ ᠱᠢᠭᠦᠮᠵᠢᠯᠡᠨ ᠰᠤᠷᠭᠠᠬᠤ ᠬᠡᠷᠡᠭᠲᠡᠢ᠂ ᠰᠤᠷᠭᠠᠭᠤᠯᠢ ᠠ᠋ᠴᠠ ᠬᠥᠭᠡᠭᠡᠵᠦ ᠪᠣᠯᠬᠤ ᠦᠭᠡᠢ᠃

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ
蒙ICP 备0500604