ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠠᠯᠪᠠᠨ ᠵᠢᠷᠤᠮ ᠤ᠋ᠨ ᠰᠤᠷᠭᠠᠨ ᠬᠥᠮᠦᠵᠢᠯ ᠦ᠋ᠨ ᠬᠠᠤᠯᠢ(ᠳᠥᠷᠪᠡᠳᠦᠭᠡᠷ ᠪᠦᠯᠦᠭ)
2019.11.04

  (1986 ᠣᠨ ᠤ᠋ 4 ᠰᠠᠷ᠎ᠠ ᠶ᠋ᠢᠨ 12 ᠤ᠋ ᠡᠳᠦᠷ ᠵᠢᠷᠭᠤᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠳᠥᠷᠪᠡᠳᠦᠭᠡᠷ ᠬᠤᠷᠠᠯᠳᠤᠭᠠᠨ ᠠ᠋ᠴᠠ ᠪᠠᠲᠤᠯᠠᠪᠠ

 2006 ᠣᠨ ᠤ᠋ 6 ᠰᠠᠷ᠎ᠠ ᠶ᠋ᠢᠨ 29 ᠦ᠌ ᠡᠳᠦᠷ ᠠᠷᠪᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶᠠᠨ ᠤ᠋ ᠬᠣᠷᠢᠨ ᠬᠣᠶᠠᠳᠤᠭᠠᠷ ᠬᠤᠷᠠᠯᠳᠤᠭᠠᠨ ᠠ᠋ᠴᠠ ᠵᠠᠰᠠᠵᠤ ᠲᠣᠭᠲᠠᠭᠠᠪᠠ

  2015 ᠣᠨ ᠤ᠋ 4 ᠰᠠᠷ᠎ᠠ ᠶ᠋ᠢᠨ 24 ᠦ᠌ ᠡᠳᠦᠷ ᠦ᠋ᠨ ᠠᠷᠪᠠᠨ ᠬᠣᠶᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶᠠᠨ ᠤ᠋ ᠠᠷᠪᠠᠨ ᠳᠥᠷᠪᠡᠳᠦᠭᠡᠷ ᠬᠤᠷᠠᠯᠳᠤᠭᠠᠨ ᠤ᠋ 《<ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠠᠯᠪᠠᠨ ᠵᠢᠷᠤᠮ ᠤ᠋ᠨ ᠰᠤᠷᠭᠠᠨ ᠬᠥᠮᠦᠵᠢᠯ ᠦ᠋ᠨ ᠬᠠᠤᠯᠢ> ᠵᠡᠷᠭᠡ ᠲᠠᠪᠤᠨ ᠬᠠᠤᠯᠢ ᠳ᠋ᠤ᠌ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ》 ᠢ᠋ ᠦᠨᠳᠦᠰᠦᠯᠡᠨ ᠵᠠᠰᠠᠪᠠ)

 

 

    ᠳᠥᠷᠪᠡᠳᠦᠭᠡᠷ ᠪᠦᠯᠦᠭ   ᠪᠠᠭᠱᠢ

 

  ᠬᠣᠷᠢᠨ ᠨᠠᠢ᠍ᠮᠠᠳᠤᠭᠠᠷ ᠵᠦᠢᠯ   ᠪᠠᠭᠱᠢ ᠬᠠᠤᠯᠢ ᠪᠠᠷ ᠲᠣᠭᠲᠠᠭᠠᠭᠰᠠᠨ ᠡᠷᠬᠡ ᠶ᠋ᠢ ᠡᠳ᠋ᠯᠡᠬᠦ ᠪᠥᠭᠡᠳ ᠬᠠᠤᠯᠢ ᠪᠠᠷ ᠲᠣᠭᠲᠠᠭᠠᠭᠰᠠᠨ ᠡᠭᠦᠷᠭᠡ ᠪᠡᠨ ᠭᠦᠢᠴᠡᠳᠭᠡᠵᠦ᠂ ᠬᠥᠮᠦᠨ ᠳ᠋ᠦ᠍ ᠬᠡᠪ ᠳᠦᠷᠢᠮ ᠪᠣᠯᠵᠤ᠂ ᠠᠷᠠᠳ ᠤ᠋ᠨ ᠰᠤᠷᠭᠠᠨ ᠬᠥᠮᠦᠵᠢᠯ ᠦ᠋ᠨ ᠦᠢᠯᠡᠰ ᠲᠦ᠍ ᠦᠨᠡᠨᠴᠢ ᠱᠢᠳᠤᠷᠭᠤ ᠪᠠᠢᠬᠤ ᠬᠡᠷᠡᠭᠲᠡᠢ᠃

  ᠨᠡᠢᠭᠡᠮ ᠳᠠᠶᠠᠭᠠᠷ ᠢ᠋ᠶ᠋ᠠᠨ ᠪᠠᠭᠱᠢ ᠶ᠋ᠢ ᠬᠦᠨᠳᠦᠳᠭᠡᠬᠦ ᠬᠡᠷᠡᠭᠲᠡᠢ᠃

  ᠬᠣᠷᠢ ᠶᠢᠰᠦᠳᠦᠭᠡᠷ ᠵᠦᠢᠯ   ᠪᠠᠭᠱᠢ ᠰᠤᠷᠭᠠᠨ ᠬᠥᠮᠦᠵᠢᠭᠦᠯᠬᠦ ᠪᠠ ᠵᠢᠭᠠᠨ ᠰᠤᠷᠭᠠᠬᠤ ᠳᠤᠮᠳᠠ ᠪᠠᠨ ᠰᠤᠷᠤᠭᠴᠢᠳ ᠲᠤ᠌ ᠡᠷᠬᠡ ᠲᠡᠭᠱᠢ ᠪᠡᠷ ᠬᠠᠨᠳᠤᠵᠤ᠂ ᠰᠤᠷᠤᠭᠴᠢ ᠶ᠋ᠢᠨ ᠪᠣᠳᠠᠭᠠᠯᠢ ᠪᠡᠶ᠎ᠡ ᠶ᠋ᠢᠨ ᠵᠥᠷᠢᠶ᠎ᠡ ᠶ᠋ᠢ ᠠᠩᠬᠠᠷᠴᠤ᠂ ᠪᠠᠢᠳᠠᠯ ᠳ᠋ᠤ᠌ ᠨᠢ ᠲᠣᠬᠢᠷᠠᠭᠤᠯᠤᠨ ᠵᠢᠭᠠᠨ ᠰᠤᠷᠭᠠᠵᠤ᠂ ᠰᠤᠷᠤᠭᠴᠢ ᠶ᠋ᠢᠨ ᠭᠦᠢᠴᠡᠳ ᠬᠥᠭᠵᠢᠯᠲᠡ ᠶ᠋ᠢ ᠠᠬᠢᠭᠤᠯᠬᠤ ᠬᠡᠷᠡᠭᠲᠡᠢ᠃

  ᠪᠠᠭᠱᠢ ᠨᠢ ᠰᠤᠷᠤᠭᠴᠢ ᠶ᠋ᠢᠨ ᠨᠡᠷ᠎ᠡ ᠲᠥᠷᠥ ᠶ᠋ᠢ ᠬᠦᠨᠳᠦᠳᠭᠡᠬᠦ ᠬᠡᠷᠡᠭᠲᠡᠢ᠂ ᠰᠤᠷᠤᠭᠴᠢ ᠶ᠋ᠢ ᠭᠠᠳᠠᠭᠤᠷᠴᠢᠯᠠᠵᠤ ᠪᠣᠯᠬᠤ ᠦᠭᠡᠢ᠂ ᠰᠤᠷᠤᠭᠴᠢ ᠶ᠋ᠢ ᠲᠠᠮᠤᠯᠠᠬᠤ᠂ ᠬᠡᠯᠪᠡᠷᠢ ᠶ᠋ᠢ ᠨᠢ ᠥᠭᠡᠷᠡᠲᠦᠭᠦᠯᠦᠨ ᠲᠠᠮᠤᠯᠠᠬᠤ ᠪᠤᠶᠤ ᠨᠡᠷ᠎ᠡ ᠲᠥᠷᠥ ᠨᠡᠷ᠎ᠡ ᠬᠦᠨᠳᠦ ᠶ᠋ᠢ ᠭᠤᠲᠤᠭᠠᠭᠰᠠᠨ ᠪᠤᠰᠤᠳ ᠦᠢᠯᠡ ᠠᠵᠢᠯᠯᠠᠭ᠎ᠠ ᠶ᠋ᠢ ᠬᠢᠵᠦ ᠪᠣᠯᠬᠤ ᠦᠭᠡᠢ᠂ ᠰᠤᠷᠤᠭᠴᠢᠳ ᠤ᠋ᠨ ᠬᠠᠤᠯᠢ ᠶᠣᠰᠣᠨ ᠤ᠋ ᠡᠷᠬᠡ ᠠᠱᠢᠭ ᠲᠤ᠌ ᠬᠠᠯᠳᠠᠵᠤ ᠪᠣᠯᠬᠤ ᠦᠭᠡᠢ᠃

  ᠭᠤᠴᠢᠳᠤᠭᠠᠷ ᠵᠦᠢᠯ   ᠪᠠᠭᠱᠢ ᠤᠯᠤᠰ ᠠ᠋ᠴᠠ ᠲᠣᠭᠲᠠᠭᠠᠭᠰᠠᠨ ᠪᠠᠭᠱᠢ ᠶ᠋ᠢᠨ ᠬᠢᠷᠢ ᠭᠡᠮ ᠢ᠋ ᠣᠯᠤᠭᠰᠠᠨ ᠪᠠᠢᠬᠤ ᠬᠡᠷᠡᠭᠲᠡᠢ᠃

  ᠤᠯᠤᠰ ᠠ᠋ᠴᠠ ᠨᠢᠭᠡᠳᠦᠯᠲᠡᠢ ᠠᠯᠪᠠᠨ ᠵᠢᠷᠤᠮ ᠤ᠋ᠨ ᠰᠤᠷᠭᠠᠨ ᠬᠥᠮᠦᠵᠢᠯ ᠦ᠋ᠨ ᠪᠠᠭᠱᠢ ᠶ᠋ᠢᠨ ᠲᠤᠱᠢᠶᠠᠯ ᠤ᠋ᠨ ᠳᠦᠷᠢᠮ ᠢ᠋ ᠪᠠᠢᠭᠤᠯᠤᠨ᠎ᠠ᠃ ᠪᠠᠭᠱᠢ ᠶ᠋ᠢᠨ ᠲᠤᠱᠢᠶᠠᠯ ᠢ᠋ ᠠᠩᠬ᠎ᠠ ᠵᠡᠷᠭᠡ ᠶ᠋ᠢᠨ ᠲᠤᠱᠢᠶᠠᠯ᠂ ᠳᠤᠮᠳᠠ ᠵᠡᠷᠭᠡ ᠶ᠋ᠢᠨ ᠲᠤᠱᠢᠶᠠᠯ ᠪᠣᠯᠤᠨ ᠳᠡᠭᠡᠳᠦ ᠵᠡᠷᠭᠡ ᠶ᠋ᠢᠨ ᠲᠤᠱᠢᠶᠠᠯ ᠭᠡᠵᠦ ᠬᠤᠪᠢᠶᠠᠨ᠎ᠠ᠃

  ᠭᠤᠴᠢᠨ ᠨᠢᠭᠡᠳᠦᠭᠡᠷ ᠵᠦᠢᠯ   ᠡᠯ᠎ᠡ ᠱᠠᠲᠤᠨ ᠤ᠋ ᠠᠷᠠᠳ ᠤ᠋ᠨ ᠵᠠᠰᠠᠭ ᠤ᠋ᠨ ᠣᠷᠳᠣᠨ ᠪᠠᠭᠱᠢ ᠶ᠋ᠢᠨ ᠴᠠᠯᠢᠩ ᠠᠰᠠᠷᠠᠮᠵᠢ ᠪᠣᠯᠤᠨ ᠨᠡᠢᠭᠡᠮ ᠦ᠋ᠨ ᠳᠠᠭᠠᠳᠭᠠᠯ ᠤ᠋ᠨ ᠬᠠᠷᠠᠭᠠᠯᠵᠠᠯ ᠢ᠋ ᠪᠠᠲᠤᠯᠠᠵᠤ᠂ ᠪᠠᠭᠱᠢ ᠶ᠋ᠢᠨ ᠠᠵᠢᠯ ᠪᠠ ᠠᠮᠢᠳᠤᠷᠠᠯ ᠤ᠋ᠨ ᠨᠥᠬᠥᠴᠡᠯ ᠢ᠋ ᠰᠠᠢᠵᠢᠷᠠᠭᠤᠯᠤᠨ᠎ᠠ; ᠬᠥᠳᠡᠭᠡ ᠲᠣᠰᠭᠣᠨ ᠤ᠋ ᠪᠠᠭᠱᠢ ᠶ᠋ᠢᠨ ᠴᠠᠯᠢᠩ ᠵᠠᠷᠤᠳᠠᠯ ᠤ᠋ᠨ ᠪᠠᠲᠤᠯᠠᠭ᠎ᠠ ᠶ᠋ᠢᠨ ᠲᠣᠭᠲᠠᠴᠠ ᠶ᠋ᠢ ᠲᠡᠭᠦᠯᠳᠡᠷᠵᠢᠭᠦᠯᠦᠨ᠎ᠡ᠃

  ᠪᠠᠭᠱᠢ ᠶ᠋ᠢᠨ ᠳᠤᠮᠳᠠᠴᠢ ᠴᠠᠯᠢᠩ ᠤ᠋ᠨ ᠬᠢᠷᠢ ᠲᠦᠪᠱᠢᠨ ᠢ᠋ ᠲᠤᠬᠠᠢ ᠶ᠋ᠢᠨ ᠭᠠᠵᠠᠷ ᠤ᠋ᠨ ᠠᠯᠪᠠᠲᠠᠨ ᠤ᠋ ᠳᠤᠮᠳᠠᠴᠢ ᠴᠠᠯᠢᠩ ᠤ᠋ᠨ ᠬᠢᠷᠢ ᠲᠦᠪᠱᠢᠨ ᠡᠴᠡ ᠳᠣᠣᠷ᠎ᠠ ᠦᠭᠡᠢ ᠪᠠᠢᠯᠭᠠᠬᠤ ᠬᠡᠷᠡᠭᠲᠡᠢ᠃

  ᠣᠨᠴᠠᠭᠠᠢ ᠰᠤᠷᠭᠠᠨ ᠬᠥᠮᠦᠵᠢᠯ ᠦ᠋ᠨ ᠪᠠᠭᠱᠢ ᠳ᠋ᠤ᠌ ᠣᠨᠴᠠᠭᠠᠢ ᠠᠵᠢᠯ ᠤ᠋ᠨ ᠪᠠᠢᠷᠢ ᠶ᠋ᠢᠨ ᠨᠥᠬᠥᠪᠥᠷᠢ ᠨᠡᠮᠡᠯᠭᠡ ᠮᠥᠩᠭᠥ ᠣᠯᠭᠣᠨ᠎ᠠ᠃ ᠦᠨᠳᠦᠰᠦᠲᠡᠨ ᠦ᠌ ᠭᠠᠵᠠᠷ ᠣᠷᠣᠨ ᠪᠠ ᠵᠠᠬ᠎ᠠ ᠬᠢᠵᠠᠭᠠᠷ ᠤ᠋ᠨ ᠶᠠᠳᠠᠭᠤ ᠬᠦᠴᠢᠷᠳᠡᠯᠲᠡᠢ ᠭᠠᠵᠠᠷ ᠣᠷᠣᠨ ᠳ᠋ᠤ᠌ ᠠᠵᠢᠯᠯᠠᠵᠤ ᠪᠠᠢᠭ᠎ᠠ ᠪᠠᠭᠱᠢ ᠳ᠋ᠤ᠌ ᠬᠠᠲᠠᠭᠤ ᠪᠡᠷᠬᠡ ᠶᠠᠳᠠᠭᠤ ᠬᠦᠴᠢᠷᠳᠡᠯᠲᠡᠢ ᠭᠠᠵᠠᠷ ᠣᠷᠣᠨ ᠤ᠋ ᠨᠥᠬᠥᠪᠥᠷᠢ ᠨᠡᠮᠡᠯᠭᠡ ᠮᠥᠩᠭᠥ ᠣᠯᠭᠣᠨ᠎ᠠ᠃

  ᠭᠤᠴᠢᠨ ᠬᠣᠶᠠᠳᠤᠭᠠᠷ ᠵᠦᠢᠯ   ᠱᠢᠶᠠᠨ ᠤ᠋ ᠱᠠᠲᠤᠨ ᠠ᠋ᠴᠠ ᠳᠡᠭᠡᠭᠱᠢᠬᠢ ᠠᠷᠠᠳ ᠤ᠋ᠨ ᠵᠠᠰᠠᠭ ᠤ᠋ᠨ ᠣᠷᠳᠣᠨ ᠠ᠋ᠴᠠ ᠪᠠᠭᠱᠢ ᠶ᠋ᠢ ᠬᠥᠮᠦᠵᠢᠭᠦᠯᠬᠦ ᠠᠵᠢᠯ ᠢ᠋ ᠴᠢᠩᠭᠠᠳᠭᠠᠵᠤ᠂ ᠠᠷᠭ᠎ᠠ ᠬᠡᠮᠵᠢᠶ᠎ᠡ ᠠᠪᠴᠤ ᠪᠠᠢᠭᠠᠳ ᠪᠠᠭᠱᠢ ᠶ᠋ᠢᠨ ᠰᠤᠷᠭᠠᠨ ᠬᠥᠮᠦᠵᠢᠯ ᠢ᠋ ᠬᠥᠭᠵᠢᠭᠦᠯᠬᠦ ᠬᠡᠷᠡᠭᠲᠡᠢ᠃

  ᠱᠢᠶᠠᠨ ᠤ᠋ ᠱᠠᠲᠤᠨ ᠤ᠋ ᠠᠷᠠᠳ ᠤ᠋ᠨ ᠵᠠᠰᠠᠭ ᠤ᠋ᠨ ᠣᠷᠳᠣᠨ ᠤ᠋ ᠰᠤᠷᠭᠠᠨ ᠬᠥᠮᠦᠵᠢᠯ ᠦ᠋ᠨ ᠵᠠᠰᠠᠭ ᠵᠠᠬᠢᠷᠭᠠᠨ ᠤ᠋ ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ ᠤ᠋ ᠣᠷᠣᠨ ᠳ᠋ᠠᠬᠢ ᠰᠤᠷᠭᠠᠭᠤᠯᠢ ᠶ᠋ᠢᠨ ᠪᠠᠭᠰᠢᠯᠠᠭᠴᠢᠳ ᠤ᠋ᠨ ᠬᠦᠴᠦᠨ ᠢ᠋ ᠲᠡᠩᠴᠡᠭᠦᠷᠢᠲᠡᠢ ᠲᠣᠬᠢᠷᠠᠭᠤᠯᠵᠤ᠂ ᠰᠤᠷᠭᠠᠭᠤᠯᠢ ᠶ᠋ᠢᠨ ᠵᠠᠬᠢᠷᠤᠯ᠂ ᠪᠠᠭᠱᠢ ᠶ᠋ᠢᠨ ᠪᠣᠯᠪᠠᠰᠣᠷᠠᠭᠤᠯᠤᠯ ᠪᠠ ᠱᠢᠯᠵᠢᠯᠲᠡ ᠶ᠋ᠢ ᠵᠣᠬᠢᠶᠠᠨ ᠪᠠᠢᠭᠤᠯᠵᠤ᠂ ᠪᠠᠭᠤᠷᠠᠢ ᠰᠤᠷᠭᠠᠭᠤᠯᠢ ᠶ᠋ᠢᠨ ᠪᠦᠲᠦᠭᠡᠨ ᠪᠠᠢᠭᠤᠯᠤᠯᠲᠠ ᠶ᠋ᠢ ᠴᠢᠩᠭᠠᠳᠭᠠᠬᠤ ᠬᠡᠷᠡᠭᠲᠡᠢ᠃

  ᠭᠤᠴᠢᠨ ᠭᠤᠷᠪᠠᠳᠤᠭᠠᠷ ᠵᠦᠢᠯ   ᠲᠥᠷᠥ ᠶ᠋ᠢᠨ ᠶᠠᠪᠤᠳᠠᠯ ᠤ᠋ᠨ ᠬᠣᠷᠢᠶ᠎ᠠ ᠪᠣᠯᠤᠨ ᠣᠷᠣᠨ ᠨᠤᠲᠤᠭ ᠤ᠋ᠨ ᠡᠯ᠎ᠡ ᠱᠠᠲᠤᠨ ᠤ᠋ ᠠᠷᠠᠳ ᠤ᠋ᠨ ᠵᠠᠰᠠᠭ ᠤ᠋ᠨ ᠣᠷᠳᠣᠨ ᠠ᠋ᠴᠠ ᠬᠣᠲᠠ ᠶ᠋ᠢᠨ ᠰᠤᠷᠭᠠᠭᠤᠯᠢ ᠶ᠋ᠢᠨ ᠪᠠᠭᠰᠢ ᠨᠠᠷ ᠪᠠ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤ᠋ᠨ ᠬᠥᠳᠡᠭᠡ ᠲᠣᠰᠭᠣᠨ ᠤ᠋ ᠭᠠᠵᠠᠷ ᠣᠷᠣᠨ᠂ ᠦᠨᠳᠦᠰᠦᠲᠡᠨ ᠦ᠌ ᠭᠠᠵᠠᠷ ᠣᠷᠣᠨ ᠳ᠋ᠤ᠌ ᠣᠴᠢᠵᠤ ᠠᠯᠪᠠᠨ ᠵᠢᠷᠤᠮ ᠤ᠋ᠨ ᠰᠤᠷᠭᠠᠨ ᠬᠥᠮᠦᠵᠢᠯ ᠦ᠋ᠨ ᠠᠵᠢᠯ ᠬᠢᠬᠦ ᠶ᠋ᠢ ᠵᠣᠷᠢᠭᠵᠢᠭᠤᠯᠤᠨ ᠳᠡᠮᠵᠢᠨ᠎ᠡ᠃

  ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤ᠋ᠨ ᠰᠠᠢᠨ ᠳᠤᠷ᠎ᠠ ᠶ᠋ᠢᠨ ᠠᠵᠢᠯᠯᠠᠭᠴᠢ ᠶ᠋ᠢᠨ ᠠᠷᠭ᠎ᠠ ᠮᠠᠶᠢᠭ ᠢ᠋ᠶ᠋ᠠᠷ ᠬᠥᠳᠡᠭᠡ ᠲᠣᠰᠭᠣᠨ ᠤ᠋ ᠭᠠᠵᠠᠷ ᠣᠷᠣᠨ᠂ ᠦᠨᠳᠦᠰᠦᠲᠡᠨ ᠦ᠌ ᠭᠠᠵᠠᠷ ᠣᠷᠣᠨ ᠤ᠋ ᠪᠠᠭᠱᠢ ᠳᠤᠲᠠᠭᠳᠠᠵᠤ ᠪᠠᠢᠭ᠎ᠠ ᠰᠤᠷᠭᠠᠭᠤᠯᠢ ᠳ᠋ᠤ᠌ ᠣᠴᠢᠵᠤ ᠪᠠᠭᠱᠢᠯᠠᠬᠤ ᠶ᠋ᠢ ᠤᠯᠤᠰ ᠠ᠋ᠴᠠ ᠵᠣᠷᠢᠭᠵᠢᠭᠤᠯᠤᠨ᠎ᠠ᠃ ᠱᠢᠶᠠᠨ ᠤ᠋ ᠱᠠᠲᠤᠨ ᠤ᠋ ᠠᠷᠠᠳ ᠤ᠋ᠨ ᠵᠠᠰᠠᠭ ᠤ᠋ᠨ ᠣᠷᠳᠣᠨ ᠤ᠋ ᠰᠤᠷᠭᠠᠨ ᠬᠥᠮᠦᠵᠢᠯ ᠦ᠋ᠨ ᠵᠠᠰᠠᠭ ᠵᠠᠬᠢᠷᠭᠠᠨ ᠤ᠋ ᠰᠠᠯᠠᠭ᠎ᠠ ᠮᠥᠴᠢᠷ ᠡᠴᠡ ᠲᠡᠳᠡ ᠨᠡᠷ ᠦ᠋ᠨ ᠪᠠᠭᠱᠢ ᠶ᠋ᠢᠨ ᠬᠢᠷᠢ ᠭᠡᠮ ᠢ᠋ ᠬᠠᠤᠯᠢ ᠶᠣᠰᠣᠭᠠᠷ ᠮᠠᠭᠠᠳᠯᠠᠨ ᠲᠣᠭᠲᠠᠭᠠᠵᠤ᠂ ᠪᠠᠭᠱᠢᠯᠠᠭᠰᠠᠨ ᠴᠠᠭ ᠬᠤᠭᠤᠴᠠᠭ᠎ᠠ ᠶ᠋ᠢ ᠨᠢ ᠠᠵᠢᠯᠯᠠᠭᠰᠠᠨ ᠵᠢᠯ ᠳ᠋ᠦ᠍ ᠪᠣᠳᠣᠵᠤ ᠣᠷᠣᠭᠤᠯᠤᠨ᠎ᠠ᠃

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ
蒙ICP 备0500604