ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠠᠯᠪᠠᠨ ᠵᠢᠷᠤᠮ ᠤ᠋ᠨ ᠰᠤᠷᠭᠠᠨ ᠬᠥᠮᠦᠵᠢᠯ ᠦ᠋ᠨ ᠬᠠᠤᠯᠢ(ᠲᠠᠪᠤᠳᠤᠭᠠᠷ ᠪᠦᠯᠦᠭ)
2019.11.04

  (1986 ᠣᠨ ᠤ᠋ 4 ᠰᠠᠷ᠎ᠠ ᠶ᠋ᠢᠨ 12 ᠤ᠋ ᠡᠳᠦᠷ ᠵᠢᠷᠭᠤᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠳᠥᠷᠪᠡᠳᠦᠭᠡᠷ ᠬᠤᠷᠠᠯᠳᠤᠭᠠᠨ ᠠ᠋ᠴᠠ ᠪᠠᠲᠤᠯᠠᠪᠠ

  2006 ᠣᠨ ᠤ᠋ 6 ᠰᠠᠷ᠎ᠠ ᠶ᠋ᠢᠨ 29 ᠦ᠌ ᠡᠳᠦᠷ ᠠᠷᠪᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶᠠᠨ ᠤ᠋ ᠬᠣᠷᠢᠨ ᠬᠣᠶᠠᠳᠤᠭᠠᠷ ᠬᠤᠷᠠᠯᠳᠤᠭᠠᠨ ᠠ᠋ᠴᠠ ᠵᠠᠰᠠᠵᠤ ᠲᠣᠭᠲᠠᠭᠠᠪᠠ

  2015 ᠣᠨ ᠤ᠋ 4 ᠰᠠᠷ᠎ᠠ ᠶ᠋ᠢᠨ 24 ᠦ᠌ ᠡᠳᠦᠷ ᠦ᠋ᠨ ᠠᠷᠪᠠᠨ ᠬᠣᠶᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶᠠᠨ ᠤ᠋ ᠠᠷᠪᠠᠨ ᠳᠥᠷᠪᠡᠳᠦᠭᠡᠷ ᠬᠤᠷᠠᠯᠳᠤᠭᠠᠨ ᠤ᠋ 《<ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠠᠯᠪᠠᠨ ᠵᠢᠷᠤᠮ ᠤ᠋ᠨ ᠰᠤᠷᠭᠠᠨ ᠬᠥᠮᠦᠵᠢᠯ ᠦ᠋ᠨ ᠬᠠᠤᠯᠢ> ᠵᠡᠷᠭᠡ ᠲᠠᠪᠤᠨ ᠬᠠᠤᠯᠢ ᠳ᠋ᠤ᠌ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ》 ᠢ᠋ ᠦᠨᠳᠦᠰᠦᠯᠡᠨ ᠵᠠᠰᠠᠪᠠ)

 

 

    ᠲᠠᠪᠤᠳᠤᠭᠠᠷ ᠪᠦᠯᠦᠭ   ᠰᠤᠷᠭᠠᠨ ᠬᠥᠮᠦᠵᠢᠭᠦᠯᠬᠦ ᠪᠠ ᠵᠢᠭᠠᠨ ᠰᠤᠷᠭᠠᠬᠤ

 

  ᠭᠤᠴᠢᠨ ᠳᠥᠷᠪᠡᠳᠦᠭᠡᠷ ᠵᠦᠢᠯ   ᠰᠤᠷᠭᠠᠨ ᠬᠥᠮᠦᠵᠢᠭᠦᠯᠬᠦ ᠪᠠ ᠵᠢᠭᠠᠨ ᠰᠤᠷᠭᠠᠬᠤ ᠠᠵᠢᠯ ᠢ᠋ ᠰᠤᠷᠭᠠᠨ ᠬᠥᠮᠦᠵᠢᠯ ᠦ᠋ᠨ ᠵᠢᠮ᠎ᠡ ᠶᠣᠰᠣ ᠪᠣᠯᠤᠨ ᠰᠤᠷᠤᠭᠴᠢᠳ ᠤ᠋ᠨ ᠪᠡᠶ᠎ᠡ ᠰᠡᠳᠭᠢᠯ ᠦ᠋ᠨ ᠬᠥᠭᠵᠢᠯᠲᠡ ᠶ᠋ᠢᠨ ᠣᠨᠴᠠᠯᠢᠭ ᠲᠠᠢ ᠨᠡᠢᠴᠡᠭᠦᠯᠵᠦ᠂ ᠪᠦᠬᠦ ᠰᠤᠷᠤᠭᠴᠢᠳ ᠲᠤ᠌ ᠴᠢᠭᠯᠡᠭᠦᠯᠵᠦ᠂ ᠪᠢᠴᠢᠭ ᠵᠢᠭᠠᠵᠤ ᠬᠥᠮᠦᠨ ᠢ᠋ ᠬᠥᠮᠦᠵᠢᠭᠦᠯᠵᠦ᠂ ᠶᠣᠰᠣ ᠮᠣᠷᠠᠯ ᠤ᠋ᠨ ᠬᠥᠮᠦᠵᠢᠯ᠂ ᠣᠶᠤᠨ ᠤᠬᠠᠭᠠᠨ ᠤ᠋ ᠬᠥᠮᠦᠵᠢᠯ᠂ ᠪᠡᠶ᠎ᠡ ᠶ᠋ᠢᠨ ᠲᠠᠮᠢᠷ ᠤ᠋ᠨ ᠬᠥᠮᠦᠵᠢᠯ᠂ ᠭᠤᠸ᠎ᠠ ᠰᠠᠢᠬᠠᠨ ᠤ᠋ ᠬᠥᠮᠦᠵᠢᠯ ᠵᠡᠷᠭᠡ ᠶ᠋ᠢ ᠰᠤᠷᠭᠠᠨ ᠬᠥᠮᠦᠵᠢᠭᠦᠯᠬᠦ ᠪᠠ ᠵᠢᠭᠠᠨ ᠰᠤᠷᠭᠠᠬᠤ ᠠᠵᠢᠯᠯᠠᠭ᠎ᠠ ᠶ᠋ᠢᠨ ᠳᠤᠮᠳᠠ ᠣᠷᠭᠠᠨᠢᠭ ᠢ᠋ᠶ᠋ᠠᠷ ᠨᠢᠭᠡᠳᠭᠡᠵᠦ᠂ ᠰᠤᠷᠤᠭᠴᠢᠳ ᠤ᠋ᠨ ᠪᠡᠶ᠎ᠡ ᠪᠡᠨ ᠳᠠᠭᠠᠭᠠᠵᠤ ᠰᠡᠳᠭᠢᠬᠦ ᠴᠢᠳᠠᠪᠤᠷᠢ᠂ ᠱᠢᠨ᠎ᠡ ᠶ᠋ᠢ ᠡᠭᠦᠳᠬᠦ ᠴᠢᠳᠠᠪᠤᠷᠢ ᠪᠠ ᠦᠢᠯᠡᠳᠦᠯᠭᠡ ᠬᠢᠬᠦ ᠴᠢᠳᠠᠪᠤᠷᠢ ᠶ᠋ᠢ ᠴᠢᠬᠤᠯᠠᠴᠢᠯᠠᠨ ᠬᠥᠮᠦᠵᠢᠭᠦᠯᠵᠦ᠂ ᠰᠤᠷᠤᠭᠴᠢᠳ ᠤ᠋ᠨ ᠪᠦᠬᠦ ᠲᠠᠯ᠎ᠠ ᠶ᠋ᠢᠨ ᠬᠥᠭᠵᠢᠯᠲᠡ ᠶ᠋ᠢ ᠠᠬᠢᠭᠤᠯᠬᠤ ᠬᠡᠷᠡᠭᠲᠡᠢ᠃

  ᠭᠤᠴᠢᠨ ᠲᠠᠪᠤᠳᠤᠭᠠᠷ ᠵᠦᠢᠯ   ᠲᠥᠷᠥ ᠶ᠋ᠢᠨ ᠶᠠᠪᠤᠳᠠᠯ ᠤ᠋ᠨ ᠬᠣᠷᠢᠶᠠᠨ ᠤ᠋ ᠰᠤᠷᠭᠠᠨ ᠬᠥᠮᠦᠵᠢᠯ ᠦ᠋ᠨ ᠵᠠᠰᠠᠭ ᠵᠠᠬᠢᠷᠭᠠᠨ ᠤ᠋ ᠰᠠᠯᠠᠭ᠎ᠠ ᠮᠥᠴᠢᠷ ᠰᠤᠷᠭᠠᠭᠤᠯᠢ ᠳ᠋ᠤ᠌ ᠣᠷᠣᠬᠤ ᠨᠠᠰᠤᠨ ᠤ᠋ ᠬᠡᠦᠬᠡᠳ᠂ ᠪᠠᠭᠠᠴᠤᠳ ᠤ᠋ᠨ ᠪᠡᠶ᠎ᠡ ᠰᠡᠳᠭᠢᠯ ᠦ᠋ᠨ ᠬᠥᠭᠵᠢᠯᠲᠡ ᠶ᠋ᠢᠨ ᠪᠠᠢᠳᠠᠯ ᠪᠠ ᠪᠣᠳᠠᠲᠠᠢ ᠪᠠᠢᠳᠠᠯ ᠢ᠋ ᠦᠨᠳᠦᠰᠦᠯᠡᠵᠦ᠂ ᠵᠢᠭᠠᠨ ᠰᠤᠷᠭᠠᠬᠤ ᠳᠦᠷᠢᠮ᠂ ᠰᠤᠷᠭᠠᠨ ᠬᠥᠮᠦᠵᠢᠭᠦᠯᠬᠦ ᠪᠠ ᠵᠢᠭᠠᠨ ᠰᠤᠷᠭᠠᠬᠤ ᠠᠭᠤᠯᠭ᠎ᠠ ᠪᠣᠯᠤᠨ ᠬᠢᠴᠢᠶᠡᠯ ᠦ᠋ᠨ ᠲᠣᠬᠢᠷᠠᠭᠤᠯᠤᠯᠲᠠ ᠶ᠋ᠢ ᠲᠣᠭᠲᠠᠭᠠᠵᠤ᠂ ᠱᠢᠯᠭᠠᠯᠲᠠ ᠶ᠋ᠢᠨ ᠳᠦᠷᠢᠮ ᠢ᠋ ᠥᠭᠡᠷᠡᠴᠢᠯᠡᠬᠦ ᠶ᠋ᠢᠨ ᠬᠠᠮᠲᠤ ᠥᠨᠳᠥᠷ ᠵᠡᠷᠭᠡ ᠶ᠋ᠢᠨ ᠳᠤᠮᠳᠠᠳᠤ ᠰᠤᠷᠭᠠᠭᠤᠯᠢ ᠶ᠋ᠢᠨ ᠰᠤᠷᠤᠭᠴᠢ ᠡᠯᠰᠡᠬᠦ ᠠᠷᠭ᠎ᠠ ᠶ᠋ᠢ ᠰᠠᠢᠵᠢᠷᠠᠭᠤᠯᠵᠤ᠂ ᠬᠡᠪ ᠴᠢᠨᠠᠷ ᠤ᠋ᠨ ᠰᠤᠷᠭᠠᠨ ᠬᠥᠮᠦᠵᠢᠯ ᠢ᠋ ᠬᠡᠷᠡᠭᠵᠢᠭᠦᠯᠬᠦ ᠶ᠋ᠢ ᠲᠦᠯᠬᠢᠨ ᠠᠬᠢᠭᠤᠯᠤᠨ᠎ᠠ᠃

  ᠰᠤᠷᠭᠠᠭᠤᠯᠢ ᠪᠣᠯᠤᠨ ᠪᠠᠭᠱᠢ ᠲᠣᠭᠲᠠᠭᠠᠭᠰᠠᠨ ᠰᠤᠷᠭᠠᠨ ᠬᠥᠮᠦᠵᠢᠭᠦᠯᠬᠦ ᠪᠠ ᠵᠢᠭᠠᠨ ᠰᠤᠷᠭᠠᠬᠤ ᠠᠭᠤᠯᠭ᠎ᠠ ᠪᠣᠯᠤᠨ ᠬᠢᠴᠢᠶᠡᠯ ᠦ᠋ᠨ ᠲᠣᠬᠢᠷᠠᠭᠤᠯᠤᠯᠲᠠ ᠶᠣᠰᠣᠭᠠᠷ ᠰᠤᠷᠭᠠᠨ ᠬᠥᠮᠦᠵᠢᠭᠦᠯᠬᠦ ᠪᠠ ᠵᠢᠭᠠᠨ ᠰᠤᠷᠭᠠᠬᠤ ᠠᠵᠢᠯᠯᠠᠭ᠎ᠠ ᠪᠠᠨ ᠥᠷᠨᠢᠭᠦᠯᠵᠦ᠂ ᠤᠯᠤᠰ ᠠ᠋ᠴᠠ ᠲᠣᠭᠲᠠᠭᠠᠭᠰᠠᠨ ᠦᠨᠳᠦᠰᠦᠨ ᠶᠠᠰᠤ ᠴᠢᠨᠠᠷ ᠤ᠋ᠨ ᠱᠠᠭᠠᠷᠳᠠᠯᠭ᠎ᠠ ᠳ᠋ᠤ᠌ ᠬᠦᠷᠭᠡᠬᠦ ᠶ᠋ᠢ ᠪᠠᠲᠤᠯᠠᠨ᠎ᠠ᠃

  ᠰᠤᠷᠭᠠᠭᠤᠯᠢ ᠪᠠ ᠪᠠᠭᠱᠢ ᠶ᠋ᠢᠨ ᠰᠡᠩᠬᠡᠷᠡᠭᠦᠯᠬᠦ ᠮᠠᠶᠢᠭ ᠤ᠋ᠨ ᠰᠤᠷᠭᠠᠨ ᠬᠥᠮᠦᠵᠢᠯ ᠵᠡᠷᠭᠡ ᠰᠤᠷᠭᠠᠨ ᠬᠥᠮᠦᠵᠢᠭᠦᠯᠬᠦ ᠪᠠ ᠵᠢᠭᠠᠨ ᠰᠤᠷᠭᠠᠬᠤ ᠠᠷᠭ᠎ᠠ ᠪᠠᠷ ᠰᠤᠷᠭᠠᠨ ᠬᠥᠮᠦᠵᠢᠭᠦᠯᠬᠦ ᠪᠠ ᠵᠢᠭᠠᠨ ᠰᠤᠷᠭᠠᠬᠤ ᠶᠠᠰᠤ ᠴᠢᠨᠠᠷ ᠢ᠋ᠶ᠋ᠠᠨ ᠳᠡᠭᠡᠭᠱᠢᠯᠡᠭᠦᠯᠬᠦ ᠶ᠋ᠢ ᠤᠯᠤᠰ ᠠ᠋ᠴᠠ ᠵᠣᠷᠢᠭᠵᠢᠭᠤᠯᠤᠨ᠎ᠠ᠃

  ᠭᠤᠴᠢᠨ ᠵᠢᠷᠭᠤᠳᠤᠭᠠᠷ ᠵᠦᠢᠯ   ᠰᠤᠷᠭᠠᠭᠤᠯᠢ ᠠ᠋ᠴᠠ ᠶᠣᠰᠣ ᠮᠣᠷᠠᠯ ᠤ᠋ᠨ ᠬᠥᠮᠦᠵᠢᠯ ᠢ᠋ ᠲᠡᠷᠢᠭᠦᠨ ᠳ᠋ᠦ᠍ ᠲᠠᠯᠪᠢᠵᠤ᠂ ᠶᠣᠰᠣ ᠮᠣᠷᠠᠯ ᠤ᠋ᠨ ᠬᠥᠮᠦᠵᠢᠯ ᠢ᠋ ᠰᠤᠷᠭᠠᠨ ᠬᠥᠮᠦᠵᠢᠭᠦᠯᠬᠦ ᠪᠠ ᠵᠢᠭᠠᠨ ᠰᠤᠷᠭᠠᠬᠤ ᠠᠵᠢᠯ ᠳ᠋ᠤ᠌ ᠠᠬᠤᠭᠤᠯᠵᠤ᠂ ᠰᠤᠷᠤᠭᠴᠢᠳ ᠤ᠋ᠨ ᠨᠠᠰᠤᠨ ᠳ᠋ᠤ᠌ ᠲᠣᠬᠢᠷᠠᠭᠰᠠᠨ ᠨᠡᠢᠭᠡᠮ ᠦ᠋ᠨ ᠦᠢᠯᠡᠳᠦᠯᠭᠡ ᠶ᠋ᠢᠨ ᠠᠵᠢᠯᠯᠠᠭ᠎ᠠ ᠶ᠋ᠢ ᠥᠷᠨᠢᠭᠦᠯᠵᠦ᠂ ᠰᠤᠷᠭᠠᠭᠤᠯᠢ᠂ ᠭᠡᠷ ᠪᠦᠯᠢ᠂ ᠨᠡᠢᠭᠡᠮ ᠢ᠋ᠶ᠋ᠡᠷ ᠢ᠋ᠶ᠋ᠡᠨ ᠬᠠᠷᠢᠯᠴᠠᠨ ᠬᠠᠮᠵᠢᠯᠴᠠᠭᠰᠠᠨ ᠦᠵᠡᠯ ᠰᠠᠨᠠᠭ᠎ᠠ ᠶᠣᠰᠣ ᠮᠣᠷᠠᠯ ᠤ᠋ᠨ ᠬᠥᠮᠦᠵᠢᠯ ᠦ᠋ᠨ ᠱᠢᠰᠲ᠋ᠧᠮ ᠢ᠋ ᠪᠦᠷᠢᠯᠳᠦᠭᠦᠯᠵᠦ᠂ ᠰᠤᠷᠤᠭᠴᠢᠳ ᠤ᠋ᠨ ᠰᠠᠢᠨ ᠰᠠᠢᠬᠠᠨ ᠦᠵᠡᠯ ᠰᠠᠨᠠᠭ᠎ᠠ ᠵᠠᠩ ᠮᠣᠷᠠᠯ ᠪᠠ ᠦᠢᠯᠡ ᠠᠵᠢᠯᠯᠠᠭ᠎ᠠ ᠶ᠋ᠢᠨ ᠵᠠᠩ ᠳᠠᠳᠭᠠᠯ ᠲᠠᠢ ᠪᠣᠯᠬᠤ ᠶ᠋ᠢ ᠠᠬᠢᠭᠤᠯᠬᠤ ᠬᠡᠷᠡᠭᠲᠡᠢ᠃

  ᠭᠤᠴᠢᠨ ᠳᠣᠯᠣᠳᠤᠭᠠᠷ ᠵᠦᠢᠯ   ᠰᠤᠷᠭᠠᠭᠤᠯᠢ ᠠ᠋ᠴᠠ ᠰᠤᠷᠤᠭᠴᠢᠳ ᠤ᠋ᠨ ᠬᠢᠴᠢᠶᠡᠯ ᠦ᠋ᠨ ᠭᠠᠳᠠᠨᠠᠬᠢ ᠬᠥᠳᠡᠯᠭᠡᠭᠡᠨ ᠦ᠌ ᠴᠠᠭ ᠢ᠋ ᠪᠠᠲᠤᠯᠠᠵᠤ᠂ ᠰᠣᠶᠣᠯ ᠴᠡᠩᠭᠡᠯ ᠵᠡᠷᠭᠡ ᠬᠢᠴᠢᠶᠡᠯ ᠦ᠋ᠨ ᠭᠠᠳᠠᠨᠠᠬᠢ ᠬᠥᠳᠡᠯᠭᠡᠭᠡᠨ ᠢ᠋ ᠵᠣᠬᠢᠶᠠᠨ ᠪᠠᠢᠭᠤᠯᠤᠨ ᠥᠷᠨᠢᠭᠦᠯᠬᠦ ᠬᠡᠷᠡᠭᠲᠡᠢ᠃ ᠨᠡᠢᠭᠡᠮ ᠦ᠋ᠨ ᠣᠯᠠᠨ ᠨᠡᠢᠲᠡ ᠶ᠋ᠢᠨ ᠰᠣᠶᠣᠯ ᠪᠡᠶ᠎ᠡ ᠶ᠋ᠢᠨ ᠲᠠᠮᠢᠷ ᠤ᠋ᠨ ᠲᠥᠬᠥᠭᠡᠷᠦᠮᠵᠢ ᠨᠢ ᠰᠤᠷᠭᠠᠭᠤᠯᠢ ᠶ᠋ᠢᠨ ᠬᠢᠴᠢᠶᠡᠯ ᠦ᠋ᠨ ᠭᠠᠳᠠᠨᠠᠬᠢ ᠬᠥᠳᠡᠯᠭᠡᠭᠡᠨ ᠢ᠋ ᠥᠷᠨᠢᠭᠦᠯᠬᠦ ᠳ᠋ᠦ᠍ ᠳᠥᠭᠥᠮ ᠦᠵᠡᠭᠦᠯᠬᠦ ᠬᠡᠷᠡᠭᠲᠡᠢ᠃

  ᠭᠤᠴᠢᠨ ᠨᠠᠢ᠍ᠮᠠᠳᠤᠭᠠᠷ ᠵᠦᠢᠯ   ᠬᠢᠴᠢᠶᠡᠯ ᠦ᠋ᠨ ᠪᠢᠴᠢᠭ ᠢ᠋ ᠤᠯᠤᠰ ᠤ᠋ᠨ ᠰᠤᠷᠭᠠᠨ ᠬᠥᠮᠦᠵᠢᠯ ᠦ᠋ᠨ ᠴᠢᠭᠯᠡᠯᠲᠡ ᠪᠠ ᠬᠢᠴᠢᠶᠡᠯ ᠦ᠋ᠨ ᠪᠠᠷᠢᠮᠵᠢᠶ᠎ᠠ ᠶ᠋ᠢ ᠦᠨᠳᠦᠰᠦᠯᠡᠵᠦ ᠨᠠᠢᠷᠠᠭᠤᠯᠤᠨ ᠪᠢᠴᠢᠵᠦ᠂ ᠠᠭᠤᠯᠭ᠎ᠠ ᠶ᠋ᠢ ᠨᠢ ᠠᠯᠢ ᠪᠣᠯᠬᠤ ᠪᠠᠷ ᠱᠢᠯᠢᠳᠡᠭᠵᠢᠭᠦᠯᠦᠨ ᠴᠣᠮᠬᠠᠳᠭᠠᠵᠤ᠂ ᠵᠠᠪᠠᠯ ᠱᠠᠭᠠᠷᠳᠠᠭᠳᠠᠬᠤ ᠰᠠᠭᠤᠷᠢ ᠮᠡᠳᠡᠯᠭᠡ᠂ ᠦᠨᠳᠦᠰᠦᠨ ᠤᠷ᠎ᠠ ᠴᠢᠳᠠᠪᠤᠷᠢ ᠶ᠋ᠢ ᠱᠢᠯᠢᠨ ᠰᠣᠩᠭᠣᠵᠤ᠂ ᠬᠢᠮᠳᠠᠬᠠᠨ ᠪᠥᠭᠡᠳ ᠪᠣᠳᠠᠲᠤ ᠬᠡᠷᠡᠭᠴᠡᠭᠡ ᠲᠡᠢ ᠪᠠᠢᠯᠭᠠᠵᠤ᠂ ᠶᠠᠰᠤ ᠴᠢᠨᠠᠷ ᠢ᠋ ᠪᠠᠲᠤᠯᠠᠨ᠎ᠠ᠃

  ᠲᠥᠷᠥ ᠶ᠋ᠢᠨ ᠪᠠᠢᠭᠤᠯᠭ᠎ᠠ ᠶ᠋ᠢᠨ ᠠᠵᠢᠯᠲᠠᠨ ᠪᠣᠯᠤᠨ ᠬᠢᠴᠢᠶᠡᠯ ᠦ᠋ᠨ ᠪᠢᠴᠢᠭ ᠢ᠋ ᠬᠢᠨᠠᠨ ᠪᠠᠢᠴᠠᠭᠠᠬᠤ ᠠᠵᠢᠯᠲᠠᠨ ᠬᠢᠴᠢᠶᠡᠯ ᠦ᠋ᠨ ᠪᠢᠴᠢᠭ ᠢ᠋ ᠨᠠᠢᠷᠠᠭᠤᠯᠤᠨ ᠪᠢᠴᠢᠬᠦ ᠠᠵᠢᠯ ᠳ᠋ᠤ᠌ ᠣᠷᠣᠯᠴᠠᠬᠤ ᠪᠤᠶᠤ ᠬᠡᠯᠪᠡᠷᠢ ᠶ᠋ᠢ ᠨᠢ ᠥᠭᠡᠷᠡᠲᠦᠭᠦᠯᠦᠨ ᠣᠷᠣᠯᠴᠠᠵᠤ ᠪᠣᠯᠬᠤ ᠦᠭᠡᠢ᠃

  ᠭᠤᠴᠢ ᠶᠢᠰᠦᠳᠦᠭᠡᠷ ᠵᠦᠢᠯ   ᠤᠯᠤᠰ ᠠ᠋ᠴᠠ ᠬᠢᠴᠢᠶᠡᠯ ᠦ᠋ᠨ ᠪᠢᠴᠢᠭ ᠢ᠋ ᠬᠢᠨᠠᠨ ᠲᠣᠭᠲᠠᠭᠠᠬᠤ ᠳᠦᠷᠢᠮ ᠢ᠋ ᠬᠡᠷᠡᠭᠵᠢᠭᠦᠯᠦᠨ᠎ᠡ᠃ ᠬᠢᠴᠢᠶᠡᠯ ᠦ᠋ᠨ ᠪᠢᠴᠢᠭ ᠢ᠋ ᠬᠢᠨᠠᠨ ᠲᠣᠭᠲᠠᠭᠠᠬᠤ ᠠᠷᠭ᠎ᠠ ᠶ᠋ᠢ ᠲᠥᠷᠥ ᠶ᠋ᠢᠨ ᠶᠠᠪᠤᠳᠠᠯ ᠤ᠋ᠨ ᠬᠣᠷᠢᠶᠠᠨ ᠤ᠋ ᠰᠤᠷᠭᠠᠨ ᠬᠥᠮᠦᠵᠢᠯ ᠦ᠋ᠨ ᠵᠠᠰᠠᠭ ᠵᠠᠬᠢᠷᠭᠠᠨ ᠤ᠋ ᠰᠠᠯᠠᠭ᠎ᠠ ᠮᠥᠴᠢᠷ ᠡᠴᠡ ᠲᠣᠭᠲᠠᠭᠠᠨ᠎ᠠ᠃

  ᠬᠢᠨᠠᠨ ᠲᠣᠭᠲᠠᠭᠠᠭᠰᠠᠨ ᠦᠭᠡᠢ ᠬᠢᠴᠢᠶᠡᠯ ᠦ᠋ᠨ ᠪᠢᠴᠢᠭ ᠢ᠋ ᠬᠡᠪᠯᠡᠵᠦ᠂ ᠰᠣᠩᠭᠣᠨ ᠬᠡᠷᠡᠭᠯᠡᠵᠦ ᠪᠣᠯᠬᠤ ᠦᠭᠡᠢ᠃

  ᠳᠥᠴᠢᠳᠦᠭᠡᠷ ᠵᠦᠢᠯ   ᠬᠢᠴᠢᠶᠡᠯ ᠦ᠋ᠨ ᠪᠢᠴᠢᠭ ᠦ᠋ᠨ ᠦᠨ᠎ᠡ ᠶ᠋ᠢ ᠮᠣᠵᠢ᠂ ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ ᠶ᠋ᠢᠨ ᠠᠷᠠᠳ ᠤ᠋ᠨ ᠵᠠᠰᠠᠭ ᠤ᠋ᠨ ᠣᠷᠳᠣᠨ ᠤ᠋ ᠦᠨ᠎ᠡ ᠬᠠᠩᠱᠢ ᠶ᠋ᠢᠨ ᠵᠠᠰᠠᠭ ᠵᠠᠬᠢᠷᠭᠠᠨ ᠤ᠋ ᠰᠠᠯᠠᠭ᠎ᠠ ᠮᠥᠴᠢᠷ ᠡᠴᠡ ᠠᠳᠠᠯᠢ ᠱᠠᠲᠤᠨ ᠤ᠋ ᠬᠡᠪᠯᠡᠯ ᠦ᠋ᠨ ᠵᠠᠰᠠᠭ ᠵᠠᠬᠢᠷᠭᠠᠨ ᠤ᠋ ᠰᠠᠯᠠᠭ᠎ᠠ ᠮᠥᠴᠢᠷ ᠲᠡᠢ ᠬᠠᠮᠲᠤᠷᠠᠨ ᠵᠢᠭᠠᠬᠠᠨ ᠠᠱᠢᠭ ᠬᠣᠨᠵᠢᠪᠤᠷᠢ ᠲᠠᠢ ᠪᠠᠢᠯᠭᠠᠬᠤ ᠵᠠᠷᠴᠢᠮ ᠢ᠋ᠶ᠋ᠠᠷ ᠲᠣᠭᠲᠠᠭᠠᠨ᠎ᠠ᠃

  ᠳᠥᠴᠢᠨ ᠨᠢᠭᠡᠳᠦᠭᠡᠷ ᠵᠦᠢᠯ   ᠬᠢᠴᠢᠶᠡᠯ ᠦ᠋ᠨ ᠪᠢᠴᠢᠭ ᠢ᠋ ᠡᠭᠡᠯᠵᠢᠯᠡᠨ ᠬᠡᠷᠡᠭᠯᠡᠬᠦ ᠶ᠋ᠢ ᠤᠯᠤᠰ ᠠ᠋ᠴᠠ ᠵᠣᠷᠢᠭᠵᠢᠭᠤᠯᠤᠨ᠎ᠠ᠃

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ
蒙ICP 备0500604