ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠬᠠᠤᠯᠢ (ᠵᠢᠷᠭᠤᠳᠤᠭᠠᠷ ᠪᠦᠯᠦᠭ)
2019.11.04

   (1986 ᠣᠨ᠎ᠤ 4 ᠰᠠᠷ᠎ᠠ᠎ᠶᠢᠨ 12᠎ᠤ ᠡᠳᠦᠷ ᠵᠢᠷᠭᠤᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯᠳᠤᠭᠠᠨ᠎ᠠᠴᠠ ᠪᠠᠲᠤᠯᠠᠪᠠ

  2006 ᠣᠨ᠎ᠤ 6 ᠰᠠᠷ᠎ᠠ᠎ᠶᠢᠨ 29᠎ᠦ ᠡᠳᠦᠷ ᠠᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠬᠣᠷᠢᠨ ᠬᠣᠶᠠᠳᠤᠭᠠᠷ ᠬᠤᠷᠠᠯᠳᠤᠭᠠᠨ᠎ᠠᠴᠠ ᠵᠠᠰᠠᠵᠤ ᠲᠣᠭᠲᠠᠭᠠᠪᠠ

  2015 ᠣᠨ᠎ᠤ 4 ᠰᠠᠷ᠎ᠠ᠎ᠶᠢᠨ 24᠎ᠦ ᠡᠳᠦᠷ᠎ᠦᠨ ᠠᠷᠪᠠᠨ ᠬᠣᠶᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠳᠥᠷᠪᠡᠳᠦᠭᠡᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠬᠠᠤᠯᠢ〉 ᠵᠡᠷᠭᠡ ᠲᠠᠪᠤᠨ ᠬᠠᠤᠯᠢ᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠵᠠᠰᠠᠪᠠ)

 

 

    ᠵᠢᠷᠭᠤᠳᠤᠭᠠᠷ ᠪᠦᠯᠦᠭ   ᠵᠠᠷᠤᠳᠠᠯ᠎ᠤᠨ ᠪᠠᠲᠤᠯᠠᠭ᠎ᠠ

 

  ᠳᠥᠴᠢᠨ ᠬᠣᠶᠠᠳᠤᠭᠠᠷ ᠵᠦᠢᠯ   ᠤᠯᠤᠰ᠎ᠠᠴᠠ ᠠᠯᠪᠠᠨ ᠵᠢᠷᠤᠮ᠎ᠤᠨ ᠰᠤᠷᠭᠠᠨ ᠬᠥᠮᠦᠵᠢᠯ᠎ᠢ ᠡᠳ᠋᠎ᠦᠨ ᠵᠠᠰᠠᠭ᠎ᠤᠨ ᠪᠠᠲᠤᠯᠠᠬᠤ ᠬᠡᠪᠴᠢᠶᠡᠨ᠎ᠳᠦ ᠪᠦᠬᠦ ᠲᠠᠯ᠎ᠠ᠎ᠪᠠᠷ ᠣᠷᠤᠭᠤᠯᠤᠨ᠎ᠠ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠵᠠᠷᠤᠳᠠᠯ᠎ᠢ ᠲᠥᠷᠦ᠎ᠶᠢᠨ ᠶᠠᠪᠤᠳᠠᠯ᠎ᠤᠨ ᠬᠣᠷᠢᠶ᠎ᠠ ᠪᠣᠯᠤᠨ ᠣᠷᠤᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ᠎ᠠᠴᠠ ᠲᠤᠰ ᠬᠠᠤᠯᠢ᠎ᠶᠢᠨ ᠲᠣᠭᠲᠠᠭᠠᠯ ᠶᠣᠰᠤᠭᠠᠷ ᠪᠠᠲᠤᠯᠠᠨ᠎ᠠ᠃

  ᠲᠥᠷᠦ᠎ᠶᠢᠨ ᠶᠠᠪᠤᠳᠠᠯ᠎ᠤᠨ ᠬᠣᠷᠢᠶ᠎ᠠ ᠪᠣᠯᠤᠨ ᠣᠷᠤᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ᠎ᠠᠴᠠ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠵᠠᠷᠤᠳᠠᠯ᠎ᠢ ᠡᠳ᠋᠎ᠦᠨ ᠵᠠᠰᠠᠭ᠎ᠤᠨ ᠲᠥᠰᠦᠪ᠎ᠲᠦ ᠣᠷᠤᠭᠤᠯᠵᠤ᠂ ᠪᠠᠭᠱᠢ ᠠᠵᠢᠯᠲᠠᠨ᠎ᠤ ᠣᠷᠤᠨ ᠲᠣᠭᠠᠨ᠎ᠤ ᠪᠠᠷᠢᠮᠵᠢᠶ᠎ᠠ᠂ ᠴᠠᠯᠢᠩ᠎ᠤᠨ ᠪᠠᠷᠢᠮᠵᠢᠶ᠎ᠠ ᠪᠣᠯᠤᠨ ᠰᠤᠷᠭᠠᠭᠤᠯᠢ᠎ᠶᠢᠨ ᠪᠦᠲᠦᠭᠡᠨ ᠪᠠᠢᠭᠤᠯᠤᠯᠲᠠ᠎ᠶᠢᠨ ᠪᠠᠷᠢᠮᠵᠢᠶ᠎ᠠ ᠪᠠ ᠰᠤᠷᠤᠭᠴᠢᠳ᠎ᠤᠨ ᠬᠥᠮᠦᠨ ᠳᠤᠮᠳᠠᠴᠢ᠎ᠶᠢᠨ ᠨᠡᠢᠲᠡ᠎ᠶᠢᠨ ᠬᠡᠷᠡᠭᠯᠡᠭᠡᠨ᠎ᠦ ᠵᠠᠷᠤᠳᠠᠯ᠎ᠤᠨ ᠪᠠᠷᠢᠮᠵᠢᠶ᠎ᠠ ᠵᠡᠷᠭᠡ᠎ᠶᠢ ᠦᠨᠳᠦᠰᠦᠯᠡᠵᠦ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠵᠠᠷᠤᠳᠠᠯ᠎ᠢ ᠴᠠᠭ ᠲᠤᠬᠠᠢ᠎ᠳᠤ᠎ᠨᠢ ᠭᠦᠢᠴᠡᠳ ᠲᠣᠭ᠎ᠠ᠎ᠪᠠᠷ ᠱᠢᠯᠵᠢᠭᠦᠯᠦᠨ ᠥᠭᠴᠦ᠂ ᠰᠤᠷᠭᠠᠭᠤᠯᠢ᠎ᠶᠢᠨ ᠬᠡᠪ᠎ᠦᠨ ᠠᠵᠢᠯᠯᠠᠭ᠎ᠠ ᠪᠠ ᠰᠤᠷᠭᠠᠭᠤᠯᠢ᠎ᠶᠢᠨ ᠪᠠᠢᠷᠢ᠎ᠶᠢᠨ ᠠᠶᠤᠯᠭᠦᠢ ᠪᠠᠢᠬᠤ᠎ᠶᠢ ᠦᠨᠡᠨ᠎ᠬᠦ ᠪᠠᠲᠤᠯᠠᠵᠤ᠂ ᠪᠠᠭᠱᠢ ᠠᠵᠢᠯᠲᠠᠨ᠎ᠤ ᠴᠠᠯᠢᠩ᠎ᠢ ᠲᠣᠭᠲᠠᠭᠠᠯ ᠶᠣᠰᠤᠭᠠᠷ ᠥᠭᠬᠦ᠎ᠶᠢ ᠦᠨᠡᠨ᠎ᠬᠦ ᠪᠠᠲᠤᠯᠠᠨ᠎ᠠ᠃

  ᠲᠥᠷᠦ᠎ᠶᠢᠨ ᠶᠠᠪᠤᠳᠠᠯ᠎ᠤᠨ ᠬᠣᠷᠢᠶ᠎ᠠ ᠪᠣᠯᠤᠨ ᠣᠷᠤᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠠᠯᠪᠠᠨ ᠵᠢᠷᠤᠮ᠎ᠤᠨ ᠰᠤᠷᠭᠠᠨ ᠬᠥᠮᠦᠵᠢᠯ᠎ᠢ ᠬᠡᠷᠡᠭᠵᠢᠭᠦᠯᠬᠦ᠎ᠳᠦ ᠬᠡᠷᠡᠭᠰᠡᠬᠦ ᠡᠳ᠋᠎ᠦᠨ ᠵᠠᠰᠠᠭ᠎ᠠᠴᠠ ᠱᠢᠯᠵᠢᠭᠦᠯᠦᠨ ᠥᠭᠬᠦ ᠵᠣᠭᠤᠰ᠎ᠤᠨ ᠨᠡᠮᠡᠭᠳᠡᠯ᠎ᠦᠨ ᠬᠠᠷᠢᠴᠠᠯ᠎ᠢ ᠡᠳ᠋᠎ᠦᠨ ᠵᠠᠰᠠᠭ᠎ᠤᠨ ᠪᠠᠢᠩᠭᠤ᠎ᠶᠢᠨ ᠴᠢᠨᠠᠷᠲᠠᠢ ᠣᠷᠤᠯᠭ᠎ᠠ᠎ᠶᠢᠨ ᠨᠡᠮᠡᠭᠳᠡᠯ᠎ᠦᠨ ᠬᠠᠷᠢᠴᠠᠯ᠎ᠠᠴᠠ ᠥᠨᠳᠦᠷ ᠪᠠᠢᠯᠭᠠᠵᠤ᠂ ᠰᠤᠷᠭᠠᠭᠤᠯᠢ᠎ᠳᠤ ᠪᠠᠢᠭ᠎ᠠ ᠰᠤᠷᠤᠭᠴᠢᠳ᠎ᠤᠨ ᠲᠣᠭ᠎ᠠ᠎ᠪᠠᠷ ᠲᠡᠭᠱᠢᠳᠭᠡᠭᠰᠡᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠵᠠᠷᠤᠳᠠᠯ᠎ᠢ ᠠᠯᠬᠤᠮ ᠠᠯᠬᠤᠮ᠎ᠢᠶᠠᠷ ᠨᠡᠮᠡᠭᠳᠡᠭᠦᠯᠬᠦ᠎ᠶᠢ ᠪᠠᠲᠤᠯᠠᠵᠤ᠂ ᠪᠠᠭᠱᠢ ᠠᠵᠢᠯᠲᠠᠨ᠎ᠤ ᠴᠠᠯᠢᠩ ᠪᠠ ᠰᠤᠷᠤᠭᠴᠢᠳ᠎ᠤᠨ ᠬᠥᠮᠦᠨ ᠳᠤᠮᠳᠠᠴᠢ᠎ᠶᠢᠨ ᠨᠡᠢᠲᠡ᠎ᠶᠢᠨ ᠬᠡᠷᠡᠭᠯᠡᠭᠡᠨ᠎ᠦ ᠵᠠᠷᠤᠳᠠᠯ᠎ᠢ ᠠᠯᠬᠤᠮ ᠠᠯᠬᠤᠮ᠎ᠢᠶᠠᠷ ᠨᠡᠮᠡᠭᠳᠡᠭᠦᠯᠬᠦ᠎ᠶᠢ ᠪᠠᠲᠤᠯᠠᠬᠤ ᠬᠡᠷᠡᠭᠲᠡᠢ᠃

  ᠳᠥᠴᠢᠨ ᠭᠤᠷᠪᠠᠳᠤᠭᠠᠷ ᠵᠦᠢᠯ   ᠰᠤᠷᠭᠠᠭᠤᠯᠢ᠎ᠶᠢᠨ ᠰᠤᠷᠤᠭᠴᠢᠳ᠎ᠤᠨ ᠬᠥᠮᠦᠨ ᠳᠤᠮᠳᠠᠴᠢ᠎ᠶᠢᠨ ᠨᠡᠢᠲᠡ᠎ᠶᠢᠨ ᠬᠡᠷᠡᠭᠯᠡᠭᠡᠨ᠎ᠦ ᠵᠠᠷᠤᠳᠠᠯ᠎ᠤᠨ ᠦᠨᠳᠦᠰᠦᠨ ᠪᠠᠷᠢᠮᠵᠢᠶ᠎ᠠ᠎ᠶᠢ ᠲᠥᠷᠦ᠎ᠶᠢᠨ ᠶᠠᠪᠤᠳᠠᠯ᠎ᠤᠨ ᠬᠣᠷᠢᠶᠠᠨ᠎ᠤ ᠡᠳ᠋᠎ᠦᠨ ᠵᠠᠰᠠᠭ᠎ᠤᠨ ᠰᠠᠯᠠᠭ᠎ᠠ ᠮᠥᠴᠢᠷ᠎ᠡᠴᠡ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠲᠡᠢ ᠬᠠᠮᠲᠤᠷᠠᠨ ᠲᠣᠭᠲᠠᠭᠠᠬᠤ ᠪᠥᠭᠡᠳ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠪᠠᠢᠳᠠᠯ᠎ᠢ ᠦᠨᠳᠦᠰᠦᠯᠡᠵᠦ ᠴᠠᠭ᠎ᠲᠤ᠎ᠨᠢ ᠵᠣᠬᠢᠴᠠᠭᠤᠯᠤᠨ ᠲᠣᠬᠢᠷᠠᠭᠤᠯᠤᠯᠲᠠ ᠬᠢᠨ᠎ᠡ᠃ ᠰᠤᠷᠤᠭᠴᠢᠳ᠎ᠤᠨ ᠬᠥᠮᠦᠨ ᠳᠤᠮᠳᠠᠴᠢ᠎ᠶᠢᠨ ᠨᠡᠢᠲᠡ᠎ᠶᠢᠨ ᠬᠡᠷᠡᠭᠯᠡᠭᠡᠨ᠎ᠦ ᠵᠠᠷᠤᠳᠠᠯ᠎ᠤᠨ ᠦᠨᠳᠦᠰᠦᠨ ᠪᠠᠷᠢᠮᠵᠢᠶ᠎ᠠ᠎ᠶᠢ ᠲᠣᠭᠲᠠᠭᠠᠨ ᠲᠣᠬᠢᠷᠠᠭᠤᠯᠬᠤ᠎ᠳᠤ᠎ᠪᠠᠨ ᠰᠤᠷᠭᠠᠨ ᠬᠥᠮᠦᠵᠢᠭᠦᠯᠬᠦ ᠪᠠ ᠵᠢᠭᠠᠨ ᠰᠤᠷᠭᠠᠬᠤ ᠦᠨᠳᠦᠰᠦᠨ ᠬᠡᠷᠡᠭᠴᠡᠭᠡ᠎ᠶᠢ ᠬᠠᠩᠭᠠᠬᠤ ᠬᠡᠷᠡᠭᠲᠡᠢ᠃

  ᠮᠣᠵᠢ᠂ ᠥᠪᠡᠷᠲᠡᠭᠡᠨ ᠵᠠᠰᠠᠬᠤ ᠣᠷᠤᠨ᠂ ᠱᠢᠭᠤᠳ ᠬᠠᠷᠢᠶ᠎ᠠ ᠬᠣᠲᠠ᠎ᠶᠢᠨ ᠠᠷᠠᠳ᠎ᠤᠨ ᠵᠠᠰᠠᠭ᠎ᠤᠨ ᠣᠷᠳᠤᠨ ᠲᠤᠰ ᠵᠠᠰᠠᠭ ᠵᠠᠬᠢᠷᠭᠠᠨ᠎ᠤ ᠣᠷᠤᠨ᠎ᠤ ᠪᠣᠳᠠᠲᠤ ᠪᠠᠢᠳᠠᠯ᠎ᠢᠶᠠᠨ ᠦᠨᠳᠦᠰᠦᠯᠡᠵᠦ᠂ ᠤᠯᠤᠰ᠎ᠤᠨ ᠪᠠᠷᠢᠮᠵᠢᠶ᠎ᠠ᠎ᠠᠴᠠ ᠳᠣᠣᠷ᠎ᠠ᠎ᠦᠭᠡᠢ ᠪᠠᠢᠬᠤ ᠰᠤᠷᠭᠠᠭᠤᠯᠢ᠎ᠶᠢᠨ ᠰᠤᠷᠤᠭᠴᠢᠳ᠎ᠤᠨ ᠬᠥᠮᠦᠨ ᠳᠤᠮᠳᠠᠴᠢ᠎ᠶᠢᠨ ᠨᠡᠢᠲᠡ᠎ᠶᠢᠨ ᠬᠡᠷᠡᠭᠯᠡᠭᠡᠨ᠎ᠦ ᠵᠠᠷᠤᠳᠠᠯ᠎ᠤᠨ ᠪᠠᠷᠢᠮᠵᠢᠶ᠎ᠠ᠎ᠶᠢ ᠲᠣᠭᠲᠠᠭᠠᠵᠤ ᠪᠣᠯᠤᠨ᠎ᠠ᠃

  ᠣᠨᠴᠠᠭᠠᠢ ᠰᠤᠷᠭᠠᠨ ᠬᠥᠮᠦᠵᠢᠯ᠎ᠦᠨ ᠰᠤᠷᠭᠠᠭᠤᠯᠢ (ᠠᠩᠭᠢ)᠎ᠶᠢᠨ ᠰᠤᠷᠤᠭᠴᠢᠳ᠎ᠤᠨ ᠬᠥᠮᠦᠨ ᠳᠤᠮᠳᠠᠴᠢ᠎ᠶᠢᠨ ᠨᠡᠢᠲᠡ᠎ᠶᠢᠨ ᠬᠡᠷᠡᠭᠯᠡᠭᠡᠨ᠎ᠦ ᠵᠠᠷᠤᠳᠠᠯ᠎ᠤᠨ ᠪᠠᠷᠢᠮᠵᠢᠶ᠎ᠠ᠎ᠶᠢ ᠡᠩ᠎ᠦᠨ ᠰᠤᠷᠭᠠᠭᠤᠯᠢ᠎ᠶᠢᠨ ᠰᠤᠷᠤᠭᠴᠢᠳ᠎ᠤᠨ ᠬᠥᠮᠦᠨ ᠳᠤᠮᠳᠠᠴᠢ᠎ᠶᠢᠨ ᠨᠡᠢᠲᠡ᠎ᠶᠢᠨ ᠬᠡᠷᠡᠭᠯᠡᠭᠡᠨ᠎ᠦ ᠵᠠᠷᠤᠳᠠᠯ᠎ᠤᠨ ᠪᠠᠷᠢᠮᠵᠢᠶ᠎ᠠ᠎ᠠᠴᠠ ᠥᠨᠳᠦᠷ ᠪᠠᠢᠯᠭᠠᠬᠤ ᠬᠡᠷᠡᠭᠲᠡᠢ᠃

  ᠳᠥᠴᠢᠨ ᠳᠥᠷᠪᠡᠳᠦᠭᠡᠷ ᠵᠦᠢᠯ   ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠵᠠᠷᠤᠳᠠᠯ᠎ᠤᠨ ᠣᠷᠤᠭᠤᠯᠤᠯᠲᠠ᠎ᠶᠢ ᠲᠥᠷᠦ᠎ᠶᠢᠨ ᠶᠠᠪᠤᠳᠠᠯ᠎ᠤᠨ ᠬᠣᠷᠢᠶ᠎ᠠ ᠪᠣᠯᠤᠨ ᠣᠷᠤᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠲᠤᠱᠢᠶᠠᠯ ᠬᠠᠷᠢᠭᠤᠴᠠᠯᠭ᠎ᠠ᠎ᠪᠠᠨ ᠦᠨᠳᠦᠰᠦᠯᠡᠨ ᠬᠠᠮᠲᠤ᠎ᠪᠠᠷ ᠡᠭᠦᠷᠭᠡᠯᠡᠵᠦ᠂ ᠮᠣᠵᠢ᠂ ᠥᠪᠡᠷᠲᠡᠭᠡᠨ ᠵᠠᠰᠠᠬᠤ ᠣᠷᠤᠨ᠂ ᠱᠢᠭᠤᠳ ᠬᠠᠷᠢᠶ᠎ᠠ ᠬᠣᠲᠠ᠎ᠶᠢᠨ ᠠᠷᠠᠳ᠎ᠤᠨ ᠵᠠᠰᠠᠭ᠎ᠤᠨ ᠣᠷᠳᠤᠨ᠎ᠠᠴᠠ ᠬᠠᠷᠢᠭᠤᠴᠠᠨ ᠨᠢᠭᠡᠳᠦᠯᠲᠡᠢ ᠲᠥᠯᠦᠪᠯᠡᠵᠦ ᠨᠠᠢᠳᠠᠪᠤᠷᠢᠵᠢᠭᠤᠯᠬᠤ ᠪᠠᠢᠭᠤᠯᠤᠯ᠎ᠢ ᠬᠡᠷᠡᠭᠵᠢᠭᠦᠯᠦᠨ᠎ᠡ᠃ ᠬᠥᠳᠡᠭᠡ ᠲᠣᠰᠭᠤᠨ᠎ᠤ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠬᠡᠷᠡᠭᠰᠡᠬᠦ ᠵᠠᠷᠤᠳᠠᠯ᠎ᠢ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ᠎ᠠᠴᠠ ᠲᠥᠷᠦ᠎ᠶᠢᠨ ᠶᠠᠪᠤᠳᠠᠯ᠎ᠤᠨ ᠬᠣᠷᠢᠶᠠᠨ᠎ᠤ ᠲᠣᠭᠲᠠᠭᠠᠯ᠎ᠢ ᠦᠨᠳᠦᠰᠦᠯᠡᠵᠦ ᠵᠦᠢᠯ ᠬᠤᠪᠢᠶᠠᠨ᠂ ᠬᠠᠷᠢᠴᠠᠯ ᠶᠣᠰᠤᠭᠠᠷ ᠬᠤᠪᠢᠶᠠᠨ ᠡᠭᠦᠷᠭᠡᠯᠡᠨ᠎ᠡ᠃

  ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ᠎ᠠᠴᠠ ᠭᠡᠷ᠎ᠦᠨ ᠠᠮᠢᠳᠤᠷᠠᠯ᠎ᠨᠢ ᠬᠦᠴᠢᠷᠲᠡᠢ ᠰᠤᠷᠭᠠᠭᠤᠯᠢ᠎ᠳᠤ ᠣᠷᠤᠬᠤ ᠨᠠᠰᠤᠨ᠎ᠤ ᠬᠡᠦᠬᠡᠳ᠂ ᠪᠠᠭᠠᠴᠤᠳ᠎ᠲᠤ ᠬᠢᠴᠢᠶᠡᠯ᠎ᠦᠨ ᠪᠢᠴᠢᠭ᠎ᠢ ᠰᠦᠢᠳᠭᠡᠯ ᠠᠪᠬᠤ᠎ᠦᠭᠡᠢ᠎ᠪᠡᠷ ᠬᠠᠩᠭᠠᠬᠤ ᠮᠥᠷᠲᠡᠭᠡᠨ ᠪᠠᠢᠷᠢ᠎ᠳᠤ ᠰᠠᠭᠤᠬᠤ ᠰᠤᠷᠤᠭᠴᠢᠳ᠎ᠲᠤ ᠠᠮᠢᠳᠤᠷᠠᠯ᠎ᠤᠨ ᠰᠦᠢᠳᠭᠡᠯ᠎ᠦᠨ ᠨᠥᠬᠦᠪᠦᠷᠢ ᠣᠯᠭᠤᠨ᠎ᠠ᠃

  ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠵᠠᠷᠤᠳᠠᠯ᠎ᠢ ᠪᠠᠲᠤᠯᠠᠬᠤ ᠪᠣᠳᠠᠲᠠᠢ ᠠᠷᠭ᠎ᠠ᠎ᠶᠢ ᠲᠥᠷᠦ᠎ᠶᠢᠨ ᠶᠠᠪᠤᠳᠠᠯ᠎ᠤᠨ ᠬᠣᠷᠢᠶ᠎ᠠ᠎ᠠᠴᠠ ᠲᠣᠭᠲᠠᠭᠠᠨ᠎ᠠ᠃

  ᠳᠥᠴᠢᠨ ᠲᠠᠪᠤᠳᠤᠭᠠᠷ ᠵᠦᠢᠯ   ᠣᠷᠤᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠡᠳ᠋᠎ᠦᠨ ᠵᠠᠰᠠᠭ᠎ᠤᠨ ᠲᠥᠰᠦᠪ᠎ᠲᠤ᠎ᠪᠠᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠵᠠᠷᠤᠳᠠᠯ᠎ᠢ ᠠᠰ᠎ᠲᠤ᠎ᠨᠢ ᠵᠢᠭᠰᠠᠭᠠᠨ᠎ᠠ᠃

  ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ᠎ᠠᠴᠠ ᠲᠥᠰᠦᠪ᠎ᠢ ᠨᠠᠢᠷᠠᠭᠤᠯᠤᠨ ᠵᠣᠬᠢᠶᠠᠬᠤ᠎ᠳᠤ᠎ᠪᠠᠨ᠂ ᠬᠥᠳᠡᠭᠡ ᠲᠣᠰᠭᠤᠨ᠎ᠤ ᠭᠠᠵᠠᠷ ᠣᠷᠤᠨ᠎ᠤ ᠰᠤᠷᠭᠠᠭᠤᠯᠢ ᠪᠣᠯᠤᠨ ᠪᠠᠭᠤᠷᠠᠢ ᠰᠤᠷᠭᠠᠭᠤᠯᠢ ᠳᠠᠱᠢ ᠬᠡᠯᠪᠡᠢᠯᠭᠡᠬᠦ᠎ᠡᠴᠡ ᠭᠠᠳᠠᠨ᠎ᠠ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠵᠠᠷᠤᠳᠠᠯ᠎ᠢ ᠲᠡᠩᠴᠡᠭᠦᠷᠢᠲᠡᠢ ᠲᠣᠬᠢᠷᠠᠭᠤᠯᠬᠤ ᠬᠡᠷᠡᠭᠲᠡᠢ᠃

  ᠳᠥᠴᠢᠨ ᠵᠢᠷᠭᠤᠳᠤᠭᠠᠷ ᠵᠦᠢᠯ   ᠲᠥᠷᠦ᠎ᠶᠢᠨ ᠶᠠᠪᠤᠳᠠᠯ᠎ᠤᠨ ᠬᠣᠷᠢᠶ᠎ᠠ ᠪᠣᠯᠤᠨ ᠮᠣᠵᠢ᠂ ᠥᠪᠡᠷᠲᠡᠭᠡᠨ ᠵᠠᠰᠠᠬᠤ ᠣᠷᠤᠨ᠂ ᠱᠢᠭᠤᠳ ᠬᠠᠷᠢᠶ᠎ᠠ ᠬᠣᠲᠠ᠎ᠶᠢᠨ ᠠᠷᠠᠳ᠎ᠤᠨ ᠵᠠᠰᠠᠭ᠎ᠤᠨ ᠣᠷᠳᠤᠨ᠎ᠠᠴᠠ ᠡᠳ᠋᠎ᠦᠨ ᠵᠠᠰᠠᠭ᠎ᠤᠨ ᠱᠢᠯᠵᠢᠭᠦᠯᠦᠨ ᠥᠭᠬᠦ ᠳᠦᠷᠢᠮ᠎ᠢ ᠵᠢᠷᠤᠮᠵᠢᠭᠤᠯᠵᠤ᠂ ᠡᠩ᠎ᠦᠨ ᠴᠢᠨᠠᠷᠲᠠᠢ ᠱᠢᠯᠵᠢᠭᠦᠯᠦᠨ ᠥᠭᠬᠦ ᠬᠡᠪᠴᠢᠶ᠎ᠡ᠎ᠶᠢ ᠥᠷᠭᠡᠳᠭᠡᠬᠦ ᠪᠠ ᠠᠯᠪᠠᠨ ᠵᠢᠷᠤᠮ᠎ᠤᠨ ᠰᠤᠷᠭᠠᠨ ᠬᠥᠮᠦᠵᠢᠯ᠎ᠳᠦ ᠲᠤᠰᠭᠠᠢ ᠵᠦᠢᠯ᠎ᠢᠶᠡᠷ ᠱᠢᠯᠵᠢᠭᠦᠯᠦᠨ ᠥᠭᠬᠦ᠎ᠶᠢ ᠵᠢᠷᠤᠮᠵᠢᠭᠤᠯᠵᠤ᠂ ᠣᠷᠤᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠠᠯᠪᠠᠨ ᠵᠢᠷᠤᠮ᠎ᠤᠨ ᠰᠤᠷᠭᠠᠨ ᠬᠥᠮᠦᠵᠢᠯ᠎ᠳᠡᠬᠢ ᠣᠷᠤᠭᠤᠯᠤᠯᠲᠠ᠎ᠪᠠᠨ ᠨᠡᠮᠡᠭᠳᠡᠭᠦᠯᠬᠦ᠎ᠶᠢ ᠳᠡᠮᠵᠢᠬᠦ ᠪᠠ ᠬᠥᠲᠦᠯᠦᠨ ᠵᠢᠯᠤᠭᠤᠳᠤᠨ᠎ᠠ᠃ ᠣᠷᠤᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ᠎ᠠᠴᠠ ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠠᠯᠪᠠᠨ ᠵᠢᠷᠤᠮ᠎ᠤᠨ ᠰᠤᠷᠭᠠᠨ ᠬᠥᠮᠦᠵᠢᠯ᠎ᠳᠦ ᠱᠢᠯᠵᠢᠭᠦᠯᠦᠨ ᠦᠭᠭᠦᠭᠰᠡᠨ ᠪᠡᠯᠡ ᠮᠥᠩᠭᠦ᠎ᠶᠢ ᠲᠣᠭᠲᠠᠭᠠᠯ ᠶᠣᠰᠤᠭᠠᠷ ᠠᠯᠪᠠᠨ ᠵᠢᠷᠤᠮ᠎ᠤᠨ ᠰᠤᠷᠭᠠᠨ ᠬᠥᠮᠦᠵᠢᠯ᠎ᠳᠦ ᠬᠡᠷᠡᠭᠯᠡᠬᠦ᠎ᠶᠢ ᠦᠨᠡᠨ᠎ᠬᠦ ᠪᠠᠲᠤᠯᠠᠨ᠎ᠠ᠃

  ᠳᠥᠴᠢᠨ ᠳᠣᠯᠤᠳᠤᠭᠠᠷ ᠵᠦᠢᠯ   ᠲᠥᠷᠦ᠎ᠶᠢᠨ ᠶᠠᠪᠤᠳᠠᠯ᠎ᠤᠨ ᠬᠣᠷᠢᠶ᠎ᠠ ᠪᠣᠯᠤᠨ ᠱᠢᠶᠠᠨ᠎ᠤ ᠱᠠᠲᠤᠨ᠎ᠠᠴᠠ ᠳᠡᠭᠡᠭᠱᠢᠬᠢ ᠣᠷᠤᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠤᠨ᠎ᠠᠴᠠ ᠪᠣᠳᠠᠲᠤ ᠬᠡᠷᠡᠭᠴᠡᠭᠡ᠎ᠪᠡᠨ ᠦᠨᠳᠦᠰᠦᠯᠡᠨ ᠲᠤᠰᠭᠠᠢ ᠵᠦᠢᠯ᠎ᠦᠨ ᠪᠡᠯᠡ ᠮᠥᠩᠭᠦ ᠪᠠᠢᠭᠤᠯᠵᠤ᠂ ᠬᠥᠳᠡᠭᠡ ᠲᠣᠰᠭᠤᠨ᠎ᠤ ᠭᠠᠵᠠᠷ ᠣᠷᠤᠨ᠂ ᠦᠨᠳᠦᠰᠦᠲᠡᠨ᠎ᠦ ᠭᠠᠵᠠᠷ ᠣᠷᠤᠨ᠎ᠤ ᠠᠯᠪᠠᠨ ᠵᠢᠷᠤᠮ᠎ᠤᠨ ᠰᠤᠷᠭᠠᠨ ᠬᠥᠮᠦᠵᠢᠯ᠎ᠢ ᠬᠡᠷᠡᠭᠵᠢᠭᠦᠯᠬᠦ᠎ᠶᠢ ᠲᠡᠳᠭᠦᠨ ᠳᠡᠮᠵᠢᠨ᠎ᠡ᠃

  ᠳᠥᠴᠢᠨ ᠨᠠᠢ᠍ᠮᠠᠳᠤᠭᠠᠷ ᠵᠦᠢᠯ   ᠨᠡᠢᠭᠡᠮ᠎ᠦᠨ ᠵᠣᠬᠢᠶᠠᠨ ᠪᠠᠢᠭᠤᠯᠤᠯᠲᠠ ᠪᠣᠯᠤᠨ ᠬᠤᠪᠢ ᠬᠥᠮᠦᠨ᠎ᠡᠴᠡ ᠠᠯᠪᠠᠨ ᠵᠢᠷᠤᠮ᠎ᠤᠨ ᠰᠤᠷᠭᠠᠨ ᠬᠥᠮᠦᠵᠢᠯ᠎ᠳᠦ ᠬᠠᠨᠳᠢᠪᠯᠠᠬᠤ᠎ᠶᠢ ᠤᠯᠤᠰ᠎ᠠᠴᠠ ᠵᠣᠷᠢᠭᠵᠢᠭᠤᠯᠤᠨ᠎ᠠ᠂ ᠤᠯᠤᠰ᠎ᠤᠨ ᠰᠠᠭᠤᠷᠢ ᠮᠥᠩᠭᠦᠨ᠎ᠦ ᠨᠡᠢᠭᠡᠮᠯᠢᠭ᠎ᠦᠨ ᠬᠠᠮᠢᠶᠠᠷᠤᠯᠲᠠ᠎ᠶᠢᠨ ᠬᠣᠯᠪᠤᠭᠳᠠᠯ ᠪᠦᠬᠦᠢ ᠲᠣᠭᠲᠠᠭᠠᠯ ᠶᠣᠰᠤᠭᠠᠷ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠰᠠᠭᠤᠷᠢ ᠮᠥᠩᠭᠦ ᠪᠠᠢᠭᠤᠯᠬᠤ᠎ᠶᠢ ᠵᠣᠷᠢᠭᠵᠢᠭᠤᠯᠤᠨ᠎ᠠ᠃

  ᠳᠥᠴᠢ ᠶᠢᠰᠦᠳᠦᠭᠡᠷ ᠵᠦᠢᠯ   ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠵᠠᠷᠤᠳᠠᠯ᠎ᠢ ᠲᠥᠰᠦᠪ᠎ᠦᠨ ᠲᠣᠭᠲᠠᠭᠠᠯ᠎ᠢ ᠴᠢᠩᠭ᠎ᠠ ᠵᠢᠷᠤᠮᠯᠠᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠳᠦ ᠬᠡᠷᠡᠭᠯᠡᠨ᠎ᠡ; ᠶᠠᠮᠠᠷᠪᠠ ᠵᠣᠬᠢᠶᠠᠨ ᠪᠠᠢᠭᠤᠯᠤᠯᠲᠠ ᠪᠣᠯᠤᠨ ᠬᠤᠪᠢ ᠬᠥᠮᠦᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠵᠠᠷᠤᠳᠠᠯ᠎ᠢ ᠡᠵᠡᠯᠡᠨ ᠠᠪᠴᠤ᠂ ᠨᠡᠭᠦᠯᠭᠡᠨ ᠬᠡᠷᠡᠭᠯᠡᠵᠦ ᠪᠣᠯᠬᠤ᠎ᠦᠭᠡᠢ᠂ ᠰᠤᠷᠭᠠᠭᠤᠯᠢ᠎ᠠᠴᠠ ᠬᠠᠤᠯᠢ ᠪᠤᠰᠤ᠎ᠪᠠᠷ ᠰᠦᠢᠳᠭᠡᠯ ᠬᠤᠷᠢᠶᠠᠬᠤ ᠪᠤᠶᠤ ᠵᠠᠷᠤᠳᠠᠯ ᠲᠡᠰᠭᠡᠵᠦ ᠪᠣᠯᠬᠤ᠎ᠦᠭᠡᠢ᠃

  ᠲᠠᠪᠢᠳᠤᠭᠠᠷ ᠵᠦᠢᠯ   ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠠᠴᠠ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠵᠠᠷᠤᠳᠠᠯ᠎ᠤᠨ ᠬᠢᠨᠠᠨ ᠪᠣᠳᠤᠵᠤ ᠬᠢᠨᠠᠯᠲᠠ ᠲᠠᠯᠪᠢᠬᠤ ᠳᠦᠷᠢᠮ ᠪᠠ ᠪᠦᠷᠢᠳᠭᠡᠵᠦ ᠵᠠᠷᠯᠠᠬᠤ ᠳᠦᠷᠢᠮ᠎ᠢ ᠪᠠᠢᠭᠤᠯᠤᠨ ᠲᠡᠭᠦᠯᠳᠡᠷᠵᠢᠭᠦᠯᠦᠨ᠎ᠡ᠃

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604