ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠠᠯᠪᠠᠨ ᠵᠢᠷᠤᠮ ᠤ᠋ᠨ ᠰᠤᠷᠭᠠᠨ ᠬᠥᠮᠦᠵᠢᠯ ᠦ᠋ᠨ ᠬᠠᠤᠯᠢ(ᠳᠣᠯᠣᠳᠤᠭᠠᠷ ᠪᠦᠯᠦᠭ᠂ ᠨᠠᠢ᠍ᠮᠠᠳᠤᠭᠠᠷ ᠪᠦᠯᠦᠭ)
2019.11.04

  (1986 ᠣᠨ ᠤ᠋ 4 ᠰᠠᠷ᠎ᠠ ᠶ᠋ᠢᠨ 12 ᠤ᠋ ᠡᠳᠦᠷ ᠵᠢᠷᠭᠤᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠳᠥᠷᠪᠡᠳᠦᠭᠡᠷ ᠬᠤᠷᠠᠯᠳᠤᠭᠠᠨ ᠠ᠋ᠴᠠ ᠪᠠᠲᠤᠯᠠᠪᠠ

  2006 ᠣᠨ ᠤ᠋ 6 ᠰᠠᠷ᠎ᠠ ᠶ᠋ᠢᠨ 29 ᠦ᠌ ᠡᠳᠦᠷ ᠠᠷᠪᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶᠠᠨ ᠤ᠋ ᠬᠣᠷᠢᠨ ᠬᠣᠶᠠᠳᠤᠭᠠᠷ ᠬᠤᠷᠠᠯᠳᠤᠭᠠᠨ ᠠ᠋ᠴᠠ ᠵᠠᠰᠠᠵᠤ ᠲᠣᠭᠲᠠᠭᠠᠪᠠ

  2015 ᠣᠨ ᠤ᠋ 4 ᠰᠠᠷ᠎ᠠ ᠶ᠋ᠢᠨ 24 ᠦ᠌ ᠡᠳᠦᠷ ᠦ᠋ᠨ ᠠᠷᠪᠠᠨ ᠬᠣᠶᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶᠠᠨ ᠤ᠋ ᠠᠷᠪᠠᠨ ᠳᠥᠷᠪᠡᠳᠦᠭᠡᠷ ᠬᠤᠷᠠᠯᠳᠤᠭᠠᠨ ᠤ᠋ 《<ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠠᠯᠪᠠᠨ ᠵᠢᠷᠤᠮ ᠤ᠋ᠨ ᠰᠤᠷᠭᠠᠨ ᠬᠥᠮᠦᠵᠢᠯ ᠦ᠋ᠨ ᠬᠠᠤᠯᠢ> ᠵᠡᠷᠭᠡ ᠲᠠᠪᠤᠨ ᠬᠠᠤᠯᠢ ᠳ᠋ᠤ᠌ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ》 ᠢ᠋ ᠦᠨᠳᠦᠰᠦᠯᠡᠨ ᠵᠠᠰᠠᠪᠠ)

 

 

    ᠳᠣᠯᠣᠳᠤᠭᠠᠷ ᠪᠦᠯᠦᠭ   ᠬᠠᠤᠯᠢ ᠶ᠋ᠢᠨ ᠬᠠᠷᠢᠭᠤᠴᠠᠯᠭ᠎ᠠ

 

  ᠲᠠᠪᠢᠨ ᠨᠢᠭᠡᠳᠦᠭᠡᠷ ᠵᠦᠢᠯ   ᠲᠥᠷᠥ ᠶ᠋ᠢᠨ ᠶᠠᠪᠤᠳᠠᠯ ᠤ᠋ᠨ ᠬᠣᠷᠢᠶ᠎ᠠ ᠶ᠋ᠢᠨ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠣᠷᠣᠨ ᠨᠤᠲᠤᠭ ᠤ᠋ᠨ ᠡᠯ᠎ᠡ ᠱᠠᠲᠤᠨ ᠤ᠋ ᠠᠷᠠᠳ ᠤ᠋ᠨ ᠵᠠᠰᠠᠭ ᠤ᠋ᠨ ᠣᠷᠳᠣᠨ ᠲᠤᠰ ᠬᠠᠤᠯᠢ ᠶ᠋ᠢᠨ ᠵᠢᠷᠭᠤᠳᠤᠭᠠᠷ ᠪᠦᠯᠦᠭ ᠦ᠋ᠨ ᠲᠣᠭᠲᠠᠭᠠᠯ ᠢ᠋ ᠵᠥᠷᠢᠴᠡᠵᠦ᠂ ᠠᠯᠪᠠᠨ ᠵᠢᠷᠤᠮ ᠤ᠋ᠨ ᠰᠤᠷᠭᠠᠨ ᠬᠥᠮᠦᠵᠢᠯ ᠦ᠋ᠨ ᠵᠠᠷᠤᠳᠠᠯ ᠢ᠋ ᠪᠠᠲᠤᠯᠠᠬᠤ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠦᠭᠡᠢ ᠪᠠᠢᠪᠠᠯ᠂ ᠲᠥᠷᠥ ᠶ᠋ᠢᠨ ᠶᠠᠪᠤᠳᠠᠯ ᠤ᠋ᠨ ᠬᠣᠷᠢᠶ᠎ᠠ ᠪᠤᠶᠤ ᠳᠡᠭᠡᠳᠦ ᠱᠠᠲᠤᠨ ᠤ᠋ ᠣᠷᠣᠨ ᠨᠤᠲᠤᠭ ᠤ᠋ᠨ ᠠᠷᠠᠳ ᠤ᠋ᠨ ᠵᠠᠰᠠᠭ ᠤ᠋ᠨ ᠣᠷᠳᠣᠨ ᠠ᠋ᠴᠠ ᠵᠠᠷᠯᠢᠭᠳᠠᠵᠤ ᠪᠠᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ; ᠦᠢᠯᠡ ᠪᠠᠢᠳᠠᠯ ᠨᠢ ᠬᠦᠨᠳᠦ ᠨᠣᠴᠢᠲᠠᠢ ᠪᠠᠢᠪᠠᠯ᠂ ᠱᠢᠭᠤᠳ ᠬᠠᠷᠢᠭᠤᠴᠠᠵᠤ ᠪᠠᠢᠭ᠎ᠠ ᠡᠷᠬᠢᠯᠡᠨ ᠬᠠᠮᠢᠶᠠᠷᠬᠤ ᠠᠵᠢᠯᠲᠠᠨ ᠪᠣᠯᠤᠨ ᠱᠢᠭᠤᠳ ᠬᠠᠷᠢᠭᠤᠴᠠᠯᠭ᠎ᠠ ᠲᠠᠢ ᠪᠤᠰᠤᠳ ᠠᠵᠢᠯᠲᠠᠨ ᠳ᠋ᠤ᠌ ᠬᠠᠤᠯᠢ ᠶᠣᠰᠣᠭᠠᠷ ᠵᠠᠰᠠᠭ ᠵᠠᠬᠢᠷᠭᠠᠨ ᠤ᠋ ᠰᠢᠢᠳᠭᠡᠯ ᠥᠭᠭᠦᠨ᠎ᠡ᠃

  ᠲᠠᠪᠢᠨ ᠬᠣᠶᠠᠳᠤᠭᠠᠷ ᠵᠦᠢᠯ   ᠱᠢᠶᠠᠨ ᠤ᠋ ᠱᠠᠲᠤᠨ ᠠ᠋ᠴᠠ ᠳᠡᠭᠡᠭᠱᠢᠬᠢ ᠣᠷᠣᠨ ᠨᠤᠲᠤᠭ ᠤ᠋ᠨ ᠠᠷᠠᠳ ᠤ᠋ᠨ ᠵᠠᠰᠠᠭ ᠤ᠋ᠨ ᠣᠷᠳᠣᠨ ᠳ᠋ᠤ᠌ ᠳᠣᠣᠷ᠎ᠠ ᠵᠢᠭᠰᠠᠭᠠᠭᠰᠠᠨ ᠪᠠᠢᠳᠠᠯ ᠤ᠋ᠨ ᠨᠢᠭᠡ ᠨᠢ ᠪᠠᠢᠪᠠᠯ᠂ ᠳᠡᠭᠡᠳᠦ ᠱᠠᠲᠤᠨ ᠤ᠋ ᠠᠷᠠᠳ ᠤ᠋ᠨ ᠵᠠᠰᠠᠭ ᠤ᠋ᠨ ᠣᠷᠳᠣᠨ ᠠ᠋ᠴᠠ ᠵᠠᠷᠯᠢᠭᠳᠠᠵᠤ ᠪᠠᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ; ᠦᠢᠯᠡ ᠪᠠᠢᠳᠠᠯ ᠨᠢ ᠬᠦᠨᠳᠦ ᠨᠣᠴᠢᠲᠠᠢ ᠪᠠᠢᠪᠠᠯ᠂ ᠱᠢᠭᠤᠳ ᠬᠠᠷᠢᠭᠤᠴᠠᠵᠤ ᠪᠠᠢᠭ᠎ᠠ ᠡᠷᠬᠢᠯᠡᠨ ᠬᠠᠮᠢᠶᠠᠷᠬᠤ ᠠᠵᠢᠯᠲᠠᠨ ᠪᠠ ᠱᠢᠭᠤᠳ ᠬᠠᠷᠢᠭᠤᠴᠠᠯᠭ᠎ᠠ ᠲᠠᠢ ᠪᠤᠰᠤᠳ ᠠᠵᠢᠯᠲᠠᠨ ᠳ᠋ᠤ᠌ ᠬᠠᠤᠯᠢ ᠶᠣᠰᠣᠭᠠᠷ ᠵᠠᠰᠠᠭ ᠵᠠᠬᠢᠷᠭᠠᠨ ᠤ᠋ ᠰᠢᠢᠳᠭᠡᠯ ᠥᠭᠭᠦᠨ᠎ᠡ᠄

  (ᠨᠢᠭᠡ) ᠰᠤᠷᠭᠠᠭᠤᠯᠢ ᠪᠠᠢᠭᠤᠯᠬᠤ ᠲᠥᠯᠥᠪᠵᠢᠭᠦᠯᠭᠡ ᠶ᠋ᠢ ᠤᠯᠤᠰ ᠤ᠋ᠨ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠲᠣᠭᠲᠠᠭᠠᠵᠤ᠂ ᠲᠣᠬᠢᠷᠠᠭᠤᠯᠤᠭᠰᠠᠨ ᠦᠭᠡᠢ ᠪᠠᠢᠬᠤ;

  (ᠬᠣᠶᠠᠷ) ᠰᠤᠷᠭᠠᠭᠤᠯᠢ ᠶ᠋ᠢᠨ ᠪᠦᠲᠦᠭᠡᠨ ᠪᠠᠢᠭᠤᠯᠤᠯᠲᠠ ᠨᠢ ᠤᠯᠤᠰ ᠠ᠋ᠴᠠ ᠲᠣᠭᠲᠠᠭᠠᠭᠰᠠᠨ ᠰᠤᠷᠭᠠᠭᠤᠯᠢ ᠡᠷᠬᠢᠯᠡᠬᠦ ᠪᠠᠷᠢᠮᠵᠢᠶ᠎ᠠ᠂ ᠭᠠᠵᠠᠷ ᠰᠣᠩᠭᠣᠬᠤ ᠱᠠᠭᠠᠷᠳᠠᠯᠭ᠎ᠠ ᠪᠣᠯᠤᠨ ᠪᠦᠲᠦᠭᠡᠨ ᠪᠠᠢᠭᠤᠯᠤᠯᠲᠠ ᠶ᠋ᠢᠨ ᠪᠠᠷᠢᠮᠵᠢᠶ᠎ᠠ ᠳ᠋ᠤ᠌ ᠨᠡᠢᠴᠡᠭᠰᠡᠨ ᠦᠭᠡᠢ ᠪᠠᠢᠬᠤ;

  (ᠭᠤᠷᠪᠠ) ᠰᠤᠷᠭᠠᠭᠤᠯᠢ ᠶ᠋ᠢᠨ ᠪᠠᠢᠷᠢ ᠶ᠋ᠢᠨ ᠠᠶᠤᠯᠭᠦᠢ ᠶ᠋ᠢ ᠲᠣᠭᠲᠠᠮᠠᠯ ᠬᠤᠭᠤᠴᠠᠭ᠎ᠠ ᠲᠠᠢ ᠪᠠᠷ ᠪᠠᠢᠴᠠᠭᠠᠭᠰᠠᠨ ᠦᠭᠡᠢ ᠪᠥᠭᠡᠳ ᠴᠠᠭ ᠲᠤᠬᠠᠢ ᠳ᠋ᠤ᠌ ᠨᠢ ᠰᠡᠯᠪᠢᠨ ᠵᠠᠰᠠᠵᠤ᠂ ᠥᠭᠡᠷᠡᠴᠢᠯᠡᠭᠰᠡᠨ ᠦᠭᠡᠢ ᠪᠠᠢᠬᠤ;

  (ᠳᠥᠷᠪᠡ) ᠲᠤᠰ ᠬᠠᠤᠯᠢ ᠶ᠋ᠢᠨ ᠲᠣᠭᠲᠠᠭᠠᠯ ᠶᠣᠰᠣᠭᠠᠷ ᠠᠯᠪᠠᠨ ᠵᠢᠷᠤᠮ ᠤ᠋ᠨ ᠰᠤᠷᠭᠠᠨ ᠬᠥᠮᠦᠵᠢᠯ ᠦ᠋ᠨ ᠵᠠᠷᠤᠳᠠᠯ ᠢ᠋ ᠲᠡᠩᠴᠡᠭᠦᠷᠢᠲᠡᠢ ᠲᠣᠬᠢᠷᠠᠭᠤᠯᠤᠭᠰᠠᠨ ᠦᠭᠡᠢ ᠪᠠᠢᠬᠤ᠃

  ᠲᠠᠪᠢᠨ ᠭᠤᠷᠪᠠᠳᠤᠭᠠᠷ ᠵᠦᠢᠯ   ᠱᠢᠶᠠᠨ ᠤ᠋ ᠱᠠᠲᠤᠨ ᠠ᠋ᠴᠠ ᠳᠡᠭᠡᠭᠱᠢᠬᠢ ᠠᠷᠠᠳ ᠤ᠋ᠨ ᠵᠠᠰᠠᠭ ᠤ᠋ᠨ ᠣᠷᠳᠣᠨ ᠪᠤᠶᠤ ᠲᠡᠭᠦᠨ ᠦ᠌ ᠰᠤᠷᠭᠠᠨ ᠬᠥᠮᠦᠵᠢᠯ ᠦ᠋ᠨ ᠵᠠᠰᠠᠭ ᠵᠠᠬᠢᠷᠭᠠᠨ ᠤ᠋ ᠰᠠᠯᠠᠭ᠎ᠠ ᠮᠥᠴᠢᠷ ᠲᠦ᠍ ᠳᠣᠣᠷ᠎ᠠ ᠵᠢᠭᠰᠠᠭᠠᠭᠰᠠᠨ ᠪᠠᠢᠳᠠᠯ ᠤ᠋ᠨ ᠨᠢᠭᠡ ᠨᠢ ᠪᠠᠢᠪᠠᠯ᠂ ᠳᠡᠭᠡᠳᠦ ᠱᠠᠲᠤᠨ ᠤ᠋ ᠠᠷᠠᠳ ᠤ᠋ᠨ ᠵᠠᠰᠠᠭ ᠤ᠋ᠨ ᠣᠷᠳᠣᠨ ᠪᠤᠶᠤ ᠲᠡᠭᠦᠨ ᠦ᠌ ᠰᠤᠷᠭᠠᠨ ᠬᠥᠮᠦᠵᠢᠯ ᠦ᠋ᠨ ᠵᠠᠰᠠᠭ ᠵᠠᠬᠢᠷᠭᠠᠨ ᠤ᠋ ᠰᠠᠯᠠᠭ᠎ᠠ ᠮᠥᠴᠢᠷ ᠡᠴᠡ ᠵᠠᠷᠯᠢᠭᠳᠠᠵᠤ ᠪᠠᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ ᠵᠠᠷᠯᠠᠨ ᠱᠢᠭᠦᠮᠵᠢᠯᠡᠨ᠎ᠡ; ᠦᠢᠯᠡ ᠪᠠᠢᠳᠠᠯ ᠨᠢ ᠬᠦᠨᠳᠦ ᠨᠣᠴᠢᠲᠠᠢ ᠪᠠᠢᠪᠠᠯ᠂ ᠱᠢᠭᠤᠳ ᠬᠠᠷᠢᠭᠤᠴᠠᠵᠤ ᠪᠠᠢᠭ᠎ᠠ ᠡᠷᠬᠢᠯᠡᠨ ᠬᠠᠮᠢᠶᠠᠷᠬᠤ ᠠᠵᠢᠯᠲᠠᠨ ᠪᠣᠯᠤᠨ ᠱᠢᠭᠤᠳ ᠬᠠᠷᠢᠭᠤᠴᠠᠯᠭ᠎ᠠ ᠲᠠᠢ ᠪᠤᠰᠤᠳ ᠠᠵᠢᠯᠲᠠᠨ ᠳ᠋ᠤ᠌ ᠬᠠᠤᠯᠢ ᠶᠣᠰᠣᠭᠠᠷ ᠵᠠᠰᠠᠭ ᠵᠠᠬᠢᠷᠭᠠᠨ ᠤ᠋ ᠰᠢᠢᠳᠭᠡᠯ ᠥᠭᠭᠦᠨ᠎ᠡ᠄

  (ᠨᠢᠭᠡ) ᠰᠤᠷᠭᠠᠭᠤᠯᠢ ᠶ᠋ᠢ ᠭᠣᠣᠯᠳᠠᠯᠭᠠᠲᠤ ᠰᠤᠷᠭᠠᠭᠤᠯᠢ ᠪᠣᠯᠤᠨ ᠭᠣᠣᠯᠳᠠᠯᠭᠠᠲᠤ ᠪᠤᠰᠤ ᠰᠤᠷᠭᠠᠭᠤᠯᠢ ᠭᠡᠵᠦ ᠬᠤᠪᠢᠶᠠᠭᠰᠠᠨ;

  (ᠬᠣᠶᠠᠷ) ᠠᠯᠪᠠᠨ ᠠ᠋ᠴᠠ ᠡᠷᠬᠢᠯᠡᠭᠰᠡᠨ ᠰᠤᠷᠭᠠᠭᠤᠯᠢ ᠶ᠋ᠢᠨ ᠱᠢᠨᠵᠢ ᠴᠢᠨᠠᠷ ᠢ᠋ ᠬᠤᠪᠢᠷᠠᠭᠤᠯᠤᠭᠰᠠᠨ ᠪᠤᠶᠤ ᠬᠡᠯᠪᠡᠷᠢ ᠶ᠋ᠢ ᠨᠢ ᠥᠭᠡᠷᠡᠲᠦᠭᠦᠯᠦᠨ ᠬᠤᠪᠢᠷᠠᠭᠤᠯᠤᠭᠰᠠᠨ᠃

  ᠱᠢᠶᠠᠨ ᠤ᠋ ᠱᠠᠲᠤᠨ ᠤ᠋ ᠠᠷᠠᠳ ᠤ᠋ᠨ ᠵᠠᠰᠠᠭ ᠤ᠋ᠨ ᠣᠷᠳᠣᠨ ᠤ᠋ ᠰᠤᠷᠭᠠᠨ ᠬᠥᠮᠦᠵᠢᠯ ᠦ᠋ᠨ ᠵᠠᠰᠠᠭ ᠵᠠᠬᠢᠷᠭᠠᠨ ᠤ᠋ ᠰᠠᠯᠠᠭ᠎ᠠ ᠮᠥᠴᠢᠷ ᠪᠤᠶᠤ ᠱᠢᠶᠠᠩ ᠪᠠᠯᠭᠠᠰᠤᠨ ᠤ᠋ ᠠᠷᠠᠳ ᠤ᠋ᠨ ᠵᠠᠰᠠᠭ ᠤ᠋ᠨ ᠣᠷᠳᠣᠨ ᠠ᠋ᠴᠠ ᠠᠷᠭ᠎ᠠ ᠬᠡᠮᠵᠢᠶ᠎ᠡ ᠠᠪᠴᠤ ᠪᠠᠢᠭᠠᠳ ᠰᠤᠷᠭᠠᠭᠤᠯᠢ ᠳ᠋ᠤ᠌ ᠣᠷᠣᠬᠤ ᠨᠠᠰᠤᠨ ᠤ᠋ ᠬᠡᠦᠬᠡᠳ᠂ ᠪᠠᠭᠠᠴᠤᠳ ᠤ᠋ᠨ ᠰᠤᠷᠭᠠᠭᠤᠯᠢ ᠳ᠋ᠤ᠌ ᠣᠷᠣᠬᠤ ᠶ᠋ᠢ ᠵᠣᠬᠢᠶᠠᠨ ᠪᠠᠢᠭᠤᠯᠤᠭᠰᠠᠨ ᠦᠭᠡᠢ ᠪᠤᠶᠤ ᠰᠤᠷᠤᠯᠭ᠎ᠠ ᠪᠠᠨ ᠳᠣᠷᠭᠣᠨ ᠵᠣᠭᠰᠣᠬᠤ ᠶ᠋ᠢ ᠬᠣᠷᠢᠭᠯᠠᠭᠰᠠᠨ ᠦᠭᠡᠢ ᠪᠠᠢᠪᠠᠯ᠂ ᠡᠮᠦᠨᠡᠬᠢ ᠪᠠᠳᠠᠭ ᠤ᠋ᠨ ᠲᠣᠭᠲᠠᠭᠠᠯ ᠶᠣᠰᠣᠭᠠᠷ ᠬᠠᠤᠯᠢ ᠶ᠋ᠢᠨ ᠬᠠᠷᠢᠭᠤᠴᠠᠯᠭ᠎ᠠ ᠨᠡᠬᠡᠮᠵᠢᠯᠡᠨ᠎ᠡ᠃

  ᠲᠠᠪᠢᠨ ᠳᠥᠷᠪᠡᠳᠦᠭᠡᠷ ᠵᠦᠢᠯ   ᠳᠣᠣᠷ᠎ᠠ ᠵᠢᠭᠰᠠᠭᠠᠭᠰᠠᠨ ᠪᠠᠢᠳᠠᠯ ᠤ᠋ᠨ ᠨᠢᠭᠡ ᠨᠢ ᠪᠠᠢᠪᠠᠯ᠂ ᠳᠡᠭᠡᠳᠦ ᠱᠠᠲᠤᠨ ᠤ᠋ ᠠᠷᠠᠳ ᠤ᠋ᠨ ᠵᠠᠰᠠᠭ ᠤ᠋ᠨ ᠣᠷᠳᠣᠨ ᠪᠤᠶᠤ ᠳᠡᠭᠡᠳᠦ ᠱᠠᠲᠤᠨ ᠤ᠋ ᠠᠷᠠᠳ ᠤ᠋ᠨ ᠵᠠᠰᠠᠭ ᠤ᠋ᠨ ᠣᠷᠳᠣᠨ ᠤ᠋ ᠰᠤᠷᠭᠠᠨ ᠬᠥᠮᠦᠵᠢᠯ ᠦ᠋ᠨ ᠵᠠᠰᠠᠭ ᠵᠠᠬᠢᠷᠭᠠᠨ ᠤ᠋ ᠰᠠᠯᠠᠭ᠎ᠠ ᠮᠥᠴᠢᠷ᠂ ᠡᠳ᠋ ᠦ᠋ᠨ ᠵᠠᠰᠠᠭ ᠤ᠋ᠨ ᠰᠠᠯᠠᠭ᠎ᠠ ᠮᠥᠴᠢᠷ᠂ ᠦᠨ᠎ᠡ ᠬᠠᠩᠱᠢ ᠶ᠋ᠢᠨ ᠵᠠᠰᠠᠭ ᠵᠠᠬᠢᠷᠭᠠᠨ ᠤ᠋ ᠰᠠᠯᠠᠭ᠎ᠠ ᠮᠥᠴᠢᠷ ᠪᠣᠯᠤᠨ ᠬᠢᠨᠠᠨ ᠪᠣᠳᠣᠬᠤ ᠪᠠᠢᠭᠤᠯᠭ᠎ᠠ ᠠ᠋ᠴᠠ ᠲᠤᠱᠢᠶᠠᠯ ᠬᠠᠷᠢᠭᠤᠴᠠᠯᠭ᠎ᠠ ᠶ᠋ᠢᠨ ᠠᠵᠢᠯ ᠤ᠋ᠨ ᠬᠤᠪᠢᠶᠠᠷᠢᠯᠠᠯ ᠢ᠋ᠶ᠋ᠠᠨ ᠦᠨᠳᠦᠰᠦᠯᠡᠨ ᠵᠠᠷᠯᠢᠭᠳᠠᠵᠤ ᠪᠠᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ; ᠦᠢᠯᠡ ᠪᠠᠢᠳᠠᠯ ᠨᠢ ᠬᠦᠨᠳᠦ ᠨᠣᠴᠢᠲᠠᠢ ᠪᠠᠢᠪᠠᠯ᠂ ᠱᠢᠭᠤᠳ ᠬᠠᠷᠢᠭᠤᠴᠠᠵᠤ ᠪᠠᠢᠭ᠎ᠠ ᠡᠷᠬᠢᠯᠡᠨ ᠬᠠᠮᠢᠶᠠᠷᠬᠤ ᠠᠵᠢᠯᠲᠠᠨ ᠪᠣᠯᠤᠨ ᠱᠢᠭᠤᠳ ᠬᠠᠷᠢᠭᠤᠴᠠᠯᠭ᠎ᠠ ᠲᠠᠢ ᠪᠤᠰᠤᠳ ᠠᠵᠢᠯᠲᠠᠨ ᠳ᠋ᠤ᠌ ᠬᠠᠤᠯᠢ ᠶᠣᠰᠣᠭᠠᠷ ᠰᠢᠢᠳᠭᠡᠯ ᠥᠭᠭᠦᠨ᠎ᠡ᠄

  (ᠨᠢᠭᠡ) ᠠᠯᠪᠠᠨ ᠵᠢᠷᠤᠮ ᠤ᠋ᠨ ᠰᠤᠷᠭᠠᠨ ᠬᠥᠮᠦᠵᠢᠯ ᠦ᠋ᠨ ᠵᠠᠷᠤᠳᠠᠯ ᠢ᠋ ᠡᠵᠡᠯᠡᠨ ᠠᠪᠤᠭᠰᠠᠨ ᠪᠤᠶᠤ ᠨᠡᠭᠦᠯᠭᠡᠨ ᠬᠡᠷᠡᠭᠯᠡᠭᠰᠡᠨ;

  (ᠬᠣᠶᠠᠷ) ᠰᠤᠷᠭᠠᠭᠤᠯᠢ ᠠ᠋ᠴᠠ ᠬᠠᠤᠯᠢ ᠪᠤᠰᠤ ᠪᠠᠷ ᠰᠦᠢᠳᠭᠡᠯ ᠬᠤᠷᠢᠶᠠᠭᠰᠠᠨ ᠪᠤᠶᠤ ᠵᠠᠷᠤᠳᠠᠯ ᠲᠡᠰᠭᠡᠭᠰᠡᠨ᠃

  ᠲᠠᠪᠢᠨ ᠲᠠᠪᠤᠳᠤᠭᠠᠷ ᠵᠦᠢᠯ   ᠰᠤᠷᠭᠠᠭᠤᠯᠢ ᠪᠤᠶᠤ ᠪᠠᠭᠱᠢ ᠠᠯᠪᠠᠨ ᠵᠢᠷᠤᠮ ᠤ᠋ᠨ ᠰᠤᠷᠭᠠᠨ ᠬᠥᠮᠦᠵᠢᠯ ᠦ᠋ᠨ ᠠᠵᠢᠯ ᠤ᠋ᠨ ᠳᠤᠮᠳᠠ ᠪᠠᠨ ᠰᠤᠷᠭᠠᠨ ᠬᠥᠮᠦᠵᠢᠯ ᠦ᠋ᠨ ᠬᠠᠤᠯᠢ᠂ ᠪᠠᠭᠱᠢ ᠶ᠋ᠢᠨ ᠬᠠᠤᠯᠢ ᠶ᠋ᠢᠨ ᠲᠣᠭᠲᠠᠭᠠᠯ ᠢ᠋ ᠵᠥᠷᠢᠴᠡᠭᠰᠡᠨ ᠪᠠᠢᠪᠠᠯ᠂ ᠰᠤᠷᠭᠠᠨ ᠬᠥᠮᠦᠵᠢᠯ ᠦ᠋ᠨ ᠬᠠᠤᠯᠢ᠂ ᠪᠠᠭᠱᠢ ᠶ᠋ᠢᠨ ᠬᠠᠤᠯᠢ ᠶ᠋ᠢᠨ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠬᠡᠨ᠎ᠡ᠃

  ᠲᠠᠪᠢᠨ ᠵᠢᠷᠭᠤᠳᠤᠭᠠᠷ ᠵᠦᠢᠯ   ᠰᠤᠷᠭᠠᠭᠤᠯᠢ ᠤᠯᠤᠰ ᠤ᠋ᠨ ᠲᠣᠭᠲᠠᠭᠠᠯ ᠢ᠋ ᠵᠥᠷᠢᠴᠡᠵᠦ ᠰᠦᠢᠳᠭᠡᠯ ᠬᠤᠷᠢᠶᠠᠭᠰᠠᠨ ᠪᠠᠢᠪᠠᠯ᠂ ᠱᠢᠶᠠᠨ ᠤ᠋ ᠱᠠᠲᠤᠨ ᠤ᠋ ᠠᠷᠠᠳ ᠤ᠋ᠨ ᠵᠠᠰᠠᠭ ᠤ᠋ᠨ ᠣᠷᠳᠣᠨ ᠤ᠋ ᠰᠤᠷᠭᠠᠨ ᠬᠥᠮᠦᠵᠢᠯ ᠦ᠋ᠨ ᠵᠠᠰᠠᠭ ᠵᠠᠬᠢᠷᠭᠠᠨ ᠤ᠋ ᠰᠠᠯᠠᠭ᠎ᠠ ᠮᠥᠴᠢᠷ ᠡᠴᠡ ᠵᠠᠷᠯᠢᠭᠳᠠᠵᠤ ᠪᠠᠢᠭᠠᠳ ᠬᠤᠷᠢᠶᠠᠭᠰᠠᠨ ᠰᠦᠢᠳᠭᠡᠯ ᠢ᠋ ᠨᠢ ᠪᠤᠴᠠᠭᠠᠯᠭᠠᠨ᠎ᠠ; ᠱᠢᠭᠤᠳ ᠬᠠᠷᠢᠭᠤᠴᠠᠵᠤ ᠪᠠᠢᠭ᠎ᠠ ᠡᠷᠬᠢᠯᠡᠨ ᠬᠠᠮᠢᠶᠠᠷᠬᠤ ᠠᠵᠢᠯᠲᠠᠨ ᠪᠣᠯᠤᠨ ᠱᠢᠭᠤᠳ ᠬᠠᠷᠢᠭᠤᠴᠠᠯᠭ᠎ᠠ ᠲᠠᠢ ᠪᠤᠰᠤᠳ ᠠᠵᠢᠯᠲᠠᠨ ᠳ᠋ᠤ᠌ ᠬᠠᠤᠯᠢ ᠶᠣᠰᠣᠭᠠᠷ ᠰᠢᠢᠳᠭᠡᠯ ᠥᠭᠭᠦᠨ᠎ᠡ᠃

  ᠰᠤᠷᠭᠠᠭᠤᠯᠢ ᠨᠢ ᠰᠤᠷᠤᠭᠴᠢᠳ ᠲᠤ᠌ ᠲᠠᠸᠠᠷ᠂ ᠦᠢᠯᠡᠴᠢᠯᠡᠭᠡ ᠶ᠋ᠢ ᠪᠣᠷᠣᠯᠠᠭᠤᠯᠬᠤ ᠪᠤᠶᠤ ᠬᠡᠯᠪᠡᠷᠢ ᠶ᠋ᠢ ᠨᠢ ᠥᠭᠡᠷᠡᠲᠦᠭᠦᠯᠦᠨ ᠪᠣᠷᠣᠯᠠᠭᠤᠯᠬᠤ ᠵᠡᠷᠭᠡ ᠠᠷᠭ᠎ᠠ ᠬᠡᠯᠪᠡᠷᠢ ᠪᠡᠷ ᠠᠱᠢᠭ ᠲᠤᠰᠠ ᠣᠯᠤᠭᠰᠠᠨ ᠪᠠᠢᠪᠠᠯ᠂ ᠱᠢᠶᠠᠨ ᠤ᠋ ᠱᠠᠲᠤᠨ ᠤ᠋ ᠠᠷᠠᠳ ᠤ᠋ᠨ ᠵᠠᠰᠠᠭ ᠤ᠋ᠨ ᠣᠷᠳᠣᠨ ᠤ᠋ ᠰᠤᠷᠭᠠᠨ ᠬᠥᠮᠦᠵᠢᠯ ᠦ᠋ᠨ ᠵᠠᠰᠠᠭ ᠵᠠᠬᠢᠷᠭᠠᠨ ᠤ᠋ ᠰᠠᠯᠠᠭ᠎ᠠ ᠮᠥᠴᠢᠷ ᠡᠴᠡ ᠵᠠᠷᠯᠠᠨ ᠱᠢᠭᠦᠮᠵᠢᠯᠡᠨ᠎ᠡ; ᠬᠠᠤᠯᠢ ᠶ᠋ᠢ ᠵᠥᠷᠢᠴᠡᠵᠦ ᠣᠯᠤᠭᠰᠠᠨ ᠣᠯᠵᠠ ᠠᠱᠢᠭ ᠲᠠᠢ ᠪᠠᠢᠪᠠᠯ᠂ ᠬᠠᠤᠯᠢ ᠶ᠋ᠢ ᠵᠥᠷᠢᠴᠡᠵᠦ ᠣᠯᠤᠭᠰᠠᠨ ᠣᠯᠵᠠ ᠠᠱᠢᠭ ᠢ᠋ ᠨᠢ ᠬᠣᠷᠢᠶᠠᠨ ᠠᠪᠤᠨ᠎ᠠ; ᠱᠢᠭᠤᠳ ᠬᠠᠷᠢᠭᠤᠴᠠᠵᠤ ᠪᠠᠢᠭ᠎ᠠ ᠡᠷᠬᠢᠯᠡᠨ ᠬᠠᠮᠢᠶᠠᠷᠬᠤ ᠠᠵᠢᠯᠲᠠᠨ ᠪᠣᠯᠤᠨ ᠱᠢᠭᠤᠳ ᠬᠠᠷᠢᠭᠤᠴᠠᠯᠭ᠎ᠠ ᠲᠠᠢ ᠪᠤᠰᠤᠳ ᠠᠵᠢᠯᠲᠠᠨ ᠳ᠋ᠤ᠌ ᠬᠠᠤᠯᠢ ᠶᠣᠰᠣᠭᠠᠷ ᠰᠢᠢᠳᠭᠡᠯ ᠥᠭᠭᠦᠨ᠎ᠡ᠃

  ᠲᠥᠷᠥ ᠶ᠋ᠢᠨ ᠪᠠᠢᠭᠤᠯᠭ᠎ᠠ ᠶ᠋ᠢᠨ ᠠᠵᠢᠯᠲᠠᠨ ᠪᠣᠯᠤᠨ ᠬᠢᠴᠢᠶᠡᠯ ᠦ᠋ᠨ ᠪᠢᠴᠢᠭ ᠢ᠋ ᠬᠢᠨᠠᠨ ᠪᠠᠢᠴᠠᠭᠠᠬᠤ ᠠᠵᠢᠯᠲᠠᠨ ᠬᠢᠴᠢᠶᠡᠯ ᠦ᠋ᠨ ᠪᠢᠴᠢᠭ ᠢ᠋ ᠨᠠᠢᠷᠠᠭᠤᠯᠤᠨ ᠪᠢᠴᠢᠬᠦ ᠠᠵᠢᠯ ᠳ᠋ᠤ᠌ ᠣᠷᠣᠯᠴᠠᠭᠰᠠᠨ ᠪᠤᠶᠤ ᠬᠡᠯᠪᠡᠷᠢ ᠶ᠋ᠢ ᠨᠢ ᠥᠭᠡᠷᠡᠲᠦᠭᠦᠯᠦᠨ ᠣᠷᠣᠯᠴᠠᠭᠰᠠᠨ ᠪᠠᠢᠪᠠᠯ᠂ ᠱᠢᠶᠠᠨ ᠤ᠋ ᠱᠠᠲᠤᠨ ᠠ᠋ᠴᠠ ᠳᠡᠭᠡᠭᠱᠢᠬᠢ ᠠᠷᠠᠳ ᠤ᠋ᠨ ᠵᠠᠰᠠᠭ ᠤ᠋ᠨ ᠣᠷᠳᠣᠨ ᠪᠤᠶᠤ ᠲᠡᠭᠦᠨ ᠦ᠌ ᠰᠤᠷᠭᠠᠨ ᠬᠥᠮᠦᠵᠢᠯ ᠦ᠋ᠨ ᠵᠠᠰᠠᠭ ᠵᠠᠬᠢᠷᠭᠠᠨ ᠤ᠋ ᠰᠠᠯᠠᠭ᠎ᠠ ᠮᠥᠴᠢᠷ ᠡᠴᠡ ᠲᠤᠱᠢᠶᠠᠯ ᠬᠠᠷᠢᠭᠤᠴᠠᠯᠭ᠎ᠠ ᠶ᠋ᠢᠨ ᠡᠷᠬᠡ ᠶ᠋ᠢᠨ ᠬᠡᠪᠴᠢᠶ᠎ᠡ ᠪᠡᠨ ᠦᠨᠳᠦᠰᠦᠯᠡᠨ ᠵᠠᠷᠯᠢᠭᠳᠠᠵᠤ ᠪᠠᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ ᠬᠠᠤᠯᠢ ᠶᠣᠰᠣᠭᠠᠷ ᠵᠠᠰᠠᠭ ᠵᠠᠬᠢᠷᠭᠠᠨ ᠤ᠋ ᠰᠢᠢᠳᠭᠡᠯ ᠥᠭᠭᠦᠨ᠎ᠡ; ᠬᠠᠤᠯᠢ ᠶ᠋ᠢ ᠵᠥᠷᠢᠴᠡᠵᠦ ᠣᠯᠤᠭᠰᠠᠨ ᠣᠯᠵᠠ ᠠᠱᠢᠭ ᠲᠠᠢ ᠪᠠᠢᠪᠠᠯ᠂ ᠬᠠᠤᠯᠢ ᠶ᠋ᠢ ᠵᠥᠷᠢᠴᠡᠵᠦ ᠣᠯᠤᠭᠰᠠᠨ ᠣᠯᠵᠠ ᠠᠱᠢᠭ ᠢ᠋ ᠨᠢ ᠬᠣᠷᠢᠶᠠᠨ ᠠᠪᠤᠨ᠎ᠠ᠃

  ᠲᠠᠪᠢᠨ ᠳᠣᠯᠣᠳᠤᠭᠠᠷ ᠵᠦᠢᠯ   ᠰᠤᠷᠭᠠᠭᠤᠯᠢ ᠳ᠋ᠤ᠌ ᠳᠣᠣᠷ᠎ᠠ ᠵᠢᠭᠰᠠᠭᠠᠭᠰᠠᠨ ᠪᠠᠢᠳᠠᠯ ᠤ᠋ᠨ ᠨᠢᠭᠡ ᠨᠢ ᠪᠠᠢᠪᠠᠯ᠂ ᠱᠢᠶᠠᠨ ᠤ᠋ ᠱᠠᠲᠤᠨ ᠤ᠋ ᠠᠷᠠᠳ ᠤ᠋ᠨ ᠵᠠᠰᠠᠭ ᠤ᠋ᠨ ᠣᠷᠳᠣᠨ ᠤ᠋ ᠰᠤᠷᠭᠠᠨ ᠬᠥᠮᠦᠵᠢᠯ ᠦ᠋ᠨ ᠵᠠᠰᠠᠭ ᠵᠠᠬᠢᠷᠭᠠᠨ ᠤ᠋ ᠰᠠᠯᠠᠭ᠎ᠠ ᠮᠥᠴᠢᠷ ᠡᠴᠡ ᠵᠠᠷᠯᠢᠭᠳᠠᠵᠤ ᠪᠠᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ; ᠦᠢᠯᠡ ᠪᠠᠢᠳᠠᠯ ᠨᠢ ᠬᠦᠨᠳᠦ ᠨᠣᠴᠢᠲᠠᠢ ᠪᠠᠢᠪᠠᠯ᠂ ᠱᠢᠭᠤᠳ ᠬᠠᠷᠢᠭᠤᠴᠠᠵᠤ ᠪᠠᠢᠭ᠎ᠠ ᠡᠷᠬᠢᠯᠡᠨ ᠬᠠᠮᠢᠶᠠᠷᠬᠤ ᠠᠵᠢᠯᠲᠠᠨ ᠪᠣᠯᠤᠨ ᠱᠢᠭᠤᠳ ᠬᠠᠷᠢᠭᠤᠴᠠᠯᠭ᠎ᠠ ᠲᠠᠢ ᠪᠤᠰᠤᠳ ᠠᠵᠢᠯᠲᠠᠨ ᠳ᠋ᠤ᠌ ᠬᠠᠤᠯᠢ ᠶᠣᠰᠣᠭᠠᠷ ᠰᠢᠢᠳᠭᠡᠯ ᠥᠭᠭᠦᠨ᠎ᠡ᠄

  (ᠨᠢᠭᠡ) ᠰᠤᠷᠭᠠᠭᠤᠯᠢ ᠳ᠋ᠤ᠌ ᠣᠷᠣᠬᠤ ᠨᠠᠰᠤᠨ ᠤ᠋ ᠡᠩ ᠦ᠋ᠨ ᠰᠤᠷᠭᠠᠨ ᠬᠥᠮᠦᠵᠢᠯ ᠬᠦᠷᠲᠡᠬᠦ ᠴᠢᠳᠠᠪᠤᠷᠢ ᠲᠠᠢ ᠵᠡᠮᠳᠡᠭ ᠬᠡᠦᠬᠡᠳ᠂ ᠪᠠᠭᠠᠴᠤᠳ ᠤ᠋ᠨ ᠠᠩᠭᠢ ᠳᠠᠭᠠᠵᠤ ᠰᠤᠷᠤᠯᠴᠠᠬᠤ ᠶ᠋ᠢ ᠬᠦᠯᠢᠶᠡᠵᠦ ᠠᠪᠤᠭᠰᠠᠨ ᠦᠭᠡᠢ;

  (ᠬᠣᠶᠠᠷ) ᠭᠣᠣᠯᠳᠠᠯᠭᠠᠲᠤ ᠠᠩᠭᠢ ᠪᠠ ᠭᠣᠣᠯᠳᠠᠯᠭᠠᠲᠤ ᠪᠤᠰᠤ ᠠᠩᠭᠢ ᠭᠡᠵᠦ ᠬᠤᠪᠢᠶᠠᠭᠰᠠᠨ;

  (ᠭᠤᠷᠪᠠ) ᠲᠤᠰ ᠬᠠᠤᠯᠢ ᠶ᠋ᠢᠨ ᠲᠣᠭᠲᠠᠭᠠᠯ ᠢ᠋ ᠵᠥᠷᠢᠴᠡᠵᠦ ᠰᠤᠷᠤᠭᠴᠢ ᠶ᠋ᠢ ᠰᠤᠷᠭᠠᠭᠤᠯᠢ ᠠ᠋ᠴᠠ ᠬᠥᠭᠡᠭᠡᠭᠰᠡᠨ;

  (ᠳᠥᠷᠪᠡ) ᠬᠢᠨᠠᠨ ᠲᠣᠭᠲᠠᠭᠠᠯᠲᠠ ᠬᠢᠭᠰᠡᠨ ᠦᠭᠡᠢ ᠬᠢᠴᠢᠶᠡᠯ ᠦ᠋ᠨ ᠪᠢᠴᠢᠭ ᠢ᠋ ᠰᠣᠩᠭᠣᠨ ᠬᠡᠷᠡᠭᠯᠡᠭᠰᠡᠨ᠃

  ᠲᠠᠪᠢᠨ ᠨᠠᠢ᠍ᠮᠠᠳᠤᠭᠠᠷ ᠵᠦᠢᠯ   ᠰᠤᠷᠭᠠᠭᠤᠯᠢ ᠳ᠋ᠤ᠌ ᠣᠷᠣᠬᠤ ᠨᠠᠰᠤᠨ ᠤ᠋ ᠬᠡᠦᠬᠡᠳ᠂ ᠪᠠᠭᠠᠴᠤᠳ ᠤ᠋ᠨ ᠡᠴᠢᠭᠡ ᠡᠬᠡ ᠪᠤᠶᠤ ᠬᠠᠤᠯᠢ ᠪᠠᠷ ᠲᠣᠭᠲᠠᠭᠠᠭᠰᠠᠨ ᠪᠤᠰᠤᠳ ᠬᠢᠨᠠᠨ ᠬᠠᠮᠠᠭᠠᠯᠠᠭᠴᠢ ᠨᠢ ᠵᠦᠢ ᠶᠣᠰᠣᠨ ᠤ᠋ ᠱᠢᠯᠲᠠᠭᠠᠨ ᠦᠭᠡᠢ ᠪᠡᠷ ᠰᠤᠷᠭᠠᠭᠤᠯᠢ ᠳ᠋ᠤ᠌ ᠣᠷᠣᠬᠤ ᠨᠠᠰᠤᠨ ᠤ᠋ ᠬᠡᠦᠬᠡᠳ᠂ ᠪᠠᠭᠠᠴᠤᠳ ᠢ᠋ ᠲᠤᠰ ᠬᠠᠤᠯᠢ ᠶ᠋ᠢᠨ ᠲᠣᠭᠲᠠᠭᠠᠯ ᠶᠣᠰᠣᠭᠠᠷ ᠰᠤᠷᠭᠠᠭᠤᠯᠢ ᠳ᠋ᠤ᠌ ᠣᠷᠣᠭᠤᠯᠵᠤ ᠠᠯᠪᠠᠨ ᠵᠢᠷᠤᠮ ᠤ᠋ᠨ ᠰᠤᠷᠭᠠᠨ ᠬᠥᠮᠦᠵᠢᠯ ᠬᠦᠷᠲᠡᠭᠡᠭᠰᠡᠨ ᠦᠭᠡᠢ ᠪᠠᠢᠪᠠᠯ᠂ ᠲᠤᠬᠠᠢ ᠶ᠋ᠢᠨ ᠭᠠᠵᠠᠷ ᠤ᠋ᠨ ᠱᠢᠶᠠᠩ ᠪᠠᠯᠭᠠᠰᠤᠨ ᠤ᠋ ᠠᠷᠠᠳ ᠤ᠋ᠨ ᠵᠠᠰᠠᠭ ᠤ᠋ᠨ ᠣᠷᠳᠣᠨ ᠪᠤᠶᠤ ᠱᠢᠶᠠᠨ ᠤ᠋ ᠱᠠᠲᠤᠨ ᠤ᠋ ᠠᠷᠠᠳ ᠤ᠋ᠨ ᠵᠠᠰᠠᠭ ᠤ᠋ᠨ ᠣᠷᠳᠣᠨ ᠤ᠋ ᠰᠤᠷᠭᠠᠨ ᠬᠥᠮᠦᠵᠢᠯ ᠦ᠋ᠨ ᠵᠠᠰᠠᠭ ᠵᠠᠬᠢᠷᠭᠠᠨ ᠤ᠋ ᠰᠠᠯᠠᠭ᠎ᠠ ᠮᠥᠴᠢᠷ ᠡᠴᠡ ᠱᠢᠭᠦᠮᠵᠢᠯᠡᠨ ᠰᠤᠷᠭᠠᠵᠤ᠂ ᠵᠠᠷᠯᠢᠭᠳᠠᠵᠤ ᠪᠠᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ᠃

  ᠲᠠᠪᠢ ᠶᠢᠰᠦᠳᠦᠭᠡᠷ ᠵᠦᠢᠯ   ᠳᠣᠣᠷ᠎ᠠ ᠵᠢᠭᠰᠠᠭᠠᠭᠰᠠᠨ ᠪᠠᠢᠳᠠᠯ ᠤ᠋ᠨ ᠨᠢᠭᠡ ᠨᠢ ᠪᠠᠢᠪᠠᠯ᠂ ᠬᠣᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ᠋ ᠬᠠᠤᠯᠢ ᠲᠣᠭᠲᠠᠭᠠᠯ ᠤ᠋ᠨ ᠲᠣᠭᠲᠠᠭᠠᠯ ᠶᠣᠰᠣᠭᠠᠷ ᠰᠢᠢᠳᠬᠡᠨ᠎ᠡ᠄

  (ᠨᠢᠭᠡ) ᠠᠯᠪᠠᠨ ᠵᠢᠷᠤᠮ ᠤ᠋ᠨ ᠰᠤᠷᠭᠠᠨ ᠬᠥᠮᠦᠵᠢᠯ ᠬᠦᠷᠲᠡᠬᠦ ᠶᠣᠰᠣᠲᠠᠢ ᠰᠤᠷᠭᠠᠭᠤᠯᠢ ᠳ᠋ᠤ᠌ ᠣᠷᠣᠬᠤ ᠨᠠᠰᠤᠨ ᠤ᠋ ᠬᠡᠦᠬᠡᠳ᠂ ᠪᠠᠭᠠᠴᠤᠳ ᠢ᠋ ᠠᠯᠪᠠᠲᠠᠨ ᠰᠦᠷᠳᠡᠭᠦᠯᠬᠦ ᠪᠤᠶᠤ ᠬᠠᠭᠤᠷᠤᠨ ᠮᠡᠬᠡᠯᠡᠵᠦ ᠪᠠᠢᠭᠠᠳ ᠰᠤᠷᠤᠯᠭ᠎ᠠ ᠶ᠋ᠢ ᠨᠢ ᠠᠯᠳᠠᠭᠤᠯᠤᠭᠰᠠᠨ᠂ ᠰᠤᠷᠤᠯᠭ᠎ᠠ ᠶ᠋ᠢ ᠨᠢ ᠳᠣᠷᠭᠣᠨ ᠵᠣᠭᠰᠣᠭᠠᠭᠰᠠᠨ;

  (ᠬᠣᠶᠠᠷ) ᠠᠯᠪᠠᠨ ᠵᠢᠷᠤᠮ ᠤ᠋ᠨ ᠰᠤᠷᠭᠠᠨ ᠬᠥᠮᠦᠵᠢᠯ ᠬᠦᠷᠲᠡᠬᠦ ᠶᠣᠰᠣᠲᠠᠢ ᠰᠤᠷᠭᠠᠭᠤᠯᠢ ᠳ᠋ᠤ᠌ ᠣᠷᠣᠬᠤ ᠨᠠᠰᠤᠨ ᠤ᠋ ᠬᠡᠦᠬᠡᠳ᠂ ᠪᠠᠭᠠᠴᠤᠳ ᠢ᠋ ᠬᠠᠤᠯᠢ ᠪᠤᠰᠤ ᠪᠠᠷ ᠡᠯᠰᠡᠨ ᠬᠡᠷᠡᠭᠯᠡᠭᠰᠡᠨ;

  (ᠭᠤᠷᠪᠠ) ᠬᠠᠤᠯᠢ ᠶᠣᠰᠣᠭᠠᠷ ᠬᠢᠨᠠᠨ ᠲᠣᠭᠲᠠᠭᠠᠯᠲᠠ ᠬᠢᠯᠭᠡᠭᠰᠡᠨ ᠦᠭᠡᠢ ᠬᠢᠴᠢᠶᠡᠯ ᠦ᠋ᠨ ᠪᠢᠴᠢᠭ ᠢ᠋ ᠬᠡᠪᠯᠡᠭᠦᠯᠦᠭᠰᠡᠨ᠃

  ᠵᠢᠷᠠᠳᠤᠭᠠᠷ ᠵᠦᠢᠯ   ᠲᠤᠰ ᠬᠠᠤᠯᠢ ᠶ᠋ᠢᠨ ᠲᠣᠭᠲᠠᠭᠠᠯ ᠢ᠋ ᠵᠥᠷᠢᠴᠡᠭᠡᠳ ᠶᠠᠯ᠎ᠠ ᠪᠣᠯᠵᠤ ᠪᠦᠷᠢᠯᠳᠦᠭᠰᠡᠨ ᠪᠠᠢᠪᠠᠯ᠂ ᠬᠠᠤᠯᠢ ᠶᠣᠰᠣᠭᠠᠷ ᠡᠷᠡᠭᠦᠦ ᠶ᠋ᠢᠨ ᠬᠠᠷᠢᠭᠤᠴᠠᠯᠭ᠎ᠠ ᠨᠡᠬᠡᠮᠵᠢᠯᠡᠨ᠎ᠡ᠃

 

    ᠨᠠᠢ᠍ᠮᠠᠳᠤᠭᠠᠷ ᠪᠦᠯᠦᠭ   ᠳᠠᠭᠠᠯᠳᠤᠭᠤᠯᠤᠭᠰᠠᠨ ᠳᠦᠷᠢᠮ

 

  ᠵᠢᠷᠠᠨ ᠨᠢᠭᠡᠳᠦᠭᠡᠷ ᠵᠦᠢᠯ   ᠠᠯᠪᠠᠨ ᠵᠢᠷᠤᠮ ᠤ᠋ᠨ ᠰᠤᠷᠭᠠᠨ ᠬᠥᠮᠦᠵᠢᠯ ᠬᠦᠷᠲᠡᠬᠦ ᠰᠤᠷᠭᠠᠭᠤᠯᠢ ᠳ᠋ᠤ᠌ ᠣᠷᠣᠬᠤ ᠨᠠᠰᠤᠨ ᠤ᠋ ᠬᠡᠦᠬᠡᠳ᠂ ᠪᠠᠭᠠᠴᠤᠳ ᠠ᠋ᠴᠠ ᠰᠤᠯᠠ ᠵᠠᠷᠤᠳᠠᠯ ᠦᠯᠦ ᠬᠤᠷᠢᠶᠠᠬᠤ ᠳᠦᠷᠢᠮ ᠢ᠋ ᠬᠡᠷᠡᠭᠵᠢᠭᠦᠯᠬᠦ ᠠᠯᠬᠤᠮ ᠳᠠᠷᠠᠭ᠎ᠠ ᠶ᠋ᠢ ᠲᠥᠷᠥ ᠶ᠋ᠢᠨ ᠶᠠᠪᠤᠳᠠᠯ ᠤ᠋ᠨ ᠬᠣᠷᠢᠶ᠎ᠠ ᠠ᠋ᠴᠠ ᠲᠣᠭᠲᠠᠭᠠᠨ᠎ᠠ᠃

  ᠵᠢᠷᠠᠨ ᠬᠣᠶᠠᠳᠤᠭᠠᠷ ᠵᠦᠢᠯ   ᠨᠡᠢᠭᠡᠮ ᠦ᠋ᠨ ᠵᠣᠬᠢᠶᠠᠨ ᠪᠠᠢᠭᠤᠯᠤᠯᠲᠠ ᠪᠤᠶᠤ ᠬᠤᠪᠢ ᠬᠥᠮᠦᠨ ᠦ᠌ ᠬᠠᠤᠯᠢ ᠶᠣᠰᠣᠭᠠᠷ ᠡᠷᠬᠢᠯᠡᠭᠰᠡᠨ ᠠᠷᠠᠳ ᠠ᠋ᠴᠠ ᠡᠷᠬᠢᠯᠡᠭᠰᠡᠨ ᠰᠤᠷᠭᠠᠭᠤᠯᠢ ᠨᠢ ᠠᠯᠪᠠᠨ ᠵᠢᠷᠤᠮ ᠤ᠋ᠨ ᠰᠤᠷᠭᠠᠨ ᠬᠥᠮᠦᠵᠢᠯ ᠢ᠋ ᠬᠡᠷᠡᠭᠵᠢᠭᠦᠯᠵᠦ ᠪᠠᠢᠪᠠᠯ᠂ ᠠᠷᠠᠳ ᠠ᠋ᠴᠠ ᠡᠷᠬᠢᠯᠡᠭᠰᠡᠨ ᠰᠤᠷᠭᠠᠨ ᠬᠥᠮᠦᠵᠢᠯ ᠢ᠋ ᠠᠬᠢᠭᠤᠯᠬᠤ ᠬᠠᠤᠯᠢ ᠶ᠋ᠢᠨ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠭᠡᠨ᠎ᠡ; ᠠᠷᠠᠳ ᠠ᠋ᠴᠠ ᠡᠷᠬᠢᠯᠡᠭᠰᠡᠨ ᠰᠤᠷᠭᠠᠨ ᠬᠥᠮᠦᠵᠢᠯ ᠢ᠋ ᠠᠬᠢᠭᠤᠯᠬᠤ ᠬᠠᠤᠯᠢ ᠳ᠋ᠤ᠌ ᠲᠣᠭᠲᠠᠭᠠᠯ ᠭᠠᠷᠭᠠᠭᠰᠠᠨ ᠦᠭᠡᠢ ᠪᠠᠢᠪᠠᠯ᠂ ᠲᠤᠰ ᠬᠠᠤᠯᠢ ᠶ᠋ᠢ ᠬᠡᠷᠡᠭᠯᠡᠨ᠎ᠡ᠃

  ᠵᠢᠷᠠᠨ ᠭᠤᠷᠪᠠᠳᠤᠭᠠᠷ ᠵᠦᠢᠯ   ᠲᠤᠰ ᠬᠠᠤᠯᠢ ᠶ᠋ᠢ 2006 ᠣᠨ ᠤ᠋ 9 ᠰᠠᠷ᠎ᠠ ᠶ᠋ᠢᠨ 1 ᠦ᠌ ᠡᠳᠦᠷ ᠡᠴᠡ ᠡᠬᠢᠯᠡᠵᠦ ᠬᠡᠷᠡᠭᠵᠢᠭᠦᠯᠦᠨ᠎ᠡ᠃

 

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ
蒙ICP 备0500604