ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡ᠎ᠶᠢ ᠪᠠᠲᠤᠯᠠᠬᠤ ᠬᠠᠤᠯᠢ (ᠨᠢᠭᠡᠳᠦᠭᠡᠷ ᠪᠦᠯᠦᠭ)
2019.11.04

  

  (2016 ᠣᠨ᠎ᠤ 12 ᠰᠠᠷ᠎ᠠ᠎ᠶᠢᠨ 25᠎ᠤ ᠡᠳᠦᠷ ᠠᠷᠪᠠᠨ ᠬᠣᠶᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ

  ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠬᠣᠷᠢᠨ ᠲᠠᠪᠤᠳᠤᠭᠠᠷ ᠬᠤᠷᠠᠯᠳᠤᠭᠠᠨ᠎ᠠᠴᠠ ᠪᠠᠲᠤᠯᠠᠪᠠ)

 

 

    ᠨᠢᠭᠡᠳᠦᠭᠡᠷ ᠪᠦᠯᠦᠭ   ᠶᠡᠷᠦᠩᠬᠡᠢ ᠳᠦᠷᠢᠮ

 

  ᠨᠢᠭᠡᠳᠦᠭᠡᠷ ᠵᠦᠢᠯ   ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡᠨ᠎ᠦ ᠱᠢᠰᠲᠧᠮ᠎ᠦᠨ ᠪᠠᠢᠭᠤᠯᠤᠯᠲᠠ᠎ᠶᠢ ᠴᠢᠩᠭᠠᠳᠭᠠᠵᠤ᠂ ᠠᠷᠠᠳ ᠣᠯᠠᠨ᠎ᠤ ᠣᠶᠤᠨ᠎ᠤ ᠰᠣᠶᠤᠯ᠎ᠤᠨ ᠠᠮᠢᠳᠤᠷᠠᠯ᠎ᠢ ᠪᠠᠶᠠᠯᠢᠭᠵᠢᠭᠤᠯᠤᠨ᠂ ᠳᠤᠮᠳᠠᠳᠤ᠎ᠶᠢᠨ ᠱᠢᠯᠢᠳᠡᠭ ᠤᠯᠠᠮᠵᠢᠯᠠᠯᠲᠤ ᠰᠣᠶᠤᠯ᠎ᠢ ᠵᠠᠯᠭᠠᠮᠵᠢᠯᠠᠵᠤ᠂ ᠨᠡᠢᠭᠡᠮ ᠵᠢᠷᠤᠮ᠎ᠤᠨ ᠭᠣᠣᠯᠯᠠᠬᠤ ᠥᠷᠲᠡᠭ᠎ᠦᠨ ᠦᠵᠡᠯᠲᠡ᠎ᠶᠢ ᠪᠠᠳᠠᠷᠠᠭᠤᠯᠤᠨ ᠳᠡᠯᠭᠡᠷᠡᠭᠦᠯᠵᠦ᠂ ᠰᠣᠶᠤᠯ᠎ᠤᠨ ᠢᠲᠡᠭᠡᠯ᠎ᠢ ᠨᠡᠮᠡᠭᠳᠡᠭᠦᠯᠦᠨ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠰᠣᠶᠤᠯ᠎ᠤᠨ ᠴᠡᠴᠡᠭᠯᠡᠯ ᠬᠥᠭᠵᠢᠯᠲᠡ᠎ᠶᠢ ᠠᠬᠢᠭᠤᠯᠵᠤ᠂ ᠪᠦᠬᠦ ᠦᠨᠳᠦᠰᠦᠲᠡᠨ᠎ᠦ ᠪᠣᠯᠪᠠᠰᠤᠨ ᠬᠡᠪ ᠴᠢᠨᠠᠷ᠎ᠢ ᠳᠡᠭᠡᠭᠱᠢᠯᠡᠭᠦᠯᠬᠦ᠎ᠶᠢᠨ ᠲᠥᠯᠦᠭᠡ ᠲᠤᠰ ᠬᠠᠤᠯᠢ᠎ᠶᠢ ᠲᠣᠭᠲᠠᠭᠠᠪᠠ᠃

  ᠬᠣᠶᠠᠳᠤᠭᠠᠷ ᠵᠦᠢᠯ   ᠲᠤᠰ ᠬᠠᠤᠯᠢ᠎ᠳᠤ ᠬᠡᠯᠡᠵᠦ ᠪᠠᠢᠭ᠎ᠠ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡ ᠭᠡᠳᠡᠭ ᠪᠣᠯ ᠵᠠᠰᠠᠭ᠎ᠤᠨ ᠣᠷᠳᠤᠨ᠎ᠢᠶᠠᠷ ᠭᠣᠣᠯ ᠤᠳᠤᠷᠢᠳᠤᠮᠵᠢ ᠪᠣᠯᠭᠠᠭᠰᠠᠨ᠂ ᠨᠡᠢᠭᠡᠮ᠎ᠦᠨ ᠬᠦᠴᠦᠨ ᠣᠷᠤᠯᠴᠠᠭᠰᠠᠨ᠂ ᠠᠷᠠᠳ ᠢᠷᠭᠡᠳ᠎ᠦᠨ ᠰᠣᠶᠤᠯ᠎ᠤᠨ ᠦᠨᠳᠦᠰᠦᠨ ᠬᠡᠷᠡᠭᠴᠡᠭᠡ᠎ᠶᠢ ᠬᠠᠩᠭᠠᠬᠤ᠎ᠪᠠᠷ ᠭᠣᠣᠯ ᠵᠣᠷᠢᠯᠭ᠎ᠠ᠎ᠪᠠᠨ ᠪᠣᠯᠭᠠᠵᠤ ᠬᠠᠩᠭᠠᠬᠤ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠂ ᠰᠣᠶᠤᠯ᠎ᠤᠨ ᠪᠦᠲᠦᠭᠡᠭᠳᠡᠬᠦᠨ᠂ ᠰᠣᠶᠤᠯ᠎ᠤᠨ ᠠᠵᠢᠯᠯᠠᠭ᠎ᠠ ᠵᠢᠴᠢ ᠪᠤᠰᠤᠳ ᠬᠣᠯᠪᠤᠭᠳᠠᠯ ᠪᠦᠬᠦᠢ ᠦᠢᠯᠡᠴᠢᠯᠡᠭᠡ᠎ᠶᠢ ᠵᠢᠭᠠᠵᠤ ᠪᠠᠢᠨ᠎ᠠ᠃

  ᠭᠤᠷᠪᠠᠳᠤᠭᠠᠷ ᠵᠦᠢᠯ  ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡ᠎ᠨᠢ ᠨᠡᠢᠭᠡᠮ ᠵᠢᠷᠤᠮ᠎ᠤᠨ ᠲᠡᠷᠢᠭᠦᠨ᠎ᠦ ᠰᠣᠶᠤᠯ᠎ᠤᠨ ᠤᠷᠤᠭᠱᠢᠯᠠᠯᠲᠠ᠎ᠶᠢᠨ ᠴᠢᠭᠯᠡᠯ᠎ᠢ ᠪᠠᠷᠢᠮᠲᠠᠯᠠᠵᠤ᠂ ᠠᠷᠠᠳ ᠲᠦᠮᠡᠨ᠎ᠢᠶᠡᠷ ᠭᠣᠣᠯ ᠪᠣᠯᠭᠠᠬᠤ᠎ᠶᠢ ᠪᠠᠷᠢᠮᠲᠠᠯᠠᠵᠤ᠂ ᠨᠡᠢᠭᠡᠮ ᠵᠢᠷᠤᠮ᠎ᠤᠨ ᠭᠣᠣᠯᠯᠠᠬᠤ ᠥᠷᠲᠡᠭ᠎ᠦᠨ ᠦᠵᠡᠯᠲᠡ᠎ᠪᠡᠷ ᠬᠥᠲᠦᠯᠦᠨ ᠳᠠᠭᠠᠭᠤᠯᠬᠤ᠎ᠶᠢ ᠪᠠᠷᠢᠮᠲᠠᠯᠠᠬᠤ ᠬᠡᠷᠡᠭᠲᠡᠢ; 《ᠴᠡᠴᠡᠭ ᠪᠦᠬᠦᠨ᠎ᠢ ᠵᠡᠷᠭᠡ᠎ᠪᠡᠷ ᠳᠡᠯᠭᠡᠷᠡᠭᠦᠯᠵᠦ᠂ ᠡᠷᠳᠡᠮᠲᠡᠨ ᠪᠦᠬᠦᠨ᠎ᠢ ᠴᠢᠯᠦᠭᠡᠲᠡᠢ ᠶᠠᠷᠢᠯᠴᠠᠭᠤᠯᠬᠤ》 ᠴᠢᠭᠯᠡᠯᠲᠡ ᠶᠣᠰᠤᠭᠠᠷ᠂ ᠣᠯᠠᠨ ᠨᠡᠢᠲᠡ᠎ᠶᠢᠨ ᠰᠣᠶᠤᠯ᠎ᠤᠨ ᠱᠢᠯᠢᠳᠡᠭ ᠪᠦᠲᠦᠭᠡᠭᠳᠡᠬᠦᠨ᠎ᠦ ᠵᠣᠬᠢᠶᠠᠨ ᠪᠦᠲᠦᠭᠡᠯᠭᠡ ᠪᠠ ᠦᠢᠯᠡᠳᠪᠦᠷᠢᠯᠡᠯ᠎ᠢ ᠳᠡᠮᠵᠢᠵᠦ᠂ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡᠨ᠎ᠦ ᠠᠭᠤᠯᠭ᠎ᠠ᠎ᠶᠢ ᠪᠠᠶᠠᠯᠢᠭᠵᠢᠭᠤᠯᠬᠤ ᠬᠡᠷᠡᠭᠲᠡᠢ᠃

  ᠳᠥᠷᠪᠡᠳᠦᠭᠡᠷ ᠵᠦᠢᠯ   ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡ᠎ᠶᠢ ᠲᠤᠰ ᠱᠠᠲᠤᠨ᠎ᠤ᠎ᠪᠠᠨ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠲᠥᠯᠦᠪᠵᠢᠭᠦᠯᠭᠡ᠎ᠳᠦ ᠣᠷᠤᠭᠤᠯᠵᠤ᠂ ᠨᠡᠢᠲᠡ᠎ᠶᠢᠨ ᠠᠰᠠᠷᠠᠮᠵᠢ᠎ᠶᠢᠨ ᠴᠢᠨᠠᠷᠲᠠᠢ᠂ ᠦᠨᠳᠦᠰᠦᠨ ᠴᠢᠨᠠᠷᠲᠠᠢ᠂ ᠠᠳᠠᠯᠢ ᠲᠡᠭᠱᠢ ᠴᠢᠨᠠᠷᠲᠠᠢ᠂ ᠳᠥᠭᠦᠮ ᠲᠦᠳᠡ ᠴᠢᠨᠠᠷᠲᠠᠢ ᠪᠠᠢᠯᠭᠠᠬᠤ ᠱᠠᠭᠠᠷᠳᠠᠯᠭ᠎ᠠ ᠶᠣᠰᠤᠭᠠᠷ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ ᠴᠢᠩᠭᠠᠳᠭᠠᠨ᠂ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡᠨ᠎ᠦ ᠱᠢᠰᠲᠧᠮ᠎ᠢ ᠲᠡᠭᠦᠯᠳᠡᠷᠵᠢᠭᠦᠯᠵᠦ᠂ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡᠨ᠎ᠦ ᠦᠢᠯᠡᠳᠦᠯ ᠴᠢᠳᠠᠪᠤᠷᠢ᠎ᠶᠢ ᠳᠡᠭᠡᠭᠱᠢᠯᠡᠭᠦᠯᠬᠦ ᠬᠡᠷᠡᠭᠲᠡᠢ᠃

  ᠲᠠᠪᠤᠳᠤᠭᠠᠷ ᠵᠦᠢᠯ   ᠲᠥᠷᠦ᠎ᠶᠢᠨ ᠶᠠᠪᠤᠳᠠᠯ᠎ᠤᠨ ᠬᠣᠷᠢᠶ᠎ᠠ ᠠᠷᠠᠳ ᠢᠷᠭᠡᠨ᠎ᠦ ᠰᠣᠶᠤᠯ᠎ᠤᠨ ᠦᠨᠳᠦᠰᠦᠨ ᠬᠡᠷᠡᠭᠴᠡᠭᠡ ᠪᠠ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠬᠢᠷᠢ ᠲᠦᠪᠱᠢᠨ᠎ᠢ ᠦᠨᠳᠦᠰᠦᠯᠡᠨ᠂ ᠤᠯᠤᠰ᠎ᠤᠨ ᠣᠯᠠᠨ ᠨᠡᠢᠲᠡ᠎ᠶᠢᠨ ᠰᠣᠶᠤᠯ᠎ᠤᠨ ᠦᠨᠳᠦᠰᠦᠨ ᠦᠢᠯᠡᠴᠢᠯᠡᠭᠡ᠎ᠶᠢᠨ ᠵᠢᠯᠤᠭᠤᠳᠭᠤ ᠪᠠᠷᠢᠮᠵᠢᠶ᠎ᠠ᠎ᠶᠢ ᠲᠣᠭᠲᠠᠭᠠᠬᠤ ᠪᠥᠭᠡᠳ ᠲᠡᠭᠦᠨ᠎ᠳᠦ ᠲᠣᠬᠢᠷᠠᠭᠤᠯᠤᠯᠲᠠ ᠬᠢᠨ᠎ᠡ᠃

  ᠮᠣᠵᠢ᠂ ᠥᠪᠡᠷᠲᠡᠭᠡᠨ ᠵᠠᠰᠠᠬᠤ ᠣᠷᠤᠨ᠂ ᠱᠢᠭᠤᠳ ᠬᠠᠷᠢᠶ᠎ᠠ ᠬᠣᠲᠠ᠎ᠶᠢᠨ ᠠᠷᠠᠳ᠎ᠤᠨ ᠵᠠᠰᠠᠭ᠎ᠤᠨ ᠣᠷᠳᠤᠨ ᠤᠯᠤᠰ᠎ᠤᠨ ᠣᠯᠠᠨ ᠨᠡᠢᠲᠡ᠎ᠶᠢᠨ ᠰᠣᠶᠤᠯ᠎ᠤᠨ ᠦᠨᠳᠦᠰᠦᠨ ᠦᠢᠯᠡᠴᠢᠯᠡᠭᠡ᠎ᠶᠢᠨ ᠵᠢᠯᠤᠭᠤᠳᠭᠤ ᠪᠠᠷᠢᠮᠵᠢᠶ᠎ᠠ᠎ᠶᠢ ᠦᠨᠳᠦᠰᠦᠯᠡᠨ᠂ ᠲᠤᠬᠠᠢ᠎ᠶᠢᠨ ᠭᠠᠵᠠᠷ᠎ᠤᠨ ᠪᠣᠳᠠᠲᠤ ᠬᠡᠷᠡᠭᠴᠡᠭᠡ᠂ ᠡᠳ᠋᠎ᠦᠨ ᠵᠠᠰᠠᠭ᠎ᠤᠨ ᠴᠢᠳᠠᠪᠤᠷᠢ ᠪᠠ ᠰᠣᠶᠤᠯ᠎ᠤᠨ ᠥᠪᠡᠷᠮᠢᠴᠡ ᠣᠨᠴᠠᠯᠢᠭ᠎ᠲᠠᠢ᠎ᠪᠠᠨ ᠤᠶᠠᠯᠳᠤᠭᠤᠯᠵᠤ᠂ ᠲᠤᠰ ᠵᠠᠰᠠᠭ ᠵᠠᠬᠢᠷᠭᠠᠨ᠎ᠤ ᠣᠷᠤᠨ᠎ᠤ᠎ᠪᠠᠨ ᠣᠯᠠᠨ ᠨᠡᠢᠲᠡ᠎ᠶᠢᠨ ᠰᠣᠶᠤᠯ᠎ᠤᠨ ᠦᠨᠳᠦᠰᠦᠨ ᠦᠢᠯᠡᠴᠢᠯᠡᠭᠡᠨ᠎ᠦ ᠬᠡᠷᠡᠭᠵᠢᠭᠦᠯᠬᠦ ᠪᠠᠷᠢᠮᠵᠢᠶ᠎ᠠ᠎ᠶᠢ ᠲᠣᠭᠲᠠᠭᠠᠬᠤ ᠪᠥᠭᠡᠳ ᠲᠡᠭᠦᠨ᠎ᠳᠦ ᠲᠣᠬᠢᠷᠠᠭᠤᠯᠤᠯᠲᠠ ᠬᠢᠨ᠎ᠡ᠃

  ᠵᠢᠷᠭᠤᠳᠤᠭᠠᠷ ᠵᠦᠢᠯ   ᠲᠥᠷᠦ᠎ᠶᠢᠨ ᠶᠠᠪᠤᠳᠠᠯ᠎ᠤᠨ ᠬᠣᠷᠢᠶ᠎ᠠ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡᠨ᠎ᠦ ᠶᠡᠷᠦᠩᠬᠡᠢᠯᠡᠨ ᠵᠣᠬᠢᠴᠠᠭᠤᠯᠬᠤ ᠲᠣᠭᠲᠠᠴᠠ᠎ᠶᠢ ᠪᠠᠢᠭᠤᠯᠵᠤ᠂ ᠪᠦᠬᠦ ᠤᠯᠤᠰ᠎ᠤᠨ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡᠨ᠎ᠦ ᠠᠵᠢᠯ᠎ᠢ ᠵᠢᠯᠤᠭᠤᠳᠴᠤ ᠵᠣᠬᠢᠴᠠᠭᠤᠯᠤᠨ ᠲᠦᠯᠬᠢᠨ ᠠᠬᠢᠭᠤᠯᠤᠨ᠎ᠠ᠃ ᠶᠡᠷᠦᠩᠬᠡᠢᠯᠡᠨ ᠵᠣᠬᠢᠴᠠᠭᠤᠯᠬᠤ ᠪᠣᠳᠠᠲᠠᠢ ᠲᠤᠱᠢᠶᠠᠯ ᠬᠠᠷᠢᠭᠤᠴᠠᠯᠭ᠎ᠠ᠎ᠶᠢ ᠲᠥᠷᠦ᠎ᠶᠢᠨ ᠶᠠᠪᠤᠳᠠᠯ᠎ᠤᠨ ᠬᠣᠷᠢᠶᠠᠨ᠎ᠤ ᠰᠣᠶᠤᠯ᠎ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠡᠭᠦᠷᠭᠡᠯᠡᠨ᠎ᠡ᠃

  ᠣᠷᠤᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡ᠎ᠶᠢ ᠨᠢᠭᠡᠳᠦᠯᠲᠡᠢ ᠲᠥᠯᠦᠪᠯᠡᠨ ᠵᠣᠬᠢᠴᠠᠭᠤᠯᠬᠤ᠎ᠪᠠᠨ ᠴᠢᠩᠭᠠᠳᠭᠠᠵᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠎ᠶᠢ ᠪᠡᠶᠡᠯᠡᠭᠦᠯᠬᠦ᠎ᠶᠢ ᠲᠦᠯᠬᠢᠨ ᠠᠬᠢᠭᠤᠯᠬᠤ ᠬᠡᠷᠡᠭᠲᠡᠢ᠃

  ᠳᠣᠯᠤᠳᠤᠭᠠᠷ ᠵᠦᠢᠯ   ᠲᠥᠷᠦ᠎ᠶᠢᠨ ᠶᠠᠪᠤᠳᠠᠯ᠎ᠤᠨ ᠬᠣᠷᠢᠶᠠᠨ᠎ᠤ ᠰᠣᠶᠤᠯ᠎ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠰᠣᠨᠢᠨ ᠮᠡᠳᠡᠭᠡ ᠬᠡᠪᠯᠡᠯ ᠷᠠᠳᠢᠣ᠋ ᠨᠡᠪᠲᠡᠷᠡᠭᠦᠯᠭᠡ  ᠺᠢᠨᠣ᠋ ᠲᠧᠯᠸᠢᠰ᠎ᠦᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤᠰ ᠬᠠᠤᠯᠢ ᠪᠠ ᠲᠥᠷᠦ᠎ᠶᠢᠨ ᠶᠠᠪᠤᠳᠠᠯ᠎ᠤᠨ ᠬᠣᠷᠢᠶᠠᠨ᠎ᠠᠴᠠ ᠲᠣᠭᠲᠠᠭᠠᠭᠰᠠᠨ ᠲᠤᠱᠢᠶᠠᠯ ᠬᠠᠷᠢᠭᠤᠴᠠᠯᠭ᠎ᠠ ᠶᠣᠰᠤᠭᠠᠷ ᠪᠦᠬᠦ ᠤᠯᠤᠰ᠎ᠤᠨ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡᠨ᠎ᠦ ᠠᠵᠢᠯ᠎ᠢ ᠬᠠᠷᠢᠭᠤᠴᠠᠨ᠎ᠠ; ᠲᠥᠷᠦ᠎ᠶᠢᠨ ᠶᠠᠪᠤᠳᠠᠯ᠎ᠤᠨ ᠬᠣᠷᠢᠶᠠᠨ᠎ᠤ ᠪᠤᠰᠤᠳ ᠬᠣᠯᠪᠤᠭᠳᠠᠯ ᠪᠦᠬᠦᠢ ᠰᠠᠯᠠᠭ᠎ᠠ ᠮᠥᠴᠢᠷ ᠲᠤᠰ ᠲᠤᠰ᠎ᠤᠨ ᠲᠤᠱᠢᠶᠠᠯ ᠬᠠᠷᠢᠭᠤᠴᠠᠯᠭ᠎ᠠ᠎ᠶᠢᠨ ᠬᠡᠪᠴᠢᠶᠡᠨ ᠳᠣᠲᠤᠷ᠎ᠠ᠎ᠪᠠᠨ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡᠨ᠎ᠦ ᠬᠣᠯᠪᠤᠭᠳᠠᠯ ᠪᠦᠬᠦᠢ ᠠᠵᠢᠯ᠎ᠢ ᠬᠠᠷᠢᠭᠤᠴᠠᠨ᠎ᠠ᠃

  ᠱᠢᠶᠠᠨ᠎ᠤ ᠱᠠᠲᠤᠨ᠎ᠠᠴᠠ ᠳᠡᠭᠡᠭᠱᠢᠬᠢ ᠣᠷᠤᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠤᠨ᠎ᠤ ᠰᠣᠶᠤᠯ᠂ ᠰᠣᠨᠢᠨ ᠮᠡᠳᠡᠭᠡ ᠬᠡᠪᠯᠡᠯ ᠷᠠᠳᠢᠣ᠋ ᠨᠡᠪᠲᠡᠷᠡᠭᠦᠯᠭᠡ  ᠺᠢᠨᠣ᠋ ᠲᠧᠯᠸᠢᠰ᠎ᠦᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤᠱᠢᠶᠠᠯ ᠬᠠᠷᠢᠭᠤᠴᠠᠯᠭ᠎ᠠ᠎ᠪᠠᠨ ᠦᠨᠳᠦᠰᠦᠯᠡᠨ ᠲᠤᠰ ᠵᠠᠰᠠᠭ ᠵᠠᠬᠢᠷᠭᠠᠨ᠎ᠤ ᠣᠷᠤᠨ᠎ᠳᠠᠬᠢ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡᠨ᠎ᠦ ᠠᠵᠢᠯ᠎ᠢ ᠬᠠᠷᠢᠭᠤᠴᠠᠨ᠎ᠠ; ᠱᠢᠶᠠᠨ᠎ᠤ ᠱᠠᠲᠤᠨ᠎ᠠᠴᠠ ᠳᠡᠭᠡᠭᠱᠢᠬᠢ ᠣᠷᠤᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠤᠨ᠎ᠤ ᠪᠤᠰᠤᠳ ᠬᠣᠯᠪᠤᠭᠳᠠᠯ ᠪᠦᠬᠦᠢ ᠰᠠᠯᠠᠭ᠎ᠠ ᠮᠥᠴᠢᠷ ᠲᠤᠰ ᠲᠤᠰ᠎ᠤᠨ ᠲᠤᠱᠢᠶᠠᠯ ᠬᠠᠷᠢᠭᠤᠴᠠᠯᠭ᠎ᠠ᠎ᠶᠢᠨ ᠬᠡᠪᠴᠢᠶᠡᠨ ᠳᠣᠲᠤᠷ᠎ᠠ᠎ᠪᠠᠨ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡᠨ᠎ᠦ ᠬᠣᠯᠪᠤᠭᠳᠠᠯ ᠪᠦᠬᠦᠢ ᠠᠵᠢᠯ᠎ᠢ ᠬᠠᠷᠢᠭᠤᠴᠠᠨ᠎ᠠ᠃

  ᠨᠠᠢ᠍ᠮᠠᠳᠤᠭᠠᠷ ᠵᠦᠢᠯ   ᠤᠯᠤᠰ᠎ᠠᠴᠠ ᠬᠤᠪᠢᠰᠭᠠᠯ᠎ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ᠎ᠦ ᠭᠠᠵᠠᠷ ᠣᠷᠤᠨ᠂ ᠬᠢᠯᠢ ᠬᠢᠵᠠᠭᠠᠷ ᠣᠷᠤᠨ᠂ ᠶᠠᠳᠠᠭᠤ ᠬᠦᠴᠢᠷᠳᠡᠯ᠎ᠲᠡᠢ ᠭᠠᠵᠠᠷ ᠣᠷᠤᠨ᠎ᠤ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡ᠎ᠶᠢ ᠳᠠᠮᠵᠢᠨ ᠲᠤᠰᠠᠯᠠᠵᠤ᠂ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡ᠎ᠶᠢᠨ ᠲᠡᠩᠴᠡᠭᠦᠷᠢᠲᠡᠢ ᠵᠣᠬᠢᠴᠠᠩᠭᠤᠢ ᠬᠥᠭᠵᠢᠯᠲᠡ᠎ᠶᠢ ᠠᠬᠢᠭᠤᠯᠤᠨ᠎ᠠ᠃

  ᠶᠢᠰᠦᠳᠦᠭᠡᠷ ᠵᠦᠢᠯ   ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠨᠠᠰᠤᠨ᠎ᠳᠤ ᠦᠯᠦ ᠬᠦᠷᠦᠭᠰᠡᠳ᠂ ᠨᠠᠰᠤᠲᠠᠢᠴᠤᠳ᠂ ᠵᠡᠮᠳᠡᠭᠴᠦᠳ ᠪᠠ ᠨᠡᠭᠦᠳᠡᠯ ᠬᠥᠮᠦᠨ ᠠᠮᠠ ᠵᠡᠷᠭᠡ ᠬᠠᠮᠲᠤᠯᠢᠭ᠎ᠤᠨ ᠣᠨᠴᠠᠯᠢᠭ ᠪᠠ ᠬᠡᠷᠡᠭᠴᠡᠭᠡ᠎ᠶᠢ ᠦᠨᠳᠦᠰᠦᠯᠡᠨ ᠵᠣᠬᠢᠴᠠᠩᠭᠤᠢ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡ ᠬᠠᠩᠭᠠᠬᠤ ᠬᠡᠷᠡᠭᠲᠡᠢ᠃

  ᠠᠷᠪᠠᠳᠤᠭᠠᠷ ᠵᠦᠢᠯ   ᠤᠯᠤᠰ᠎ᠠᠴᠠ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡ᠎ᠶᠢ ᠰᠤᠷᠭᠠᠭᠤᠯᠢ᠎ᠶᠢᠨ ᠰᠤᠷᠭᠠᠨ ᠬᠥᠮᠦᠵᠢᠯ᠎ᠲᠡᠢ ᠤᠶᠠᠯᠳᠤᠭᠤᠯᠬᠤ᠎ᠶᠢ ᠵᠣᠷᠢᠭᠵᠢᠭᠤᠯᠤᠨ ᠳᠡᠮᠵᠢᠵᠦ᠂ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡᠨ᠎ᠦ ᠨᠡᠢᠭᠡᠮ᠎ᠦᠨ ᠰᠤᠷᠭᠠᠨ ᠬᠥᠮᠦᠵᠢᠯ᠎ᠦᠨ ᠴᠢᠳᠠᠮᠵᠢ᠎ᠶᠢ᠎ᠨᠢ ᠭᠦᠢᠴᠡᠳ ᠪᠠᠳᠠᠷᠠᠭᠤᠯᠵᠤ᠂ ᠵᠠᠯᠠᠭᠤᠴᠤᠳ ᠪᠠᠭᠠᠴᠤᠳ᠎ᠤᠨ ᠦᠵᠡᠯ ᠰᠠᠨᠠᠭ᠎ᠠ ᠶᠣᠰᠤ ᠮᠣᠷᠠᠯ ᠪᠠ ᠱᠢᠨᠵᠢᠯᠡᠬᠦ ᠤᠬᠠᠭᠠᠨ ᠰᠣᠶᠤᠯ᠎ᠤᠨ ᠬᠡᠪ ᠴᠢᠨᠠᠷ᠎ᠢ  ᠳᠡᠭᠡᠭᠱᠢᠯᠡᠭᠦᠯᠦᠨ᠎ᠡ᠃

    ᠠᠷᠪᠠᠨ ᠨᠢᠭᠡᠳᠦᠭᠡᠷ ᠵᠦᠢᠯ  ᠤᠯᠤᠰ᠎ᠠᠴᠠ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡ᠎ᠳᠡᠬᠢ ᠱᠢᠨᠵᠢᠯᠡᠬᠦ ᠤᠬᠠᠭᠠᠨ ᠮᠡᠷᠭᠡᠵᠢᠯ᠎ᠦᠨ ᠦᠢᠯᠡᠳᠦᠯ᠎ᠢ ᠪᠠᠳᠠᠷᠠᠭᠤᠯᠬᠤ᠎ᠶᠢ ᠵᠣᠷᠢᠭᠵᠢᠭᠤᠯᠤᠨ ᠳᠡᠮᠵᠢᠵᠦ᠂ ᠣᠳᠤ ᠦᠶ᠎ᠡ᠎ᠶᠢᠨ ᠮᠡᠳᠡᠭᠡ ᠵᠠᠩᠭᠢ᠎ᠶᠢᠨ ᠮᠡᠷᠭᠡᠵᠢᠯ ᠪᠠ ᠤᠯᠠᠮᠵᠢᠯᠠᠨ ᠳᠡᠯᠭᠡᠷᠡᠭᠦᠯᠬᠦ ᠮᠡᠷᠭᠡᠵᠢᠯ᠎ᠢ ᠬᠡᠷᠡᠭᠯᠡᠬᠦ᠎ᠶᠢ ᠲᠦᠯᠬᠢᠨ ᠠᠬᠢᠭᠤᠯᠵᠤ᠂ ᠣᠯᠠᠨ ᠲᠦᠮᠡᠨ᠎ᠦ ᠱᠢᠨᠵᠢᠯᠡᠬᠦ ᠤᠬᠠᠭᠠᠨ᠎ᠤ ᠬᠡᠪ ᠪᠣᠯᠪᠠᠰᠤᠷᠠᠯ ᠪᠠ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡᠨ᠎ᠦ ᠬᠢᠷᠢ ᠲᠦᠪᠱᠢᠨ᠎ᠢ ᠳᠡᠭᠡᠭᠱ᠌ᠢᠯᠡᠭᠦᠯᠦᠨ᠎ᠡ᠃

  ᠠᠷᠪᠠᠨ ᠬᠣᠶᠠᠳᠤᠭᠠᠷ ᠵᠦᠢᠯ   ᠤᠯᠤᠰ᠎ᠠᠴᠠ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡᠨ᠎ᠦ ᠬᠦᠷᠢᠶᠡᠨ᠎ᠳᠦ ᠣᠯᠠᠨ ᠤᠯᠤᠰ᠎ᠤᠨ ᠬᠠᠮᠲᠤᠷᠠᠯᠴᠠᠭ᠎ᠠ ᠪᠠ ᠰᠣᠯᠢᠯᠴᠠᠭ᠎ᠠ ᠥᠷᠨᠢᠭᠦᠯᠬᠦ᠎ᠶᠢ ᠵᠣᠷᠢᠭᠵᠢᠭᠤᠯᠤᠨ ᠳᠡᠮᠵᠢᠨ᠎ᠡ᠃

  ᠠᠷᠪᠠᠨ ᠭᠤᠷᠪᠠᠳᠤᠭᠠᠷ ᠵᠦᠢᠯ   ᠤᠯᠤᠰ᠎ᠠᠴᠠ ᠠᠷᠠᠳ ᠢᠷᠭᠡᠨ᠂ ᠬᠠᠤᠯᠢ᠎ᠶᠢᠨ ᠬᠥᠮᠦᠨ ᠪᠠ ᠪᠤᠰᠤᠳ ᠵᠣᠬᠢᠶᠠᠨ ᠪᠠᠢᠭᠤᠯᠤᠯᠲᠠ᠎ᠶᠢᠨ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡ᠎ᠳᠦ ᠣᠷᠤᠯᠴᠠᠬᠤ᠎ᠶᠢ ᠵᠣᠷᠢᠭᠵᠢᠭᠤᠯᠤᠨ ᠳᠡᠮᠵᠢᠨ᠎ᠡ᠃

  ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡ᠎ᠳᠦ ᠳᠣᠪᠤᠢᠮ᠎ᠠ ᠬᠤᠪᠢ ᠨᠡᠮᠡᠷᠢ ᠦᠵᠡᠭᠦᠯᠦᠭᠰᠡᠨ ᠠᠷᠠᠳ ᠢᠷᠭᠡᠨ᠂ ᠬᠠᠤᠯᠢ᠎ᠶᠢᠨ ᠬᠥᠮᠦᠨ ᠪᠠ ᠪᠤᠰᠤᠳ ᠵᠣᠬᠢᠶᠠᠨ ᠪᠠᠢᠭᠤᠯᠤᠯᠲᠠ᠎ᠶᠢ ᠬᠠᠤᠯᠢ ᠶᠣᠰᠤᠭᠠᠷ ᠬᠥᠬᠢᠭᠦᠯᠦᠨ ᠱᠠᠩᠨᠠᠨ᠎ᠠ᠃

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604