ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠣᠯᠠᠨ ᠨᠡᠢᠲᠡ ᠶ᠋ᠢᠨ ᠰᠣᠶᠣᠯ ᠤ᠋ᠨ ᠦᠢᠯᠡᠴᠢᠯᠡᠭᠡ ᠶ᠋ᠢ ᠪᠠᠲᠤᠯᠠᠬᠤ ᠬᠠᠤᠯᠢ(ᠬᠣᠶᠠᠳᠤᠭᠠᠷ ᠪᠦᠯᠦᠭ)
2019.11.04

  (2016 ᠣᠨ ᠤ᠋ 12 ᠰᠠᠷ᠎ᠠ ᠶ᠋ᠢᠨ 25 ᠤ᠋ ᠡᠳᠦᠷ ᠠᠷᠪᠠᠨ ᠬᠣᠶᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ

  ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶᠠᠨ ᠤ᠋ ᠬᠣᠷᠢᠨ ᠲᠠᠪᠤᠳᠤᠭᠠᠷ ᠬᠤᠷᠠᠯᠳᠤᠭᠠᠨ ᠠ᠋ᠴᠠ ᠪᠠᠲᠤᠯᠠᠪᠠ)

 

    ᠬᠣᠶᠠᠳᠤᠭᠠᠷ ᠪᠦᠯᠦᠭ   ᠤᠯᠠᠨ ᠨᠡᠢᠲᠡ ᠶ᠋ᠢᠨ ᠰᠣᠶᠣᠯ ᠤ᠋ᠨ ᠲᠥᠬᠥᠭᠡᠷᠦᠮᠵᠢ ᠶ᠋ᠢᠨ ᠪᠦᠲᠦᠭᠡᠨ ᠪᠠᠢᠭᠤᠯᠤᠯᠲᠠ ᠪᠠ ᠬᠠᠮᠢᠶᠠᠷᠤᠯᠲᠠ

 

  ᠠᠷᠪᠠᠨ ᠳᠥᠷᠪᠡᠳᠦᠭᠡᠷ ᠵᠦᠢᠯ   ᠲᠤᠰ ᠬᠠᠤᠯᠢ ᠳ᠋ᠤ᠌ ᠬᠡᠯᠡᠵᠦ ᠪᠠᠢᠭ᠎ᠠ ᠣᠯᠠᠨ ᠨᠡᠢᠲᠡ ᠶ᠋ᠢᠨ ᠰᠣᠶᠣᠯ ᠤ᠋ᠨ ᠲᠥᠬᠥᠭᠡᠷᠦᠮᠵᠢ ᠭᠡᠳᠡᠭ ᠪᠣᠯ ᠣᠯᠠᠨ ᠨᠡᠢᠲᠡ ᠶ᠋ᠢᠨ ᠰᠣᠶᠣᠯ ᠤ᠋ᠨ ᠦᠢᠯᠡᠴᠢᠯᠡᠭᠡ ᠬᠠᠩᠭᠠᠬᠤ ᠳ᠋ᠤ᠌ ᠬᠡᠷᠡᠭᠯᠡᠬᠦ ᠪᠠᠷᠢᠯᠭ᠎ᠠ ᠶ᠋ᠢᠨ ᠵᠦᠢᠯ᠂ ᠲᠠᠯᠠᠪᠤᠷ ᠭᠠᠵᠠᠷ ᠪᠠ ᠲᠣᠨᠣᠭ ᠲᠥᠬᠥᠭᠡᠷᠦᠮᠵᠢ ᠶ᠋ᠢ ᠵᠢᠭᠠᠵᠤ ᠪᠠᠢᠨ᠎ᠠ᠂ ᠡᠭᠦᠨ ᠳ᠋ᠦ᠍ ᠭᠣᠣᠯᠳᠠᠭᠤ ᠨᠣᠮ ᠤ᠋ᠨ ᠰᠠᠩ᠂ ᠮᠦᠽᠧᠢ᠂ ᠰᠣᠶᠣᠯ ᠤ᠋ᠨ ᠣᠷᠳᠣᠨ (ᠥᠷᠲᠡᠭᠡ) ᠂ ᠤᠷᠠᠨ ᠵᠢᠷᠤᠭ ᠤ᠋ᠨ ᠣᠷᠳᠣᠨ᠂ ᠱᠢᠨᠵᠢᠯᠡᠬᠦ ᠤᠬᠠᠭᠠᠨ ᠮᠡᠷᠭᠡᠵᠢᠯ ᠦ᠋ᠨ ᠣᠷᠳᠣᠨ᠂ ᠳᠤᠷᠠᠰᠭᠠᠯ ᠤ᠋ᠨ ᠣᠷᠳᠣᠨ᠂ ᠪᠡᠶ᠎ᠡ ᠶ᠋ᠢᠨ ᠲᠠᠮᠢᠷ ᠤ᠋ᠨ ᠲᠠᠯᠠᠪᠤᠷ ᠣᠷᠳᠣᠨ᠂ ᠠᠵᠢᠯᠴᠢᠨ ᠤ᠋ ᠰᠣᠶᠣᠯ ᠤ᠋ᠨ ᠣᠷᠳᠣᠨ᠂ ᠵᠠᠯᠠᠭᠤᠴᠤᠳ ᠪᠠᠭᠠᠴᠤᠳ ᠤ᠋ᠨ ᠣᠷᠳᠣᠨ᠂ ᠡᠮᠡᠭᠲᠡᠢᠴᠦᠳ ᠬᠡᠦᠬᠡᠳ ᠦ᠋ᠨ ᠠᠵᠢᠯᠯᠠᠭᠠᠨ ᠤ᠋ ᠲᠥᠪ᠂ ᠨᠠᠰᠤᠲᠠᠢᠴᠤᠳ ᠤ᠋ᠨ ᠠᠵᠢᠯᠯᠠᠭᠠᠨ ᠤ᠋ ᠲᠥᠪ᠂ ᠱᠢᠶᠠᠩ ᠪᠠᠯᠭᠠᠰᠤ (ᠵᠡᠭᠡᠯᠢ ᠭᠤᠳᠤᠮᠵᠢ) ᠪᠠ ᠭᠠᠴᠠᠭ᠎ᠠ (ᠨᠡᠢᠭᠡᠮ ᠲᠣᠭᠣᠷᠢᠭ) ᠤ᠋ᠨ ᠦᠨᠳᠦᠰᠦᠨ ᠱᠠᠲᠤᠨ ᠤ᠋ ᠶᠡᠷᠦᠩᠬᠡᠢᠯᠡᠭᠰᠡᠨ ᠴᠢᠨᠠᠷᠲᠠᠢ ᠰᠣᠶᠣᠯ ᠤ᠋ᠨ ᠦᠢᠯᠡᠴᠢᠯᠡᠭᠡᠨ ᠦ᠌ ᠲᠥᠪ᠂ ᠲᠠᠷᠢᠶᠠᠴᠢᠨ ᠠᠢᠯ (ᠠᠵᠢᠯᠲᠠᠨ ᠠᠵᠢᠯᠴᠢᠨ) ᠤ᠋ ᠨᠣᠮ ᠤ᠋ᠨ ᠥᠷᠥᠭᠡ᠂ ᠣᠯᠠᠨ ᠨᠡᠢᠲᠡ ᠶ᠋ᠢᠨ ᠰᠣᠨᠢᠨ ᠦᠵᠡᠬᠦ ᠰᠠᠮᠪᠠᠷ᠎ᠠ (ᠳᠡᠯᠭᠡᠴᠡ) ᠂ ᠷᠠᠳᠢᠣ᠋ ᠨᠡᠪᠲᠡᠷᠡᠭᠦᠯᠭᠡ ᠲᠧᠯᠸᠢᠰ ᠦ᠋ᠨ ᠨᠡᠪᠲᠡᠷᠡᠭᠦᠯᠭᠡ ᠳᠠᠮᠵᠢᠭᠤᠯᠭ᠎ᠠ ᠶ᠋ᠢ ᠪᠦᠷᠬᠦᠭᠦᠯᠬᠦ ᠲᠥᠬᠥᠭᠡᠷᠦᠮᠵᠢ᠂ ᠣᠯᠠᠨ ᠨᠡᠢᠲᠡ ᠶ᠋ᠢᠨ ᠲᠣᠭᠠᠵᠢᠭᠣᠯᠣᠭᠰᠠᠨ ᠰᠣᠶᠣᠯ ᠤ᠋ᠨ ᠦᠢᠯᠡᠴᠢᠯᠡᠭᠡᠨ ᠦ᠌ ᠴᠡᠭ ᠵᠡᠷᠭᠡ ᠪᠠᠭᠲᠠᠨ᠎ᠠ᠃

  ᠱᠢᠶᠠᠨ ᠤ᠋ ᠱᠠᠲᠤᠨ ᠠ᠋ᠴᠠ ᠳᠡᠭᠡᠭᠱᠢᠬᠢ ᠣᠷᠣᠨ ᠨᠤᠲᠤᠭ ᠤ᠋ᠨ ᠠᠷᠠᠳ ᠤ᠋ᠨ ᠵᠠᠰᠠᠭ ᠤ᠋ᠨ ᠣᠷᠳᠣᠨ ᠲᠤᠰ ᠵᠠᠰᠠᠭ ᠵᠠᠬᠢᠷᠭᠠᠨ ᠤ᠋ ᠣᠷᠣᠨ ᠳ᠋ᠠᠬᠢ ᠣᠯᠠᠨ ᠨᠡᠢᠲᠡ ᠶ᠋ᠢᠨ ᠰᠣᠶᠣᠯ ᠤ᠋ᠨ ᠲᠥᠬᠥᠭᠡᠷᠦᠮᠵᠢ ᠶ᠋ᠢᠨ ᠭᠠᠷᠴᠠᠭ ᠵᠢᠴᠢ ᠬᠣᠯᠪᠣᠭᠳᠠᠯ ᠪᠦᠬᠦᠢ ᠮᠡᠳᠡᠭᠡ ᠵᠠᠩᠭᠢ ᠶ᠋ᠢ ᠨᠡᠢᠲᠡᠯᠡᠬᠦ ᠬᠡᠷᠡᠭᠲᠡᠢ᠃

  ᠠᠷᠪᠠᠨ ᠲᠠᠪᠤᠳᠤᠭᠠᠷ ᠵᠦᠢᠯ   ᠱᠢᠶᠠᠨ ᠤ᠋ ᠱᠠᠲᠤᠨ ᠠ᠋ᠴᠠ ᠳᠡᠭᠡᠭᠱᠢᠬᠢ ᠣᠷᠣᠨ ᠨᠤᠲᠤᠭ ᠤ᠋ᠨ ᠠᠷᠠᠳ ᠤ᠋ᠨ ᠵᠠᠰᠠᠭ ᠤ᠋ᠨ ᠣᠷᠳᠣᠨ ᠣᠯᠠᠨ ᠨᠡᠢᠲᠡ ᠶ᠋ᠢᠨ ᠰᠣᠶᠣᠯ ᠤ᠋ᠨ ᠲᠥᠬᠥᠭᠡᠷᠦᠮᠵᠢ ᠶ᠋ᠢᠨ ᠪᠦᠲᠦᠭᠡᠨ ᠪᠠᠢᠭᠤᠯᠤᠯᠲᠠ ᠶ᠋ᠢ ᠲᠤᠰ ᠱᠠᠲᠤᠨ ᠤ᠋ ᠪᠠᠨ ᠬᠣᠲᠠ ᠬᠥᠳᠡᠭᠡ ᠶ᠋ᠢᠨ ᠲᠥᠯᠥᠪᠵᠢᠭᠦᠯᠭᠡ ᠳ᠋ᠦ᠍ ᠣᠷᠣᠭᠤᠯᠵᠤ᠂ ᠤᠯᠤᠰ ᠤ᠋ᠨ ᠣᠯᠠᠨ ᠨᠡᠢᠲᠡ ᠶ᠋ᠢᠨ ᠰᠣᠶᠣᠯ ᠤ᠋ᠨ ᠦᠨᠳᠦᠰᠦᠨ ᠦᠢᠯᠡᠴᠢᠯᠡᠭᠡᠨ ᠦ᠌ ᠵᠢᠯᠣᠭᠣᠳᠬᠤ ᠪᠠᠷᠢᠮᠵᠢᠶ᠎ᠠ᠂ ᠮᠣᠵᠢ ᠶ᠋ᠢᠨ ᠱᠠᠲᠤᠨ ᠤ᠋ ᠣᠯᠠᠨ ᠨᠡᠢᠲᠡ ᠶ᠋ᠢᠨ ᠰᠣᠶᠣᠯ ᠤ᠋ᠨ ᠦᠨᠳᠦᠰᠦᠨ ᠦᠢᠯᠡᠴᠢᠯᠡᠭᠡᠨ ᠦ᠌ ᠬᠡᠷᠡᠭᠵᠢᠭᠦᠯᠬᠦ ᠪᠠᠷᠢᠮᠵᠢᠶ᠎ᠠ ᠶ᠋ᠢ ᠦᠨᠳᠦᠰᠦᠯᠡᠨ᠂ ᠲᠤᠬᠠᠢ ᠶ᠋ᠢᠨ ᠭᠠᠵᠠᠷ ᠤ᠋ᠨ ᠠᠵᠤ ᠠᠬᠤᠢ ᠨᠡᠢᠭᠡᠮ ᠦ᠋ᠨ ᠬᠥᠭᠵᠢᠯᠲᠡ ᠶ᠋ᠢᠨ ᠬᠢᠷᠢ ᠲᠦᠪᠱᠢᠨ᠂ ᠬᠥᠮᠦᠨ ᠠᠮᠠ ᠶ᠋ᠢᠨ ᠪᠠᠢᠳᠠᠯ᠂ ᠣᠷᠴᠢᠨ ᠠᠬᠤᠢ ᠶ᠋ᠢᠨ ᠨᠥᠬᠥᠴᠡᠯ᠂ ᠰᠣᠶᠣᠯ ᠤ᠋ᠨ ᠥᠪᠡᠷᠮᠢᠴᠡ ᠣᠨᠴᠠᠯᠢᠭ ᠲᠠᠢ ᠪᠠᠨ ᠤᠶᠠᠯᠳᠤᠭᠤᠯᠵᠤ ᠪᠠᠢᠭᠠᠳ ᠣᠯᠠᠨ ᠨᠡᠢᠲᠡ ᠶ᠋ᠢᠨ ᠰᠣᠶᠣᠯ ᠤ᠋ᠨ ᠲᠥᠬᠥᠭᠡᠷᠦᠮᠵᠢ ᠶ᠋ᠢᠨ ᠲᠥᠷᠥᠯ ᠵᠦᠢᠯ᠂ ᠲᠣᠭ᠎ᠠ ᠬᠡᠮᠵᠢᠶ᠎ᠡ᠂ ᠬᠡᠪᠴᠢᠶ᠎ᠡ ᠵᠢᠴᠢ ᠪᠠᠢᠷᠢᠯᠠᠭᠤᠯᠤᠯᠲᠠ ᠶ᠋ᠢ ᠵᠦᠢ ᠵᠣᠬᠢᠰᠲᠠᠢ ᠲᠣᠭᠲᠠᠭᠠᠵᠤ᠂ ᠲᠠᠯᠠᠪᠤᠷ ᠣᠷᠳᠣᠨ ᠤ᠋ ᠦᠢᠯᠡᠴᠢᠯᠡᠭᠡ᠂ ᠱᠢᠯᠵᠢᠮᠡᠯ ᠦᠢᠯᠡᠴᠢᠯᠡᠭᠡ ᠪᠠ ᠲᠣᠭᠠᠵᠢᠭᠣᠯᠣᠭᠰᠠᠨ ᠦᠢᠯᠡᠴᠢᠯᠡᠭᠡ ᠶ᠋ᠢ ᠬᠠᠷᠢᠯᠴᠠᠨ ᠤᠶᠠᠯᠳᠤᠭᠤᠯᠤᠭᠰᠠᠨ ᠣᠯᠠᠨ ᠨᠡᠢᠲᠡ ᠶ᠋ᠢᠨ ᠰᠣᠶᠣᠯ ᠤ᠋ᠨ ᠲᠥᠬᠥᠭᠡᠷᠦᠮᠵᠢ ᠶ᠋ᠢᠨ ᠰᠦᠯᠵᠢᠶ᠎ᠡ ᠶ᠋ᠢ ᠪᠣᠢ ᠪᠣᠯᠭᠠᠬᠤ ᠬᠡᠷᠡᠭᠲᠡᠢ᠃

  ᠣᠯᠠᠨ ᠨᠡᠢᠲᠡ ᠶ᠋ᠢᠨ ᠰᠣᠶᠣᠯ ᠤ᠋ᠨ ᠲᠥᠬᠥᠭᠡᠷᠦᠮᠵᠢ ᠶ᠋ᠢᠨ ᠭᠠᠵᠠᠷ ᠰᠣᠩᠭᠣᠬᠤ ᠳ᠋ᠤ᠌ ᠪᠠᠨ ᠣᠯᠠᠨ ᠨᠡᠢᠲᠡ ᠶ᠋ᠢᠨ ᠰᠠᠨᠠᠯ ᠢ᠋ ᠬᠤᠷᠢᠶᠠᠵᠤ᠂ ᠣᠯᠠᠨ ᠨᠡᠢᠲᠡ ᠶ᠋ᠢᠨ ᠰᠣᠶᠣᠯ ᠤ᠋ᠨ ᠲᠥᠬᠥᠭᠡᠷᠦᠮᠵᠢ ᠶ᠋ᠢᠨ ᠴᠢᠳᠠᠮᠵᠢ ᠪᠠ ᠣᠨᠴᠠᠯᠢᠭ ᠲᠤ᠌ ᠨᠡᠢᠴᠡᠭᠦᠯᠦᠨ᠂ ᠦᠢᠯᠡᠳᠦᠯ ᠢ᠋ ᠨᠢ ᠪᠠᠳᠠᠷᠠᠭᠤᠯᠬᠤ ᠳ᠋ᠤ᠌ ᠠᠱᠢᠭᠲᠠᠢ ᠪᠠᠢᠯᠭᠠᠬᠤ ᠬᠡᠷᠡᠭᠲᠡᠢ᠃

  ᠠᠷᠪᠠᠨ ᠵᠢᠷᠭᠤᠳᠤᠭᠠᠷ ᠵᠦᠢᠯ   ᠣᠯᠠᠨ ᠨᠡᠢᠲᠡ ᠶ᠋ᠢᠨ ᠰᠣᠶᠣᠯ ᠤ᠋ᠨ ᠲᠥᠬᠥᠭᠡᠷᠦᠮᠵᠢ ᠶ᠋ᠢᠨ ᠪᠦᠲᠦᠭᠡᠨ ᠪᠠᠢᠭᠤᠯᠤᠯᠲᠠ ᠳ᠋ᠤ᠌ ᠬᠡᠷᠡᠭᠯᠡᠬᠦ ᠭᠠᠵᠠᠷ ᠨᠢ ᠭᠠᠵᠠᠷ ᠱᠢᠷᠣᠢ ᠶ᠋ᠢ ᠠᠱᠢᠭᠯᠠᠬᠤ ᠶᠡᠷᠦᠩᠬᠡᠢ ᠲᠥᠯᠥᠪᠵᠢᠭᠦᠯᠭᠡ ᠪᠠ ᠬᠣᠲᠠ ᠬᠥᠳᠡᠭᠡ ᠶ᠋ᠢᠨ ᠲᠥᠯᠥᠪᠵᠢᠭᠦᠯᠭᠡ ᠳ᠋ᠦ᠍ ᠨᠡᠢᠴᠡᠭᠰᠡᠨ ᠪᠠᠢᠬᠤ ᠪᠥᠭᠡᠳ ᠬᠠᠤᠯᠢ ᠪᠠᠷ ᠲᠣᠭᠲᠠᠭᠠᠭᠰᠠᠨ ᠵᠢᠷᠤᠮ ᠶᠣᠰᠣᠭᠠᠷ ᠬᠢᠨᠠᠨ ᠵᠥᠪᠱᠢᠶᠡᠷᠡᠭᠦᠯᠦᠭᠰᠡᠨ ᠪᠠᠢᠬᠤ ᠬᠡᠷᠡᠭᠲᠡᠢ᠃

  ᠶᠠᠮᠠᠷᠪᠠ ᠨᠢᠭᠡᠴᠢ ᠪᠠ ᠬᠤᠪᠢ ᠬᠥᠮᠦᠨ ᠣᠯᠠᠨ ᠨᠡᠢᠲᠡ ᠶ᠋ᠢᠨ ᠰᠣᠶᠣᠯ ᠤ᠋ᠨ ᠲᠥᠬᠥᠭᠡᠷᠦᠮᠵᠢ ᠶ᠋ᠢᠨ ᠪᠦᠲᠦᠭᠡᠨ ᠪᠠᠢᠭᠤᠯᠤᠯᠲᠠ ᠳ᠋ᠤ᠌ ᠬᠡᠷᠡᠭᠯᠡᠬᠦ ᠭᠠᠵᠠᠷ ᠢ᠋ ᠡᠵᠡᠯᠡᠬᠦ ᠪᠤᠶᠤ ᠬᠡᠷᠡᠭᠴᠡᠭᠡ ᠶ᠋ᠢ ᠨᠢ ᠳᠤᠷ᠎ᠠ ᠪᠠᠷ ᠢ᠋ᠶ᠋ᠠᠨ ᠬᠤᠪᠢᠷᠠᠭᠤᠯᠵᠤ ᠪᠣᠯᠬᠤ ᠦᠭᠡᠢ᠃ ᠣᠨᠴᠠᠭᠠᠢ ᠪᠠᠢᠳᠠᠯ ᠠ᠋ᠴᠠ ᠪᠣᠯᠵᠤ ᠣᠯᠠᠨ ᠨᠡᠢᠲᠡ ᠶ᠋ᠢᠨ ᠰᠣᠶᠣᠯ ᠤ᠋ᠨ ᠲᠥᠬᠥᠭᠡᠷᠦᠮᠵᠢ ᠶ᠋ᠢᠨ ᠪᠦᠲᠦᠭᠡᠨ ᠪᠠᠢᠭᠤᠯᠤᠯᠲᠠ ᠳ᠋ᠤ᠌ ᠬᠡᠷᠡᠭᠯᠡᠬᠦ ᠭᠠᠵᠠᠷ ᠲᠤ᠌ ᠲᠣᠬᠢᠷᠠᠭᠤᠯᠤᠯᠲᠠ ᠬᠢᠬᠦ ᠴᠢᠬᠤᠯᠠᠲᠠᠢ ᠪᠠᠢᠪᠠᠯ ᠪᠦᠲᠦᠭᠡᠨ ᠪᠠᠢᠭᠤᠯᠤᠯᠲᠠ ᠳ᠋ᠤ᠌ ᠬᠡᠷᠡᠭᠯᠡᠬᠦ ᠭᠠᠵᠠᠷ ᠢ᠋ ᠳᠠᠬᠢᠵᠤ ᠲᠣᠭᠲᠠᠭᠠᠬᠤ ᠬᠡᠷᠡᠭᠲᠡᠢ᠃ ᠲᠣᠬᠢᠷᠠᠭᠤᠯᠤᠯᠲᠠ ᠬᠢᠭᠰᠡᠨ ᠦ᠌ ᠳᠠᠷᠠᠭᠠᠬᠢ ᠣᠯᠠᠨ ᠨᠡᠢᠲᠡ ᠶ᠋ᠢᠨ ᠰᠣᠶᠣᠯ ᠤ᠋ᠨ ᠲᠥᠬᠥᠭᠡᠷᠦᠮᠵᠢ ᠶ᠋ᠢᠨ ᠪᠦᠲᠦᠭᠡᠨ ᠪᠠᠢᠭᠤᠯᠤᠯᠲᠠ ᠳ᠋ᠤ᠌ ᠬᠡᠷᠡᠭᠯᠡᠬᠦ ᠭᠠᠵᠠᠷ ᠤ᠋ᠨ ᠲᠠᠯᠠᠪᠠᠢ ᠶ᠋ᠢ ᠤᠤᠯ ᠤ᠋ᠨ ᠬᠢ ᠡᠴᠡ ᠨᠢ ᠪᠠᠭ᠎ᠠ ᠪᠠᠢᠯᠭᠠᠵᠤ ᠪᠣᠯᠬᠤ ᠦᠭᠡᠢ᠃

  ᠰᠠᠭᠤᠭᠠᠯᠢ ᠠᠷᠠᠳ ᠤ᠋ᠨ ᠣᠷᠣᠨ ᠰᠠᠭᠤᠴᠠ ᠶ᠋ᠢᠨ ᠲᠣᠭᠣᠷᠢᠭ ᠢ᠋ ᠱᠢᠨ᠎ᠡ ᠪᠡᠷ ᠪᠠᠢᠭᠤᠯᠬᠤ᠂ ᠥᠭᠡᠷᠡᠴᠢᠯᠡᠨ ᠪᠠᠢᠭᠤᠯᠬᠤ᠂ ᠥᠷᠭᠡᠳᠭᠡᠨ ᠪᠠᠢᠭᠤᠯᠬᠤ ᠳ᠋ᠤ᠌ ᠬᠣᠯᠪᠣᠭᠳᠠᠯ ᠪᠦᠬᠦᠢ ᠲᠣᠭᠲᠠᠭᠠᠯ᠂ ᠪᠠᠷᠢᠮᠵᠢᠶ᠎ᠠ ᠶᠣᠰᠣᠭᠠᠷ ᠢᠵᠢ ᠪᠦᠷᠢᠳᠦᠭᠰᠡᠨ ᠣᠯᠠᠨ ᠨᠡᠢᠲᠡ ᠶ᠋ᠢᠨ ᠰᠣᠶᠣᠯ ᠤ᠋ᠨ ᠲᠥᠬᠥᠭᠡᠷᠦᠮᠵᠢ ᠶ᠋ᠢ ᠲᠥᠯᠥᠪᠵᠢᠭᠦᠯᠦᠨ ᠪᠦᠲᠦᠭᠡᠨ ᠪᠠᠢᠭᠤᠯᠬᠤ ᠬᠡᠷᠡᠭᠲᠡᠢ᠃

  ᠠᠷᠪᠠᠨ ᠳᠣᠯᠣᠳᠤᠭᠠᠷ ᠵᠦᠢᠯ  ᠣᠯᠠᠨ ᠨᠡᠢᠲᠡ ᠶ᠋ᠢᠨ ᠰᠣᠶᠣᠯ ᠤ᠋ᠨ ᠲᠥᠬᠥᠭᠡᠷᠦᠮᠵᠢ ᠶ᠋ᠢ ᠵᠢᠷᠤᠵᠤ ᠲᠥᠯᠥᠪᠯᠡᠬᠦ ᠪᠠ ᠪᠦᠲᠦᠭᠡᠨ ᠪᠠᠢᠭᠤᠯᠬᠤ ᠳ᠋ᠤ᠌ ᠪᠠᠨ᠂ ᠪᠣᠳᠠᠲᠤ ᠬᠡᠷᠡᠭᠴᠡᠭᠡ ᠲᠡᠢ᠂ ᠠᠶᠤᠯᠭᠦᠢ᠂ ᠱᠢᠨᠵᠢᠯᠡᠬᠦ ᠤᠬᠠᠭᠠᠨᠴᠢ᠂ ᠦᠵᠡᠮᠵᠢᠲᠡᠢ᠂ ᠪᠣᠬᠢᠷᠲᠤᠭᠤᠯᠤᠯ ᠦᠭᠡᠢ᠂ ᠠᠷᠪᠢᠲᠠᠢ ᠪᠠᠢᠯᠭᠠᠬᠤ ᠱᠠᠭᠠᠷᠳᠠᠯᠭ᠎ᠠ ᠪᠠ ᠤᠯᠤᠰ ᠠ᠋ᠴᠠ ᠲᠣᠭᠲᠠᠭᠠᠭᠰᠠᠨ ᠪᠠᠷᠢᠮᠵᠢᠶ᠎ᠠ ᠳ᠋ᠤ᠌ ᠨᠡᠢᠴᠡᠭᠦᠯᠬᠦ ᠶ᠋ᠢᠨ ᠬᠠᠮᠲᠤ ᠬᠠᠷᠱᠢ ᠰᠠᠭᠠᠳ ᠦᠭᠡᠢ ᠲᠥᠬᠥᠭᠡᠷᠦᠮᠵᠢ ᠪᠡᠯᠡᠳᠭᠡᠮᠵᠢ ᠲᠣᠬᠢᠷᠠᠭᠤᠯᠬᠤ ᠬᠡᠷᠡᠭᠲᠡᠢ᠃

  ᠠᠷᠪᠠᠨ ᠨᠠᠢ᠍ᠮᠠᠳᠤᠭᠠᠷ ᠵᠦᠢᠯ   ᠣᠷᠣᠨ ᠨᠤᠲᠤᠭ ᠤ᠋ᠨ ᠡᠯ᠎ᠡ ᠱᠠᠲᠤᠨ ᠤ᠋ ᠠᠷᠠᠳ ᠤ᠋ᠨ ᠵᠠᠰᠠᠭ ᠤ᠋ᠨ ᠣᠷᠳᠣᠨ ᠱᠢᠨ᠎ᠡ ᠪᠡᠷ ᠪᠠᠢᠭᠤᠯᠬᠤ᠂ ᠥᠭᠡᠷᠡᠴᠢᠯᠡᠨ ᠪᠠᠢᠭᠤᠯᠬᠤ᠂ ᠥᠷᠭᠡᠳᠭᠡᠨ ᠪᠠᠢᠭᠤᠯᠬᠤ᠂ ᠬᠠᠮᠲᠤᠷᠠᠨ ᠪᠠᠢᠭᠤᠯᠬᠤ᠂ ᠲᠦᠷᠢᠶᠡᠰᠦᠯᠡᠬᠦ᠂ ᠣᠳᠣ ᠪᠠᠢᠭ᠎ᠠ ᠣᠯᠠᠨ ᠨᠡᠢᠲᠡ ᠶ᠋ᠢᠨ ᠲᠥᠬᠥᠭᠡᠷᠦᠮᠵᠢ ᠶ᠋ᠢ ᠠᠱᠢᠭᠯᠠᠬᠤ ᠵᠡᠷᠭᠡ ᠣᠯᠠᠨ ᠵᠦᠢᠯ ᠦ᠋ᠨ ᠠᠷᠭ᠎ᠠ ᠮᠠᠶᠢᠭ ᠢ᠋ ᠠᠪᠴᠤ ᠪᠠᠢᠭᠠᠳ᠂ ᠱᠢᠶᠠᠩ ᠪᠠᠯᠭᠠᠰᠤ (ᠵᠡᠭᠡᠯᠢ ᠭᠤᠳᠤᠮᠵᠢ) ᠂ ᠭᠠᠴᠠᠭ᠎ᠠ (ᠨᠡᠢᠭᠡᠮ ᠲᠣᠭᠣᠷᠢᠭ) ᠤ᠋ᠨ ᠦᠨᠳᠦᠰᠦᠨ ᠱᠠᠲᠤᠨ ᠤ᠋ ᠶᠡᠷᠦᠩᠬᠡᠢᠯᠡᠭᠰᠡᠨ ᠴᠢᠨᠠᠷᠲᠠᠢ ᠰᠣᠶᠣᠯ ᠤ᠋ᠨ ᠦᠢᠯᠡᠴᠢᠯᠡᠭᠡᠨ ᠦ᠌ ᠲᠥᠪ ᠦ᠋ᠨ ᠪᠦᠲᠦᠭᠡᠨ ᠪᠠᠢᠭᠤᠯᠤᠯᠲᠠ ᠶ᠋ᠢ ᠴᠢᠩᠭᠠᠳᠭᠠᠵᠤ᠂ ᠦᠨᠳᠦᠰᠦᠨ ᠱᠠᠲᠤᠨ ᠤ᠋ ᠬᠣᠯᠪᠣᠭᠳᠠᠯ ᠪᠦᠬᠦᠢ ᠣᠯᠠᠨ ᠨᠡᠢᠲᠡ ᠶ᠋ᠢᠨ ᠲᠥᠬᠥᠭᠡᠷᠦᠮᠵᠢ ᠶ᠋ᠢ ᠨᠢᠭᠡᠳᠦᠯᠲᠡᠢ ᠬᠠᠮᠢᠶᠠᠷᠤᠨ᠂ ᠶᠡᠷᠦᠩᠬᠡᠢᠯᠡᠨ ᠠᠱᠢᠭᠯᠠᠬᠤ ᠶ᠋ᠢ ᠲᠦᠯᠬᠢᠨ ᠠᠬᠢᠭᠤᠯᠬᠤ ᠶ᠋ᠢᠨ ᠬᠠᠮᠲᠤ ᠲᠡᠭᠦᠨ ᠦ᠌ ᠬᠡᠪ ᠦ᠋ᠨ ᠶᠣᠰᠣᠭᠠᠷ ᠠᠵᠢᠯᠯᠠᠬᠤ ᠶ᠋ᠢ ᠪᠠᠲᠤᠯᠠᠵᠤ ᠪᠣᠯᠤᠨ᠎ᠠ᠃

  ᠠᠷᠪᠠ ᠶᠢᠰᠦᠳᠦᠭᠡᠷ ᠵᠦᠢᠯ  ᠶᠠᠮᠠᠷᠪᠠ ᠨᠢᠭᠡᠴᠢ ᠪᠠ ᠬᠤᠪᠢ ᠬᠥᠮᠦᠨ ᠣᠯᠠᠨ ᠨᠡᠢᠲᠡ ᠶ᠋ᠢᠨ ᠰᠣᠶᠣᠯ ᠤ᠋ᠨ ᠲᠥᠬᠥᠭᠡᠷᠦᠮᠵᠢ ᠶ᠋ᠢ ᠳᠤᠷ᠎ᠠ ᠪᠠᠷ ᠢ᠋ᠶ᠋ᠠᠨ ᠨᠤᠷᠠᠭᠠᠵᠤ ᠪᠣᠯᠬᠤ ᠦᠭᠡᠢ᠂ ᠣᠯᠠᠨ ᠨᠡᠢᠲᠡ ᠶ᠋ᠢᠨ ᠰᠣᠶᠣᠯ ᠤ᠋ᠨ ᠲᠥᠬᠥᠭᠡᠷᠦᠮᠵᠢ ᠶ᠋ᠢᠨ ᠴᠢᠳᠠᠮᠵᠢ᠂ ᠬᠡᠷᠡᠭᠴᠡᠭᠡ ᠶ᠋ᠢ ᠨᠢ ᠳᠤᠷ᠎ᠠ ᠪᠠᠷ ᠢ᠋ᠶ᠋ᠠᠨ ᠬᠤᠪᠢᠷᠠᠭᠤᠯᠬᠤ ᠪᠤᠶᠤ ᠲᠡᠭᠦᠨ ᠦ᠌ ᠬᠡᠪ ᠦ᠋ᠨ ᠠᠵᠢᠯᠯᠠᠭᠠᠨ ᠢ᠋ ᠬᠠᠷᠱᠢᠯᠠᠵᠤ ᠪᠣᠯᠬᠤ ᠦᠭᠡᠢ᠂ ᠣᠯᠠᠨ ᠨᠡᠢᠲᠡ ᠶ᠋ᠢᠨ ᠰᠣᠶᠣᠯ ᠤ᠋ᠨ ᠲᠥᠬᠥᠭᠡᠷᠦᠮᠵᠢ ᠶ᠋ᠢ ᠡᠵᠡᠯᠡᠵᠦ᠂ ᠨᠡᠭᠦᠯᠭᠡᠨ ᠬᠡᠷᠡᠭᠯᠡᠵᠦ ᠪᠣᠯᠬᠤ ᠦᠭᠡᠢ᠂ ᠣᠯᠠᠨ ᠨᠡᠢᠲᠡ ᠶ᠋ᠢᠨ ᠰᠣᠶᠣᠯ ᠤ᠋ᠨ ᠲᠥᠬᠥᠭᠡᠷᠦᠮᠵᠢ ᠶ᠋ᠢ ᠣᠯᠠᠨ ᠨᠡᠢᠲᠡ ᠶ᠋ᠢᠨ ᠰᠣᠶᠣᠯ ᠤ᠋ᠨ ᠦᠢᠯᠡᠴᠢᠯᠡᠭᠡ ᠲᠡᠢ ᠬᠠᠮᠢᠶ᠎ᠠ ᠦᠭᠡᠢ ᠬᠤᠳᠠᠯᠳᠤᠭᠠᠨ ᠤ᠋ ᠡᠵᠡᠩᠨᠡᠯᠲᠡ ᠶ᠋ᠢᠨ ᠠᠵᠢᠯᠯᠠᠭ᠎ᠠ ᠳ᠋ᠤ᠌ ᠬᠡᠷᠡᠭᠯᠡᠵᠦ ᠪᠣᠯᠬᠤ ᠦᠭᠡᠢ᠃

  ᠬᠣᠲᠠ ᠬᠥᠳᠡᠭᠡ ᠶ᠋ᠢᠨ ᠪᠦᠲᠦᠭᠡᠨ ᠪᠠᠢᠭᠤᠯᠤᠯᠲᠠ ᠳ᠋ᠤ᠌ ᠣᠯᠠᠨ ᠨᠡᠢᠲᠡ ᠶ᠋ᠢᠨ ᠰᠣᠶᠣᠯ ᠤ᠋ᠨ ᠲᠥᠬᠥᠭᠡᠷᠦᠮᠵᠢ ᠶ᠋ᠢ ᠦᠨᠡᠬᠡᠷ ᠨᠤᠷᠠᠭᠠᠬᠤ᠂ ᠡᠰᠡᠬᠦᠯ᠎ᠡ ᠴᠢᠳᠠᠮᠵᠢ᠂ ᠬᠡᠷᠡᠭᠴᠡᠭᠡ ᠶ᠋ᠢ ᠨᠢ ᠬᠤᠪᠢᠷᠠᠭᠤᠯᠬᠤ ᠴᠢᠬᠤᠯᠠᠲᠠᠢ ᠪᠠᠢᠪᠠᠯ᠂ ᠬᠣᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ᠋ ᠬᠠᠤᠯᠢ ᠲᠣᠭᠲᠠᠭᠠᠯ ᠤ᠋ᠨ ᠲᠣᠭᠲᠠᠭᠠᠯ ᠶᠣᠰᠣᠭᠠᠷ ᠳᠠᠬᠢᠨ ᠪᠠᠢᠭᠤᠯᠬᠤ᠂ ᠥᠭᠡᠷᠡᠴᠢᠯᠡᠨ ᠪᠠᠢᠭᠤᠯᠬᠤ ᠬᠡᠷᠡᠭᠲᠡᠢ ᠪᠥᠭᠡᠳ ᠤᠷᠢᠳ ᠢ᠋ᠶ᠋ᠠᠷ ᠪᠠᠢᠭᠤᠯᠵᠤ ᠳᠠᠷᠠᠭ᠎ᠠ ᠨᠢ ᠨᠤᠷᠠᠭᠠᠬᠤ ᠡᠰᠡᠬᠦᠯ᠎ᠡ ᠪᠠᠢᠭᠤᠯᠬᠤ ᠪᠠ ᠨᠤᠷᠠᠭᠠᠬᠤ ᠶ᠋ᠢ ᠬᠠᠮᠲᠤ ᠳ᠋ᠤ᠌ ᠨᠢ ᠶᠠᠪᠤᠭᠳᠠᠭᠤᠯᠬᠤ ᠵᠠᠷᠴᠢᠮ ᠢ᠋ ᠪᠠᠷᠢᠮᠲᠠᠯᠠᠬᠤ ᠬᠡᠷᠡᠭᠲᠡᠢ᠃ ᠣᠯᠠᠨ ᠨᠡᠢᠲᠡ ᠶ᠋ᠢᠨ ᠰᠣᠶᠣᠯ ᠤ᠋ᠨ ᠲᠥᠬᠥᠭᠡᠷᠦᠮᠵᠢ ᠶ᠋ᠢ ᠳᠠᠬᠢᠨ ᠪᠠᠢᠭᠤᠯᠬᠤ᠂ ᠥᠭᠡᠷᠡᠴᠢᠯᠡᠨ ᠪᠠᠢᠭᠤᠯᠬᠤ ᠳ᠋ᠤ᠌ ᠪᠠᠨ ᠲᠥᠬᠥᠭᠡᠷᠦᠮᠵᠢ ᠲᠣᠬᠢᠷᠠᠭᠤᠯᠬᠤ ᠪᠠᠷᠢᠮᠵᠢᠶ᠎ᠠ᠂ ᠪᠠᠷᠢᠯᠭ᠎ᠠ ᠶ᠋ᠢᠨ ᠲᠠᠯᠠᠪᠠᠢ ᠵᠡᠷᠭᠡ ᠶ᠋ᠢ ᠪᠠᠭᠤᠷᠠᠭᠤᠯᠵᠤ ᠪᠣᠯᠬᠤ ᠦᠭᠡᠢ᠃

  ᠬᠣᠷᠢᠳᠤᠭᠠᠷ ᠵᠦᠢᠯ  ᠣᠯᠠᠨ ᠨᠡᠢᠲᠡ ᠶ᠋ᠢᠨ ᠰᠣᠶᠣᠯ ᠤ᠋ᠨ ᠲᠥᠬᠥᠭᠡᠷᠦᠮᠵᠢ ᠶ᠋ᠢᠨ ᠬᠠᠮᠢᠶᠠᠷᠤᠯᠲᠠ ᠶ᠋ᠢᠨ ᠨᠢᠭᠡᠴᠢ ᠤᠯᠤᠰ ᠠ᠋ᠴᠠ ᠲᠣᠭᠲᠠᠭᠠᠭᠰᠠᠨ ᠪᠠᠷᠢᠮᠵᠢᠶ᠎ᠠ ᠶᠣᠰᠣᠭᠠᠷ ᠴᠢᠬᠤᠯᠠ ᠬᠡᠷᠡᠭᠴᠡᠭᠡᠨ ᠦ᠌ ᠦᠢᠯᠡᠴᠢᠯᠡᠭᠡᠨ ᠦ᠌ ᠠᠭᠤᠯᠭ᠎ᠠ ᠪᠠ ᠪᠡᠯᠡᠳᠭᠡᠮᠵᠢ ᠶ᠋ᠢ ᠲᠣᠬᠢᠷᠠᠭᠤᠯᠤᠨ ᠱᠢᠨᠡᠳᠭᠡᠵᠦ᠂ ᠣᠯᠠᠨ ᠨᠡᠢᠲᠡ ᠶ᠋ᠢᠨ ᠰᠣᠶᠣᠯ ᠤ᠋ᠨ ᠲᠥᠬᠥᠭᠡᠷᠦᠮᠵᠢ ᠶ᠋ᠢ ᠪᠠᠢᠩᠭᠤ ᠶ᠋ᠢᠨ ᠴᠢᠨᠠᠷᠲᠠᠢ ᠪᠠᠷ ᠬᠠᠮᠠᠭᠠᠯᠠᠵᠤ ᠬᠠᠮᠢᠶᠠᠷᠬᠤ ᠠᠵᠢᠯ ᠢ᠋ ᠴᠢᠩᠭᠠᠳᠭᠠᠨ᠂ ᠣᠯᠠᠨ ᠨᠡᠢᠲᠡ ᠶ᠋ᠢᠨ ᠰᠣᠶᠣᠯ ᠤ᠋ᠨ ᠲᠥᠬᠥᠭᠡᠷᠦᠮᠵᠢ ᠶ᠋ᠢᠨ ᠬᠡᠪ ᠦ᠋ᠨ ᠶᠣᠰᠣᠭᠠᠷ ᠬᠡᠷᠡᠭᠯᠡᠭᠳᠡᠬᠦ ᠪᠠ ᠠᠵᠢᠯᠯᠠᠬᠤ ᠶ᠋ᠢ ᠪᠠᠲᠤᠯᠠᠬᠤ ᠬᠡᠷᠡᠭᠲᠡᠢ᠃

  ᠬᠣᠷᠢᠨ ᠨᠢᠭᠡᠳᠦᠭᠡᠷ ᠵᠦᠢᠯ   ᠣᠯᠠᠨ ᠨᠡᠢᠲᠡ ᠶ᠋ᠢᠨ ᠰᠣᠶᠣᠯ ᠤ᠋ᠨ ᠲᠥᠬᠥᠭᠡᠷᠦᠮᠵᠢ ᠶ᠋ᠢᠨ ᠬᠠᠮᠢᠶᠠᠷᠤᠯᠲᠠ ᠶ᠋ᠢᠨ ᠨᠢᠭᠡᠴᠢ ᠬᠠᠮᠢᠶᠠᠷᠤᠯᠲᠠ ᠶ᠋ᠢᠨ ᠳᠦᠷᠢᠮ ᠪᠠ ᠦᠢᠯᠡᠴᠢᠯᠡᠭᠡᠨ ᠦ᠌ ᠵᠢᠷᠤᠮᠵᠢᠯ ᠢ᠋ ᠪᠠᠢᠭᠤᠯᠤᠨ ᠪᠥᠷᠢᠨᠰᠢᠬᠥᠯᠵᠥ᠂ ᠣᠯᠠᠨ ᠨᠡᠢᠲᠡ ᠶ᠋ᠢᠨ ᠰᠣᠶᠣᠯ ᠤ᠋ᠨ ᠲᠥᠬᠥᠭᠡᠷᠦᠮᠵᠢ ᠶ᠋ᠢᠨ ᠡᠳ᠋ ᠬᠥᠷᠥᠩᠭᠡ ᠶ᠋ᠢ ᠪᠦᠷᠢᠳᠭᠡᠨ ᠮᠡᠳᠡᠭᠦᠯᠬᠦ ᠳᠦᠷᠢᠮ ᠪᠠ ᠣᠯᠠᠨ ᠨᠡᠢᠲᠡ ᠶ᠋ᠢᠨ ᠰᠣᠶᠣᠯ ᠤ᠋ᠨ ᠦᠢᠯᠡᠴᠢᠯᠡᠭᠡ ᠥᠷᠨᠢᠭᠦᠯᠦᠭᠰᠡᠨ ᠪᠠᠢᠳᠠᠯ ᠤ᠋ᠨ ᠣᠨ ᠤ᠋ ᠮᠡᠳᠡᠭᠦᠯᠦᠯᠲᠡ ᠶ᠋ᠢᠨ ᠳᠦᠷᠢᠮ ᠢ᠋ ᠪᠠᠢᠭᠤᠯᠬᠤ ᠬᠡᠷᠡᠭᠲᠡᠢ᠃

  ᠬᠣᠷᠢᠨ ᠬᠣᠶᠠᠳᠤᠭᠠᠷ ᠵᠦᠢᠯ   ᠣᠯᠠᠨ ᠨᠡᠢᠲᠡ ᠶ᠋ᠢᠨ ᠰᠣᠶᠣᠯ ᠤ᠋ᠨ ᠲᠥᠬᠥᠭᠡᠷᠦᠮᠵᠢ ᠶ᠋ᠢᠨ ᠬᠠᠮᠢᠶᠠᠷᠤᠯᠲᠠ ᠶ᠋ᠢᠨ ᠨᠢᠭᠡᠴᠢ ᠠᠶᠤᠯᠭᠦᠢ ᠶ᠋ᠢᠨ ᠬᠠᠮᠢᠶᠠᠷᠤᠯᠲᠠ ᠶ᠋ᠢᠨ ᠳᠦᠷᠢᠮ ᠢ᠋ ᠪᠠᠢᠭᠤᠯᠤᠨ ᠪᠥᠷᠢᠨᠰᠢᠬᠥᠯᠵᠥ᠂ ᠣᠯᠠᠨ ᠨᠡᠢᠲᠡ ᠶ᠋ᠢᠨ ᠰᠣᠶᠣᠯ ᠤ᠋ᠨ ᠲᠥᠬᠥᠭᠡᠷᠦᠮᠵᠢ ᠪᠠ ᠣᠯᠠᠨ ᠨᠡᠢᠲᠡ ᠶ᠋ᠢᠨ ᠠᠵᠢᠯᠯᠠᠭ᠎ᠠ ᠶ᠋ᠢᠨ ᠲᠤᠬᠠᠢ ᠠᠶᠤᠯᠭᠦᠢ ᠶ᠋ᠢᠨ ᠦᠨᠡᠯᠡᠯᠲᠡ ᠬᠢᠬᠦ ᠶ᠋ᠢ ᠥᠷᠨᠢᠭᠦᠯᠵᠦ᠂ ᠠᠶᠤᠯᠭᠦᠢ ᠶ᠋ᠢᠨ ᠬᠠᠮᠠᠭᠠᠯᠠᠯᠲᠠ ᠶ᠋ᠢᠨ ᠪᠡᠯᠡᠳᠭᠡᠮᠵᠢ ᠪᠠ ᠠᠵᠢᠯᠲᠠᠨ ᠢ᠋ ᠬᠠᠤᠯᠢ ᠶᠣᠰᠣᠭᠠᠷ ᠲᠣᠬᠢᠷᠠᠭᠤᠯᠤᠨ᠂ ᠣᠯᠠᠨ ᠨᠡᠢᠲᠡ ᠶ᠋ᠢᠨ ᠰᠣᠶᠣᠯ ᠤ᠋ᠨ ᠲᠥᠬᠥᠭᠡᠷᠦᠮᠵᠢ ᠪᠠ ᠣᠯᠠᠨ ᠨᠡᠢᠲᠡ ᠶ᠋ᠢᠨ ᠠᠵᠢᠯᠯᠠᠭ᠎ᠠ ᠶ᠋ᠢᠨ ᠠᠶᠤᠯᠭᠦᠢ ᠶ᠋ᠢ ᠪᠠᠲᠤᠯᠠᠬᠤ ᠬᠡᠷᠡᠭᠲᠡᠢ᠃

  ᠬᠣᠷᠢᠨ ᠭᠤᠷᠪᠠᠳᠤᠭᠠᠷ ᠵᠦᠢᠯ   ᠡᠯ᠎ᠡ ᠱᠠᠲᠤᠨ ᠤ᠋ ᠠᠷᠠᠳ ᠤ᠋ᠨ ᠵᠠᠰᠠᠭ ᠤ᠋ᠨ ᠣᠷᠳᠣᠨ ᠣᠯᠠᠨ ᠨᠡᠢᠲᠡ ᠶ᠋ᠢᠨ ᠣᠷᠣᠯᠴᠠᠭᠰᠠᠨ ᠣᠯᠠᠨ ᠨᠡᠢᠲᠡ ᠶ᠋ᠢᠨ ᠰᠣᠶᠣᠯ ᠤ᠋ᠨ ᠲᠥᠬᠥᠭᠡᠷᠦᠮᠵᠢ ᠶ᠋ᠢᠨ ᠬᠡᠷᠡᠭᠯᠡᠯᠲᠡ ᠶ᠋ᠢᠨ ᠦᠢᠯᠡᠳᠦᠯ ᠴᠢᠳᠠᠪᠤᠷᠢ ᠶ᠋ᠢ ᠬᠢᠨᠠᠨ ᠱᠢᠯᠭᠠᠵᠤ ᠦᠨᠡᠯᠡᠬᠦ ᠳᠦᠷᠢᠮ ᠢ᠋ ᠪᠠᠢᠭᠤᠯᠬᠤ ᠬᠡᠷᠡᠭᠲᠡᠢ᠂ ᠦᠨᠡᠯᠡᠭᠰᠡᠨ ᠦᠷ᠎ᠡ ᠳ᠋ᠦᠩ ᠢ᠋ ᠦᠨᠳᠦᠰᠦᠯᠡᠨ ᠣᠯᠠᠨ ᠨᠡᠢᠲᠡ ᠶ᠋ᠢᠨ ᠰᠣᠶᠣᠯ ᠤ᠋ᠨ ᠲᠥᠬᠥᠭᠡᠷᠦᠮᠵᠢ ᠶ᠋ᠢᠨ ᠬᠠᠮᠢᠶᠠᠷᠤᠯᠲᠠ ᠶ᠋ᠢᠨ ᠨᠢᠭᠡᠴᠢ ᠠᠵᠢᠯ ᠢ᠋ᠶ᠋ᠠᠨ ᠰᠠᠢᠵᠢᠷᠠᠭᠤᠯᠵᠤ᠂ ᠦᠢᠯᠡᠴᠢᠯᠡᠭᠡᠨ ᠦ᠌ ᠴᠢᠨᠠᠷ ᠴᠢᠨᠰᠠᠭ᠎ᠠ ᠪᠠᠨ ᠳᠡᠭᠡᠭᠱᠢᠯᠡᠭᠦᠯᠬᠦ ᠬᠡᠷᠡᠭᠲᠡᠢ᠃

  ᠬᠣᠷᠢᠨ ᠳᠥᠷᠪᠡᠳᠦᠭᠡᠷ ᠵᠦᠢᠯ   ᠤᠯᠤᠰ ᠠ᠋ᠴᠠ ᠣᠯᠠᠨ ᠨᠡᠢᠲᠡ ᠶ᠋ᠢᠨ ᠨᠣᠮ ᠤ᠋ᠨ ᠰᠠᠩ᠂ ᠮᠦᠽᠧᠢ᠂ ᠰᠣᠶᠣᠯ ᠤ᠋ᠨ ᠣᠷᠳᠣᠨ ᠵᠡᠷᠭᠡ ᠣᠯᠠᠨ ᠨᠡᠢᠲᠡ ᠶ᠋ᠢᠨ ᠰᠣᠶᠣᠯ ᠤ᠋ᠨ ᠲᠥᠬᠥᠭᠡᠷᠦᠮᠵᠢ ᠶ᠋ᠢᠨ ᠬᠠᠮᠢᠶᠠᠷᠤᠯᠲᠠ ᠶ᠋ᠢᠨ ᠨᠢᠭᠡᠴᠢ ᠲᠡᠭᠦᠨ ᠦ᠌ ᠴᠢᠳᠠᠮᠵᠢ ᠶ᠋ᠢᠨ ᠪᠠᠢᠷᠢ ᠲᠣᠭᠲᠠᠭᠠᠯᠲᠠ ᠶ᠋ᠢ ᠦᠨᠳᠦᠰᠦᠯᠡᠨ ᠬᠠᠤᠯᠢ ᠶ᠋ᠢᠨ ᠬᠥᠮᠦᠨ ᠦ᠌ ᠵᠠᠰᠠᠯᠲᠠ ᠶ᠋ᠢᠨ ᠪᠦᠲᠦᠴᠡ ᠶ᠋ᠢ ᠪᠠᠢᠭᠤᠯᠤᠨ ᠪᠥᠷᠢᠨᠰᠢᠬᠥᠯᠵᠥ᠂ ᠬᠣᠯᠪᠣᠭᠳᠠᠯ ᠪᠦᠬᠦᠢ ᠲᠠᠯ᠎ᠠ ᠶ᠋ᠢᠨ ᠲᠥᠯᠥᠭᠡᠯᠡᠭᠴᠢ᠂ ᠲᠤᠰᠭᠠᠢ ᠮᠡᠷᠭᠡᠵᠢᠯ ᠦ᠋ᠨ ᠬᠥᠮᠦᠰ ᠪᠠ ᠣᠯᠠᠨ ᠲᠦᠮᠡᠨ ᠢ᠋ ᠡᠯᠰᠡᠨ ᠠᠪᠴᠤ ᠬᠠᠮᠢᠶᠠᠷᠤᠯᠲᠠ ᠳ᠋ᠤ᠌ ᠣᠷᠣᠯᠴᠠᠭᠤᠯᠬᠤ ᠶ᠋ᠢ ᠲᠦᠯᠬᠢᠨ ᠠᠬᠢᠭᠤᠯᠤᠨ᠎ᠠ᠃

  ᠬᠣᠷᠢᠨ ᠲᠠᠪᠤᠳᠤᠭᠠᠷ ᠵᠦᠢᠯ   ᠤᠯᠤᠰ ᠠ᠋ᠴᠠ ᠠᠷᠠᠳ ᠢᠷᠭᠡᠨ᠂ ᠬᠠᠤᠯᠢ ᠶ᠋ᠢᠨ ᠬᠥᠮᠦᠨ ᠪᠠ ᠪᠤᠰᠤᠳ ᠵᠣᠬᠢᠶᠠᠨ ᠪᠠᠢᠭᠤᠯᠤᠯᠲᠠ ᠶ᠋ᠢᠨ ᠣᠯᠠᠨ ᠨᠡᠢᠲᠡ ᠶ᠋ᠢᠨ ᠰᠣᠶᠣᠯ ᠤ᠋ᠨ ᠲᠥᠬᠥᠭᠡᠷᠦᠮᠵᠢ ᠶ᠋ᠢ ᠡᠭᠦᠰᠭᠡᠨ ᠪᠠᠢᠭᠤᠯᠬᠤ᠂ ᠬᠠᠨᠳᠢᠪᠯᠠᠨ ᠪᠠᠢᠭᠤᠯᠬᠤ ᠪᠤᠶᠤ ᠵᠠᠰᠠᠭ ᠤ᠋ᠨ ᠣᠷᠳᠣᠨ ᠤ᠋ ᠰᠠᠯᠠᠭ᠎ᠠ ᠮᠥᠴᠢᠷ ᠲᠡᠢ ᠬᠠᠮᠲᠤᠷᠠᠨ ᠪᠠᠢᠭᠤᠯᠬᠤ ᠶ᠋ᠢ ᠵᠣᠷᠢᠭᠵᠢᠭᠤᠯᠤᠨ ᠳᠡᠮᠵᠢᠵᠦ᠂ ᠠᠷᠠᠳ ᠢᠷᠭᠡᠨ᠂ ᠬᠠᠤᠯᠢ ᠶ᠋ᠢᠨ ᠬᠥᠮᠦᠨ ᠪᠠ ᠪᠤᠰᠤᠳ ᠵᠣᠬᠢᠶᠠᠨ ᠪᠠᠢᠭᠤᠯᠤᠯᠲᠠ ᠶ᠋ᠢᠨ ᠣᠯᠠᠨ ᠨᠡᠢᠲᠡ ᠶ᠋ᠢᠨ ᠰᠣᠶᠣᠯ ᠤ᠋ᠨ ᠲᠥᠬᠥᠭᠡᠷᠦᠮᠵᠢ ᠶ᠋ᠢᠨ ᠠᠵᠢᠯᠯᠠᠭᠠᠨ ᠪᠠ ᠬᠠᠮᠢᠶᠠᠷᠤᠯᠲᠠ ᠳ᠋ᠤ᠌ ᠬᠠᠤᠯᠢ ᠶᠣᠰᠣᠭᠠᠷ ᠣᠷᠣᠯᠴᠠᠬᠤ ᠶ᠋ᠢ ᠵᠣᠷᠢᠭᠵᠢᠭᠤᠯᠤᠨ᠎ᠠ᠃

  ᠬᠣᠷᠢᠨ ᠵᠢᠷᠭᠤᠳᠤᠭᠠᠷ ᠵᠦᠢᠯ   ᠣᠯᠠᠨ ᠲᠦᠮᠡᠨ ᠣᠯᠠᠨ ᠨᠡᠢᠲᠡ ᠶ᠋ᠢᠨ ᠰᠣᠶᠣᠯ ᠤ᠋ᠨ ᠲᠥᠬᠥᠭᠡᠷᠦᠮᠵᠢ ᠶ᠋ᠢ ᠬᠡᠷᠡᠭᠯᠡᠬᠦ ᠳ᠋ᠤ᠌ ᠪᠠᠨ ᠣᠯᠠᠨ ᠨᠡᠢᠲᠡ ᠶ᠋ᠢᠨ ᠡᠮᠬᠢ ᠵᠢᠷᠤᠮ ᠢ᠋ ᠳᠠᠭᠠᠵᠤ᠂ ᠣᠯᠠᠨ ᠨᠡᠢᠲᠡ ᠶ᠋ᠢᠨ ᠲᠥᠬᠥᠭᠡᠷᠦᠮᠵᠢ ᠶ᠋ᠢ ᠬᠠᠢᠷᠠᠯᠠᠨ ᠬᠠᠮᠠᠭᠠᠯᠠᠬᠤ ᠬᠡᠷᠡᠭᠲᠡᠢ᠂ ᠣᠯᠠᠨ ᠨᠡᠢᠲᠡ ᠶ᠋ᠢᠨ ᠲᠥᠬᠥᠭᠡᠷᠦᠮᠵᠢ ᠪᠡᠯᠡᠳᠭᠡᠮᠵᠢ ᠪᠠ ᠡᠳ᠋ ᠪᠣᠳᠠᠰ ᠢ᠋ ᠡᠪᠳᠡᠨ ᠰᠦᠢᠳᠭᠡᠵᠦ ᠪᠣᠯᠬᠤ ᠦᠭᠡᠢ᠃

 

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ
蒙ICP 备0500604