ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡ᠎ᠶᠢ ᠪᠠᠲᠤᠯᠠᠬᠤ ᠬᠠᠤᠯᠢ (ᠭᠤᠷᠪᠠᠳᠤᠭᠠᠷ ᠪᠦᠯᠦᠭ)
2019.11.04

  

  (2016 ᠣᠨ᠎ᠤ 12 ᠰᠠᠷ᠎ᠠ᠎ᠶᠢᠨ 25᠎ᠤ ᠡᠳᠦᠷ ᠠᠷᠪᠠᠨ ᠬᠣᠶᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠬᠣᠷᠢᠨ ᠲᠠᠪᠤᠳᠤᠭᠠᠷ ᠬᠤᠷᠠᠯᠳᠤᠭᠠᠨ᠎ᠠᠴᠠ ᠪᠠᠲᠤᠯᠠᠪᠠ)

 

 

    ᠭᠤᠷᠪᠠᠳᠤᠭᠠᠷ ᠪᠦᠯᠦᠭ   ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡ ᠬᠠᠩᠭᠠᠬᠤ

 

  ᠬᠣᠷᠢᠨ ᠳᠣᠯᠤᠳᠤᠭᠠᠷ ᠵᠦᠢᠯ  ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢ ᠭᠦᠢᠴᠡᠳ ᠠᠱᠢᠭᠯᠠᠵᠤ᠂ ᠣᠯᠠᠨ ᠨᠡᠢᠲᠡ᠎ᠶᠢᠨ ᠰᠣᠶᠤᠯ᠎ᠤᠨ ᠱᠢᠯᠢᠳᠡᠭ ᠪᠦᠲᠦᠭᠡᠭᠳᠡᠬᠦᠨ᠎ᠢ ᠬᠠᠩᠭᠠᠬᠤ ᠪᠠ ᠤᠯᠠᠮᠵᠢᠯᠠᠨ ᠳᠡᠯᠭᠡᠷᠡᠭᠦᠯᠬᠦ᠎ᠶᠢ ᠠᠬᠢᠭᠤᠯᠵᠤ᠂ ᠠᠷᠠᠳ ᠨᠡᠢᠲᠡ᠎ᠶᠢᠨ ᠨᠣᠮ ᠤᠩᠱᠢᠬᠤ᠂ ᠠᠷᠠᠳ ᠨᠡᠢᠲᠡ᠎ᠶᠢᠨ ᠬᠠᠤᠯᠢ ᠲᠦᠭᠡᠮᠡᠯᠵᠢᠭᠦᠯᠬᠦ᠂ ᠠᠷᠠᠳ ᠨᠡᠢᠲᠡ᠎ᠶᠢᠨ ᠪᠡᠶ᠎ᠡ ᠴᠢᠭᠢᠷᠠᠭᠵᠢᠭᠤᠯᠬᠤ᠂ ᠠᠷᠠᠳ ᠨᠡᠢᠲᠡ᠎ᠶᠢᠨ ᠱᠢᠨᠵᠢᠯᠡᠬᠦ ᠤᠬᠠᠭᠠᠨ ᠲᠦᠭᠡᠮᠡᠯᠵᠢᠭᠦᠯᠬᠦ ᠪᠠ ᠤᠷᠠᠯᠢᠭ ᠲᠦᠭᠡᠮᠡᠯᠵᠢᠭᠦᠯᠬᠦ᠂ ᠤᠯᠠᠮᠵᠢᠯᠠᠯᠲᠤ ᠱᠢᠯᠢᠳᠡᠭ ᠰᠣᠶᠤᠯ᠎ᠢ ᠵᠠᠯᠭᠠᠮᠵᠢᠯᠠᠬᠤ ᠠᠵᠢᠯᠯᠠᠭ᠎ᠠ ᠥᠷᠨᠢᠭᠦᠯᠬᠦ᠎ᠶᠢ ᠳᠡᠮᠵᠢᠬᠦ ᠬᠡᠷᠡᠭᠲᠡᠢ᠃

  ᠬᠣᠷᠢᠨ ᠨᠠᠢ᠍ᠮᠠᠳᠤᠭᠠᠷ ᠵᠦᠢᠯ   ᠲᠣᠭᠤᠷᠢᠭ ᠪᠠᠢᠭᠤᠯᠤᠭᠰᠠᠨ ᠬᠣᠲᠠ᠎ᠶᠢᠨ ᠱᠠᠲᠤᠨ᠎ᠤ ᠪᠠ ᠱᠢᠶᠠᠨ᠎ᠤ ᠱᠠᠲᠤᠨ᠎ᠤ ᠣᠷᠤᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠤᠨ ᠤᠯᠤᠰ᠎ᠤᠨ ᠣᠯᠠᠨ ᠨᠡᠢᠲᠡ᠎ᠶᠢᠨ ᠰᠣᠶᠤᠯ᠎ᠤᠨ ᠦᠨᠳᠦᠰᠦᠨ ᠦᠢᠯᠡᠴᠢᠯᠡᠭᠡᠨ᠎ᠦ ᠵᠢᠯᠤᠭᠤᠳᠭᠤ ᠪᠠᠷᠢᠮᠵᠢᠶ᠎ᠠ ᠪᠠ ᠮᠣᠵᠢ᠂ ᠥᠪᠡᠷᠲᠡᠭᠡᠨ ᠵᠠᠰᠠᠬᠤ ᠣᠷᠤᠨ᠂ ᠱᠢᠭᠤᠳ ᠬᠠᠷᠢᠶ᠎ᠠ ᠬᠣᠲᠠ᠎ᠶᠢᠨ ᠣᠯᠠᠨ ᠨᠡᠢᠲᠡ᠎ᠶᠢᠨ ᠰᠣᠶᠤᠯ᠎ᠤᠨ ᠦᠨᠳᠦᠰᠦᠨ ᠦᠢᠯᠡᠴᠢᠯᠡᠭᠡᠨ᠎ᠦ ᠬᠡᠷᠡᠭᠵᠢᠭᠦᠯᠬᠦ ᠪᠠᠷᠢᠮᠵᠢᠶ᠎ᠠ᠎ᠶᠢ ᠦᠨᠳᠦᠰᠦᠯᠡᠨ ᠲᠤᠬᠠᠢ᠎ᠶᠢᠨ ᠭᠠᠵᠠᠷ᠎ᠤᠨ ᠪᠣᠳᠠᠲᠠᠢ ᠪᠠᠢᠳᠠᠯ᠎ᠲᠠᠢ᠎ᠪᠠᠨ ᠤᠶᠠᠯᠳᠤᠭᠤᠯᠵᠤ᠂ ᠲᠤᠰ ᠵᠠᠰᠠᠭ ᠵᠠᠬᠢᠷᠭᠠᠨ᠎ᠤ ᠣᠷᠤᠨ᠎ᠤ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡᠨ᠎ᠦ ᠭᠠᠷᠴᠠᠭ᠎ᠢ ᠲᠣᠭᠲᠠᠭᠠᠵᠤ ᠨᠡᠢᠲᠡᠯᠡᠬᠦ᠎ᠶᠢᠨ ᠬᠠᠮᠲᠤ ᠵᠣᠬᠢᠶᠠᠨ ᠪᠠᠢᠭᠤᠯᠤᠨ ᠬᠡᠷᠡᠭᠵᠢᠭᠦᠯᠬᠦ ᠬᠡᠷᠡᠭᠲᠡᠢ᠃

  ᠬᠣᠷᠢ ᠶᠢᠰᠦᠳᠦᠭᠡᠷ ᠵᠦᠢᠯ   ᠨᠡᠢᠲᠡ᠎ᠶᠢᠨ ᠠᠰᠠᠷᠠᠮᠵᠢ᠎ᠶᠢᠨ ᠴᠢᠨᠠᠷᠲᠠᠢ ᠰᠣᠶᠤᠯ᠎ᠤᠨ ᠨᠢᠭᠡᠴᠢ ᠦᠢᠯᠡᠴᠢᠯᠡᠭᠡᠨ᠎ᠦ ᠵᠦᠢᠯᠡᠰ᠎ᠢᠶᠡᠨ ᠲᠡᠭᠦᠯᠳᠡᠷᠵᠢᠭᠦᠯᠦᠨ᠂ ᠦᠢᠯᠡᠴᠢᠯᠡᠭᠡᠨ᠎ᠦ ᠠᠭᠤᠯᠭ᠎ᠠ᠎ᠪᠠᠨ ᠪᠠᠶᠠᠯᠢᠭᠵᠢᠭᠤᠯᠵᠤ᠂ ᠨᠥᠬᠦᠴᠡᠯ ᠪᠦᠷᠢᠯᠳᠦᠭᠦᠯᠵᠦ ᠪᠠᠢᠭᠠᠳ ᠣᠯᠠᠨ ᠨᠡᠢᠲᠡ᠎ᠳᠦ ᠤᠳᠭ᠎ᠠ ᠤᠷᠠᠯᠢᠭ᠎ᠤᠨ ᠲᠣᠭᠯᠠᠯᠲᠠ᠂ ᠳᠡᠯᠭᠡᠨ ᠦᠵᠡᠭᠦᠯᠬᠦ ᠦᠵᠡᠰᠭᠦᠯᠡᠩ᠂ ᠺᠢᠨᠣ᠋ ᠭᠠᠷᠭᠠᠬᠤ᠂ ᠷᠠᠳᠢᠣ᠋ ᠨᠡᠪᠲᠡᠷᠡᠭᠦᠯᠭᠡ ᠲᠧᠯᠸᠢᠰ᠎ᠦᠨ ᠫᠷᠤᠭ᠌ᠷᠠᠮ ᠨᠡᠪᠲᠡᠷᠡᠭᠦᠯᠬᠦ᠂ ᠨᠣᠮ ᠤᠩᠱᠢᠬᠤ ᠦᠢᠯᠡᠴᠢᠯᠡᠭᠡ᠂ ᠤᠷᠠᠯᠢᠭ᠎ᠤᠨ ᠪᠣᠯᠪᠠᠰᠤᠷᠠᠭᠤᠯᠤᠯ ᠵᠡᠷᠭᠡ᠎ᠶᠢ ᠰᠦᠢᠳᠭᠡᠯ ᠬᠤᠷᠢᠶᠠᠬᠤ᠎ᠦᠭᠡᠢ᠎ᠪᠡᠷ ᠪᠤᠶᠤ ᠬᠠᠷᠠᠭᠠᠯᠵᠠᠯ᠎ᠲᠠᠢ᠎ᠪᠠᠷ ᠬᠠᠩᠭᠠᠬᠤ ᠬᠡᠷᠡᠭᠲᠡᠢ ᠪᠥᠭᠡᠳ ᠣᠯᠠᠨ ᠨᠡᠢᠲᠡ᠎ᠶᠢᠨ ᠰᠣᠶᠤᠯ᠎ᠤᠨ ᠠᠵᠢᠯᠯᠠᠭ᠎ᠠ ᠥᠷᠨᠢᠭᠦᠯᠬᠦ᠎ᠳᠦ ᠳᠡᠮᠵᠢᠯᠭᠡ ᠬᠠᠪᠰᠤᠷᠤᠯᠭ᠎ᠠ ᠦᠵᠡᠭᠦᠯᠬᠦ ᠬᠡᠷᠡᠭᠲᠡᠢ᠃

  ᠤᠯᠤᠰ᠎ᠠᠴᠠ ᠡᠵᠡᠩᠨᠡᠯᠲᠡ᠎ᠶᠢᠨ ᠴᠢᠨᠠᠷᠲᠠᠢ ᠰᠣᠶᠤᠯ᠎ᠤᠨ ᠨᠢᠭᠡᠴᠢ᠎ᠶᠢᠨ ᠬᠢᠨ᠎ᠦ ᠰᠦᠢᠳᠭᠡᠯ ᠬᠤᠷᠢᠶᠠᠬᠤ᠎ᠦᠭᠡᠢ᠎ᠪᠡᠷ ᠪᠤᠶᠤ ᠬᠠᠷᠠᠭᠠᠯᠵᠠᠯ᠎ᠲᠠᠢ᠎ᠪᠠᠷ ᠣᠯᠠᠨ ᠨᠡᠢᠲᠡ᠎ᠶᠢᠨ ᠰᠣᠶᠤᠯ᠎ᠤᠨ ᠪᠦᠲᠦᠭᠡᠭᠳᠡᠬᠦᠨ ᠪᠠ ᠰᠣᠶᠤᠯ᠎ᠤᠨ ᠠᠵᠢᠯᠯᠠᠭ᠎ᠠ ᠬᠠᠩᠭᠠᠬᠤ᠎ᠶᠢ ᠵᠣᠷᠢᠭᠵᠢᠭᠤᠯᠤᠨ᠎ᠠ᠃

  ᠭᠤᠴᠢᠳᠤᠭᠠᠷ ᠵᠦᠢᠯ   ᠦᠨᠳᠦᠰᠦᠨ ᠱᠠᠲᠤᠨ᠎ᠤ ᠶᠡᠷᠦᠩᠬᠡᠢᠯᠡᠭᠰᠡᠨ ᠴᠢᠨᠠᠷᠲᠠᠢ ᠰᠣᠶᠤᠯ᠎ᠤᠨ ᠦᠢᠯᠡᠴᠢᠯᠡᠭᠡᠨ᠎ᠦ ᠲᠥᠪ᠎ᠨᠢ ᠡᠬᠢ ᠪᠠᠶᠠᠯᠢᠭ᠎ᠢ ᠡᠮᠬᠢᠯᠡᠨ ᠨᠡᠢᠯᠡᠭᠦᠯᠬᠦ᠎ᠪᠡᠨ ᠴᠢᠩᠭᠠᠳᠭᠠᠨ᠂ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡᠨ᠎ᠦ ᠰᠦᠯᠵᠢᠶ᠎ᠡ᠎ᠶᠢ ᠪᠠᠢᠭᠤᠯᠤᠨ ᠲᠡᠭᠦᠯᠳᠡᠷᠵᠢᠭᠦᠯᠵᠦ᠂ ᠨᠢᠭᠡᠳᠦᠯᠲᠡᠢ ᠲᠥᠯᠦᠪᠯᠡᠨ ᠦᠢᠯᠡᠴᠢᠯᠡᠬᠦ ᠴᠢᠳᠠᠮᠵᠢ᠎ᠶᠢ ᠭᠦᠢᠴᠡᠳ ᠪᠠᠳᠠᠷᠠᠭᠤᠯᠵᠤ᠂ ᠣᠯᠠᠨ ᠨᠡᠢᠲᠡ᠎ᠳᠦ ᠨᠣᠮ ᠰᠡᠳᠭᠦᠯ  ᠤᠩᠱᠢᠬᠤ᠂ ᠺᠢᠨᠣ᠋ ᠲᠧᠯᠸᠢᠰ ᠰᠣᠨᠢᠷᠬᠠᠬᠤ᠂ ᠱ᠋ᠢ ᠵᠦᠴᠦᠭᠡ ᠲᠣᠭᠯᠠᠬᠤ᠂ ᠬᠠᠤᠯᠢ ᠲᠦᠭᠡᠮᠡᠯᠵᠢᠭᠦᠯᠬᠦ ᠬᠥᠮᠦᠵᠢᠯ ᠬᠢᠬᠦ᠂ ᠤᠷᠠᠯᠢᠭ ᠲᠦᠭᠡᠮᠡᠯᠵᠢᠭᠦᠯᠬᠦ᠂ ᠱᠢᠨᠵᠢᠯᠡᠬᠦ ᠤᠬᠠᠭᠠᠨ ᠲᠦᠭᠡᠮᠡᠯᠵᠢᠭᠦᠯᠬᠦ᠂ ᠷᠠᠳᠢᠣ᠋ ᠨᠡᠪᠲᠡᠷᠡᠭᠦᠯᠭᠡ ᠨᠡᠪᠲᠡᠷᠡᠭᠦᠯᠦᠨ ᠳᠠᠮᠵᠢᠭᠤᠯᠬᠤ᠂ ᠢᠨᠲᠸᠷ ᠰᠦᠯᠵᠢᠶᠡᠨ᠎ᠳᠦ ᠭᠠᠷᠬᠤ ᠪᠠ ᠣᠯᠠᠨ ᠲᠦᠮᠡᠨᠴᠢ ᠴᠢᠨᠠᠷᠲᠠᠢ ᠰᠣᠶᠤᠯ ᠪᠡᠶ᠎ᠡ᠎ᠶᠢᠨ ᠲᠠᠮᠢᠷ᠎ᠤᠨ ᠬᠥᠳᠡᠯᠭᠡᠭᠡᠨ ᠵᠡᠷᠭᠡ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡ᠎ᠶᠢ ᠬᠠᠩᠭᠠᠬᠤ᠎ᠶᠢᠨ ᠬᠠᠮᠲᠤ ᠴᠢᠳᠠᠮᠵᠢ ᠣᠨᠴᠠᠯᠢᠭ᠎ᠢᠶᠠᠨ ᠦᠨᠳᠦᠰᠦᠯᠡᠵᠦ᠂ ᠪᠤᠰᠤᠳ ᠣᠯᠠᠨ ᠨᠡᠢᠲᠡ᠎ᠶᠢᠨ ᠦᠢᠯᠡᠴᠢᠯᠡᠭᠡ᠎ᠶᠢ ᠲᠤᠬᠠᠢ᠎ᠶᠢᠨ ᠭᠠᠵᠠᠷ᠎ᠲᠤ᠎ᠪᠠᠨ ᠲᠣᠬᠢᠷᠠᠭᠤᠯᠤᠨ ᠬᠠᠩᠭᠠᠬᠤ ᠬᠡᠷᠡᠭᠲᠡᠢ᠃

  ᠭᠤᠴᠢᠨ ᠨᠢᠭᠡᠳᠦᠭᠡᠷ ᠵᠦᠢᠯ   ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢᠨ ᠴᠢᠳᠠᠮᠵᠢ᠂ ᠣᠨᠴᠠᠯᠢᠭ᠎ᠢ᠎ᠨᠢ ᠦᠨᠳᠦᠰᠦᠯᠡᠨ ᠤᠯᠤᠰ᠎ᠤᠨ ᠬᠣᠯᠪᠤᠭᠳᠠᠯ ᠪᠦᠬᠦᠢ ᠲᠣᠭᠲᠠᠭᠠᠯ ᠶᠣᠰᠤᠭᠠᠷ ᠣᠯᠠᠨ ᠨᠡᠢᠲᠡ᠎ᠳᠦ ᠰᠦᠢᠳᠭᠡᠯ ᠬᠤᠷᠢᠶᠠᠬᠤ᠎ᠦᠭᠡᠢ᠎ᠪᠡᠷ ᠪᠤᠶᠤ ᠬᠠᠷᠠᠭᠠᠯᠵᠠᠯ᠎ᠲᠠᠢ᠎ᠪᠠᠷ ᠨᠡᠭᠡᠭᠡᠬᠦ ᠬᠡᠷᠡᠭᠲᠡᠢ᠃

  ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢ ᠰᠦᠢᠳᠭᠡᠯ ᠬᠤᠷᠢᠶᠠᠵᠤ ᠨᠡᠭᠡᠭᠡᠬᠦ᠎ᠳᠦ ᠬᠦᠷᠪᠡᠯ᠂ ᠰᠠᠷ᠎ᠠ ᠪᠦᠷᠢ ᠲᠣᠭᠲᠠᠮᠠᠯ ᠬᠤᠭᠤᠴᠠᠭ᠎ᠠ᠎ᠲᠠᠢ᠎ᠪᠠᠷ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭᠴᠢᠳ᠎ᠲᠤ ᠰᠦᠢᠳᠭᠡᠯ ᠬᠤᠷᠢᠶᠠᠬᠤ᠎ᠦᠭᠡᠢ᠎ᠪᠡᠷ ᠨᠡᠭᠡᠭᠡᠬᠦ ᠬᠡᠷᠡᠭᠲᠡᠢ᠃

  ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢ ᠨᠡᠭᠡᠭᠡᠬᠦ ᠪᠤᠶᠤ ᠪᠣᠯᠪᠠᠰᠤᠷᠠᠭᠤᠯᠬᠤ ᠦᠢᠯᠡᠴᠢᠯᠡᠭᠡ ᠬᠠᠩᠭᠠᠬᠤ ᠵᠡᠷᠭᠡ᠎ᠳᠦ ᠰᠦᠢᠳᠭᠡᠯ ᠬᠤᠷᠢᠶᠠᠬᠤ᠎ᠳᠤ᠂ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠤ ᠬᠣᠯᠪᠤᠭᠳᠠᠯ ᠪᠦᠬᠦᠢ ᠰᠠᠯᠠᠭ᠎ᠠ ᠮᠥᠴᠢᠷ᠎ᠲᠦ ᠮᠡᠳᠡᠭᠦᠯᠵᠦ ᠵᠥᠪᠱᠢᠶᠡᠷᠡᠭᠦᠯᠬᠦ ᠬᠡᠷᠡᠭᠲᠡᠢ; ᠬᠤᠷᠢᠶᠠᠭᠰᠠᠨ ᠰᠦᠢᠳᠭᠡᠯ᠎ᠢ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢᠨ ᠬᠠᠮᠠᠭᠠᠯᠠᠯᠲᠠ᠂ ᠬᠠᠮᠢᠶᠠᠷᠤᠯᠲᠠ ᠪᠠ ᠠᠵᠢᠯ ᠦᠢᠯᠡᠰ᠎ᠦᠨ ᠬᠥᠭᠵᠢᠯᠲᠡ᠎ᠳᠦ ᠬᠡᠷᠡᠭᠯᠡᠬᠦ ᠬᠡᠷᠡᠭᠲᠡᠢ᠂ ᠪᠤᠰᠤᠳ ᠵᠦᠢᠯ᠎ᠳᠦ ᠨᠡᠭᠦᠯᠭᠡᠨ ᠬᠡᠷᠡᠭᠯᠡᠵᠦ ᠪᠣᠯᠬᠤ᠎ᠦᠭᠡᠢ᠃

  ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢᠨ ᠬᠠᠮᠢᠶᠠᠷᠤᠯᠲᠠ᠎ᠶᠢᠨ ᠨᠢᠭᠡᠴᠢ ᠦᠢᠯᠡᠴᠢᠯᠡᠭᠡᠨ᠎ᠦ ᠵᠦᠢᠯᠡᠰ ᠪᠠ ᠨᠡᠭᠡᠭᠡᠬᠦ ᠴᠠᠭ᠎ᠢᠶᠠᠨ ᠵᠠᠷᠯᠠᠨ ᠨᠡᠢᠲᠡᠯᠡᠬᠦ ᠬᠡᠷᠡᠭᠲᠡᠢ; ᠨᠡᠭᠡᠭᠡᠬᠦ᠎ᠪᠡᠨ᠎ᠲᠦᠷ ᠴᠠᠭ ᠵᠣᠭᠰᠤᠭᠠᠬᠤ᠎ᠳᠤ ᠬᠦᠷᠪᠡᠯ ᠴᠠᠭ ᠲᠤᠬᠠᠢ᠎ᠳᠤ᠎ᠨᠢ ᠠᠯᠪᠠᠨ ᠵᠠᠷ ᠭᠠᠷᠭᠠᠬᠤ ᠬᠡᠷᠡᠭᠲᠡᠢ᠃

  ᠭᠤᠴᠢᠨ ᠬᠣᠶᠠᠳᠤᠭᠠᠷ ᠵᠦᠢᠯ   ᠤᠯᠤᠰ᠎ᠠᠴᠠ ᠪᠠᠢᠭᠤᠯᠭ᠎ᠠ᠂ ᠰᠤᠷᠭᠠᠭᠤᠯᠢ᠂ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠎ᠶᠢᠨ ᠬᠢᠨ᠎ᠦ ᠰᠣᠶᠤᠯ ᠪᠡᠶ᠎ᠡ᠎ᠶᠢᠨ ᠲᠠᠮᠢᠷ᠎ᠤᠨ ᠲᠥᠬᠦᠭᠡᠷᠦᠮᠵᠢ᠎ᠪᠡᠨ ᠣᠯᠠᠨ ᠨᠡᠢᠲᠡ᠎ᠳᠦ ᠨᠡᠭᠡᠭᠡᠬᠦ᠎ᠶᠢ ᠵᠣᠷᠢᠭᠵᠢᠭᠤᠯᠤᠨ ᠳᠡᠮᠵᠢᠨ᠎ᠡ᠃

  ᠭᠤᠴᠢᠨ ᠭᠤᠷᠪᠠᠳᠤᠭᠠᠷ ᠵᠦᠢᠯ   ᠤᠯᠤᠰ᠎ᠠᠴᠠ ᠣᠯᠠᠨ ᠨᠡᠢᠲᠡ᠎ᠶᠢᠨ ᠲᠣᠭᠠᠵᠢᠭᠤᠯᠤᠭᠰᠠᠨ ᠰᠣᠶᠤᠯ᠎ᠤᠨ ᠪᠠᠢᠭᠤᠯᠤᠯᠲᠠ᠎ᠶᠢ ᠨᠢᠭᠡᠳᠦᠯᠲᠡᠢ ᠲᠥᠯᠦᠪᠯᠡᠨ ᠲᠥᠯᠦᠪᠵᠢᠭᠦᠯᠵᠦ᠂ ᠪᠠᠷᠢᠮᠵᠢᠶ᠎ᠠ᠎ᠨᠢ ᠨᠢᠭᠡᠳᠦᠯᠲᠡᠢ᠂ ᠬᠣᠯᠪᠤᠭᠠᠯᠠᠵᠤ ᠨᠡᠪᠲᠡᠷᠡᠯᠴᠡᠭᠰᠡᠨ ᠣᠯᠠᠨ ᠨᠡᠢᠲᠡ᠎ᠶᠢᠨ ᠲᠣᠭᠠᠵᠢᠭᠤᠯᠤᠭᠰᠠᠨ ᠰᠣᠶᠤᠯ᠎ᠤᠨ ᠦᠢᠯᠡᠴᠢᠯᠡᠭᠡᠨ᠎ᠦ ᠰᠦᠯᠵᠢᠶ᠎ᠡ᠎ᠶᠢ ᠪᠠᠢᠭᠤᠯᠵᠤ᠂ ᠣᠯᠠᠨ ᠨᠡᠢᠲᠡ᠎ᠶᠢᠨ ᠰᠣᠶᠤᠯ᠎ᠤᠨ ᠮᠡᠳᠡᠭᠡ ᠵᠠᠩᠭᠢ᠎ᠶᠢᠨ ᠡᠬᠢ ᠪᠠᠶᠠᠯᠢᠭ᠎ᠤᠨ ᠬᠥᠮᠦᠷᠭᠡ᠎ᠶᠢ ᠪᠠᠢᠭᠤᠯᠤᠨ᠂ ᠦᠨᠳᠦᠰᠦᠨ ᠱᠠᠲᠤᠨ᠎ᠤ ᠰᠦᠯᠵᠢᠶᠡᠨ᠎ᠦ ᠦᠢᠯᠡᠴᠢᠯᠡᠭᠡ᠎ᠶᠢ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠎ᠶᠢ ᠪᠡᠶᠡᠯᠡᠭᠦᠯᠦᠨ᠎ᠡ᠃

  ᠤᠯᠤᠰ᠎ᠠᠴᠠ ᠲᠣᠭᠠᠵᠢᠭᠤᠯᠤᠭᠰᠠᠨ ᠰᠣᠶᠤᠯ᠎ᠤᠨ ᠪᠦᠲᠦᠭᠡᠭᠳᠡᠬᠦᠨ᠎ᠢ ᠨᠡᠭᠡᠭᠡᠨ ᠬᠥᠭᠵᠢᠭᠦᠯᠬᠦ᠎ᠶᠢ ᠳᠡᠮᠵᠢᠵᠦ᠂ ᠥᠷᠭᠡᠨ ᠪᠦᠰᠡᠲᠦ ᠢᠨᠲᠸᠷ ᠰᠦᠯᠵᠢᠶ᠎ᠡ᠂ ᠱᠢᠯᠵᠢᠮᠡᠯ ᠢᠨᠲᠸᠷ ᠰᠦᠯᠵᠢᠶ᠎ᠡ᠂ ᠷᠠᠳᠢᠣ᠋ ᠨᠡᠪᠲᠡᠷᠡᠭᠦᠯᠭᠡ ᠲᠧᠯᠸᠢᠰ᠎ᠦᠨ ᠰᠦᠯᠵᠢᠶ᠎ᠡ ᠪᠠ ᠣᠳᠤᠨ ᠰᠦᠯᠵᠢᠶ᠎ᠡ᠎ᠶᠢ ᠠᠱᠢᠭᠯᠠᠨ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡ ᠬᠠᠩᠭᠠᠬᠤ᠎ᠶᠢ ᠲᠦᠯᠬᠢᠨ ᠠᠬᠢᠭᠤᠯᠤᠨ᠎ᠠ᠃

  ᠣᠷᠤᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠦᠨᠳᠦᠰᠦᠨ ᠱᠠᠲᠤᠨ᠎ᠤ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢᠨ ᠲᠣᠭᠠᠵᠢᠭᠤᠯᠤᠯᠳᠠ ᠪᠠ ᠰᠦᠯᠵᠢᠶᠡᠨ᠎ᠦ ᠪᠠᠢᠭᠤᠯᠤᠯᠲᠠ᠎ᠶᠢ ᠴᠢᠩᠭᠠᠳᠭᠠᠵᠤ᠂ ᠲᠣᠭᠠᠵᠢᠭᠤᠯᠤᠯᠳᠠ ᠪᠠ ᠰᠦᠯᠵᠢᠶᠡᠨ᠎ᠦ ᠦᠢᠯᠡᠴᠢᠯᠡᠭᠡᠨ᠎ᠦ ᠴᠢᠳᠠᠪᠤᠷᠢ᠎ᠶᠢ ᠳᠡᠭᠡᠭᠱᠢᠯᠡᠭᠦᠯᠬᠦ ᠬᠡᠷᠡᠭᠲᠡᠢ᠃

  ᠭᠤᠴᠢᠨ ᠳᠥᠷᠪᠡᠳᠦᠭᠡᠷ ᠵᠦᠢᠯ   ᠣᠷᠤᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠣᠯᠠᠨ ᠵᠦᠢᠯ᠎ᠦᠨ ᠠᠷᠭ᠎ᠠ ᠮᠠᠶᠢᠭ᠎ᠢ ᠠᠪᠴᠤ ᠪᠠᠢᠭᠠᠳ ᠲᠤᠬᠠᠢ᠎ᠶᠢᠨ ᠭᠠᠵᠠᠷ᠎ᠲᠠᠭᠠᠨ ᠲᠣᠬᠢᠷᠠᠭᠤᠯᠤᠨ ᠱᠢᠯᠵᠢᠮᠡᠯ ᠰᠣᠶᠤᠯ᠎ᠤᠨ ᠦᠢᠯᠡᠴᠢᠯᠡᠭᠡ ᠬᠠᠩᠭᠠᠬᠤ ᠬᠡᠷᠡᠭᠲᠡᠢ᠃

  ᠭᠤᠴᠢᠨ ᠲᠠᠪᠤᠳᠤᠭᠠᠷ ᠵᠦᠢᠯ   ᠤᠯᠤᠰ᠎ᠠᠴᠠ ᠬᠥᠳᠡᠭᠡ ᠲᠣᠰᠭᠤᠨ᠎ᠤ ᠭᠠᠵᠠᠷ ᠣᠷᠤᠨ᠎ᠤ ᠨᠣᠮ ᠪᠢᠴᠢᠭ᠂ ᠰᠣᠨᠢᠨ ᠰᠡᠳᠭᠦᠯ᠂ ᠱ᠋ᠢ ᠵᠦᠴᠦᠭᠡ᠂ ᠺᠢᠨᠤ᠋᠂ ᠷᠠᠳᠢᠣ᠋ ᠨᠡᠪᠲᠡᠷᠡᠭᠦᠯᠭᠡ ᠲᠧᠯᠸᠢᠰ᠎ᠦᠨ ᠫᠷᠤᠭ᠌ᠷᠠᠮ᠂ ᠰᠦᠯᠵᠢᠶᠡᠨ᠎ᠦ ᠮᠡᠳᠡᠭᠡ ᠵᠠᠩᠭᠢ᠎ᠶᠢᠨ ᠠᠭᠤᠯᠭ᠎ᠠ᠂ ᠪᠠᠶᠠᠷ ᠳᠤᠷᠠᠰᠭᠠᠯ᠎ᠤᠨ ᠠᠵᠢᠯᠯᠠᠭ᠎ᠠ᠂ ᠪᠡᠶ᠎ᠡ᠎ᠶᠢᠨ ᠲᠠᠮᠢᠷ ᠪᠡᠶ᠎ᠡ ᠴᠢᠭᠢᠷᠠᠭᠵᠢᠭᠤᠯᠤᠯ᠎ᠤᠨ ᠠᠵᠢᠯᠯᠠᠭ᠎ᠠ ᠵᠡᠷᠭᠡ ᠣᠯᠠᠨ ᠨᠡᠢᠲᠡ᠎ᠶᠢᠨ ᠰᠣᠶᠤᠯ᠎ᠤᠨ ᠪᠦᠲᠦᠭᠡᠭᠳᠡᠬᠦᠨ᠎ᠦ ᠬᠠᠩᠭᠠᠯᠭ᠎ᠠ᠎ᠶᠢ ᠭᠣᠣᠯᠳᠠᠯᠭ᠎ᠠ᠎ᠲᠠᠢ᠎ᠪᠠᠷ ᠨᠡᠮᠡᠭᠳᠡᠭᠦᠯᠵᠦ᠂ ᠬᠣᠲᠠ ᠬᠥᠳᠡᠭᠡ᠎ᠶᠢᠨ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡ᠎ᠶᠢ ᠠᠳᠠᠯᠢ ᠲᠡᠭᠱᠢ ᠪᠣᠯᠭᠠᠬᠤ᠎ᠶᠢ ᠠᠬᠢᠭᠤᠯᠤᠨ᠎ᠠ᠃

  ᠬᠥᠳᠡᠭᠡ ᠲᠣᠰᠭᠤᠨ᠎ᠳᠤ ᠵᠣᠷᠢᠭᠤᠯᠤᠨ ᠬᠠᠩᠭᠠᠬᠤ ᠨᠣᠮ ᠪᠢᠴᠢᠭ᠂ ᠰᠣᠨᠢᠨ ᠰᠡᠳᠭᠦᠯ᠂ ᠺᠢᠨᠣ᠋ ᠵᠡᠷᠭᠡ ᠣᠯᠠᠨ ᠨᠡᠢᠲᠡ᠎ᠶᠢᠨ ᠰᠣᠶᠤᠯ᠎ᠤᠨ ᠪᠦᠲᠦᠭᠡᠭᠳᠡᠬᠦᠨ᠎ᠢ ᠬᠥᠳᠡᠭᠡ ᠲᠣᠰᠭᠤᠨ᠎ᠤ ᠣᠨᠴᠠᠯᠢᠭ ᠪᠠ ᠬᠡᠷᠡᠭᠴᠡᠭᠡ᠎ᠳᠦ ᠨᠡᠢᠴᠡᠭᠦᠯᠵᠦ᠂ ᠬᠠᠨᠳᠤᠯᠭᠠᠲᠤ ᠴᠢᠨᠠᠷ ᠪᠠ ᠬᠤᠭᠤᠴᠠᠭᠠᠲᠤ ᠴᠢᠨᠠᠷ᠎ᠢ ᠳᠡᠭᠡᠭᠱᠢᠯᠡᠭᠦᠯᠬᠦ ᠬᠡᠷᠡᠭᠲᠡᠢ᠃

  ᠭᠤᠴᠢᠨ ᠵᠢᠷᠭᠤᠳᠤᠭᠠᠷ ᠵᠦᠢᠯ   ᠣᠷᠤᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠲᠤᠬᠠᠢ᠎ᠶᠢᠨ ᠭᠠᠵᠠᠷ᠎ᠤᠨ᠎ᠢᠶᠠᠨ ᠪᠣᠳᠠᠲᠠᠢ ᠪᠠᠢᠳᠠᠯ᠎ᠢ ᠦᠨᠳᠦᠰᠦᠯᠡᠵᠦ᠂ ᠬᠥᠮᠦᠨ ᠠᠮᠠ᠎ᠶᠢᠨ ᠱᠢᠯᠵᠢᠯᠲᠡ᠎ᠪᠡᠷ ᠨᠡᠯᠢᠶᠡᠳ ᠶᠡᠬᠡ ᠣᠯᠠᠨ ᠨᠡᠢᠲᠡ᠎ᠶᠢᠨ ᠲᠠᠯᠠᠪᠤᠷ ᠭᠠᠵᠠᠷ᠂ ᠬᠥᠯᠦᠰᠦᠨ ᠠᠵᠢᠯ ᠬᠢᠵᠦ ᠪᠠᠢᠭ᠎ᠠ ᠬᠥᠮᠦᠰ ᠨᠡᠯᠢᠶᠡᠳ ᠲᠥᠪᠯᠡᠷᠡᠭᠰᠡᠨ ᠣᠷᠤᠨ ᠪᠦᠰᠡ ᠵᠢᠴᠢ ᠭᠡᠷ᠎ᠢᠶᠡᠨ ᠰᠠᠬᠢᠵᠤ ᠬᠣᠴᠤᠷᠤᠭᠰᠠᠨ ᠡᠮᠡᠭᠲᠡᠢᠴᠦᠳ ᠬᠡᠦᠬᠡᠳ ᠨᠡᠯᠢᠶᠡᠳ ᠲᠥᠪᠯᠡᠷᠡᠭᠰᠡᠨ ᠬᠥᠳᠡᠭᠡ ᠲᠣᠰᠭᠤᠨ᠎ᠤ ᠭᠠᠵᠠᠷ ᠣᠷᠤᠨ᠎ᠳᠤ ᠴᠢᠬᠤᠯᠠ ᠪᠦᠬᠦᠢ ᠲᠥᠬᠦᠭᠡᠷᠦᠮᠵᠢ ᠲᠣᠬᠢᠷᠠᠭᠤᠯᠵᠤ᠂ ᠣᠯᠠᠨ ᠵᠦᠢᠯ᠎ᠦᠨ ᠬᠡᠯᠪᠡᠷᠢ᠎ᠶᠢ ᠠᠪᠴᠤ ᠪᠠᠢᠭᠠᠳ ᠳᠥᠭᠦᠮ ᠲᠦᠳᠡ ᠪᠥᠭᠡᠳ ᠬᠦᠷᠲᠡᠵᠦ ᠳᠡᠢᠯᠬᠦᠢᠴᠡ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡ ᠬᠠᠩᠭᠠᠬᠤ ᠬᠡᠷᠡᠭᠲᠡᠢ᠃

  ᠭᠤᠴᠢᠨ ᠳᠣᠯᠤᠳᠤᠭᠠᠷ ᠵᠦᠢᠯ  ᠤᠯᠤᠰ᠎ᠠᠴᠠ ᠠᠷᠠᠳ ᠢᠷᠭᠡᠨ᠎ᠦ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡ᠎ᠳᠦ ᠰᠠᠨᠠᠭᠠᠴᠢᠯᠭ᠎ᠠ᠎ᠠᠴᠠ᠎ᠪᠠᠨ ᠣᠷᠤᠯᠴᠠᠵᠤ᠂ ᠡᠷᠡᠭᠦᠯ ᠰᠠᠢᠬᠠᠨ ᠪᠣᠯᠪᠠᠰᠤᠨ ᠣᠯᠠᠨ ᠲᠦᠮᠡᠨᠴᠢ ᠴᠢᠨᠠᠷᠲᠠᠢ ᠰᠣᠶᠤᠯ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠢ ᠪᠡᠶ᠎ᠡ᠎ᠪᠡᠨ ᠳᠠᠭᠠᠭᠠᠵᠤ ᠥᠷᠨᠢᠭᠦᠯᠬᠦ᠎ᠶᠢ ᠵᠣᠷᠢᠭᠵᠢᠭᠤᠯᠤᠨ᠎ᠠ; ᠣᠷᠤᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠴᠢᠬᠤᠯᠠ ᠪᠦᠬᠦᠢ ᠵᠢᠯᠤᠭᠤᠳᠤᠯᠭ᠎ᠠ᠂ ᠳᠡᠮᠵᠢᠯᠭᠡ ᠪᠠ ᠬᠠᠪᠰᠤᠷᠤᠯᠭ᠎ᠠ ᠦᠵᠡᠭᠦᠯᠬᠦ ᠬᠡᠷᠡᠭᠲᠡᠢ᠃

  ᠰᠠᠭᠤᠭᠠᠯᠢ ᠠᠷᠠᠳ᠎ᠤᠨ ᠵᠥᠪᠯᠡᠯ᠂ ᠭᠠᠴᠠᠭᠠᠨ᠎ᠤ ᠠᠷᠠᠳ᠎ᠤᠨ ᠵᠥᠪᠯᠡᠯ᠎ᠨᠢ ᠰᠠᠭᠤᠭᠠᠯᠢ ᠠᠷᠠᠳ᠎ᠤᠨ ᠬᠡᠷᠡᠭᠴᠡᠭᠡ᠎ᠶᠢ ᠦᠨᠳᠦᠰᠦᠯᠡᠨ ᠣᠯᠠᠨ ᠲᠦᠮᠡᠨᠴᠢ ᠴᠢᠨᠠᠷᠲᠠᠢ ᠰᠣᠶᠤᠯ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠢ ᠥᠷᠨᠢᠭᠦᠯᠬᠦ᠎ᠶᠢᠨ ᠬᠠᠮᠲᠤ ᠲᠤᠬᠠᠢ᠎ᠶᠢᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠤᠨ᠎ᠤ ᠬᠣᠯᠪᠤᠭᠳᠠᠯ ᠪᠦᠬᠦᠢ ᠰᠠᠯᠠᠭ᠎ᠠ ᠮᠥᠴᠢᠷ᠎ᠢ ᠬᠠᠮᠵᠢᠵᠤ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡᠨ᠎ᠦ ᠬᠣᠯᠪᠤᠭᠳᠠᠯ ᠪᠦᠬᠦᠢ ᠠᠵᠢᠯ᠎ᠢ ᠥᠷᠨᠢᠭᠦᠯᠬᠦ ᠬᠡᠷᠡᠭᠲᠡᠢ᠃

  ᠲᠥᠷᠦ᠎ᠶᠢᠨ ᠪᠠᠢᠭᠤᠯᠭ᠎ᠠ᠂ ᠨᠡᠢᠭᠡᠮ᠎ᠦᠨ ᠵᠣᠬᠢᠶᠠᠨ ᠪᠠᠢᠭᠤᠯᠤᠯᠲᠠ᠂ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ ᠲᠤᠰ ᠪᠡᠶ᠎ᠡ᠎ᠶᠢᠨ ᠣᠨᠴᠠᠯᠢᠭ ᠪᠠ ᠬᠡᠷᠡᠭᠴᠡᠭᠡ᠎ᠲᠡᠢ᠎ᠪᠡᠨ ᠤᠶᠠᠯᠳᠤᠭᠤᠯᠤᠨ ᠣᠯᠠᠨ ᠲᠦᠮᠡᠨᠴᠢ ᠴᠢᠨᠠᠷᠲᠠᠢ ᠰᠣᠶᠤᠯ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠢ ᠵᠣᠬᠢᠶᠠᠨ ᠪᠠᠢᠭᠤᠯᠤᠨ ᠥᠷᠨᠢᠭᠦᠯᠵᠦ᠂ ᠠᠵᠢᠯᠲᠠᠨ ᠠᠵᠢᠯᠴᠢᠨ᠎ᠤ ᠰᠣᠶᠤᠯ᠎ᠤᠨ ᠠᠮᠢᠳᠤᠷᠠᠯ᠎ᠢ ᠪᠠᠶᠠᠯᠢᠭᠵᠢᠭᠤᠯᠬᠤ ᠬᠡᠷᠡᠭᠲᠡᠢ᠃

  ᠭᠤᠴᠢᠨ ᠨᠠᠢ᠍ᠮᠠᠳᠤᠭᠠᠷ ᠵᠦᠢᠯ   ᠣᠷᠤᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠰᠤᠷᠭᠠᠭᠤᠯᠢ᠎ᠳᠤ ᠪᠠᠢᠭ᠎ᠠ ᠰᠤᠷᠤᠭᠴᠢᠳ᠎ᠲᠤ ᠵᠣᠷᠢᠭᠤᠯᠤᠭᠰᠠᠨ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡ᠎ᠶᠢ ᠴᠢᠩᠭᠠᠳᠭᠠᠵᠤ᠂ ᠰᠤᠷᠭᠠᠭᠤᠯᠢ᠎ᠶᠢᠨ ᠰᠤᠷᠭᠠᠭᠤᠯᠢ᠎ᠳᠤ ᠪᠠᠢᠭ᠎ᠠ ᠰᠤᠷᠤᠭᠴᠢᠳ᠎ᠤᠨ ᠣᠨᠴᠠᠯᠢᠭ᠎ᠲᠤ ᠲᠣᠬᠢᠷᠠᠭᠰᠠᠨ ᠰᠣᠶᠤᠯ ᠪᠡᠶ᠎ᠡ᠎ᠶᠢᠨ ᠲᠠᠮᠢᠷ᠎ᠤᠨ ᠬᠥᠳᠡᠯᠭᠡᠭᠡᠨ ᠥᠷᠨᠢᠭᠦᠯᠬᠦ᠎ᠶᠢ ᠳᠡᠮᠵᠢᠵᠦ᠂ ᠶᠣᠰᠤ ᠮᠣᠷᠠᠯ ᠣᠶᠤᠨ ᠮᠡᠳᠡᠯᠭᠡ ᠪᠡᠶ᠎ᠡ ᠮᠠᠬᠠᠪᠤᠳ ᠭᠤᠸ᠎ᠠ ᠰᠠᠢᠬᠠᠨ᠎ᠤ ᠬᠥᠮᠦᠵᠢᠯ᠎ᠢ ᠠᠬᠢᠭᠤᠯᠬᠤ ᠬᠡᠷᠡᠭᠲᠡᠢ᠃

  ᠭᠤᠴᠢ ᠶᠢᠰᠦᠳᠦᠭᠡᠷ ᠵᠦᠢᠯ   ᠣᠷᠤᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠴᠡᠷᠢᠭ ᠠᠩᠭᠢ᠎ᠶᠢᠨ ᠦᠨᠳᠦᠰᠦᠨ ᠱᠠᠲᠤᠨ᠎ᠤ ᠰᠣᠶᠤᠯ᠎ᠤᠨ ᠪᠠᠢᠭᠤᠯᠤᠯᠲᠠ᠎ᠶᠢ ᠳᠡᠮᠵᠢᠵᠦ᠂ ᠴᠡᠷᠢᠭ᠎ᠦᠨ ᠬᠤᠸᠠᠷᠠᠨ᠎ᠤ ᠰᠣᠶᠤᠯ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠢ ᠪᠠᠶᠠᠯᠢᠭᠵᠢᠭᠤᠯᠤᠨ᠂ ᠴᠡᠷᠢᠭ ᠠᠷᠠᠳ᠎ᠤᠨ ᠰᠣᠶᠤᠯ᠎ᠤᠨ ᠠᠭᠤᠰᠤᠯᠴᠠᠯ᠎ᠢ ᠴᠢᠩᠭᠠᠳᠭᠠᠬᠤ ᠬᠡᠷᠡᠭᠲᠡᠢ᠃

  ᠳᠥᠴᠢᠳᠦᠭᠡᠷ ᠵᠦᠢᠯ   ᠤᠯᠤᠰ᠎ᠠᠴᠠ ᠦᠨᠳᠦᠰᠦᠲᠡᠨ᠎ᠦ ᠦᠭᠡ ᠬᠡᠯᠡ ᠦᠰᠦᠭ ᠪᠢᠴᠢᠭ᠎ᠦᠨ ᠰᠣᠶᠤᠯ᠎ᠤᠨ ᠪᠦᠲᠦᠭᠡᠭᠳᠡᠬᠦᠨ᠎ᠦ ᠬᠠᠩᠭᠠᠯᠭ᠎ᠠ᠎ᠶᠢ ᠴᠢᠩᠭᠠᠳᠭᠠᠵᠤ᠂ ᠣᠯᠠᠨ ᠨᠡᠢᠲᠡ᠎ᠶᠢᠨ ᠰᠣᠶᠤᠯ᠎ᠤᠨ ᠱᠢᠯᠢᠳᠡᠭ ᠪᠦᠲᠦᠭᠡᠭᠳᠡᠬᠦᠨ᠎ᠢ ᠦᠨᠳᠦᠰᠦᠲᠡᠨ᠎ᠦ ᠦᠭᠡ ᠬᠡᠯᠡ ᠦᠰᠦᠭ ᠪᠢᠴᠢᠭ᠎ᠢᠶᠡᠷ ᠣᠷᠴᠢᠭᠤᠯᠤᠨ ᠦᠢᠯᠡᠳᠬᠦ ᠵᠢᠴᠢ ᠲᠡᠭᠦᠨ᠎ᠢ ᠦᠨᠳᠦᠰᠦᠲᠡᠨ᠎ᠦ ᠭᠠᠵᠠᠷ ᠣᠷᠤᠨ᠎ᠳᠤ ᠤᠯᠠᠮᠵᠢᠯᠠᠨ ᠳᠠᠮᠵᠢᠭᠤᠯᠬᠤ᠎ᠶᠢ ᠴᠢᠩᠭᠠᠳᠭᠠᠵᠤ᠂ ᠦᠨᠳᠦᠰᠦᠲᠡᠨ᠎ᠦ ᠰᠣᠶᠤᠯ᠎ᠤᠨ ᠪᠦᠲᠦᠭᠡᠭᠳᠡᠬᠦᠨ᠎ᠦ ᠵᠣᠬᠢᠶᠠᠨ ᠪᠦᠲᠦᠭᠡᠯᠭᠡ ᠪᠠ ᠦᠢᠯᠡᠳᠪᠦᠷᠢᠯᠡᠯ᠎ᠢ ᠵᠣᠷᠢᠭᠵᠢᠭᠤᠯᠬᠤ ᠪᠠ ᠳᠠᠮᠵᠢᠨ ᠲᠤᠰᠠᠯᠠᠵᠤ᠂ ᠦᠨᠳᠦᠰᠦᠲᠡᠨ᠎ᠦ ᠣᠨᠴᠠᠯᠢᠭ ᠪᠦᠬᠦᠢ ᠣᠯᠠᠨ ᠲᠦᠮᠡᠨᠴᠢ ᠴᠢᠨᠠᠷᠲᠠᠢ ᠰᠣᠶᠤᠯ ᠪᠡᠶ᠎ᠡ᠎ᠶᠢᠨ ᠲᠠᠮᠢᠷ᠎ᠤᠨ ᠬᠥᠳᠡᠯᠭᠡᠭᠡᠨ ᠥᠷᠨᠢᠭᠦᠯᠬᠦ᠎ᠶᠢ ᠳᠡᠮᠵᠢᠨ᠎ᠡ᠃

  ᠳᠥᠴᠢᠨ ᠨᠢᠭᠡᠳᠦᠭᠡᠷ ᠵᠦᠢᠯ   ᠲᠥᠷᠦ᠎ᠶᠢᠨ ᠶᠠᠪᠤᠳᠠᠯ᠎ᠤᠨ ᠬᠣᠷᠢᠶ᠎ᠠ ᠪᠠ ᠮᠣᠵᠢ᠂ ᠥᠪᠡᠷᠲᠡᠭᠡᠨ ᠵᠠᠰᠠᠬᠤ ᠣᠷᠤᠨ᠂ ᠱᠢᠭᠤᠳ ᠬᠠᠷᠢᠶ᠎ᠠ ᠬᠣᠲᠠ᠎ᠶᠢᠨ ᠠᠷᠠᠳ᠎ᠤᠨ ᠵᠠᠰᠠᠭ᠎ᠤᠨ ᠣᠷᠳᠤᠨ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡ᠎ᠶᠢ ᠵᠠᠰᠠᠭ᠎ᠤᠨ ᠣᠷᠳᠤᠨ᠎ᠠᠴᠠ ᠬᠤᠳᠠᠯᠳᠤᠨ ᠠᠪᠬᠤ ᠵᠢᠯᠤᠭᠤᠳᠭᠤ ᠴᠢᠨᠠᠷᠲᠠᠢ ᠰᠠᠨᠠᠯ ᠪᠠ ᠭᠠᠷᠴᠠᠭ᠎ᠢ ᠲᠣᠭᠲᠠᠭᠠᠨ᠎ᠠ᠃ ᠲᠥᠷᠦ᠎ᠶᠢᠨ ᠶᠠᠪᠤᠳᠠᠯ᠎ᠤᠨ ᠬᠣᠷᠢᠶᠠᠨ᠎ᠤ ᠬᠣᠯᠪᠤᠭᠳᠠᠯ ᠪᠦᠬᠦᠢ ᠰᠠᠯᠠᠭ᠎ᠠ ᠮᠥᠴᠢᠷ ᠪᠠ ᠱᠢᠶᠠᠨ᠎ᠤ ᠱᠠᠲᠤᠨ᠎ᠠᠴᠠ ᠳᠡᠭᠡᠭᠱᠢᠬᠢ ᠣᠷᠤᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠤᠨ ᠵᠢᠯᠤᠭᠤᠳᠭᠤ ᠴᠢᠨᠠᠷᠲᠠᠢ ᠰᠠᠨᠠᠯ ᠪᠠ ᠭᠠᠷᠴᠠᠭ᠎ᠢ ᠦᠨᠳᠦᠰᠦᠯᠡᠨ ᠪᠣᠳᠠᠲᠠᠢ ᠪᠠᠢᠳᠠᠯ᠎ᠲᠠᠢ᠎ᠪᠠᠨ ᠤᠶᠠᠯᠳᠤᠭᠤᠯᠵᠤ᠂ ᠪᠣᠳᠠᠲᠠᠢ ᠬᠤᠳᠠᠯᠳᠤᠨ ᠠᠪᠬᠤ ᠵᠦᠢᠯᠡᠰ ᠪᠠ ᠠᠭᠤᠯᠭ᠎ᠠ᠎ᠶᠢ ᠲᠣᠭᠲᠠᠭᠠᠵᠤ᠂ ᠴᠠᠭ ᠲᠤᠬᠠᠢ᠎ᠳᠤ᠎ᠨᠢ ᠨᠡᠢᠭᠡᠮ᠎ᠳᠦ ᠨᠡᠢᠲᠡᠯᠡᠬᠦ ᠬᠡᠷᠡᠭᠲᠡᠢ᠃

  ᠳᠥᠴᠢᠨ ᠬᠣᠶᠠᠳᠤᠭᠠᠷ ᠵᠦᠢᠯ   ᠤᠯᠤᠰ᠎ᠠᠴᠠ ᠠᠷᠠᠳ ᠢᠷᠭᠡᠨ᠂ ᠬᠠᠤᠯᠢ᠎ᠶᠢᠨ ᠬᠥᠮᠦᠨ ᠪᠠ ᠪᠤᠰᠤᠳ ᠵᠣᠬᠢᠶᠠᠨ ᠪᠠᠢᠭᠤᠯᠤᠯᠲᠠ᠎ᠶᠢᠨ ᠪᠣᠳᠠᠲᠤ ᠴᠣᠭᠴᠠ ᠪᠠᠢᠭᠤᠯᠤᠨ ᠡᠷᠬᠢᠯᠡᠬᠦ᠂ ᠵᠦᠢᠯᠡᠰ᠎ᠢ ᠪᠡᠯᠡ ᠮᠥᠩᠭᠦ᠎ᠪᠡᠷ ᠲᠤᠰᠠᠯᠠᠬᠤ᠂ ᠠᠵᠢᠯᠯᠠᠭ᠎ᠠ᠎ᠶᠢ ᠲᠤᠰᠠᠯᠠᠨ ᠳᠡᠮᠵᠢᠬᠦ᠂ ᠲᠥᠬᠦᠭᠡᠷᠦᠮᠵᠢ ᠬᠠᠩᠭᠠᠬᠤ᠂ ᠪᠦᠲᠦᠭᠡᠭᠳᠡᠬᠦᠨ ᠬᠠᠨᠳᠢᠪᠯᠠᠬᠤ ᠵᠡᠷᠭᠡ ᠠᠷᠭ᠎ᠠ ᠮᠠᠶᠢᠭ᠎ᠢᠶᠠᠷ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡ ᠬᠠᠩᠭᠠᠬᠤ᠎ᠳᠤ ᠣᠷᠤᠯᠴᠠᠬᠤ᠎ᠶᠢ ᠵᠣᠷᠢᠭᠵᠢᠭᠤᠯᠤᠨ ᠳᠡᠮᠵᠢᠨ᠎ᠡ᠃

  ᠳᠥᠴᠢᠨ ᠭᠤᠷᠪᠠᠳᠤᠭᠠᠷ ᠵᠦᠢᠯ   ᠤᠯᠤᠰ᠎ᠠᠴᠠ ᠠᠷᠠᠳ ᠢᠷᠭᠡᠨ᠂ ᠬᠠᠤᠯᠢ᠎ᠶᠢᠨ ᠬᠥᠮᠦᠨ ᠪᠠ ᠪᠤᠰᠤᠳ ᠵᠣᠬᠢᠶᠠᠨ ᠪᠠᠢᠭᠤᠯᠤᠯᠲᠠ᠎ᠶᠢᠨ ᠰᠣᠶᠤᠯ᠎ᠤᠨ ᠰᠠᠢᠨ ᠳᠤᠷ᠎ᠠ᠎ᠶᠢᠨ ᠦᠢᠯᠡᠴᠢᠯᠡᠭᠡ᠎ᠳᠦ ᠣᠷᠤᠯᠴᠠᠬᠤ᠎ᠶᠢ ᠰᠠᠨᠠᠭᠠᠴᠢᠯᠠᠨ ᠵᠣᠷᠢᠭᠵᠢᠭᠤᠯᠤᠨ᠎ᠠ᠃

  ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢᠨ ᠬᠠᠮᠢᠶᠠᠷᠤᠯᠲᠠ᠎ᠶᠢᠨ ᠨᠢᠭᠡᠴᠢ ᠰᠣᠶᠤᠯ᠎ᠤᠨ ᠰᠠᠢᠨ ᠳᠤᠷ᠎ᠠ᠎ᠶᠢᠨ ᠦᠢᠯᠡᠴᠢᠯᠡᠭᠡᠨ᠎ᠦ ᠲᠣᠭᠲᠠᠴᠠ᠎ᠶᠢ ᠪᠠᠢᠭᠤᠯᠵᠤ᠂ ᠰᠣᠶᠤᠯ᠎ᠤᠨ ᠰᠠᠢᠨ ᠳᠤᠷ᠎ᠠ᠎ᠶᠢᠨ ᠦᠢᠯᠡᠴᠢᠯᠡᠭᠡᠨ᠎ᠦ ᠠᠵᠢᠯᠯᠠᠭ᠎ᠠ᠎ᠶᠢ ᠵᠣᠬᠢᠶᠠᠨ ᠪᠠᠢᠭᠤᠯᠤᠨ ᠥᠷᠨᠢᠭᠦᠯᠬᠦ ᠬᠡᠷᠡᠭᠲᠡᠢ᠃

  ᠱᠢᠶᠠᠨ᠎ᠤ ᠱᠠᠲᠤᠨ᠎ᠠᠴᠠ ᠳᠡᠭᠡᠭᠱᠢᠬᠢ ᠣᠷᠤᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠤᠨ᠎ᠤ ᠬᠣᠯᠪᠤᠭᠳᠠᠯ ᠪᠦᠬᠦᠢ ᠰᠠᠯᠠᠭ᠎ᠠ ᠮᠥᠴᠢᠷ ᠰᠣᠶᠤᠯ᠎ᠤᠨ ᠰᠠᠢᠨ ᠳᠤᠷ᠎ᠠ᠎ᠶᠢᠨ ᠠᠵᠢᠯᠯᠠᠭ᠎ᠠ᠎ᠳᠤ ᠴᠢᠬᠤᠯᠠ ᠪᠦᠬᠦᠢ ᠵᠢᠯᠤᠭᠤᠳᠤᠯᠭ᠎ᠠ ᠪᠠ ᠳᠡᠮᠵᠢᠯᠭᠡ ᠦᠵᠡᠭᠦᠯᠬᠦ᠎ᠶᠢᠨ ᠬᠠᠮᠲᠤ ᠬᠠᠮᠢᠶᠠᠷᠴᠤ ᠦᠨᠡᠯᠡᠬᠦ᠂ ᠬᠥᠮᠦᠵᠢᠭᠦᠯᠵᠦ ᠪᠣᠯᠪᠠᠰᠤᠷᠠᠭᠤᠯᠬᠤ ᠪᠠ ᠤᠷᠮᠠᠱᠢᠭᠤᠯᠵᠤ ᠪᠠᠲᠤᠯᠠᠬᠤ ᠲᠣᠭᠲᠠᠴᠠ᠎ᠶᠢ ᠪᠠᠢᠭᠤᠯᠬᠤ ᠬᠡᠷᠡᠭᠲᠡᠢ᠃

  ᠳᠥᠴᠢᠨ ᠳᠥᠷᠪᠡᠳᠦᠭᠡᠷ ᠵᠦᠢᠯ   ᠶᠠᠮᠠᠷᠪᠠ ᠵᠣᠬᠢᠶᠠᠨ ᠪᠠᠢᠭᠤᠯᠤᠯᠲᠠ ᠪᠠ ᠬᠤᠪᠢ ᠬᠥᠮᠦᠨ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠂ ᠰᠣᠶᠤᠯ᠎ᠤᠨ ᠪᠦᠲᠦᠭᠡᠭᠳᠡᠬᠦᠨ᠂ ᠰᠣᠶᠤᠯ᠎ᠤᠨ ᠠᠵᠢᠯᠯᠠᠭ᠎ᠠ ᠵᠢᠴᠢ ᠪᠤᠰᠤᠳ ᠬᠣᠯᠪᠤᠭᠳᠠᠯ ᠪᠦᠬᠦᠢ ᠦᠢᠯᠡᠴᠢᠯᠡᠭᠡ᠎ᠶᠢ ᠠᠱᠢᠭᠯᠠᠨ ᠤᠯᠤᠰ ᠣᠷᠤᠨ᠎ᠤ ᠠᠮᠤᠷ ᠲᠦᠪᠱᠢᠨ᠎ᠳᠦ ᠬᠣᠣᠷ ᠬᠥᠨᠦᠭᠡᠯ ᠤᠴᠠᠷᠠᠭᠤᠯᠬᠤ᠂ ᠨᠡᠢᠭᠡᠮ᠎ᠦᠨ ᠣᠯᠠᠨ ᠨᠡᠢᠲᠡ᠎ᠶᠢᠨ ᠠᠱᠢᠭ ᠲᠤᠰᠠ᠎ᠶᠢ ᠬᠣᠬᠢᠷᠠᠭᠤᠯᠬᠤ ᠪᠠ ᠬᠠᠤᠯᠢ ᠴᠠᠭᠠᠵᠠ ᠬᠠᠤᠯᠢ ᠲᠣᠭᠲᠠᠭᠠᠯ᠎ᠢ ᠵᠥᠷᠢᠴᠡᠭᠰᠡᠨ ᠪᠤᠰᠤᠳ ᠠᠵᠢᠯᠯᠠᠭ᠎ᠠ ᠬᠢᠵᠦ ᠪᠣᠯᠬᠤ᠎ᠦᠭᠡᠢ᠃

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604