ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠣᠯᠠᠨ ᠨᠡᠢᠲᠡ ᠶ᠋ᠢᠨ ᠰᠣᠶᠣᠯ ᠤ᠋ᠨ ᠦᠢᠯᠡᠴᠢᠯᠡᠭᠡ ᠶ᠋ᠢ ᠪᠠᠲᠤᠯᠠᠬᠤ ᠬᠠᠤᠯᠢ(ᠳᠥᠷᠪᠡᠳᠦᠭᠡᠷ ᠪᠦᠯᠦᠭ)
2019.11.04

  (2016 ᠣᠨ ᠤ᠋ 12 ᠰᠠᠷ᠎ᠠ ᠶ᠋ᠢᠨ 25 ᠤ᠋ ᠡᠳᠦᠷ ᠠᠷᠪᠠᠨ ᠬᠣᠶᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ

  ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶᠠᠨ ᠤ᠋ ᠬᠣᠷᠢᠨ ᠲᠠᠪᠤᠳᠤᠭᠠᠷ ᠬᠤᠷᠠᠯᠳᠤᠭᠠᠨ ᠠ᠋ᠴᠠ ᠪᠠᠲᠤᠯᠠᠪᠠ)

 

 

    ᠳᠥᠷᠪᠡᠳᠦᠭᠡᠷ ᠪᠦᠯᠦᠭ   ᠪᠠᠲᠤᠯᠠᠭ᠎ᠠ ᠶ᠋ᠢᠨ ᠠᠷᠭ᠎ᠠ ᠬᠡᠮᠵᠢᠶ᠎ᠡ

 

  ᠳᠥᠴᠢᠨ ᠲᠠᠪᠤᠳᠤᠭᠠᠷ ᠵᠦᠢᠯ   ᠲᠥᠷᠥ ᠶ᠋ᠢᠨ ᠶᠠᠪᠤᠳᠠᠯ ᠤ᠋ᠨ ᠬᠣᠷᠢᠶ᠎ᠠ ᠪᠠ ᠣᠷᠣᠨ ᠨᠤᠲᠤᠭ ᠤ᠋ᠨ ᠡᠯ᠎ᠡ ᠱᠠᠲᠤᠨ ᠤ᠋ ᠠᠷᠠᠳ ᠤ᠋ᠨ ᠵᠠᠰᠠᠭ ᠤ᠋ᠨ ᠣᠷᠳᠣᠨ ᠣᠯᠠᠨ ᠨᠡᠢᠲᠡ ᠶ᠋ᠢᠨ ᠰᠣᠶᠣᠯ ᠤ᠋ᠨ ᠦᠢᠯᠡᠴᠢᠯᠡᠭᠡᠨ ᠦ᠌ ᠠᠵᠢᠯ ᠶᠠᠪᠤᠳᠠᠯ ᠤ᠋ᠨ ᠡᠷᠬᠡ ᠪᠠ ᠵᠠᠷᠤᠯᠭ᠎ᠠ ᠶ᠋ᠢᠨ ᠬᠠᠷᠢᠭᠤᠴᠠᠯᠭ᠎ᠠ ᠪᠠᠨ ᠦᠨᠳᠦᠰᠦᠯᠡᠨ᠂ ᠣᠯᠠᠨ ᠨᠡᠢᠲᠡ ᠶ᠋ᠢᠨ ᠰᠣᠶᠣᠯ ᠤ᠋ᠨ ᠦᠢᠯᠡᠴᠢᠯᠡᠭᠡᠨ ᠦ᠌ ᠵᠠᠷᠤᠳᠠᠯ ᠢ᠋ ᠲᠤᠰ ᠱᠠᠲᠤᠨ ᠤ᠋ ᠪᠠᠨ ᠲᠥᠰᠥᠪ ᠲᠦ᠍ ᠣᠷᠣᠭᠤᠯᠵᠤ᠂ ᠣᠯᠠᠨ ᠨᠡᠢᠲᠡ ᠶ᠋ᠢᠨ ᠰᠣᠶᠣᠯ ᠤ᠋ᠨ ᠦᠢᠯᠡᠴᠢᠯᠡᠭᠡ ᠳ᠋ᠦ᠍ ᠱᠠᠭᠠᠷᠳᠠᠭᠳᠠᠬᠤ ᠪᠡᠯᠡ ᠮᠥᠩᠭᠥ ᠶ᠋ᠢ ᠲᠣᠬᠢᠷᠠᠭᠤᠯᠬᠤ ᠬᠡᠷᠡᠭᠲᠡᠢ᠃

  ᠳᠥᠴᠢᠨ ᠵᠢᠷᠭᠤᠳᠤᠭᠠᠷ ᠵᠦᠢᠯ   ᠲᠥᠷᠥ ᠶ᠋ᠢᠨ ᠶᠠᠪᠤᠳᠠᠯ ᠤ᠋ᠨ ᠬᠣᠷᠢᠶ᠎ᠠ ᠪᠠ ᠮᠣᠵᠢ᠂ ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ ᠶ᠋ᠢᠨ ᠠᠷᠠᠳ ᠤ᠋ᠨ ᠵᠠᠰᠠᠭ ᠤ᠋ᠨ ᠣᠷᠳᠣᠨ ᠣᠷᠣᠭᠤᠯᠤᠯᠲᠠ ᠪᠠᠨ ᠨᠡᠮᠡᠭᠳᠡᠭᠦᠯᠵᠦ᠂ ᠱᠢᠯᠵᠢᠭᠦᠯᠦᠨ ᠥᠭᠬᠦ ᠵᠡᠷᠭᠡ ᠠᠷᠭ᠎ᠠ ᠮᠠᠶᠢᠭ ᠢ᠋ᠶ᠋ᠠᠷ ᠳᠠᠮᠵᠢᠭᠤᠯᠤᠨ᠂ ᠬᠤᠪᠢᠰᠭᠠᠯ ᠤ᠋ᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ ᠦ᠌ ᠭᠠᠵᠠᠷ ᠣᠷᠣᠨ᠂ ᠬᠢᠯᠢ ᠬᠢᠵᠠᠭᠠᠷ ᠣᠷᠣᠨ᠂ ᠶᠠᠳᠠᠭᠤ ᠬᠦᠴᠢᠷᠳᠡᠯ ᠲᠡᠢ ᠭᠠᠵᠠᠷ ᠣᠷᠣᠨ ᠤ᠋ ᠣᠯᠠᠨ ᠨᠡᠢᠲᠡ ᠶ᠋ᠢᠨ ᠰᠣᠶᠣᠯ ᠤ᠋ᠨ ᠦᠢᠯᠡᠴᠢᠯᠡᠭᠡ ᠥᠷᠨᠢᠭᠦᠯᠬᠦ ᠶ᠋ᠢ ᠭᠣᠣᠯᠳᠠᠯᠭ᠎ᠠ ᠲᠠᠢ ᠳᠠᠮᠵᠢᠨ ᠲᠤᠰᠠᠯᠠᠬᠤ ᠬᠡᠷᠡᠭᠲᠡᠢ᠃

  ᠤᠯᠤᠰ ᠠ᠋ᠴᠠ ᠠᠵᠤ ᠠᠬᠤᠢ ᠬᠥᠭᠵᠢᠭᠰᠡᠨ ᠭᠠᠵᠠᠷ ᠣᠷᠣᠨ ᠤ᠋ ᠬᠢᠨ ᠬᠤᠪᠢᠰᠭᠠᠯ ᠤ᠋ᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ ᠦ᠌ ᠭᠠᠵᠠᠷ ᠣᠷᠣᠨ᠂ ᠬᠢᠯᠢ ᠬᠢᠵᠠᠭᠠᠷ ᠣᠷᠣᠨ᠂ ᠶᠠᠳᠠᠭᠤ ᠬᠦᠴᠢᠷᠳᠡᠯ ᠲᠡᠢ ᠭᠠᠵᠠᠷ ᠣᠷᠣᠨ ᠤ᠋ ᠣᠯᠠᠨ ᠨᠡᠢᠲᠡ ᠶ᠋ᠢᠨ ᠰᠣᠶᠣᠯ ᠤ᠋ᠨ ᠦᠢᠯᠡᠴᠢᠯᠡᠭᠡ ᠳ᠋ᠦ᠍ ᠲᠤᠰᠠᠯᠠᠮᠵᠢ ᠳᠡᠮᠵᠢᠯᠭᠡ ᠬᠠᠩᠭᠠᠬᠤ ᠶ᠋ᠢ ᠵᠣᠷᠢᠭᠵᠢᠭᠤᠯᠤᠨ ᠳᠡᠮᠵᠢᠨ᠎ᠡ᠃

  ᠳᠥᠴᠢᠨ ᠳᠣᠯᠣᠳᠤᠭᠠᠷ ᠵᠦᠢᠯ   ᠰᠦᠢᠳᠭᠡᠯ ᠬᠤᠷᠢᠶᠠᠬᠤ ᠦᠭᠡᠢ ᠪᠡᠷ ᠪᠤᠶᠤ ᠬᠠᠷᠠᠭᠠᠯᠵᠠᠯ ᠲᠠᠢ ᠪᠠᠷ ᠨᠡᠭᠡᠭᠡᠭᠰᠡᠨ ᠣᠯᠠᠨ ᠨᠡᠢᠲᠡ ᠶ᠋ᠢᠨ ᠰᠣᠶᠣᠯ ᠤ᠋ᠨ ᠲᠥᠬᠥᠭᠡᠷᠦᠮᠵᠢ ᠨᠢ᠂ ᠤᠯᠤᠰ ᠤ᠋ᠨ ᠲᠣᠭᠲᠠᠭᠠᠯ ᠶᠣᠰᠣᠭᠠᠷ ᠨᠥᠬᠥᠪᠥᠷᠢ ᠬᠦᠷᠲᠡᠨ᠎ᠡ᠃

  ᠳᠥᠴᠢᠨ ᠨᠠᠢ᠍ᠮᠠᠳᠤᠭᠠᠷ ᠵᠦᠢᠯ   ᠤᠯᠤᠰ ᠠ᠋ᠴᠠ ᠨᠡᠢᠭᠡᠮ ᠦ᠋ᠨ ᠬᠥᠷᠥᠩᠭᠡ ᠶ᠋ᠢᠨ ᠣᠯᠠᠨ ᠨᠡᠢᠲᠡ ᠶ᠋ᠢᠨ ᠰᠣᠶᠣᠯ ᠤ᠋ᠨ ᠦᠢᠯᠡᠴᠢᠯᠡᠭᠡ ᠳ᠋ᠦ᠍ ᠬᠠᠤᠯᠢ ᠶᠣᠰᠣᠭᠠᠷ ᠪᠡᠯᠡ ᠣᠷᠣᠭᠤᠯᠬᠤ ᠶ᠋ᠢ ᠵᠣᠷᠢᠭᠵᠢᠭᠤᠯᠵᠤ᠂ ᠣᠯᠠᠨ ᠨᠡᠢᠲᠡ ᠶ᠋ᠢᠨ ᠰᠣᠶᠣᠯ ᠤ᠋ᠨ ᠦᠢᠯᠡᠴᠢᠯᠡᠭᠡᠨ ᠦ᠌ ᠪᠡᠯᠡ ᠮᠥᠩᠭᠥ ᠶ᠋ᠢᠨ ᠢᠷᠡᠯᠲᠡ ᠶ᠋ᠢᠨ ᠠᠷᠭ᠎ᠠ ᠵᠠᠮ ᠢ᠋ ᠥᠷᠭᠡᠳᠭᠡᠨ᠎ᠡ᠃

  ᠳᠥᠴᠢ ᠶᠢᠰᠦᠳᠦᠭᠡᠷ ᠵᠦᠢᠯ   ᠤᠯᠤᠰ ᠠ᠋ᠴᠠ ᠵᠠᠰᠠᠭ ᠤ᠋ᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠬᠡᠮᠵᠢᠶ᠎ᠡ ᠶ᠋ᠢ ᠠᠪᠴᠤ ᠪᠠᠢᠭᠠᠳ ᠠᠷᠠᠳ ᠢᠷᠭᠡᠨ᠂ ᠬᠠᠤᠯᠢ ᠶ᠋ᠢᠨ ᠬᠥᠮᠦᠨ ᠪᠠ ᠪᠤᠰᠤᠳ ᠵᠣᠬᠢᠶᠠᠨ ᠪᠠᠢᠭᠤᠯᠤᠯᠲᠠ ᠶ᠋ᠢᠨ ᠣᠯᠠᠨ ᠨᠡᠢᠲᠡ ᠶ᠋ᠢᠨ ᠰᠣᠶᠣᠯ ᠤ᠋ᠨ ᠦᠢᠯᠡᠴᠢᠯᠡᠭᠡ ᠬᠠᠩᠭᠠᠬᠤ ᠳ᠋ᠤ᠌ ᠣᠷᠣᠯᠴᠠᠬᠤ ᠶ᠋ᠢ ᠳᠡᠮᠵᠢᠨ᠎ᠡ᠃

  ᠲᠠᠪᠢᠳᠤᠭᠠᠷ ᠵᠦᠢᠯ   ᠠᠷᠠᠳ ᠢᠷᠭᠡᠨ᠂ ᠬᠠᠤᠯᠢ ᠶ᠋ᠢᠨ ᠬᠥᠮᠦᠨ ᠪᠠ ᠪᠤᠰᠤᠳ ᠵᠣᠬᠢᠶᠠᠨ ᠪᠠᠢᠭᠤᠯᠤᠯᠲᠠ ᠨᠡᠢᠲᠡ ᠶ᠋ᠢᠨ ᠠᠰᠠᠷᠠᠮᠵᠢ ᠶ᠋ᠢᠨ ᠴᠢᠨᠠᠷ ᠲᠠᠢ ᠨᠡᠢᠭᠡᠮ ᠦ᠋ᠨ ᠪᠦᠯᠬᠦᠮ ᠪᠤᠶᠤ ᠱᠢᠶᠠᠨ ᠤ᠋ ᠱᠠᠲᠤᠨ ᠠ᠋ᠴᠠ ᠳᠡᠭᠡᠭᠱᠢᠬᠢ ᠠᠷᠠᠳ ᠤ᠋ᠨ ᠵᠠᠰᠠᠭ ᠤ᠋ᠨ ᠣᠷᠳᠣᠨ ᠵᠢᠴᠢ ᠲᠡᠭᠦᠨ ᠦ᠌ ᠰᠠᠯᠠᠭ᠎ᠠ ᠮᠥᠴᠢᠷ ᠢ᠋ᠶ᠋ᠡᠷ ᠳᠠᠮᠵᠢᠭᠤᠯᠤᠨ ᠡᠳ᠋ ᠬᠥᠷᠥᠩᠭᠡ ᠬᠠᠨᠳᠢᠪᠯᠠᠨ ᠣᠯᠠᠨ ᠨᠡᠢᠲᠡ ᠶ᠋ᠢᠨ ᠰᠣᠶᠣᠯ ᠤ᠋ᠨ ᠦᠢᠯᠡᠴᠢᠯᠡᠭᠡ ᠳ᠋ᠦ᠍ ᠬᠡᠷᠡᠭᠯᠡᠭᠦᠯᠪᠡᠯ᠂ ᠬᠠᠤᠯᠢ ᠶᠣᠰᠣᠭᠠᠷ ᠭᠠᠢᠯᠢ ᠲᠠᠲᠠᠪᠤᠷᠢ ᠶ᠋ᠢᠨ ᠬᠠᠷᠠᠭᠠᠯᠵᠠᠯ ᠬᠦᠷᠲᠡᠨ᠎ᠡ᠃

  ᠬᠠᠨᠳᠢᠪᠯᠠᠬᠤ ᠵᠡᠷᠭᠡ ᠠᠷᠭ᠎ᠠ ᠮᠠᠶᠢᠭ ᠢ᠋ᠶ᠋ᠠᠷ ᠣᠯᠠᠨ ᠨᠡᠢᠲᠡ ᠶ᠋ᠢᠨ ᠰᠣᠶᠣᠯ ᠤ᠋ᠨ ᠦᠢᠯᠡᠴᠢᠯᠡᠭᠡᠨ ᠦ᠌ ᠰᠠᠭᠤᠷᠢ ᠮᠥᠩᠭᠥ ᠪᠠᠢᠭᠤᠯᠵᠤ᠂ ᠣᠯᠠᠨ ᠨᠡᠢᠲᠡ ᠶ᠋ᠢᠨ ᠰᠣᠶᠣᠯ ᠤ᠋ᠨ ᠦᠢᠯᠡᠴᠢᠯᠡᠭᠡ ᠳ᠋ᠦ᠍ ᠲᠤᠰᠭᠠᠢᠯᠠᠨ ᠬᠡᠷᠡᠭᠯᠡᠬᠦ ᠶ᠋ᠢ ᠤᠯᠤᠰ ᠠ᠋ᠴᠠ ᠵᠣᠷᠢᠭᠵᠢᠭᠤᠯᠤᠨ᠎ᠠ᠃

  ᠲᠠᠪᠢᠨ ᠨᠢᠭᠡᠳᠦᠭᠡᠷ ᠵᠦᠢᠯ   ᠣᠷᠣᠨ ᠨᠤᠲᠤᠭ ᠤ᠋ᠨ ᠡᠯ᠎ᠡ ᠱᠠᠲᠤᠨ ᠤ᠋ ᠠᠷᠠᠳ ᠤ᠋ᠨ ᠵᠠᠰᠠᠭ ᠤ᠋ᠨ ᠣᠷᠳᠣᠨ ᠣᠯᠠᠨ ᠨᠡᠢᠲᠡ ᠶ᠋ᠢᠨ ᠰᠣᠶᠣᠯ ᠤ᠋ᠨ ᠲᠥᠬᠥᠭᠡᠷᠦᠮᠵᠢ ᠶ᠋ᠢᠨ ᠴᠢᠳᠠᠮᠵᠢ᠂ ᠡᠭᠦᠷᠭᠡ ᠪᠠ ᠦᠢᠯᠡᠴᠢᠯᠡᠬᠦ ᠬᠥᠮᠦᠨ ᠠᠮᠠ ᠶ᠋ᠢᠨ ᠬᠡᠪᠴᠢᠶ᠎ᠡ ᠶ᠋ᠢ ᠦᠨᠳᠦᠰᠦᠯᠡᠨ᠂ ᠣᠯᠠᠨ ᠨᠡᠢᠲᠡ ᠶ᠋ᠢᠨ ᠰᠣᠶᠣᠯ ᠤ᠋ᠨ ᠦᠢᠯᠡᠴᠢᠯᠡᠭᠡᠨ ᠦ᠌ ᠠᠵᠢᠯ ᠤ᠋ᠨ ᠪᠠᠢᠷᠢ ᠶ᠋ᠢ ᠵᠦᠢ ᠵᠣᠬᠢᠰᠲᠠᠢ ᠲᠣᠬᠢᠷᠠᠭᠤᠯᠵᠤ᠂ ᠵᠣᠬᠢᠴᠠᠩᠭᠤᠢ ᠲᠤᠰᠭᠠᠢ ᠮᠡᠷᠭᠡᠵᠢᠯ ᠦ᠋ᠨ ᠠᠵᠢᠯᠲᠠᠨ ᠲᠣᠬᠢᠷᠠᠭᠤᠯᠬᠤ ᠬᠡᠷᠡᠭᠲᠡᠢ᠃

  ᠲᠠᠪᠢᠨ ᠬᠣᠶᠠᠳᠤᠭᠠᠷ ᠵᠦᠢᠯ   ᠤᠯᠤᠰ ᠠ᠋ᠴᠠ ᠰᠣᠶᠣᠯ ᠤ᠋ᠨ ᠲᠤᠰᠭᠠᠢ ᠮᠡᠷᠭᠡᠵᠢᠯ ᠦ᠋ᠨ ᠠᠵᠢᠯᠲᠠᠳ᠂ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠪᠠ ᠰᠠᠢᠨ ᠳᠤᠷ᠎ᠠ ᠶ᠋ᠢᠨ ᠠᠵᠢᠯᠯᠠᠭᠰᠠᠳ ᠤ᠋ᠨ ᠦᠨᠳᠦᠰᠦᠨ ᠱᠠᠲᠤᠨ ᠳ᠋ᠤ᠌ ᠣᠴᠢᠵᠤ ᠣᠯᠠᠨ ᠨᠡᠢᠲᠡ ᠶ᠋ᠢᠨ ᠰᠣᠶᠣᠯ ᠤ᠋ᠨ ᠦᠢᠯᠡᠴᠢᠯᠡᠭᠡᠨ ᠦ᠌ ᠠᠵᠢᠯ ᠡᠷᠬᠢᠯᠡᠬᠦ ᠶ᠋ᠢ ᠵᠣᠷᠢᠭᠵᠢᠭᠤᠯᠤᠨ ᠳᠡᠮᠵᠢᠨ᠎ᠡ᠃

 ᠲᠠᠪᠢᠨ ᠭᠤᠷᠪᠠᠳᠤᠭᠠᠷ ᠵᠦᠢᠯ   ᠤᠯᠤᠰ ᠠ᠋ᠴᠠ ᠠᠷᠠᠳ ᠢᠷᠭᠡᠨ᠂ ᠬᠠᠤᠯᠢ ᠶ᠋ᠢᠨ ᠬᠥᠮᠦᠨ ᠪᠠ ᠪᠤᠰᠤᠳ ᠵᠣᠬᠢᠶᠠᠨ ᠪᠠᠢᠭᠤᠯᠤᠯᠲᠠ ᠶ᠋ᠢᠨ ᠬᠠᠤᠯᠢ ᠶᠣᠰᠣᠭᠠᠷ ᠣᠯᠠᠨ ᠨᠡᠢᠲᠡ ᠶ᠋ᠢᠨ ᠰᠣᠶᠣᠯ ᠤ᠋ᠨ ᠦᠢᠯᠡᠴᠢᠯᠡᠭᠡᠨ ᠦ᠌ ᠬᠦᠷᠢᠶᠡᠨ ᠳ᠋ᠡᠬᠢ ᠨᠡᠢᠭᠡᠮ ᠦ᠋ᠨ ᠵᠣᠬᠢᠶᠠᠨ ᠪᠠᠢᠭᠤᠯᠤᠯᠲᠠ ᠪᠠᠢᠭᠤᠯᠬᠤ ᠶ᠋ᠢ ᠵᠣᠷᠢᠭᠵᠢᠭᠤᠯᠤᠨ ᠳᠡᠮᠵᠢᠵᠦ᠂ ᠣᠯᠠᠨ ᠨᠡᠢᠲᠡ ᠶ᠋ᠢᠨ ᠰᠣᠶᠣᠯ ᠤ᠋ᠨ ᠦᠢᠯᠡᠴᠢᠯᠡᠭᠡ ᠶ᠋ᠢᠨ ᠨᠡᠢᠭᠡᠮᠴᠢᠯᠡᠭᠰᠡᠨ ᠬᠥᠭᠵᠢᠯᠲᠡ ᠪᠠ ᠲᠤᠰᠭᠠᠢᠵᠢᠭᠰᠠᠨ ᠬᠥᠭᠵᠢᠯᠲᠡ ᠶ᠋ᠢ ᠲᠦᠯᠬᠢᠨ ᠠᠬᠢᠭᠤᠯᠤᠨ᠎ᠠ᠃

  ᠲᠠᠪᠢᠨ ᠳᠥᠷᠪᠡᠳᠦᠭᠡᠷ ᠵᠦᠢᠯ   ᠤᠯᠤᠰ ᠠ᠋ᠴᠠ ᠣᠯᠠᠨ ᠨᠡᠢᠲᠡ ᠶ᠋ᠢᠨ ᠰᠣᠶᠣᠯ ᠤ᠋ᠨ ᠦᠢᠯᠡᠴᠢᠯᠡᠭᠡᠨ ᠦ᠌ ᠣᠨᠣᠯ ᠤ᠋ᠨ ᠰᠤᠳᠤᠯᠭᠠᠨ ᠢ᠋ ᠳᠡᠮᠵᠢᠵᠦ᠂ ᠣᠯᠠᠨ ᠳᠡᠰ ᠳᠠᠪᠬᠤᠷᠭ᠎ᠠ ᠶ᠋ᠢᠨ ᠲᠤᠰᠭᠠᠢ ᠮᠡᠷᠭᠡᠵᠢᠯ ᠦ᠋ᠨ ᠴᠢᠳᠠᠪᠤᠷᠢᠲᠠᠨ ᠢ᠋ ᠬᠥᠮᠦᠵᠢᠭᠦᠯᠦᠨ ᠪᠣᠯᠪᠠᠰᠤᠷᠠᠭᠤᠯᠬᠤ ᠶ᠋ᠢ ᠴᠢᠩᠭᠠᠳᠭᠠᠨ᠎ᠠ᠃

  ᠲᠠᠪᠢᠨ ᠲᠠᠪᠤᠳᠤᠭᠠᠷ ᠵᠦᠢᠯ   ᠱᠢᠶᠠᠨ ᠤ᠋ ᠱᠠᠲᠤᠨ ᠠ᠋ᠴᠠ ᠳᠡᠭᠡᠭᠱᠢᠬᠢ ᠠᠷᠠᠳ ᠤ᠋ᠨ ᠵᠠᠰᠠᠭ ᠤ᠋ᠨ ᠣᠷᠳᠣᠨ ᠣᠯᠠᠨ ᠨᠡᠢᠲᠡ ᠶ᠋ᠢᠨ ᠰᠣᠶᠣᠯ ᠤ᠋ᠨ ᠦᠢᠯᠡᠴᠢᠯᠡᠭᠡᠨ ᠦ᠌ ᠪᠡᠯᠡ ᠮᠥᠩᠭᠥ ᠶ᠋ᠢᠨ ᠬᠡᠷᠡᠭᠯᠡᠯᠲᠡ ᠳ᠋ᠦ᠍ ᠬᠢᠨᠠᠯᠲᠠ ᠲᠠᠯᠪᠢᠬᠤ ᠪᠠ ᠲᠡᠭᠦᠨ ᠢ᠋ ᠪᠦᠷᠢᠳᠭᠡᠵᠦ ᠵᠠᠷᠯᠠᠨ ᠮᠡᠳᠡᠭᠳᠡᠬᠦ ᠳᠦᠷᠢᠮ ᠢ᠋ ᠪᠠᠢᠭᠤᠯᠤᠨ ᠪᠥᠷᠢᠨᠰᠢᠬᠥᠯᠵᠥ᠂ ᠠᠮᠵᠢᠯᠲᠠ ᠪᠦᠲᠦᠮᠵᠢ ᠶ᠋ᠢ ᠱᠢᠯᠭᠠᠨ ᠦᠨᠡᠯᠡᠬᠦ ᠶ᠋ᠢ ᠴᠢᠩᠭᠠᠳᠭᠠᠵᠤ᠂ ᠪᠡᠯᠡ ᠮᠥᠩᠭᠥ ᠶ᠋ᠢ ᠣᠯᠠᠨ ᠨᠡᠢᠲᠡ ᠶ᠋ᠢᠨ ᠰᠣᠶᠣᠯ ᠤ᠋ᠨ ᠦᠢᠯᠡᠴᠢᠯᠡᠭᠡ ᠳ᠋ᠦ᠍ ᠬᠡᠷᠡᠭᠯᠡᠬᠦ ᠶ᠋ᠢ ᠦᠨᠡᠨ ᠬᠦ᠌ ᠪᠠᠲᠤᠯᠠᠬᠤ ᠬᠡᠷᠡᠭᠲᠡᠢ᠃ ᠶᠠᠮᠠᠷᠪᠠ ᠨᠢᠭᠡᠴᠢ ᠪᠠ ᠬᠤᠪᠢ ᠬᠥᠮᠦᠨ ᠣᠯᠠᠨ ᠨᠡᠢᠲᠡ ᠶ᠋ᠢᠨ ᠰᠣᠶᠣᠯ ᠤ᠋ᠨ ᠦᠢᠯᠡᠴᠢᠯᠡᠭᠡ ᠶ᠋ᠢᠨ ᠪᠡᠯᠡ ᠮᠥᠩᠭᠥ ᠶ᠋ᠢ ᠡᠵᠡᠯᠡᠨ ᠬᠡᠷᠡᠭᠯᠡᠵᠦ᠂ ᠨᠡᠭᠦᠯᠭᠡᠨ ᠬᠡᠷᠡᠭᠯᠡᠵᠦ ᠪᠣᠯᠬᠤ ᠦᠭᠡᠢ᠃

  ᠬᠢᠨᠠᠨ ᠪᠣᠳᠣᠬᠤ ᠪᠠᠢᠭᠤᠯᠭ᠎ᠠ ᠣᠯᠠᠨ ᠨᠡᠢᠲᠡ ᠶ᠋ᠢᠨ ᠰᠣᠶᠣᠯ ᠤ᠋ᠨ ᠦᠢᠯᠡᠴᠢᠯᠡᠭᠡᠨ ᠦ᠌ ᠪᠡᠯᠡ ᠮᠥᠩᠭᠥ ᠳ᠋ᠦ᠍ ᠬᠢᠨᠠᠨ ᠪᠣᠳᠣᠬᠤ ᠬᠢᠨᠠᠯᠲᠠ ᠲᠠᠯᠪᠢᠬᠤ ᠪᠠᠨ ᠬᠠᠤᠯᠢ ᠶᠣᠰᠣᠭᠠᠷ ᠴᠢᠩᠭᠠᠳᠭᠠᠬᠤ ᠬᠡᠷᠡᠭᠲᠡᠢ᠃

  ᠲᠠᠪᠢᠨ ᠵᠢᠷᠭᠤᠳᠤᠭᠠᠷ ᠵᠦᠢᠯ   ᠡᠯ᠎ᠡ ᠱᠠᠲᠤᠨ ᠤ᠋ ᠠᠷᠠᠳ ᠤ᠋ᠨ ᠵᠠᠰᠠᠭ ᠤ᠋ᠨ ᠣᠷᠳᠣᠨ ᠠ᠋ᠴᠠ ᠣᠯᠠᠨ ᠨᠡᠢᠲᠡ ᠶ᠋ᠢᠨ ᠰᠣᠶᠣᠯ ᠤ᠋ᠨ ᠦᠢᠯᠡᠴᠢᠯᠡᠭᠡᠨ ᠦ᠌ ᠠᠵᠢᠯ ᠳ᠋ᠤ᠌ ᠬᠢᠨᠠᠯᠲᠠ ᠲᠠᠯᠪᠢᠵᠤ ᠪᠠᠢᠴᠠᠭᠠᠬᠤ ᠪᠠᠨ ᠴᠢᠩᠭᠠᠳᠭᠠᠵᠤ᠂ ᠣᠯᠠᠨ ᠨᠡᠢᠲᠡ ᠶ᠋ᠢᠨ ᠰᠣᠶᠣᠯ ᠤ᠋ᠨ ᠬᠡᠷᠡᠭᠴᠡᠭᠡ ᠶ᠋ᠢ ᠲᠤᠰᠭᠠᠭᠰᠠᠨ ᠰᠠᠨᠠᠯ ᠢ᠋ ᠬᠤᠷᠢᠶᠠᠬᠤ ᠪᠣᠯᠤᠨ ᠬᠠᠷᠢᠭᠤ ᠲᠤᠰᠭᠠᠬᠤ ᠳᠦᠷᠢᠮ ᠪᠠ ᠣᠯᠠᠨ ᠲᠦᠮᠡᠨ ᠢ᠋ ᠣᠷᠣᠯᠴᠠᠭᠤᠯᠤᠭᠰᠠᠨ ᠣᠯᠠᠨ ᠨᠡᠢᠲᠡ ᠶ᠋ᠢᠨ ᠰᠣᠶᠣᠯ ᠤ᠋ᠨ ᠦᠢᠯᠡᠴᠢᠯᠡᠭᠡᠨ ᠦ᠌ ᠬᠢᠨᠠᠨ ᠱᠢᠯᠭᠠᠵᠤ ᠦᠨᠡᠯᠡᠬᠦ ᠳᠦᠷᠢᠮ ᠢ᠋ ᠪᠠᠢᠭᠤᠯᠬᠤ ᠶ᠋ᠢᠨ ᠬᠠᠮᠲᠤ ᠬᠢᠨᠠᠨ ᠱᠢᠯᠭᠠᠵᠤ ᠦᠨᠡᠯᠡᠭᠰᠡᠨ ᠦᠷ᠎ᠡ ᠳ᠋ᠦᠩ ᠢ᠋ᠶ᠋ᠡᠷ ᠨᠥᠬᠥᠪᠥᠷᠢ ᠥᠭᠬᠦ ᠪᠤᠶᠤ ᠱᠠᠩᠨᠠᠬᠤ ᠶ᠋ᠢ ᠲᠣᠭᠲᠠᠭᠠᠬᠤ ᠦᠨᠳᠦᠰᠦᠯᠡᠯ ᠪᠣᠯᠭᠠᠬᠤ ᠬᠡᠷᠡᠭᠲᠡᠢ᠃

  ᠲᠠᠪᠢᠨ ᠳᠣᠯᠣᠳᠤᠭᠠᠷ ᠵᠦᠢᠯ   ᠡᠯ᠎ᠡ ᠱᠠᠲᠤᠨ ᠤ᠋ ᠠᠷᠠᠳ ᠤ᠋ᠨ ᠵᠠᠰᠠᠭ ᠤ᠋ᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ ᠣᠯᠠᠨ ᠨᠡᠢᠲᠡ ᠶ᠋ᠢᠨ ᠰᠣᠶᠣᠯ ᠤ᠋ᠨ ᠦᠢᠯᠡᠴᠢᠯᠡᠭᠡᠨ ᠦ᠌ ᠮᠡᠳᠡᠭᠡ ᠵᠠᠩᠭᠢ ᠶ᠋ᠢ ᠴᠠᠭ ᠲᠤᠬᠠᠢ ᠳ᠋ᠤ᠌ ᠨᠢ ᠢᠯᠡ ᠪᠣᠯᠭᠠᠵᠤ᠂ ᠨᠡᠢᠭᠡᠮ ᠦ᠋ᠨ ᠬᠢᠨᠠᠯᠲᠠ ᠶ᠋ᠢ ᠰᠠᠨᠠᠭᠠᠴᠢᠯᠠᠭ᠎ᠠ ᠠ᠋ᠴᠠ ᠪᠠᠨ ᠬᠦᠯᠢᠶᠡᠬᠦ ᠬᠡᠷᠡᠭᠲᠡᠢ᠃

  ᠰᠣᠨᠢᠨ ᠮᠡᠳᠡᠭᠡᠨ ᠦ᠌ ᠵᠠᠭᠤᠴᠢᠯᠠᠭᠤᠷ ᠣᠯᠠᠨ ᠨᠡᠢᠲᠡ ᠶ᠋ᠢᠨ ᠰᠣᠶᠣᠯ ᠤ᠋ᠨ ᠦᠢᠯᠡᠴᠢᠯᠡᠭᠡᠨ ᠦ᠌ ᠲᠤᠬᠠᠢ ᠤᠬᠠᠭᠤᠯᠭ᠎ᠠ ᠮᠡᠳᠡᠭᠡᠯᠡᠯ ᠢ᠋ ᠢᠳᠡᠪᠬᠢᠲᠡᠢ ᠥᠷᠨᠢᠭᠦᠯᠬᠦ ᠶ᠋ᠢᠨ ᠬᠠᠮᠲᠤ ᠶᠠᠷᠢᠶ᠎ᠠ ᠬᠡᠯᠡᠯᠴᠡᠭᠡᠨ ᠦ᠌ ᠬᠢᠨᠠᠯᠲᠠ ᠶ᠋ᠢ ᠴᠢᠩᠭᠠᠳᠭᠠᠬᠤ ᠬᠡᠷᠡᠭᠲᠡᠢ᠃

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ
蒙ICP 备0500604