ᠪᠦᠭᠦᠳᠡ ᠨᠠᠢᠷᠠᠮᠳᠠᠬᠤ ᠲᠤᠮᠳᠠᠲᠤ ᠠᠷᠠᠳ ᠤᠯᠤᠰ ᠤᠨ ᠤᠯᠤᠰ ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌ ᠦᠨ ᠬᠠᠤᠯᠢ (ᠭᠤᠷᠪᠠᠳᠤᠭᠠᠷ ᠂ ᠳᠥᠷᠪᠡᠳᠦᠭᠡᠷ ᠪᠦᠯᠦᠭ)
2019.11.14

 

 

 

        ᠲᠤᠮᠳᠠᠲᠤ ᠤᠯᠤᠰ ᠤᠨ ᠦᠨᠳᠦᠰᠦᠳᠡᠨ ᠦ ᠬᠡᠯᠡᠨ ᠤ ᠤᠷᠴᠢᠭᠤᠯᠭ᠎ᠠ ᠶᠢᠨ ᠲᠦᠪ ᠣᠷᠴᠢᠭᠤᠯᠪᠠ

 

  (2000 ᠣᠨ ᠤ  10 ᠰᠠᠷ᠎ᠠ ᠶᠢᠨ 31 ᠤ ᠡᠳᠦᠷ ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠤᠷᠢᠶᠠᠨ ᠤ ᠠᠷᠪᠠᠨ ᠨᠠᠢ᠍ᠮᠠᠳᠤᠭᠠᠷ ᠬᠤᠷᠠᠯᠳᠤᠭᠠᠨ ᠠᠴᠠ ᠪᠠᠲᠤᠯᠠᠪᠠ᠃ 2000 ᠣᠨ ᠤ 10 ᠰᠠᠷ᠎ᠠ ᠶᠢᠨ 31 ᠤ ᠡᠳᠦᠷ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ ᠭᠤᠴᠢᠨ ᠳᠣᠯᠤᠳᠤᠭᠠᠷ ᠵᠠᠷᠯᠢᠭ ᠢᠶᠠᠷ ᠨᠡᠢᠲᠡᠯᠡᠪᠡ᠃ 2001 ᠣᠨ ᠤ 1 ᠰᠠᠷ᠎ᠠ ᠶᠢᠨ 1 ᠤ ᠡᠳᠦᠷ ᠡᠴᠡ ᠡᠬᠢᠯᠡᠵᠦ ᠬᠡᠷᠡᠭᠵᠢᠭᠦᠯᠦᠨ᠎ᠡ᠃

 

    ᠭᠤᠷᠪᠠᠳᠤᠭᠠᠷ ᠪᠦᠯᠦᠭ   ᠬᠠᠮᠢᠶᠠᠷᠤᠯᠳᠠ ᠪᠠ ᠬᠢᠨᠠᠯᠳᠠ

 

  ᠬᠤᠷᠢᠨ ᠨᠢᠭᠡᠳᠦᠭᠡᠷ ᠵᠦᠢᠯ  ᠤᠯᠤᠰ ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌ ᠦᠨ ᠠᠵᠢᠯ ᠢ ᠲᠦᠷᠦ ᠶᠢᠨ ᠶᠠᠪᠤᠳᠠᠯ ᠤᠨ ᠬᠤᠷᠢᠶᠠᠨ ᠤ ᠦᠭᠡ ᠬᠡᠯᠡ ᠦᠰᠦᠭ ᠪᠢᠴᠢᠭ᠌ ᠦᠨ ᠠᠵᠢᠯ  ᠤᠨ ᠰᠠᠯᠠᠭ᠎ᠠ ᠮᠥᠴᠢᠷ ᠡᠴᠡ ᠬᠠᠷᠢᠭᠤᠴᠠᠨ ᠳᠦᠯᠦᠪᠵᠢᠭᠦᠯᠦᠨ ᠵᠢᠯᠤᠭᠤᠳᠴᠤ ᠬᠠᠮᠢᠶᠠᠷᠤᠨ ᠬᠢᠨᠠᠨ᠎ᠠ᠃

  ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠳᠠᠯ ᠪᠦᠬᠦᠢ ᠰᠠᠯᠠᠭ᠎ᠠ ᠮᠥᠴᠢᠷ ᠦᠳ ᠲᠤᠰ ᠰᠢᠰᠲ᠋ᠧᠮ ᠦᠨ ᠢᠶᠡᠨ ᠤᠯᠤᠰ ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌ ᠦᠨ ᠬᠡᠷᠡᠭᠯᠡᠯᠳᠡ ᠶᠢ ᠬᠠᠮᠢᠶᠠᠷᠤᠨ᠎ᠠ᠃

  ᠬᠤᠷᠢᠨ ᠬᠤᠶᠠᠳᠤᠭᠠᠷ ᠵᠦᠢᠯ  ᠤᠷᠤᠨ ᠨᠤᠲᠤᠭ ᠤᠨ ᠦᠭᠡ ᠬᠡᠯᠡ ᠦᠰᠦᠭ ᠪᠢᠴᠢᠭ᠌ ᠦᠨ ᠠᠵᠢᠯ ᠦᠨ ᠰᠠᠯᠠᠭ᠎ᠠ ᠮᠥᠴᠢᠷ ᠪᠠ ᠪᠤᠰᠤᠳ ᠬᠤᠯᠪᠤᠭᠳᠠᠯ ᠪᠦᠬᠦᠢ ᠰᠠᠯᠠᠭ᠎ᠠ ᠮᠥᠴᠢᠷ ᠦᠳ ᠳᠤᠰ ᠵᠠᠰᠠᠭ ᠵᠠᠬᠢᠷᠭᠠᠨ ᠤ ᠣᠷᠤᠨ ᠤ ᠪᠠᠨ ᠳᠣᠲᠤᠷᠠᠬᠢ ᠤᠯᠤᠰ ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌ ᠦᠨ ᠬᠡᠷᠡᠭᠯᠡᠯᠳᠡ ᠶᠢ ᠬᠢᠨᠠᠨ᠎ᠠ᠃

  ᠬᠤᠷᠢᠨ ᠭᠤᠷᠪᠠᠳᠤᠭᠠᠷ ᠵᠦᠢᠯ  ᠰᠢᠶᠠᠨ ᠤ ᠱᠠᠳᠤᠨ ᠡᠴᠡ ᠳᠡᠭᠡᠭᠰᠢᠬᠢ ᠡᠯ᠎ᠠ ᠱᠠᠳᠤᠨ ᠦ ᠠᠷᠠᠳ ᠤᠨ ᠵᠠᠰᠠᠭ ᠤᠨ ᠤᠷᠳᠤᠨ ᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠥᠴᠢᠷ ᠦᠳ ᠠᠵᠤ ᠠᠬᠤᠢᠯᠠᠯ ᠤᠨ ᠨᠡᠷᠡᠢᠳᠦᠯ᠂ ᠲᠠᠸᠠᠷ ᠤᠨ ᠨᠡᠷᠡᠢᠳᠦᠯ ᠵᠢᠴᠢ ᠵᠠᠷ ᠤᠨ ᠬᠡᠷᠡᠭᠯᠡᠭᠡᠨ ᠦ ᠬᠡᠯᠡ ᠬᠡᠷᠡᠭᠯᠡᠭᠡᠨ ᠦ ᠦᠰᠦᠭ ᠢ ᠬᠠᠤᠯᠢ ᠶᠣᠰᠤᠭᠠᠷ ᠬᠠᠮᠢᠶᠠᠷᠴᠤ ᠬᠢᠨᠠᠨ᠎ᠠ᠃

  ᠬᠤᠷᠢᠨ ᠲᠦᠷᠪᠡᠳᠦᠭᠡᠷ ᠵᠦᠢᠯ  ᠲᠦᠷᠦ ᠶᠢᠨ ᠶᠠᠪᠤᠳᠠᠯ ᠤᠨ ᠬᠤᠷᠢᠶᠠᠨ ᠤ ᠦᠭᠡ ᠬᠡᠯᠡ ᠦᠰᠦᠭ ᠪᠢᠴᠢᠭ᠌ ᠦᠨ ᠠᠵᠢᠯ ᠤᠨ ᠰᠠᠯᠠᠭ᠎ᠠ ᠮᠥᠴᠢᠷ ᠡᠴᠡ ᠨᠡᠢᠳᠡᠯᠢᠭ ᠬᠡᠯᠡᠨ ᠦ ᠬᠢᠷᠢ ᠬᠡᠮᠵᠢᠶᠡᠨ ᠦ ᠰᠢᠯᠭᠠᠯᠲᠠ ᠶᠢᠨ ᠳᠡᠰ ᠦᠨ ᠪᠠᠷᠢᠮᠵᠢᠶ᠎ᠠ ᠶᠢ ᠨᠡᠢᠳᠡᠯᠡᠨ᠎ᠠ᠃

  ᠬᠤᠷᠢᠨ ᠲᠠᠪᠤᠳᠤᠭᠠᠷ ᠵᠦᠢᠯ    ᠭᠠᠳᠠᠭᠠᠲᠤ ᠤᠯᠤᠰ ᠤᠨ ᠬᠦᠮᠦᠨ  ᠦ ᠨᠡᠷ᠎ᠡ᠂ ᠭᠠᠵᠠᠷ  ᠤᠨ ᠨᠡᠷ᠎ᠡ ᠵᠡᠷᠭᠡ ᠲᠤᠰᠭᠠᠢ ᠨᠡᠷ᠎ᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠦᠨ ᠨᠡᠷ᠎ᠡ ᠲᠣᠮᠢᠶ᠎ᠠ ᠶᠢ ᠤᠯᠤᠰ ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌  ᠢᠶᠡᠷ ᠤᠷᠴᠢᠭᠤᠯᠬᠤ ᠳᠤ ᠬᠦᠷᠪᠡᠯ᠂ ᠲᠦᠷᠦ ᠶᠢᠨ ᠶᠠᠪᠤᠳᠠᠯ ᠤᠨ ᠬᠤᠷᠢᠶᠠᠨ ᠤ ᠦᠭᠡ ᠬᠡᠯᠡ ᠦᠰᠦᠭ ᠪᠢᠴᠢᠭ᠌ ᠦᠨ ᠠᠵᠢᠯ ᠤᠨ ᠰᠠᠯᠠᠭ᠎ᠠ ᠮᠦᠴᠢᠷ ᠵᠤᠬᠢᠶᠠᠨ ᠪᠠᠢᠭᠤᠯᠵᠤ ᠬᠢᠨᠠᠨ ᠲᠣᠭᠲᠠᠭᠠᠨ᠎ᠠ᠃

  ᠬᠤᠷᠢᠨ ᠵᠢᠷᠭᠤᠳᠤᠭᠠᠷ ᠵᠦᠢᠯ  ᠲᠤᠰ ᠬᠠᠤᠯᠢ ᠶᠢᠨ ᠬᠤᠶᠠᠳᠤᠭᠠᠷ ᠪᠦᠯᠦᠭ ᠦᠨ ᠬᠤᠯᠪᠤᠭᠳᠠᠯ ᠪᠦᠬᠦᠢ ᠳᠤᠭᠳᠠᠭᠠᠯ ᠢ ᠵᠦᠷᠢᠴᠡᠵᠦ᠂ ᠦᠭᠡ ᠬᠡᠯᠡ ᠦᠰᠦᠭ ᠪᠢᠴᠢᠭ᠌ ᠢ ᠤᠯᠤᠰ ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌ ᠦᠨ ᠳᠦᠷᠢᠮᠵᠢᠯ ᠪᠠ ᠪᠠᠷᠢᠮᠵᠢᠶ᠎ᠠ ᠶᠤᠰᠤᠭᠠᠷ ᠬᠡᠷᠡᠭᠯᠡᠭᠰᠡᠨ ᠦᠭᠡᠢ ᠪᠠᠢᠪᠠᠯ᠂ ᠠᠷᠠᠳ ᠢᠷᠭᠡᠳ ᠰᠢᠭᠦᠮᠵᠢᠯᠡᠯ ᠪᠠ ᠰᠠᠨᠠᠭᠤᠯᠭ᠎ᠠ ᠳᠤᠷᠠᠳᠴᠤ ᠪᠣᠯᠤᠨ᠎ᠠ᠃

  ᠲᠤᠰ ᠬᠠᠤᠯᠢ ᠶᠢᠨ ᠠᠷᠪᠠ ᠶᠢᠰᠦᠳᠦᠭᠡᠷ ᠵᠦᠢᠯ ᠦᠨ ᠬᠤᠶᠠᠳᠤᠭᠠᠷ ᠪᠠᠳᠠᠭ ᠲᠤ ᠳᠤᠭᠳᠠᠭᠠᠭᠰᠠᠨ ᠬᠦᠮᠦᠰ ᠦᠨ ᠬᠡᠷᠡᠭᠯᠡᠭᠡᠨ ᠦ ᠬᠡᠯᠡ ᠨᠢ ᠲᠤᠰ ᠬᠠᠤᠯᠢ ᠶᠢᠨ ᠬᠤᠶᠠᠳᠤᠭᠠᠷ ᠪᠦᠯᠦᠭ ᠦᠨ ᠬᠤᠯᠪᠤᠭᠳᠠᠯ ᠪᠦᠬᠦᠢ ᠲᠣᠭᠲᠠᠭᠠᠯ ᠢ ᠵᠥᠷᠢᠴᠡᠭᠰᠡᠨ ᠪᠠᠢᠪᠠᠯ᠂ ᠬᠤᠯᠪᠤᠭᠳᠠᠯ ᠪᠦᠬᠦᠢ ᠨᠢᠭᠡᠴᠢ ᠡᠴᠡ ᠰᠢᠭᠤᠳ ᠬᠠᠷᠢᠭᠤᠴᠠᠯᠭ᠎ᠠ ᠲᠠᠢ ᠬᠥᠮᠦᠨ ᠢ ᠰᠢᠭᠦᠮᠵᠢᠯᠡᠵᠦ ᠰᠤᠷᠭᠠᠬᠤ ᠬᠡᠷᠡᠭᠳᠠᠢ᠃ ᠵᠠᠯᠠᠷᠠᠭᠤᠯᠬᠤ ᠶᠢ ᠳᠡᠪᠴᠢᠪᠡᠯ ᠬᠤᠯᠪᠤᠭᠳᠠᠯ ᠪᠦᠬᠦᠢ ᠨᠢᠭᠡᠴᠢ ᠰᠢᠢᠳᠪᠦᠷᠢᠯᠡᠨ᠎ᠡ᠃

  ᠬᠤᠳᠠ ᠶᠢᠨ ᠤᠯᠠᠨ ᠨᠡᠢᠲᠡ ᠶᠢᠨ ᠭᠠᠵᠠᠷ ᠤᠨ ᠲᠦᠭᠦᠭᠡᠷᠦᠮᠵᠢ ᠬᠢᠭᠡᠳ ᠬᠤᠳᠠᠯᠳᠤᠭᠠᠨ ᠤ ᠫᠠᠢᠰᠠ᠂ ᠵᠠᠷ ᠤᠨ ᠬᠡᠷᠡᠭᠯᠡᠭᠡᠨ ᠦ ᠦᠰᠦᠭ ᠨᠢ ᠲᠤᠰ ᠬᠠᠤᠯᠢ ᠶᠢᠨ ᠬᠤᠶᠠᠳᠤᠭᠠᠷ ᠪᠦᠯᠦᠭ ᠦᠨ ᠬᠤᠯᠪᠤᠭᠳᠠᠯ  ᠪᠦᠬᠦᠢ ᠲᠤᠭᠳᠠᠭᠠᠯ ᠢ ᠵᠦᠷᠢᠴᠡᠭᠰᠡᠨ ᠪᠠᠢᠪᠠᠯ᠂ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠬᠠᠮᠢᠶᠠᠷᠤᠯᠲᠠ  ᠶᠢᠨ ᠰᠠᠯᠠᠭ᠎ᠠ ᠮᠥᠴᠢᠷ ᠡᠴᠡ ᠵᠠᠷᠯᠢᠭᠳᠠᠵᠤ ᠪᠠᠢᠭᠠᠳ ᠵᠠᠯᠠᠷᠠᠭᠤᠯᠤᠭᠤᠯᠤᠨ᠎ᠠ᠃ ᠵᠠᠯᠠᠷᠠᠭᠤᠯᠬᠤ ᠶᠢ ᠳᠡᠪᠴᠢᠪᠡᠯ ᠰᠡᠷᠡᠮᠵᠢ ᠦᠭᠬᠦ ᠶᠢᠨ ᠬᠠᠮᠳᠤ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠬᠤ ᠪᠠᠷ ᠰᠢᠪᠠᠳᠠᠨ ᠱᠠᠭᠠᠷᠳᠠᠨ᠎ᠠ ᠃

  ᠬᠤᠷᠢᠨ ᠳᠤᠯᠤᠳᠤᠭᠠᠷ ᠵᠦᠢᠯ  ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠪᠤᠰᠤᠳ ᠤᠨ ᠤᠯᠤᠰ ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌ ᠢ ᠰᠤᠷᠤᠯᠴᠠᠬᠤ ᠪᠠ ᠬᠡᠷᠡᠭᠯᠡᠬᠦ ᠶᠢ ᠬᠠᠷᠰᠢᠯᠠᠭᠰᠠᠨ ᠪᠠᠢᠪᠠᠯ᠂ ᠬᠣᠯᠪᠤᠭᠳᠠᠯ ᠪᠥᠬᠦᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠡᠴᠡ ᠵᠠᠷᠯᠢᠭᠳᠠᠵᠤ ᠪᠠᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠬᠤ ᠶᠢᠨ ᠬᠠᠮᠲᠤ ᠰᠡᠷᠡᠮᠵᠢ ᠦᠭᠭᠦᠨ᠎ᠠ ᠃

 

    ᠲᠦᠷᠪᠡᠳᠦᠭᠡᠷ ᠪᠦᠯᠦᠭ  ᠳᠠᠭᠠᠯᠳᠤᠭᠤᠯᠤᠭᠰᠠᠨ ᠳᠦᠷᠢᠮ

 

  ᠬᠤᠷᠢᠨ ᠨᠠᠢ᠍ᠮᠠᠳᠤᠭᠠᠷ ᠵᠦᠢᠯ  ᠲᠤᠰ ᠬᠠᠤᠯᠢ ᠶᠢ 2001 ᠣᠨ  ᠤ 1 ᠰᠠᠷ᠎ᠠ ᠶᠢᠨ 1 ᠤ ᠡᠳᠦᠷ ᠡᠴᠡ ᠡᠬᠢᠯᠡᠵᠦ ᠬᠡᠷᠡᠭᠵᠢᠭᠦᠯᠦᠨ᠎ᠠ᠃

 

 

 

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ