《ᠱᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ᠎ᠤᠨ ᠦᠭᠡᠷᠡᠴᠢᠯᠡᠯᠳᠡ᠎ᠶᠢ ᠭᠦᠨᠵᠡᠭᠡᠢᠷᠡᠭᠦᠯᠬᠦ ᠲᠤᠬᠠᠢ》 ᠲᠦᠷᠦ᠎ᠶᠢᠨ ᠶᠠᠪᠤᠳᠠᠯ᠎ᠤᠨ ᠬᠤᠷᠢᠶᠠᠨ᠎ᠤ ᠰᠠᠨᠠᠯ (ᠬᠤᠶᠠᠷ)
2020.03.16

ᠡᠯ᠎ᠡ ᠮᠤᠵᠢ᠂ ᠦᠪᠡᠷᠳᠡᠭᠡᠨ ᠵᠠᠰᠠᠬᠤ ᠤᠷᠤᠨ᠂ ᠱᠢᠭᠤᠳ ᠬᠠᠷᠢᠶ᠎ᠠ ᠬᠤᠳᠠ᠎ᠶᠢᠨ ᠠᠷᠠᠳ᠎ᠤᠨ ᠵᠠᠰᠠᠭ᠎ᠤᠨ ᠤᠷᠳᠤᠨ᠂ ᠲᠦᠷᠦ᠎ᠶᠢᠨ ᠶᠠᠪᠤᠳᠠᠯ᠎ᠤᠨ ᠬᠤᠷᠢᠶᠠᠨ᠎ᠤ ᠡᠯ᠎ᠡ ᠶᠠᠮᠤᠨ ᠵᠦᠪᠯᠡᠯ᠂ ᠡᠯ᠎ᠡ ᠱᠢᠭᠤᠳ ᠬᠠᠷᠢᠶ᠎ᠠ ᠪᠠᠢᠭᠤᠯᠤᠮᠵᠢ᠄

 

    ᠬᠤᠶᠠᠷ᠂ ᠭᠤᠤᠯ ᠡᠬᠦᠷᠭᠡ ᠪᠠ ᠠᠷᠭ᠎ᠠ ᠪᠠᠷᠢᠯ

 

   (ᠨᠢᠭᠡ) ᠰᠤᠷᠤᠭᠴᠢ ᠡᠯᠰᠡᠬᠦ ᠲᠦᠯᠦᠪᠯᠡᠭᠡ᠎ᠶᠢ ᠬᠤᠪᠢᠶᠠᠷᠢᠯᠠᠬᠤ ᠠᠷᠭ᠎ᠠ᠎ᠶᠢ ᠬᠠᠯᠠᠨ ᠰᠠᠢᠵᠢᠷᠠᠭᠤᠯᠤᠨ᠎ᠠ᠃

  1. ᠲᠤᠮᠳᠠᠳᠤ ᠪᠠᠷᠠᠭᠤᠨ ᠬᠡᠰᠡᠭ᠎ᠤᠨ ᠭᠠᠵᠠᠷ ᠤᠷᠤᠨ ᠪᠤᠯᠤᠨ ᠬᠦᠮᠦᠨ ᠠᠮᠠ᠎ᠪᠠᠷ ᠤᠯᠠᠨ ᠮᠤᠵᠢ᠎ᠶᠢᠨ ᠨᠢᠭᠡᠳᠦᠯᠳᠡᠢ ᠱᠢᠯᠭᠠᠯᠳᠠ᠎ᠶᠢᠨ ᠰᠤᠷᠤᠭᠴᠢ ᠡᠯᠰᠡᠬᠦ ᠨᠤᠷᠮ᠎ᠠ᠎ᠶᠢ ᠲᠡᠭᠡᠭᠱᠢᠯᠡᠬᠦᠯᠦᠨ᠎ᠡ᠃ ᠰᠤᠷᠤᠭᠴᠢ᠎ᠶᠢᠨ ᠢᠷᠡᠯᠳᠡ ᠠᠷᠪᠢᠨ ᠪᠠ ᠰᠤᠷᠭᠠᠭᠤᠯᠢ ᠡᠷᠬᠢᠯᠡᠬᠦ ᠨᠦᠬᠦᠴᠡᠯ᠂ ᠲᠡᠬᠦᠰᠦᠭᠰᠡᠨ ᠰᠤᠷᠤᠭᠴᠢ᠎ᠶᠢᠨ ᠠᠵᠢᠯ ᠤᠯᠬᠤ ᠪᠠᠢᠳᠠᠯ ᠵᠡᠷᠭᠡ ᠡᠯᠧᠮᠧᠨ᠋ᠲ᠎ᠢ ᠶᠡᠷᠦᠩᠬᠡᠢᠯᠡᠨ ᠪᠤᠳᠤᠯᠬᠢᠯᠠᠵᠤ᠂ ᠤᠯᠤᠰ᠎ᠤᠨ ᠰᠤᠷᠤᠭᠴᠢ ᠡᠯᠰᠡᠬᠦ ᠲᠦᠯᠦᠪᠯᠡᠭᠡ᠎ᠶᠢ ᠲᠤᠭᠳᠠᠭᠠᠬᠤ ᠠᠷᠭ᠎ᠠ ᠪᠠᠷᠢᠯ᠎ᠢ ᠲᠡᠬᠦᠯᠳᠡᠷᠵᠢᠬᠦᠯᠦᠨ᠂ ᠲᠡᠭᠡᠳᠤ ᠵᠡᠷᠭᠡ᠎ᠶᠢᠨ ᠰᠤᠷᠭᠠᠭᠤᠯᠢ᠎ᠶᠢ ᠱᠠᠯᠠᠪᠳᠠᠭᠤᠯᠤᠨ ᠰᠤᠷᠤᠭᠴᠢ ᠡᠯᠰᠡᠬᠦ ᠲᠦᠯᠦᠪᠯᠡᠭᠡ᠎ᠶᠢ ᠡᠷᠡᠰ᠎ᠢᠶᠠᠷ ᠬᠡᠷᠡᠭᠵᠢᠬᠦᠯᠬᠦ᠎ᠶᠢ ᠱᠠᠭᠠᠷᠳᠠᠨ᠎ᠠ᠃ ᠲᠤᠮᠳᠠ ᠪᠠᠷᠠᠭᠤᠨ ᠬᠡᠰᠡᠭ᠎ᠤᠨ ᠭᠠᠵᠠᠷ ᠤᠷᠤᠨ᠎ᠤ ᠰᠤᠷᠤᠭᠴᠢ ᠡᠯᠰᠡᠬᠦ᠎ᠶᠢ ᠲᠡᠮᠵᠢᠬᠦ ᠬᠠᠮᠵᠢᠯᠴᠠᠭ᠎ᠠ᠎ᠶᠢᠨ ᠲᠦᠯᠦᠪᠯᠡᠭᠡ᠎ᠶᠢ ᠦᠷᠬᠦᠯᠵᠢᠯᠡᠨ ᠬᠡᠷᠡᠭᠵᠢᠬᠦᠯᠵᠤ᠂ ᠵᠠᠬᠦᠨ ᠭᠡᠰᠡᠭ᠎ᠤᠨ ᠭᠠᠵᠠᠷ ᠤᠷᠤᠨ᠎ᠤ ᠲᠡᠭᠡᠳᠤ ᠵᠡᠷᠭᠡ᠎ᠶᠢᠨ ᠰᠤᠷᠭᠠᠭᠤᠯᠢ᠎ᠶᠢᠨ ᠰᠤᠷᠤᠭᠴᠢ ᠡᠯᠰᠡᠬᠦ ᠲᠦᠯᠦᠪᠯᠡᠭᠡ᠎ᠳᠤ ᠲᠤᠮᠳᠠᠳᠤ ᠪᠠᠷᠠᠭᠤᠨ ᠭᠡᠰᠡᠭ᠎ᠤᠨ ᠭᠠᠵᠠᠷ ᠤᠷᠤᠨ᠎ᠠᠴᠠ ᠰᠤᠷᠤᠭᠴᠢ ᠡᠯᠰᠡᠬᠦ ᠲᠤᠭ᠎ᠠ᠎ᠶᠢ ᠲᠤᠰᠭᠠᠢ ᠲᠤᠬᠢᠷᠠᠭᠤᠯᠤᠨ᠎ᠠ᠃ ᠰᠤᠷᠭᠠᠨ ᠬᠦᠮᠦᠵᠢᠯ᠎ᠤᠨ ᠶᠠᠮᠤᠨ᠎ᠳᠤ ᠬᠠᠷᠢᠶᠠᠯᠠᠭᠳᠠᠵᠤ ᠪᠠᠢᠭ᠎ᠠ ᠲᠡᠭᠡᠳᠤ ᠵᠡᠷᠭᠡ᠎ᠶᠢᠨ ᠰᠤᠷᠭᠠᠭᠤᠯᠢ ᠢᠯᠡ᠎ᠪᠠᠷ ᠰᠤᠷᠤᠭᠴᠢ ᠡᠯᠰᠡᠬᠦ ᠲᠤᠭ᠎ᠠ᠎ᠶᠢ ᠬᠤᠪᠢᠶᠠᠷᠢᠯᠠᠬᠤ ᠵᠠᠷᠴᠢᠮ ᠪᠠ ᠠᠷᠭ᠎ᠠ᠎ᠪᠠᠷ ᠮᠤᠵᠢ ᠬᠤᠪᠶᠠᠨ ᠰᠤᠷᠤᠭᠴᠢ ᠡᠯᠰᠡᠬᠦ ᠲᠦᠯᠦᠪᠯᠡᠭᠡ᠎ᠪᠠᠨ ᠵᠤᠬᠢᠰᠳᠠᠢ ᠲᠤᠭᠳᠠᠭᠠᠵᠤ᠂ ᠬᠠᠷᠢᠶᠠᠯᠠᠭᠳᠠᠬᠤ ᠭᠠᠵᠠᠷ ᠤᠷᠤᠨ᠎ᠤ ᠰᠤᠷᠤᠭᠴᠢ᠎ᠶᠢ ᠡᠯᠰᠡᠬᠦ ᠲᠣᠭ᠎ᠠ᠎ᠶᠢ ᠡᠷᠡᠰ ᠬᠢᠵᠠᠭᠠᠷᠯᠠᠨ᠎ᠠ᠃ 2017᠎ᠤᠨ ᠪᠤᠯᠬᠤ᠎ᠳᠤ ᠰᠤᠷᠤᠭᠴᠢ ᠡᠯᠰᠡᠬᠦ ᠨᠤᠷᠮ᠎ᠠ᠎ᠪᠠᠷ ᠬᠠᠮᠤᠭ᠎ᠤᠨ ᠲᠤᠤᠷ᠎ᠠ ᠮᠤᠵᠢ᠎ᠶᠢ ᠪᠦᠬᠦ ᠤᠯᠤᠰ᠎ᠤᠨ ᠲᠡᠭᠱᠢᠳᠭᠡᠭᠰᠡᠨ ᠲᠦᠪᠱᠢᠨ᠎ᠤ ᠵᠦᠷᠢᠶ᠎ᠡ᠎ᠠᠴᠠ 2013᠎ᠤᠨ᠎ᠳᠤ ᠵᠠᠭᠤᠨ᠎ᠤ ᠬᠠᠷᠢᠴᠠᠯ᠎ᠢᠶᠠᠷ 6 ᠬᠤᠪᠢ ᠪᠠᠢᠭᠰᠠᠨ᠎ᠢ ᠵᠠᠭᠤᠨ᠎ᠤ ᠬᠠᠷᠢᠴᠠᠯ᠎ᠢᠶᠠᠷ 4 ᠬᠤᠪᠢ ᠪᠤᠯᠭᠠᠨ᠎ᠠ᠃

  2. ᠬᠦᠳᠡᠭᠡ ᠲᠤᠰᠭᠤᠨ᠎ᠤ ᠰᠤᠷᠤᠭᠴᠢ᠎ᠶᠢᠨ ᠭᠤᠤᠯᠳᠠᠯᠭ᠎ᠠ᠎ᠲᠠᠢ ᠶᠡᠭᠡ ᠰᠤᠷᠭᠠᠭᠤᠯᠢ᠎ᠳᠤ ᠤᠷᠤᠬᠤ ᠲᠤᠭ᠎ᠠ᠎ᠶᠢ ᠨᠡᠮᠡᠭᠳᠡᠬᠦᠯᠦᠨ᠎ᠡ᠃ ᠤᠯᠤᠰ᠎ᠠᠴᠠ ᠬᠦᠳᠡᠭᠡ ᠲᠤᠰᠭᠤᠨ᠎ᠤ ᠶᠠᠳᠠᠭᠤ ᠬᠦᠴᠢᠷᠳᠠᠢ ᠭᠠᠵᠠᠷ ᠤᠷᠤᠨ᠎ᠳᠤ ᠬᠠᠨᠳᠤᠯᠭ᠎ᠠ᠎ᠲᠠᠢ᠎ᠪᠠᠷ ᠰᠤᠷᠤᠭᠴᠢ ᠡᠯᠰᠡᠬᠦ ᠲᠤᠰᠭᠠᠢ ᠲᠦᠯᠦᠪᠯᠡᠭᠡ᠎ᠶᠢ ᠦᠷᠬᠦᠯᠵᠢᠯᠡᠨ ᠬᠡᠷᠡᠭᠵᠢᠬᠦᠯᠵᠤ᠂ ᠭᠤᠤᠯᠳᠠᠯᠭ᠎ᠠ ᠎ᠲᠠᠢ ᠶᠡᠭᠡ ᠰᠤᠷᠭᠠᠭᠤᠯᠢ᠎ᠨᠤᠭᠤᠳ ᠶᠠᠳᠠᠭᠤ ᠬᠦᠴᠢᠷᠳᠡᠢ ᠭᠠᠵᠠᠷ ᠤᠷᠤᠨ᠎ᠳᠤ ᠬᠠᠨᠳᠤᠭᠤᠯᠤᠨ ᠬᠠᠨᠳᠤᠯᠭ᠎ᠠ᠎ᠲᠠᠢ᠎ᠪᠠᠷ ᠰᠤᠷᠤᠭᠴᠢ ᠡᠯᠰᠡᠨ᠎ᠡ᠃ ᠰᠤᠷᠭᠠᠨ ᠬᠦᠮᠦᠵᠢᠯ᠎ᠤᠨ ᠶᠠᠮᠤᠨ᠎ᠳᠤ ᠬᠠᠷᠢᠶᠠᠯᠠᠭᠳᠠᠵᠤ ᠪᠠᠢᠭ᠎ᠠ ᠲᠡᠭᠡᠳᠤ ᠵᠡᠷᠭᠡ᠎ᠶᠢᠨ ᠰᠤᠷᠭᠠᠭᠤᠯᠢ᠂ ᠮᠤᠵᠢ᠎ᠳᠤ ᠬᠠᠷᠢᠶᠠᠯᠠᠭᠳᠠᠵᠤ ᠪᠠᠢᠭ᠎ᠠ ᠭᠤᠤᠯᠳᠠᠯᠭ᠎ᠠ᠎ᠲᠠᠢ ᠲᠡᠭᠡᠳᠤ ᠵᠡᠷᠭᠡ᠎ᠶᠢᠨ ᠰᠤᠷᠭᠠᠭᠤᠯᠢ ᠵᠤᠬᠢᠬᠤ ᠬᠠᠷᠢᠴᠠᠯ ᠪᠦᠬᠦᠢ ᠰᠤᠷᠤᠭᠴᠢ ᠡᠯᠰᠡᠬᠦ ᠤᠷᠤᠨ ᠲᠤᠭ᠎ᠠ ᠭᠠᠷᠭᠠᠵᠤ ᠪᠤᠢᠲᠠ ᠪᠦᠭᠯᠡᠬᠦᠦ᠂ ᠶᠠᠳᠠᠭᠤ ᠬᠦᠴᠢᠷᠳᠠᠢ᠂ ᠦᠨᠳᠦᠰᠦᠳᠡᠨ᠎ᠤ ᠭᠠᠵᠠᠷ ᠤᠷᠤᠨ᠎ᠤ ᠬᠦᠳᠡᠭᠡ ᠲᠤᠰᠭᠤᠨ᠎ᠤ ᠱᠢᠯᠢᠳᠡᠭ ᠰᠤᠷᠤᠭᠴᠢ᠎ᠶᠢ ᠡᠯᠰᠡᠨ᠎ᠡ᠃ 2017᠎ᠤᠨ ᠪᠤᠯᠬᠤ᠎ᠳᠤ ᠶᠠᠳᠠᠭᠤ ᠬᠦᠴᠢᠷᠳᠡᠢ ᠭᠠᠵᠠᠷ ᠤᠷᠤᠨ᠎ᠤ ᠬᠦᠳᠡᠭᠡ ᠲᠤᠰᠭᠤᠨ᠎ᠤ ᠰᠤᠷᠤᠭᠴᠢ᠎ᠶᠢᠨ ᠭᠤᠤᠯᠳᠠᠯᠭ᠎ᠠ᠎ᠲᠠᠢ ᠲᠡᠭᠡᠳᠤ ᠵᠡᠷᠭᠡ᠎ᠶᠢᠨ ᠰᠤᠷᠭᠠᠭᠤᠯᠢ᠎ᠳᠤ ᠤᠷᠤᠬᠤ ᠲᠤᠭ᠎ᠠ᠎ᠶᠢ ᠮᠡᠳᠡᠭᠳᠡᠮ᠎ᠡ ᠨᠡᠮᠡᠭᠳᠡᠬᠦᠯᠦᠨ᠂ ᠬᠦᠳᠡᠭᠡ ᠲᠤᠰᠭᠤᠨ᠎ᠤ ᠰᠤᠷᠤᠭᠴᠢ᠎ᠶᠢᠨ ᠭᠤᠤᠯᠳᠠᠯᠭ᠎ᠠ᠎ᠲᠠᠢ ᠲᠡᠭᠡᠳᠤ ᠵᠡᠷᠭᠡ᠎ᠶᠢᠨ ᠰᠤᠷᠭᠠᠭᠤᠯᠢ᠎ᠳᠤ ᠤᠷᠤᠬᠤ᠎ᠶᠢ ᠪᠠᠳᠤᠯᠠᠬᠤ ᠤᠷᠳᠤ ᠬᠤᠭᠤᠴᠠᠭᠠᠳᠤ ᠲᠤᠭᠳᠠᠴᠠ᠎ᠶᠢ ᠪᠤᠢ ᠪᠤᠯᠭᠠᠨ᠎ᠠ᠃

  3. ᠲᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭᠴᠢ ᠡᠯᠰᠡᠬᠦ ᠠᠷᠭ᠎ᠠ᠎ᠶᠢ ᠲᠡᠬᠦᠯᠳᠡᠷᠵᠢᠬᠦᠯᠦᠨ᠂ ᠰᠤᠷᠭᠠᠭᠤᠯᠢ ᠰᠤᠩᠭᠤᠬᠤ ᠠᠰᠠᠭᠤᠳᠠᠯ᠎ᠢ ᠱᠢᠢᠳᠪᠦᠷᠢᠯᠡᠨ᠎ᠡ᠃ ᠶᠢᠰᠦᠨ ᠵᠢᠯ᠎ᠤᠨ ᠠᠯᠪᠠᠨ ᠵᠢᠷᠤᠮ᠎ᠤᠨ ᠰᠤᠷᠭᠠᠨ ᠬᠦᠮᠦᠵᠢᠯ᠎ᠤᠨ ᠲᠡᠩᠴᠡᠬᠦᠷᠢ᠎ᠲᠠᠢ ᠬᠦᠭᠵᠢᠯᠳᠡ᠎ᠶᠢ ᠠᠬᠢᠭᠤᠯᠤᠨ᠂ ᠶᠢᠰᠦᠨ ᠵᠢᠯ᠎ᠤᠨ ᠠᠯᠪᠠᠨ ᠵᠢᠷᠤᠮ᠎ᠤᠨ ᠰᠤᠷᠭᠠᠨ ᠬᠦᠮᠦᠵᠢᠯ᠎ᠢ ᠬᠦᠷᠳᠡᠬᠦ ᠰᠤᠷᠤᠭᠴᠢ᠎ᠶᠢ ᠱᠢᠯᠭᠠᠬᠤ᠎ᠦᠭᠡᠢ᠎ᠪᠠᠷ ᠰᠤᠷᠭᠠᠭᠤᠯᠢ᠎ᠳᠤ ᠤᠷᠤᠭᠤᠯᠬᠤ  ᠪᠤᠳᠠᠳᠠᠢ ᠠᠷᠭ᠎ᠠ᠎ᠶᠢ ᠲᠡᠬᠦᠯᠳᠡᠷᠵᠢᠬᠦᠯᠦᠨ᠂ ᠰᠤᠷᠬᠤ ᠲᠤᠭᠤᠷᠢᠭ᠎ᠤᠨ ᠲᠦᠷᠢᠮ ᠪᠤᠯᠤᠨ ᠶᠢᠰᠦᠨ ᠵᠢᠯ᠎ᠤᠨ ᠠᠯᠪᠠᠨ ᠵᠢᠷᠤᠮ᠎ᠤᠨ ᠰᠤᠷᠭᠠᠨ ᠬᠦᠮᠦᠵᠢᠯ᠎ᠤᠨ ᠢᠵᠢᠯ ᠲᠦᠷᠦᠯ᠎ᠢᠶᠠᠷ ᠰᠤᠷᠤᠭᠴᠢ ᠡᠯᠰᠡᠬᠦ ᠲᠦᠷᠢᠮ᠎ᠢ ᠬᠡᠷᠡᠭᠵᠢᠬᠦᠯᠦᠨ᠎ᠡ᠃ ᠦᠨᠳᠦᠷ ᠲᠤᠮᠳᠠᠳᠤ᠎ᠶᠢᠨ ᠱᠠᠳᠤᠨ᠎ᠤ ᠰᠤᠷᠭᠠᠭᠤᠯᠢ᠎ᠶᠢᠨ ᠱᠢᠯᠭᠠᠯᠳᠠ ᠬᠢᠵᠤ ᠰᠤᠷᠤᠭᠴᠢ ᠡᠯᠰᠡᠬᠦ ᠠᠷᠭ᠎ᠠ᠎ᠶᠢ ᠬᠠᠯᠠᠨ ᠰᠠᠢᠵᠢᠷᠠᠭᠤᠯᠤᠨ᠎ᠠ᠃ ᠡᠩ᠎ᠦᠨ ᠱᠢᠯᠢᠳᠡᠭ ᠦᠨᠳᠦᠷ ᠵᠡᠷᠭᠡ᠎ᠶᠢᠨ ᠲᠤᠮᠳᠠᠳᠤ ᠰᠤᠷᠭᠠᠭᠤᠯᠢ ᠪᠤᠯᠤᠨ ᠲᠤᠮᠳᠠ ᠵᠡᠷᠭᠡ᠎ᠶᠢᠨ ᠲᠤᠰᠭᠠᠢ ᠮᠡᠷᠭᠡᠵᠢᠯ᠎ᠤᠨ ᠰᠤᠷᠭᠠᠭᠤᠯᠢ᠎ᠶᠢᠨ ᠰᠤᠷᠤᠭᠴᠢ ᠡᠯᠰᠡᠬᠦ ᠲᠤᠭ᠎ᠠ᠎ᠶᠢ ᠤᠷᠤᠨ ᠲᠤᠭᠤᠷᠢᠭ᠎ᠤᠨ ᠠᠩᠬ᠎ᠠ ᠵᠡᠷᠭᠡ᠎ᠶᠢᠨ ᠲᠤᠮᠳᠠᠳᠤ ᠰᠤᠷᠭᠠᠭᠤᠯᠢ᠎ᠨᠤᠭᠤᠳ᠎ᠲᠤ ᠵᠤᠬᠢᠰᠳᠠᠢ ᠬᠤᠪᠢᠶᠠᠷᠢᠯᠠᠨ ᠦᠭᠬᠦ ᠠᠷᠭ᠎ᠠ᠎ᠶᠢ ᠬᠡᠷᠡᠭᠵᠢᠬᠦᠯᠦᠨ᠎ᠡ᠃ ᠬᠤᠳᠠ ᠤᠷᠤᠭᠰᠠᠨ ᠬᠦᠯᠦᠰᠦᠨ ᠠᠵᠢᠯᠴᠢᠨ᠎ᠤ ᠲᠠᠭᠠᠵᠤ ᠢᠷᠡᠭᠰᠡᠨ ᠦᠷ᠎ᠡ ᠬᠡᠦᠭᠡᠳ᠎ᠤᠨ ᠰᠤᠷᠭᠠᠭᠤᠯᠢ᠎ᠳᠤ ᠤᠷᠤᠬᠤ ᠪᠠ ᠰᠤᠷᠭᠠᠭᠤᠯᠢ ᠲᠡᠪᠱᠢᠬᠦ ᠱᠢᠯᠭᠠᠯᠳᠠ᠎ᠶᠢᠨ ᠲᠦᠷᠦ᠎ᠶᠢᠨ ᠪᠤᠳᠤᠯᠭ᠎ᠠ ᠪᠠ ᠠᠷᠭ᠎ᠠ ᠪᠠᠷᠢᠯ᠎ᠢ ᠴᠢᠨᠠᠭᠱᠢᠳᠠ ᠲᠡᠬᠦᠯᠳᠡᠷᠵᠢᠬᠦᠯᠵᠤ ᠬᠡᠷᠡᠭᠵᠢᠬᠦᠯᠦᠨ᠎ᠡ᠃

   (ᠬᠤᠶᠠᠷ) ᠱᠢᠯᠭᠠᠯᠳᠠ᠎ᠶᠢᠨ ᠬᠡᠯᠪᠡᠷᠢ ᠪᠤᠯᠤᠨ ᠠᠭᠤᠯᠭ᠎ᠠ᠎ᠶᠢ ᠦᠭᠡᠷᠡᠴᠢᠯᠡᠨ᠎ᠡ

  1. ᠳᠡᠭᠡᠳᠤ ᠵᠡᠷᠭᠡ᠎ᠶᠢᠨ ᠲᠤᠮᠳᠠᠳᠤ ᠰᠤᠷᠭᠠᠭᠤᠯᠢ᠎ᠶᠢᠨ ᠰᠤᠷᠤᠯᠭ᠎ᠠ᠎ᠶᠢᠨ ᠲᠦᠪᠱᠢᠨ᠎ᠤ ᠱᠢᠯᠭᠠᠯᠳᠠ᠎ᠶᠢ ᠲᠡᠬᠦᠯᠳᠡᠷᠵᠢᠬᠦᠯᠦᠨ᠎ᠡ᠃ ᠰᠤᠷᠤᠯᠭ᠎ᠠ᠎ᠶᠢᠨ ᠲᠦᠪᠱᠢᠨ᠎ᠤ ᠱᠢᠯᠭᠠᠯᠳᠠ ᠪᠤᠯ ᠭᠤᠤᠯᠳᠠᠭᠤ ᠰᠤᠷᠤᠭᠴᠢ᠎ᠶᠢᠨ ᠰᠤᠷᠤᠯᠴᠠᠭᠰᠠᠨ ᠬᠢᠷᠢ ᠬᠡᠮᠵᠢᠶ᠎ᠡ᠎ᠶᠢ ᠱᠢᠯᠭᠠᠭᠰᠠᠨ ᠪᠠᠢᠴᠠᠭᠠᠯᠲᠠ ᠪᠤᠯᠤᠨ᠎ᠠ᠂ ᠡᠨᠡ᠎ᠨᠢ ᠰᠤᠷᠤᠭᠴᠢ᠎ᠶᠢᠨ ᠲᠡᠬᠦᠰᠬᠦ ᠪᠠ ᠰᠤᠷᠭᠠᠭᠤᠯᠢ ᠲᠡᠪᠱᠢᠬᠦ᠎ᠳᠤ ᠴᠢᠬᠤᠯᠠ ᠬᠡᠷᠡᠴᠢ ᠪᠠᠷᠢᠮᠳᠠ ᠪᠤᠯᠬᠤ᠎ᠶᠤᠮ᠃ ᠱᠢᠯᠭᠠᠯᠳᠠ᠎ᠶᠢᠨ ᠬᠦᠷᠢᠶ᠎ᠡ ᠬᠡᠪᠴᠢᠶ᠎ᠡ᠎ᠨᠢ ᠤᠯᠤᠰ᠎ᠤᠨ ᠲᠤᠭᠳᠠᠭᠠᠭᠰᠠᠨ ᠪᠤᠢ ᠪᠦᠬᠦᠢ ᠰᠤᠷᠤᠯᠴᠠᠬᠤ ᠬᠢᠴᠢᠶᠠᠯ ᠲᠦᠷᠦᠯ᠎ᠢ ᠪᠠᠭᠳᠠᠭᠠᠵᠤ᠂ ᠰᠤᠷᠤᠭᠴᠢᠳ᠎ᠢ ᠬᠦᠳᠦᠯᠦᠨ ᠵᠢᠯᠤᠭᠤᠳᠴᠤ ᠬᠢᠴᠢᠶᠠᠯ ᠪᠦᠬᠦᠨ᠎ᠢ ᠬᠢᠨᠠᠮᠠᠭᠠᠢ ᠰᠤᠷᠤᠯᠴᠠᠭᠤᠯᠤᠨ᠂ ᠬᠦᠨᠳᠤ ᠨᠤᠴᠢᠳᠠᠢ᠎ᠪᠠᠷ ᠬᠢᠴᠢᠶᠠᠯ ᠭᠤᠯᠤᠬᠤ᠎ᠠᠴᠠ ᠵᠠᠢᠯᠠᠰᠭᠢᠯᠭᠡᠨ᠎ᠡ᠃  ᠰᠤᠷᠤᠯᠭ᠎ᠠ᠎ᠶᠢᠨ ᠲᠦᠪᠱᠢᠨ᠎ᠤ ᠱᠢᠯᠭᠠᠯᠳᠠ᠎ᠶᠢ ᠮᠤᠵᠢ᠎ᠶᠢᠨ ᠱᠠᠳᠤᠨ᠎ᠤ ᠰᠤᠷᠭᠠᠨ ᠬᠦᠮᠦᠵᠢᠯ᠎ᠤᠨ ᠵᠠᠰᠠᠭ ᠵᠠᠬᠢᠷᠭᠠᠨ᠎ᠤ ᠰᠠᠯᠠᠭ᠎ᠠ᠎ᠠᠴᠠ ᠤᠯᠤᠰ᠎ᠤᠨ ᠬᠢᠴᠢᠶᠡᠯᠡᠯᠭᠡ᠎ᠶᠢᠨ ᠪᠠᠷᠢᠮᠵᠢᠶ᠎ᠠ ᠪᠤᠯᠤᠨ ᠱᠢᠯᠭᠠᠯᠳᠠ᠎ᠶᠢᠨ ᠱᠠᠭᠠᠷᠳᠠᠯᠭ᠎ᠠ᠎ᠪᠠᠷ ᠵᠤᠬᠢᠶᠠᠨ ᠪᠠᠢᠭᠤᠯᠵᠤ ᠶᠠᠪᠤᠭᠳᠠᠭᠤᠯᠤᠨ᠂ ᠱᠢᠯᠭᠠᠯᠳᠠ᠎ᠨᠢ ᠠᠮᠤᠷ ᠲᠦᠪᠱᠢᠨ ᠪᠦᠭᠡᠳ ᠡᠮᠬᠢ ᠲᠠᠷᠠᠭ᠎ᠠ᠎ᠲᠠᠢ᠂ ᠬᠢᠷᠢ ᠪᠦᠳᠦᠮᠵᠢ᠎ᠨᠢ ᠦᠨᠡᠨ ᠪᠤᠳᠠᠳᠠᠢ ᠢᠳᠡᠭᠡᠮᠵᠢᠳᠡᠢ ᠪᠠᠢᠬᠤ᠎ᠶᠢ ᠪᠠᠳᠤᠯᠠᠨ᠎ᠠ᠃ ᠡᠯ᠎ᠡ ᠭᠠᠵᠠᠷ ᠤᠷᠤᠨ ᠡᠷᠬᠡᠪᠱᠢ ᠬᠢᠴᠢᠶᠡᠯᠡᠯᠭᠡ᠎ᠶᠢᠨ ᠠᠬᠢᠴᠠ ᠪᠤᠯᠤᠨ ᠱᠢᠯᠭᠠᠯᠳᠠ᠎ᠶᠢᠨ ᠴᠠᠭ᠎ᠢᠶᠠᠨ ᠵᠦᠢ ᠵᠤᠬᠢᠰᠳᠠᠢ ᠲᠤᠬᠢᠷᠠᠭᠤᠯᠵᠤ᠂ ᠠᠳᠠᠯᠢ ᠨᠢᠭᠡ ᠬᠢᠴᠢᠶᠡᠯ ᠲᠦᠷᠦᠯ᠎ᠤᠨ ᠱᠢᠯᠭᠠᠯᠳᠠ᠎ᠶᠢ ᠬᠤᠶᠠᠷ ᠤᠳᠠᠭ᠎ᠠ ᠤᠷᠤᠯᠴᠠᠵᠤ ᠪᠤᠯᠬᠤ ᠰᠤᠷᠤᠭᠴᠢ᠎ᠳᠤ ᠦᠨᠡᠨ᠎ᠬᠦ ᠨᠦᠬᠦᠴᠡᠯ ᠪᠦᠷᠢᠯᠳᠤᠬᠦᠯᠵᠤ ᠪᠠᠢᠭᠠᠳ ᠠᠵᠠ ᠲᠤᠬᠢᠶᠠᠯ ᠬᠠᠩᠭᠠᠨ ᠦᠭᠬᠦ ᠬᠡᠷᠡᠭᠳᠡᠢ᠃ 2014 ᠎ᠤᠨ᠎ᠳᠤ ᠳᠡᠭᠡᠳᠤ ᠵᠡᠷᠭᠡ᠎ᠶᠢᠨ ᠲᠤᠮᠳᠠᠳᠤ ᠰᠤᠷᠭᠠᠭᠤᠯᠢ᠎ᠶᠢᠨ ᠰᠤᠷᠤᠯᠭ᠎ᠠ᠎ᠶᠢᠨ ᠲᠦᠪᠱᠢᠨ᠎ᠤ ᠱᠢᠯᠭᠠᠯᠳᠠ᠎ᠶᠢ ᠲᠡᠬᠦᠯᠳᠡᠷᠵᠢᠬᠦᠯᠬᠦ ᠲᠤᠬᠠᠢ ᠵᠢᠯᠤᠭᠤᠳᠭᠤ ᠰᠠᠨᠠᠯ᠎ᠢ ᠨᠡᠢᠳᠡᠯᠡᠨ᠎ᠡ᠃

  2. ᠳᠡᠭᠡᠳᠤ ᠵᠡᠷᠭᠡ᠎ᠶᠢᠨ ᠲᠤᠮᠳᠠᠳᠤ ᠰᠤᠷᠭᠠᠭᠤᠯᠢ᠎ᠶᠢᠨ ᠰᠤᠷᠤᠭᠴᠢ᠎ᠶᠢᠨ ᠶᠡᠷᠦᠩᠭᠡᠢ ᠬᠡᠪ ᠴᠢᠨᠠᠷ᠎ᠤᠨ ᠦᠨᠡᠯᠡᠯᠳᠡ᠎ᠶᠢ ᠲᠦᠷᠢᠮᠵᠢᠬᠦᠯᠦᠨ᠎ᠡ᠃ ᠶᠡᠷᠦᠩᠭᠡᠢ ᠬᠡᠪ ᠴᠢᠨᠠᠷ᠎ᠤᠨ ᠦᠨᠡᠯᠡᠯᠳᠡ᠎ᠨᠢ ᠭᠤᠤᠯᠳᠠᠭᠤ ᠰᠤᠷᠤᠭᠴᠢ᠎ᠶᠢᠨ ᠶᠤᠰᠤ ᠰᠤᠷᠳᠠᠬᠤᠨ᠂ ᠤᠶᠦᠨ ᠤᠬᠠᠭᠠᠨ᠂ ᠪᠡᠶ᠎ᠡ ᠮᠠᠬᠠᠪᠤᠳ᠂ ᠭᠤᠸ᠎ᠠ ᠰᠠᠢᠬᠠᠨ ᠵᠡᠷᠭᠡ ᠪᠦᠬᠦ ᠲᠠᠯ᠎ᠠ᠎ᠶᠢᠨ ᠬᠦᠭᠵᠢᠯᠳᠡ᠎ᠶᠢᠨ ᠪᠠᠢᠳᠠᠯ᠎ᠢ ᠲᠤᠰᠭᠠᠵᠤ᠂ ᠰᠤᠷᠤᠭᠴᠢ᠎ᠶᠢᠨ ᠲᠡᠬᠦᠰᠬᠦ ᠪᠠ ᠰᠤᠷᠭᠠᠭᠤᠯᠢ ᠲᠡᠪᠱᠢᠬᠦ᠎ᠳᠤ ᠴᠢᠬᠤᠯᠠ ᠯᠠᠪᠯᠠᠯᠳᠠ ᠪᠤᠯᠬᠤ᠎ᠶᠤᠮ᠃ ᠰᠤᠷᠤᠭᠴᠢ᠎ᠶᠢᠨ ᠶᠡᠷᠦᠩᠭᠡᠢ ᠬᠡᠪ ᠴᠢᠨᠠᠷ᠎ᠤᠨ ᠲᠦᠷᠢᠮᠵᠢᠭᠰᠡᠨ ᠲᠡᠩᠰᠠ ᠡᠪᠬᠡᠮᠡᠯ᠎ᠢ  ᠪᠠᠢᠭᠤᠯᠵᠤ᠂ ᠰᠤᠷᠤᠭᠴᠢ᠎ᠶᠢᠨ ᠦᠰᠦᠯᠳᠡ ᠪᠣᠢᠵᠢᠯᠲᠠ᠎ᠶᠢᠨ ᠶᠠᠪᠤᠴᠠ᠎ᠳᠠᠬᠢ ᠳᠣᠪᠤᠢᠮ᠎ᠠ ᠢᠯᠡᠷᠡᠯ᠎ᠢ ᠪᠤᠰᠤᠳᠴᠢ᠎ᠪᠡᠷ ᠲᠡᠮᠳᠡᠭᠯᠡᠨ᠂ ᠨᠡᠢᠭᠡᠮ᠎ᠤᠨ ᠬᠠᠷᠢᠭᠤᠴᠠᠯᠭᠠᠳᠤ ᠰᠡᠳᠬᠢᠯᠭᠡ᠂ ᠪᠦᠳᠦᠭᠡᠯᠴᠢ ᠵᠤᠷᠢᠭ ᠰᠠᠨᠠᠭ᠎ᠠ ᠪᠤᠯᠤᠨ ᠦᠢᠯᠡᠳᠦᠯᠭᠡ᠎ᠶᠢᠨ ᠴᠢᠳᠠᠪᠤᠷᠢ᠎ᠶᠢ ᠴᠢᠬᠤᠯᠠᠴᠢᠯᠠᠨ᠎ᠠ᠃ ᠡᠬᠦᠨ᠎ᠳᠤ ᠭᠤᠤᠯᠳᠠᠭᠤ ᠰᠤᠷᠤᠭᠴᠢ᠎ᠶᠢᠨ ᠦᠵᠡᠯ ᠰᠠᠨᠠᠭ᠎ᠠ ᠶᠤᠰᠤ ᠰᠤᠷᠳᠠᠬᠤᠨ᠂ ᠰᠤᠷᠤᠯᠭ᠎ᠠ᠎ᠶᠢᠨ ᠲᠦᠪᠱᠢᠨ᠂ ᠪᠡᠶ᠎ᠡ ᠰᠡᠳᠬᠢᠴᠡ᠎ᠶᠢᠨ ᠡᠷᠡᠬᠦᠯ ᠴᠢᠬᠢᠷᠠᠭ᠂ ᠲᠤᠷ᠎ᠠ ᠪᠠᠬ᠎ᠠ  ᠦᠪᠡᠷᠮᠢᠴᠡ ᠴᠢᠳᠠᠪᠤᠷᠢ᠂ ᠨᠡᠢᠭᠡᠮ᠎ᠤᠨ ᠦᠢᠯᠡᠳᠦᠯᠭᠡ ᠵᠡᠷᠭᠡ ᠠᠭᠤᠯᠭ᠎ᠠ᠎ᠶᠢ ᠪᠠᠭᠳᠠᠭᠠᠨ᠎ᠠ᠃ ᠲᠡᠰ ᠲᠠᠷᠠᠭᠠᠯᠠᠯ᠎ᠢ ᠴᠢᠩᠳᠠᠯᠠᠨ᠂ ᠬᠢᠨᠠᠯᠳᠠ ᠲᠠᠯᠪᠢᠬᠤ᠎ᠶᠢ ᠴᠢᠩᠭᠠᠳᠭᠠᠵᠤ᠂ ᠢᠯᠡ ᠲᠤᠳᠤ᠎ᠶᠢ ᠪᠠᠳᠤᠯᠠᠨ᠂ ᠠᠭᠤᠯᠭ᠎ᠠ᠎ᠨᠢ ᠦᠨᠡᠨ ᠪᠤᠳᠠᠳᠠᠢ ᠵᠦᠪ ᠤᠨᠤᠪᠴᠢᠳᠠᠢ ᠪᠠᠢᠬᠤ᠎ᠶᠢ ᠪᠠᠳᠤᠯᠠᠨ᠎ᠠ᠃ 2014᠎ᠤᠨ᠎ᠳᠤ ᠳᠡᠭᠡᠳᠤ ᠵᠡᠷᠭᠡ᠎ᠶᠢᠨ ᠲᠤᠮᠳᠠᠳᠤ ᠰᠤᠷᠭᠠᠭᠤᠯᠢ᠎ᠶᠢᠨ ᠰᠤᠷᠤᠭᠴᠢ᠎ᠶᠢᠨ ᠶᠡᠷᠦᠩᠭᠡᠢ ᠬᠡᠪ ᠴᠢᠨᠠᠷ᠎ᠢ ᠦᠨᠡᠯᠡᠬᠦ᠎ᠶᠢ ᠲᠦᠷᠢᠮᠵᠢᠬᠦᠯᠬᠦ ᠲᠤᠬᠠᠢ ᠵᠢᠯᠤᠭᠤᠳᠭᠤ ᠰᠠᠨᠠᠯ᠎ᠢ ᠨᠡᠢᠳᠡᠯᠡᠨ᠎ᠡ᠃ ᠡᠯ᠎ᠡ ᠮᠤᠵᠢ (ᠦᠪᠡᠷᠳᠡᠭᠡᠨ ᠵᠠᠰᠠᠬᠤ ᠤᠷᠤᠨ᠂ ᠬᠤᠳᠠ) ᠶᠡᠷᠦᠩᠭᠡᠢ ᠬᠡᠪ ᠴᠢᠨᠠᠷ᠎ᠢ ᠦᠨᠡᠯᠡᠬᠦ ᠦᠨᠳᠦᠰᠦᠨ ᠱᠠᠭᠠᠷᠳᠠᠯᠭ᠎ᠠ᠎ᠶᠢ ᠲᠤᠭᠳᠠᠭᠠᠭᠰᠠᠨ᠎ᠤ ᠲᠠᠷᠠᠭ᠎ᠠ ᠰᠤᠷᠭᠠᠭᠤᠯᠢ᠎ᠶᠢ ᠵᠤᠬᠢᠶᠠᠨ ᠪᠠᠢᠭᠤᠯᠵᠤ ᠬᠡᠷᠡᠭᠵᠢᠬᠦᠯᠦᠨ᠎ᠡ᠃

  3. ᠲᠡᠭᠡᠳᠤ ᠵᠡᠷᠭᠡ᠎ᠶᠢᠨ ᠠᠵᠢᠯ ᠮᠡᠷᠭᠡᠵᠢᠯ᠎ᠤᠨ ᠲᠡᠭᠡᠳᠤ ᠰᠤᠷᠭᠠᠭᠤᠯᠢ᠎ᠶᠢᠨ ᠲᠦᠷᠦᠯ ᠬᠤᠪᠢᠶᠠᠨ ᠱᠢᠯᠭᠠᠯᠳᠠ ᠬᠢᠬᠦ᠎ᠶᠢ ᠲᠦᠷᠭᠡᠳᠭᠡᠨ ᠠᠬᠢᠭᠤᠯᠤᠨ᠎ᠠ᠃ ᠲᠡᠭᠡᠳᠤ ᠵᠡᠷᠭᠡ᠎ᠶᠢᠨ ᠠᠵᠢᠯ ᠮᠡᠷᠭᠡᠵᠢᠯ᠎ᠤᠨ ᠲᠡᠭᠡᠳᠤ ᠰᠤᠷᠭᠠᠭᠤᠯᠢ᠎ᠶᠢᠨ ᠱᠢᠯᠭᠠᠯᠳᠠ ᠬᠢᠵᠤ ᠰᠤᠷᠤᠭᠴᠢ ᠡᠯᠰᠡᠬᠦ᠎ᠶᠢ ᠡᠩ᠎ᠤᠨ ᠲᠡᠭᠡᠳᠤ ᠵᠡᠷᠭᠡ᠎ᠶᠢᠨ ᠰᠤᠷᠭᠠᠭᠤᠯᠢ᠎ᠠᠴᠠ ᠬᠠᠷᠢᠴᠠᠩᠭᠤᠢ᠎ᠪᠠᠷ ᠰᠠᠯᠭᠠᠵᠤ᠂ 《ᠰᠤᠶᠤᠯ᠎ᠤᠨ ᠬᠡᠪ ᠴᠢᠨᠠᠷ + ᠮᠡᠷᠭᠡᠵᠢᠯ ᠴᠢᠳᠠᠪᠤᠷᠢ》᠎ᠶᠢ ᠦᠨᠡᠯᠡᠬᠦ ᠠᠷᠭ᠎ᠠ᠎ᠶᠢ ᠬᠡᠷᠡᠭᠵᠢᠬᠦᠯᠦᠨ᠎ᠡ᠃ ᠲᠤᠮᠳᠠ ᠵᠡᠷᠭᠡ᠎ᠶᠢᠨ ᠠᠵᠢᠯ ᠮᠡᠷᠭᠡᠵᠢᠯ᠎ᠤᠨ ᠰᠤᠷᠭᠠᠭᠤᠯᠢ᠎ᠠᠴᠠ ᠲᠡᠬᠦᠰᠦᠭᠰᠡᠨ ᠰᠤᠷᠤᠭᠴᠢ ᠲᠡᠭᠡᠳᠤ ᠵᠡᠷᠭᠡ᠎ᠶᠢᠨ ᠠᠵᠢᠯ ᠮᠡᠷᠭᠡᠵᠢᠯ᠎ᠤᠨ ᠲᠡᠭᠡᠳᠤ ᠰᠤᠷᠭᠠᠭᠤᠯᠢ᠎ᠳᠤ ᠤᠷᠤᠬᠤ᠎ᠳᠤ ᠰᠤᠶᠤᠯ᠎ᠤᠨ ᠰᠠᠭᠤᠷᠢ ᠮᠡᠳᠡᠯᠭᠡ ᠪᠤᠯᠤᠨ ᠮᠡᠷᠭᠡᠵᠢᠯ ᠴᠢᠳᠠᠪᠤᠷᠢ᠎ᠶᠢ ᠤᠶᠠᠯᠳᠤᠭᠤᠯᠤᠭᠰᠠᠨ ᠬᠢᠨᠠᠨ ᠱᠢᠯᠭᠠᠯᠳᠠ᠎ᠳᠤ ᠤᠷᠤᠯᠴᠠᠨ᠎ᠠ᠃ ᠡᠩ᠎ᠤᠨ ᠳᠡᠭᠡᠳᠤ ᠵᠡᠷᠭᠡ᠎ᠶᠢᠨ ᠲᠤᠮᠳᠠᠳᠤ ᠰᠤᠷᠭᠠᠭᠤᠯᠢ᠎ᠠᠴᠠ ᠲᠡᠬᠦᠰᠦᠭᠰᠡᠨ ᠰᠤᠷᠤᠭᠴᠢ ᠲᠡᠭᠡᠳᠤ ᠵᠡᠷᠭᠡ᠎ᠶᠢᠨ ᠠᠵᠢᠯ ᠮᠡᠷᠭᠡᠵᠢᠯ᠎ᠤᠨ ᠲᠡᠭᠡᠳᠤ ᠰᠤᠷᠭᠠᠭᠤᠯᠢ᠎ᠠᠴᠠ ᠲᠡᠬᠦᠰᠦᠭᠰᠡᠨ ᠰᠤᠷᠤᠭᠴᠢ ᠲᠡᠭᠡᠳᠤ ᠵᠡᠷᠭᠡ᠎ᠶᠢᠨ ᠠᠵᠢᠯ ᠮᠡᠷᠭᠡᠵᠢᠯ᠎ᠤᠨ ᠲᠡᠭᠡᠳᠤ ᠰᠤᠷᠭᠠᠭᠤᠯᠢ᠎ᠳᠤ ᠤᠷᠤᠬᠤ᠎ᠳᠤ ᠮᠡᠷᠭᠡᠵᠢᠯ ᠴᠢᠳᠠᠪᠤᠷᠢ᠎ᠶᠢᠨ ᠬᠢᠨᠠᠨ ᠱᠢᠯᠭᠠᠯᠳᠠ᠎ᠳᠤ ᠤᠷᠤᠯᠴᠠᠵᠤ᠂ ᠰᠤᠶᠤᠯ᠎ᠤᠨ ᠬᠡᠪ ᠴᠢᠨᠠᠷ᠎ᠤᠨ ᠬᠢᠷᠢ ᠪᠦᠳᠦᠮᠵᠢ᠎ᠶᠢ ᠦᠨᠳᠦᠷ ᠵᠡᠷᠭᠡ᠎ᠶᠢᠨ ᠲᠤᠮᠳᠠᠳᠤ ᠰᠤᠷᠭᠠᠭᠤᠯᠢ᠎ᠶᠢᠨ ᠰᠤᠷᠤᠯᠭ᠎ᠠ᠎ᠶᠢᠨ ᠲᠦᠪᠱᠢᠨ᠎ᠤ ᠱᠢᠯᠭᠠᠯᠳᠠ᠎ᠶᠢᠨ ᠬᠢᠷᠢ ᠪᠦᠳᠦᠮᠵᠢ᠎ᠪᠠᠷ ᠤᠷᠤᠯᠠᠭᠤᠯᠤᠨ᠂ ᠶᠡᠷᠦᠩᠭᠡᠢ ᠬᠡᠪ ᠴᠢᠨᠠᠷ᠎ᠤᠨ ᠦᠨᠡᠯᠡᠯᠳᠡ᠎ᠶᠢᠨ ᠬᠢᠨᠠᠨ ᠱᠢᠯᠭᠠᠯᠳᠠ᠎ᠳᠤ ᠤᠷᠤᠯᠴᠠᠨ᠎ᠠ᠃ ᠰᠤᠷᠤᠭᠴᠢᠳ ᠨᠢᠭᠡᠳᠦᠯᠳᠡᠢ ᠱᠢᠯᠭᠠᠯᠳᠠ᠎ᠪᠠᠷ ᠲᠠᠮᠵᠢᠨ ᠲᠡᠭᠡᠳᠤ ᠵᠡᠷᠭᠡ᠎ᠶᠢᠨ ᠠᠵᠢᠯ ᠮᠡᠷᠭᠡᠵᠢᠯ᠎ᠤᠨ ᠰᠤᠷᠭᠠᠭᠤᠯᠢ᠎ᠳᠤ᠎ᠴᠤ ᠤᠷᠤᠵᠤ ᠪᠤᠯᠤᠨ᠎ᠠ᠃ 2015᠎ᠤᠨ ᠪᠤᠯᠬᠤ᠎ᠳᠤ ᠲᠦᠷᠦᠯ ᠬᠤᠪᠢᠶᠠᠭᠰᠠᠨ ᠱᠢᠯᠭᠠᠯᠳᠠ᠎ᠪᠠᠷ ᠲᠠᠮᠵᠢᠨ ᠡᠯᠰᠡᠳᠡᠭᠰᠡᠨ ᠰᠤᠷᠤᠭᠴᠢ᠎ᠶᠢᠨ ᠲᠤᠭ᠎ᠠ ᠲᠡᠭᠡᠳᠤ ᠵᠡᠷᠭᠡ᠎ᠶᠢᠨ ᠠᠵᠢᠯ ᠮᠡᠷᠭᠡᠵᠢᠯ᠎ᠤᠨ ᠰᠤᠷᠭᠠᠭᠤᠯᠢ᠎ᠶᠢᠨ ᠰᠤᠷᠤᠭᠴᠢ᠎ᠶᠢᠨ ᠶᠡᠷᠦᠩᠭᠡᠢ ᠲᠤᠭᠠᠨ᠎ᠤ ᠬᠠᠭᠠᠰ ᠤᠷᠴᠢᠮ᠎ᠢ ᠡᠵᠡᠯᠡᠨ᠎ᠡ᠂ 2017 ᠎ᠤᠨ ᠪᠤᠯᠬᠤ᠎ᠳᠤ ᠡᠨᠡ᠎ᠨᠢ ᠲᠡᠭᠡᠳᠤ ᠵᠡᠷᠭᠡ᠎ᠶᠢᠨ ᠠᠵᠢᠯ ᠮᠡᠷᠭᠡᠵᠢᠯ᠎ᠤᠨ ᠰᠤᠷᠭᠠᠭᠤᠯᠢ᠎ᠶᠢᠨ ᠰᠤᠷᠤᠭᠴᠢ ᠡᠯᠰᠡᠬᠦ ᠭᠤᠤᠯ ᠠᠷᠭ᠎ᠠ ᠵᠠᠮ ᠪᠤᠯᠤᠨ᠎ᠠ᠃

  4. ᠲᠡᠭᠡᠳᠤ ᠵᠡᠷᠭᠡ᠎ᠶᠢᠨ ᠰᠤᠷᠭᠠᠭᠤᠯᠢ᠎ᠶᠢᠨ ᠰᠤᠷᠤᠭᠴᠢ ᠡᠯᠰᠡᠬᠦ ᠨᠢᠭᠡᠳᠦᠯᠳᠡᠢ ᠱᠢᠯᠭᠠᠯᠳᠠ᠎ᠶᠢᠨ ᠠᠭᠤᠯᠭ᠎ᠠ᠎ᠶᠢᠨ ᠦᠭᠡᠷᠡᠴᠢᠯᠡᠯᠳᠡ᠎ᠶᠢ ᠭᠦᠨᠵᠡᠭᠡᠢᠷᠡᠭᠦᠯᠦᠨ᠎ᠡ᠃ ᠲᠡᠭᠡᠳᠤ ᠵᠡᠷᠭᠡ᠎ᠶᠢᠨ ᠰᠤᠷᠭᠠᠭᠤᠯᠢ᠎ᠶᠢᠨ ᠴᠢᠳᠠᠪᠤᠷᠢᠳᠠᠨ᠎ᠢ ᠰᠤᠩᠭᠤᠨ ᠱᠢᠯᠭᠠᠷᠠᠭᠤᠯᠬᠤ ᠱᠠᠭᠠᠷᠳᠠᠯᠭ᠎ᠠ ᠪᠤᠯᠤᠨ ᠤᠯᠤᠰ᠎ᠤᠨ ᠬᠢᠴᠢᠶᠡᠯᠡᠯᠭᠡ᠎ᠶᠢᠨ ᠪᠠᠷᠢᠮᠵᠢᠶ᠎ᠡ᠎ᠶᠢ ᠦᠨᠳᠦᠰᠦᠯᠡᠨ᠂ ᠰᠡᠳᠦᠪ ᠭᠠᠷᠭᠠᠬᠤ ᠠᠭᠤᠯᠭ᠎ᠠ᠎ᠶᠢ ᠱᠢᠨᠵᠢᠯᠡᠬᠦ ᠤᠬᠠᠭᠠᠨᠴᠢ᠎ᠪᠠᠷ ᠵᠢᠷᠤᠭᠯᠠᠨ ᠲᠦᠯᠦᠪᠯᠡᠵᠤ᠂ ᠰᠠᠭᠤᠷᠢ ᠮᠡᠳᠡᠯᠭᠡ᠎ᠶᠢᠨ ᠴᠢᠨᠠᠷᠳᠠᠢ᠂  ᠶᠡᠷᠦᠩᠬᠡᠢᠯᠡᠭᠰᠡᠨ ᠴᠢᠨᠠᠷᠳᠠᠢ ᠠᠭᠤᠯᠭ᠎ᠠ᠎ᠶᠢ ᠨᠡᠮᠡᠭᠳᠡᠬᠦᠯᠦᠨ᠂ ᠰᠤᠷᠤᠭᠴᠢ᠎ᠶᠢᠨ ᠪᠡᠶ᠎ᠡ᠎ᠪᠠᠨ ᠲᠠᠭᠠᠭᠠᠵᠤ ᠰᠡᠳᠬᠢᠬᠦ ᠪᠠ ᠰᠤᠷᠤᠭᠰᠠᠨ ᠮᠡᠳᠡᠯᠭᠡ᠎ᠪᠠᠨ ᠠᠱᠢᠭᠯᠠᠨ ᠠᠰᠠᠭᠤᠳᠠᠯ᠎ᠢ ᠵᠠᠳᠠᠯᠬᠤ᠂ ᠠᠰᠠᠭᠤᠳᠠᠯ᠎ᠢ ᠱᠢᠢᠳᠪᠦᠷᠢᠯᠡᠬᠦ ᠲᠡᠭᠡᠷ᠎ᠡ ᠬᠡᠷᠡᠭᠯᠡᠬᠦ ᠴᠢᠳᠠᠪᠤᠷᠢ᠎ᠶᠢ ᠱᠢᠯᠭᠠᠨ ᠪᠠᠢᠴᠠᠭᠠᠬᠤ᠎ᠶᠢ ᠴᠢᠬᠤᠯᠠᠴᠢᠯᠠᠨ᠎ᠠ᠃ ᠬᠤᠪᠢ ᠦᠨᠡᠯᠡᠨ ᠦᠭᠬᠦ ᠠᠷᠭ᠎ᠠ᠎ᠶᠢ ᠬᠠᠯᠠᠨ ᠰᠠᠢᠵᠢᠷᠠᠭᠤᠯᠵᠤ᠂ ᠱᠢᠯᠭᠠᠯᠳᠠ᠎ᠶᠢᠨ ᠬᠠᠭᠤᠳᠠᠰᠤ ᠬᠢᠨᠠᠬᠤ ᠬᠠᠮᠢᠶᠠᠷᠤᠯᠳᠠ᠎ᠶᠢ ᠴᠢᠩᠭᠠᠳᠭᠠᠨ᠂ ᠬᠢᠷᠢ ᠪᠦᠳᠦᠮᠵᠢ᠎ᠶᠢᠨ ᠮᠡᠳᠡᠬᠦᠯᠦᠯᠳᠡ᠎ᠶᠢ ᠲᠡᠬᠦᠯᠳᠡᠷᠵᠢᠬᠦᠯᠦᠨ᠎ᠡ᠃ ᠤᠯᠤᠰ᠎ᠤᠨ ᠰᠤᠷᠭᠠᠨ ᠬᠦᠮᠦᠵᠢᠯ᠎ᠤᠨ ᠱᠢᠯᠭᠠᠯᠳᠠ᠎ᠶᠢᠨ ᠪᠠᠢᠭᠤᠯᠤᠮᠵᠢ᠂ ᠤᠯᠤᠰ᠎ᠤᠨ ᠱᠢᠯᠭᠠᠯᠳᠠ᠎ᠶᠢᠨ ᠬᠦᠮᠦᠷᠭᠡ ᠪᠤᠯᠤᠨ ᠭᠠᠳᠠᠭᠠᠳᠤ ᠬᠡᠯᠡᠨ᠎ᠤ ᠴᠢᠳᠠᠪᠤᠷᠢ᠎ᠶᠢ ᠬᠢᠨᠠᠨ ᠱᠢᠯᠭᠠᠬᠤ ᠱᠢᠰᠲᠧᠮ᠎ᠤᠨ ᠪᠠᠢᠭᠤᠯᠤᠯᠲᠠ᠎ᠶᠢ ᠴᠢᠩᠭᠠᠳᠭᠠᠨ᠎ᠠ᠃ 2015᠎ᠤᠨ᠎ᠠᠴᠠ ᠡᠬᠢᠯᠡᠨ ᠪᠦᠬᠦ ᠤᠯᠤᠰ᠎ᠤᠨ ᠭᠠᠷᠭᠠᠭᠰᠠᠨ ᠨᠢᠭᠡᠳᠦᠯᠳᠡᠢ ᠱᠢᠯᠭᠠᠯᠳᠠ᠎ᠶᠢᠨ ᠬᠠᠭᠤᠳᠠᠰᠤ᠎ᠶᠢ ᠬᠡᠷᠡᠭᠯᠡᠬᠦ ᠮᠤᠵᠢ᠎ᠶᠢᠨ ᠬᠦᠷᠢᠶ᠎ᠡ ᠬᠡᠪᠴᠢᠶ᠎ᠡ᠎ᠶᠢ ᠨᠡᠮᠡᠭᠳᠡᠬᠦᠯᠦᠨ᠎ᠡ᠃

   (ᠭᠤᠷᠪᠠ) ᠰᠤᠷᠤᠭᠴᠢ ᠡᠯᠰᠡᠬᠦ ᠲᠤᠭᠲᠠᠴᠠ᠎ᠶᠢ ᠦᠭᠡᠷᠡᠴᠢᠯᠡᠨ᠎ᠡ

  1. ᠱᠢᠯᠭᠠᠯᠲᠠ᠎ᠳᠤ ᠬᠤᠪᠢ ᠨᠡᠮᠡᠬᠦ᠎ᠶᠢ ᠴᠦᠭᠡᠳᠭᠡᠨ ᠳᠦᠷᠢᠮᠵᠢᠭᠦᠯᠦᠨ᠎ᠡ᠃ ᠱᠢᠯᠭᠠᠯᠲᠠ᠎ᠳᠤ ᠬᠤᠪᠢ ᠨᠡᠮᠡᠬᠦ ᠲᠦᠷᠦᠯ ᠵᠦᠢᠯ᠎ᠢ ᠶᠡᠬᠡ᠎ᠪᠡᠷ ᠴᠦᠭᠡᠳᠭᠡᠵᠤ ᠡᠷᠡᠰ ᠬᠢᠵᠠᠭᠠᠷᠯᠠᠨ᠂ 2015 ᠎ᠤᠨ᠎ᠠᠴᠠ ᠡᠬᠢᠯᠡᠨ ᠪᠡᠶ᠎ᠡ᠎ᠶᠢᠨ ᠲᠠᠮᠢᠷ᠂ ᠤᠷᠠᠯᠢᠭ᠎ᠤᠨ ᠤᠨᠴᠠ ᠴᠢᠳᠠᠪᠤᠷᠢ᠎ᠶᠢᠨ ᠰᠤᠷᠤᠭᠴᠢ᠎ᠳᠤ ᠬᠤᠪᠢ ᠨᠡᠮᠡᠬᠦ ᠲᠦᠷᠦᠯ ᠵᠦᠢᠯ᠎ᠢ ᠦᠭᠡᠢᠰᠭᠡᠨ᠎ᠡ᠃ ᠦᠨᠡᠨ᠎ᠬᠦ ᠦᠯᠡᠳᠡᠭᠡᠬᠦ ᠴᠢᠬᠤᠯᠠᠲᠠᠢ ᠨᠡᠮᠡᠬᠦ ᠬᠤᠪᠢ᠎ᠶᠢᠨ ᠲᠦᠷᠦᠯ ᠵᠦᠢᠯ᠎ᠳᠤ ᠨᠡᠮᠡᠬᠦ ᠬᠤᠪᠢ᠎ᠶᠢᠨ ᠦᠷᠲᠡᠭ᠎ᠢ ᠵᠤᠬᠢᠰᠲᠠᠢ ᠲᠤᠬᠢᠷᠠᠭᠤᠯᠤᠨ᠎ᠠ᠃ ᠬᠢᠯᠢ ᠬᠢᠵᠠᠭᠠᠷ ᠤᠷᠤᠨ᠎ᠤ ᠦᠨᠳᠦᠰᠦᠲᠡᠨ᠎ᠤ ᠤᠨᠴᠠ ᠶᠠᠳᠠᠭᠤ ᠬᠦᠴᠢᠷᠲᠠᠢ ᠭᠠᠵᠠᠷ ᠤᠷᠤᠨ᠎ᠤ ᠬᠤᠪᠢ ᠨᠡᠮᠡᠬᠦ ᠲᠦᠷᠦ᠎ᠶᠢᠨ ᠪᠤᠳᠤᠯᠭ᠎ᠠ᠎ᠶᠢ ᠰᠦᠪᠡᠭᠴᠢᠯᠡᠵᠤ ᠲᠡᠭᠦᠯᠳᠡᠷᠵᠢᠭᠦᠯᠦᠨ᠎ᠡ᠃ ᠤᠷᠤᠨ ᠨᠤᠲᠤᠭ᠎ᠤᠨ ᠴᠢᠨᠠᠷᠲᠠᠢ ᠨᠢᠭᠡᠳᠦᠯᠲᠠᠢ ᠱᠢᠯᠭᠠᠯᠲᠠ᠎ᠳᠤ ᠬᠤᠪᠢ ᠨᠡᠮᠡᠬᠦ ᠲᠦᠷᠦᠯ ᠵᠦᠢᠯ᠎ᠢ ᠮᠤᠵᠢ᠎ᠶᠢᠨ ᠱᠠᠲᠤᠨ᠎ᠤ ᠠᠷᠠᠳ᠎ᠤᠨ ᠵᠠᠰᠠᠭ᠎ᠤᠨ ᠤᠷᠳᠤᠨ᠎ᠠᠴᠠ ᠲᠤᠭᠲᠠᠭᠠᠬᠤ᠎ᠶᠢᠨ ᠬᠠᠮᠲᠤ ᠰᠤᠷᠭᠠᠨ ᠬᠦᠮᠦᠵᠢᠯ᠎ᠤᠨ ᠶᠠᠮᠤᠨ᠎ᠳᠤ ᠮᠡᠳᠡᠭᠦᠯᠵᠤ ᠳᠠᠩᠰᠠᠯᠠᠭᠤᠯᠤᠨ᠂ ᠵᠠᠷᠴᠢᠮ ᠳᠡᠭᠡᠷ᠎ᠡ᠎ᠪᠠᠨ ᠵᠦᠪᠬᠡᠨ ᠲᠤᠰ ᠮᠤᠵᠢ (ᠦᠪᠡᠷᠲᠡᠭᠡᠨ ᠵᠠᠰᠠᠬᠤ ᠤᠷᠤᠨ᠂ ᠬᠤᠲᠠ)᠎ᠳᠤ ᠬᠠᠷᠢᠶᠠᠯᠠᠭᠳᠠᠬᠤ ᠳᠡᠭᠡᠲᠤ ᠵᠡᠷᠭᠡ᠎ᠶᠢᠨ ᠰᠤᠷᠭᠠᠭᠤᠯᠢ᠎ᠶᠢᠨ ᠲᠤᠰ ᠮᠤᠵᠢ (ᠦᠪᠡᠷᠲᠡᠭᠡᠨ ᠵᠠᠰᠠᠬᠤ ᠤᠷᠤᠨ᠂ ᠬᠤᠲᠠ)᠎ᠠᠴᠠ ᠰᠤᠷᠤᠭᠴᠢ ᠡᠯᠰᠡᠬᠦ᠎ᠳᠤ ᠵᠤᠬᠢᠴᠠᠭᠰᠠᠨ ᠪᠠᠢᠬᠤ ᠬᠡᠷᠡᠭᠲᠠᠢ᠃ ᠱᠢᠯᠭᠠᠭᠤᠯᠤᠭᠰᠠᠳ᠎ᠲᠤ ᠬᠤᠪᠢ ᠨᠡᠮᠡᠬᠦ ᠬᠢᠷᠢ ᠬᠡᠮ᠎ᠤᠨ ᠬᠢᠨᠠᠨ ᠵᠦᠪᠱᠢᠶᠡᠷᠡᠬᠦ ᠠᠵᠢᠯ᠎ᠢ ᠴᠢᠩᠭᠠᠳᠭᠠᠵᠤ᠂ ᠦᠨᠡᠯᠡᠨ ᠲᠤᠭᠲᠠᠭᠠᠬᠤ ᠳᠡᠰ ᠳᠠᠷᠠᠭᠠᠯᠠᠯ᠎ᠢ ᠴᠢᠩᠭᠠᠷᠠᠭᠤᠯᠤᠨ᠂ ᠨᠡᠢᠭᠡᠮ ᠨᠡᠢᠲᠡ᠎ᠳᠤ ᠢᠯᠡ᠎ᠪᠠᠷ ᠨᠡᠢᠳᠡᠯᠡᠬᠦ ᠠᠵᠢᠯ᠎ᠢ ᠰᠠᠢᠲᠤᠷ ᠬᠢᠵᠤ᠂ ᠬᠢᠨᠠᠯᠲᠠ ᠲᠠᠯᠪᠢᠬᠤ ᠬᠠᠮᠢᠶᠠᠷᠤᠯᠲᠠ᠎ᠶᠢ ᠴᠢᠩᠭᠠᠳᠭᠠᠨ᠎ᠠ᠃ 2014 ᠎ᠤᠨ᠎ᠤ ᠵᠢᠯ᠎ᠤᠨ ᠡᠴᠦᠰ᠎ᠲᠤ ᠨᠢᠭᠡᠳᠤᠯᠲᠠᠢ ᠱᠢᠯᠭᠠᠯᠲᠠ᠎ᠳᠤ ᠬᠤᠪᠢ ᠨᠡᠮᠡᠬᠦ ᠲᠦᠷᠦᠯ ᠵᠦᠢᠯ ᠪᠤᠯᠤᠨ ᠬᠤᠪᠢ᠎ᠶᠢᠨ ᠦᠷᠲᠡᠭ᠎ᠢ ᠴᠢᠨᠠᠭᠱᠢᠳᠠ ᠴᠦᠭᠡᠳᠭᠡᠨ ᠲᠦᠷᠢᠮᠵᠢᠭᠦᠯᠬᠦ ᠲᠤᠬᠠᠢ ᠰᠠᠨᠠᠯ᠎ᠢ ᠨᠡᠢᠳᠡᠯᠡᠨ᠎ᠡ᠃

  2. ᠦᠪᠡᠷ᠎ᠢᠶᠠᠨ ᠡᠵᠡᠨ ᠮᠡᠳᠡᠵᠤ ᠰᠤᠷᠤᠭᠴᠢ ᠡᠯᠰᠡᠬᠦ᠎ᠶᠢ ᠲᠡᠭᠦᠯᠳᠡᠷᠵᠢᠭᠦᠯᠦᠨ ᠳᠦᠷᠢᠮᠵᠢᠭᠦᠯᠦᠨ᠎ᠡ᠃ ᠦᠪᠡᠷ᠎ᠢᠶᠠᠨ ᠡᠵᠡᠨ ᠮᠡᠳᠡᠵᠤ ᠰᠤᠷᠤᠭᠴᠢ ᠡᠯᠰᠡᠬᠦ᠎ᠨᠢ ᠭᠤᠤᠯᠳᠠᠭᠤ ᠱᠢᠨᠵᠢᠯᠡᠭᠡᠨ᠎ᠤ ᠰᠠᠯᠠᠭᠠᠨ᠎ᠤ ᠲᠠᠯ᠎ᠠ᠎ᠪᠠᠷ ᠤᠨᠴᠠ ᠴᠢᠳᠠᠪᠤᠷᠢ᠎ᠲᠠᠢ ᠪᠠ ᠪᠦᠲᠦᠭᠡᠯᠴᠢ ᠴᠢᠳᠠᠪᠤᠷᠢ᠎ᠶᠢᠨ ᠲᠠᠯ᠎ᠠ᠎ᠪᠠᠷ ᠳᠠᠯᠳᠠ ᠬᠦᠴᠦᠨ᠎ᠲᠠᠢ ᠱᠢᠯᠢᠳᠡᠭ ᠰᠤᠷᠤᠭᠴᠢ᠎ᠶᠢ ᠱᠢᠯᠭᠠᠷᠠᠭᠤᠯᠬᠤ ᠪᠤᠯᠤᠨ᠎ᠠ᠃ ᠭᠤᠶᠤᠴᠢᠯᠠᠭᠰᠠᠨ ᠰᠤᠷᠤᠭᠴᠢᠳ ᠪᠦᠬᠦ ᠤᠯᠤᠰ᠎ᠤᠨ ᠨᠢᠭᠡᠳᠦᠯᠲᠠᠢ ᠱᠢᠯᠭᠠᠯᠲᠠ᠎ᠳᠤ ᠤᠷᠤᠯᠴᠠᠭᠠᠳ ᠵᠤᠬᠢᠬᠤ ᠱᠠᠭᠠᠷᠳᠠᠯᠭ᠎ᠠ᠎ᠳᠤ ᠨᠡᠢᠴᠡᠪᠡᠯ ᠰᠠᠶᠢ᠎ᠨᠡᠷ᠎ᠡ ᠮᠡᠳᠡᠭᠦᠯᠵᠤ ᠱᠢᠯᠭᠠᠭᠤᠯᠤᠭᠰᠠᠨ ᠳᠡᠭᠡᠲᠤ ᠵᠡᠷᠭᠡ᠎ᠶᠢᠨ ᠰᠤᠷᠭᠠᠭᠤᠯᠢ᠎ᠶᠢᠨ ᠬᠢᠨᠠᠨ ᠱᠢᠯᠭᠠᠯᠲᠠ᠎ᠶᠢ ᠬᠦᠯᠢᠶᠡᠨ᠎ᠡ᠃ ᠲᠤᠷᠱᠢᠯᠲᠠ᠎ᠶᠢᠨ ᠴᠡᠭ᠎ᠢ ᠬᠡᠷᠡᠭᠵᠢᠬᠦᠯᠬᠦ ᠬᠡᠵᠤ ᠪᠠᠢᠭ᠎ᠠ ᠳᠡᠭᠡᠲᠤ ᠵᠡᠷᠭᠡ᠎ᠶᠢᠨ ᠰᠤᠷᠭᠠᠭᠤᠯᠢ ᠡᠷᠬᠡᠪᠱᠢ ᠬᠢᠨᠠᠨ ᠱᠢᠯᠭᠠᠬᠤ ᠠᠭᠤᠯᠭ᠎ᠠ᠎ᠪᠠᠨ ᠵᠦᠢ ᠵᠤᠬᠢᠰᠲᠠᠢ ᠲᠤᠭᠲᠠᠭᠠᠵᠤ᠂ ᠬᠠᠮᠲᠤᠷᠠᠨ ᠱᠢᠯᠭᠠᠬᠤ ᠠᠷᠭ᠎ᠠ ᠪᠠ ᠲᠤᠰᠭᠠᠢ ᠪᠤᠯᠪᠠᠰᠤᠷᠠᠯ ᠬᠦᠷᠲᠡᠭᠡᠬᠦ᠎ᠶᠢ ᠵᠤᠬᠢᠶᠠᠨ ᠪᠠᠢᠭᠤᠯᠵᠤ ᠪᠤᠯᠬᠤ᠎ᠦᠭᠡᠢ᠃ ᠦᠪᠡᠷ᠎ᠢᠶᠠᠨ ᠡᠵᠡᠨ ᠮᠡᠳᠡᠵᠤ ᠰᠤᠷᠤᠭᠴᠢ ᠡᠯᠰᠡᠬᠦ ᠠᠷᠭ᠎ᠠ᠂ ᠬᠢᠨᠠᠨ ᠱᠢᠯᠭᠠᠬᠤ ᠠᠯᠬᠤᠮ ᠳᠠᠷᠠᠭ᠎ᠠ ᠪᠠ ᠡᠯᠰᠡᠬᠦ ᠦᠷ᠎ᠡ ᠳ᠋ᠦᠩ᠎ᠢ ᠨᠡᠢᠳᠡᠯᠡᠬᠦ᠎ᠶᠢ ᠳᠦᠷᠢᠮᠵᠢᠭᠦᠯᠦᠨ᠎ᠡ᠃ ᠦᠪᠡᠷ᠎ᠢᠶᠠᠨ ᠡᠵᠡᠨ ᠮᠡᠳᠡᠵᠤ ᠰᠤᠷᠤᠭᠴᠢ ᠡᠯᠰᠡᠬᠦ ᠬᠦᠷᠢᠶ᠎ᠡ ᠬᠡᠪᠴᠢᠶ᠎ᠡ᠎ᠶᠢ ᠡᠷᠡᠰ ᠬᠢᠵᠠᠭᠠᠷᠯᠠᠨ᠎ᠠ᠃ 2015᠎ᠤᠨ᠎ᠠᠴᠠ ᠡᠬᠢᠯᠡᠨ ᠦᠪᠡᠷ᠎ᠢᠶᠠᠨ ᠡᠵᠡᠨ ᠮᠡᠳᠡᠵᠤ ᠰᠤᠷᠤᠭᠴᠢ ᠡᠯᠰᠡᠬᠦ᠎ᠶᠢ ᠪᠦᠬᠦ ᠤᠯᠤᠰ᠎ᠤᠨ ᠨᠢᠭᠡᠳᠦᠯᠲᠠᠢ ᠱᠢᠯᠭᠠᠯᠲᠠ᠎ᠶᠢᠨ ᠳᠠᠷᠠᠭ᠎ᠠ ᠲᠤᠬᠢᠷᠠᠭᠤᠯᠵᠤ ᠶᠠᠪᠤᠭᠳᠠᠭᠤᠯᠬᠤ᠎ᠶᠢ ᠠᠬᠢᠭᠤᠯᠤᠨ᠎ᠠ᠃

  3. ᠳᠡᠭᠡᠲᠤ ᠵᠡᠷᠭᠡ᠎ᠶᠢᠨ ᠰᠤᠷᠭᠠᠭᠤᠯᠢ᠎ᠶᠢᠨ ᠰᠤᠷᠤᠭᠴᠢ ᠡᠯᠰᠡᠵᠤ ᠰᠤᠩᠭᠤᠨ ᠱᠢᠯᠭᠠᠷᠠᠭᠤᠯᠬᠤ ᠲᠤᠭᠲᠠᠴᠠ᠎ᠶᠢ ᠲᠡᠬᠦᠯᠳᠡᠷᠵᠢᠭᠦᠯᠦᠨ᠎ᠡ᠃ ᠳᠡᠭᠡᠲᠤ ᠵᠡᠷᠭᠡ᠎ᠶᠢᠨ ᠰᠤᠷᠭᠠᠭᠤᠯᠢ᠎ᠨᠤᠭᠤᠳ ᠱᠢᠯᠭᠠᠯᠲᠠ ᠬᠢᠵᠤ ᠰᠤᠷᠤᠭᠴᠢ ᠡᠯᠰᠡᠬᠦ ᠎ᠲᠠᠢ ᠬᠤᠯᠪᠤᠭᠳᠠᠭᠰᠠᠨ ᠲᠦᠷᠦᠯ ᠵᠦᠢᠯ᠂ ᠪᠠᠷᠢᠮᠵᠢᠶ᠎ᠠ᠂ ᠨᠦᠬᠦᠴᠡᠯ ᠪᠤᠯᠤᠨ ᠳᠡᠰ ᠳᠠᠷᠠᠭ᠎ᠠ ᠵᠡᠷᠭᠡ ᠠᠭᠤᠯᠭ᠎ᠠ᠎ᠶᠢ ᠰᠤᠷᠤᠭᠴᠢ ᠡᠯᠰᠡᠬᠦ ᠳᠦᠷᠢᠮ᠎ᠳᠤ᠎ᠪᠠᠨ ᠨᠠᠷᠢᠨ ᠲᠤᠲᠤᠷᠬᠠᠢ ᠪᠢᠴᠢᠵᠤ ᠤᠷᠤᠭᠤᠯᠤᠨ ᠨᠡᠢᠭᠡᠮ ᠳᠡᠭᠡᠷ᠎ᠡ ᠤᠷᠢᠳᠴᠢᠯᠠᠨ ᠨᠡᠢᠳᠡᠯᠡᠬᠦ ᠬᠡᠷᠡᠭᠲᠠᠢ᠃ ᠰᠤᠷᠭᠠᠭᠤᠯᠢ᠎ᠶᠢᠨ ᠰᠤᠷᠤᠭᠴᠢ ᠡᠯᠰᠡᠬᠦ ᠵᠦᠪᠯᠡᠯ᠎ᠤᠨ ᠪᠠᠢᠭᠤᠯᠤᠯᠲᠠ᠎ᠶᠢ ᠴᠢᠩᠭᠠᠳᠭᠠᠵᠤ᠂ ᠰᠤᠷᠭᠠᠭᠤᠯᠢ᠎ᠶᠢᠨ ᠰᠤᠷᠤᠭᠴᠢ ᠡᠯᠰᠡᠬᠦ ᠲᠦᠯᠦᠪᠯᠡᠭᠡ᠎ᠶᠢ ᠲᠤᠭᠲᠠᠭᠠᠬᠤ᠂ ᠰᠤᠷᠤᠭᠴᠢ ᠡᠯᠰᠡᠬᠦ ᠲᠦᠷᠦ᠎ᠶᠢᠨ ᠪᠤᠳᠤᠯᠭ᠎ᠠ ᠪᠤᠯᠤᠨ ᠲᠤᠭᠲᠠᠭᠠᠯ᠎ᠢ ᠲᠤᠭᠲᠠᠭᠠᠬᠤ᠂ ᠰᠤᠷᠤᠭᠴᠢ ᠡᠯᠰᠡᠬᠦ ᠴᠢᠬᠤᠯᠠ ᠶᠡᠭᠡ ᠤᠴᠢᠷ ᠶᠠᠪᠤᠳᠠᠯ᠎ᠢ ᠲᠤᠭᠲᠠᠭᠠᠬᠤ ᠵᠡᠷᠭᠡ ᠲᠠᠯ᠎ᠠ᠎ᠪᠠᠷ ᠰᠤᠷᠤᠭᠴᠢ ᠡᠯᠰᠡᠬᠦ ᠵᠦᠪᠯᠡᠯ᠎ᠤᠨ ᠦᠢᠯᠡᠳᠦᠯ᠎ᠢ ᠬᠦᠢᠴᠡᠳ ᠪᠠᠳᠠᠷᠠᠭᠤᠯᠤᠨ᠎ᠠ᠃ ᠳᠡᠭᠡᠲᠤ ᠵᠡᠷᠭᠡ᠎ᠶᠢᠨ ᠰᠤᠷᠭᠠᠭᠤᠯᠢ᠎ᠨᠤᠭᠤᠳ ᠨᠡᠢᠭᠡᠮ ᠳᠡᠭᠡᠷ᠎ᠡ᠎ᠠᠴᠠ ᠬᠢᠨᠠᠯᠲᠠ ᠲᠠᠯᠪᠢᠭᠴᠢ᠎ᠶᠢ ᠤᠷᠢᠬᠤ ᠠᠷᠭ᠎ᠠ᠎ᠪᠠᠷ ᠰᠤᠷᠭᠠᠭᠤᠯᠢ᠎ᠶᠢᠨ ᠬᠢᠨᠠᠨ ᠱᠢᠯᠭᠠᠯᠲᠠ᠂ ᠰᠤᠷᠤᠭᠴᠢ ᠡᠯᠰᠡᠬᠦ ᠠᠬᠤᠢ ᠲᠠᠯᠠᠪᠠᠢ᠎ᠶᠢ ᠲᠤᠭᠤᠷᠢᠨ ᠪᠠᠢᠴᠠᠭᠠᠯᠭᠠᠬᠤ ᠵᠡᠷᠭᠡ ᠠᠷᠭ᠎ᠠ᠎ᠪᠠᠷ ᠰᠤᠷᠤᠭᠴᠢ ᠡᠯᠰᠡᠬᠦ ᠠᠵᠢᠯ᠎ᠳᠤ ᠭᠤᠷᠪᠠᠳᠤᠭᠠᠷ ᠡᠲᠡᠭᠡᠳ᠎ᠤᠨ ᠬᠢᠨᠠᠯᠲᠠ᠎ᠶᠢ ᠲᠠᠯᠪᠢᠭᠤᠯᠵᠤ ᠪᠤᠯᠤᠨ᠎ᠠ᠃ ᠱᠢᠯᠭᠠᠯᠲᠠ ᠬᠢᠵᠤ ᠰᠤᠷᠤᠭᠴᠢ ᠡᠯᠰᠡᠬᠦ᠎ᠳᠤ ᠭᠤᠮᠤᠳᠠᠯ ᠲᠤᠭᠠᠴᠢᠬᠤ ᠲᠤᠭᠲᠠᠴᠠ᠎ᠶᠢ ᠪᠠᠢᠭᠤᠯᠵᠤ᠂ ᠡᠯ᠎ᠡ ᠵᠦᠢᠯ᠎ᠤᠨ ᠠᠰᠠᠭᠤᠳᠠᠯ᠎ᠢ ᠱᠢᠢᠳᠪᠦᠷᠢᠯᠡᠭᠰᠡᠨ᠎ᠢᠶᠠᠨ ᠴᠠᠭ ᠲᠤᠬᠠᠢ᠎ᠳᠤ᠎ᠨᠢ ᠬᠠᠷᠢᠭᠤ ᠲᠤᠰᠭᠠᠬᠤ ᠬᠡᠷᠡᠭᠲᠠᠢ᠃ ᠰᠤᠷᠤᠭᠴᠢ ᠡᠯᠰᠡᠬᠦ ᠠᠵᠢᠯ᠎ᠤᠨ ᠬᠠᠷᠢᠭᠤᠴᠠᠯᠭ᠎ᠠ᠎ᠶᠢ ᠨᠡᠬᠡᠮᠵᠢᠯᠡᠬᠦ ᠳᠦᠷᠢᠮ᠎ᠢ ᠪᠠᠢᠭᠤᠯᠵᠤ᠂ 2015᠎ᠤᠨ᠎ᠠᠴᠠ ᠡᠬᠢᠯᠡᠨ ᠰᠤᠷᠭᠠᠭᠤᠯᠢ᠎ᠶᠢᠨ ᠵᠠᠬᠢᠷᠤᠯ᠎ᠤᠨ ᠭᠠᠷ᠎ᠤᠨ ᠦᠰᠦᠭ ᠵᠢᠷᠤᠭᠰᠠᠨ ᠰᠤᠷᠭᠠᠭᠤᠯᠢ᠎ᠳᠤ ᠤᠷᠤᠬᠤ ᠮᠡᠳᠡᠭᠳᠡᠯ᠎ᠤᠨ ᠪᠢᠴᠢᠭ᠎ᠢ ᠬᠡᠷᠡᠭᠵᠢᠭᠦᠯᠵᠤ᠂ ᠰᠤᠷᠤᠭᠴᠢ ᠡᠯᠰᠡᠭᠰᠡᠨ ᠦᠷ᠎ᠡ ᠳ᠋ᠦᠩ᠎ᠳᠤ ᠬᠠᠷᠢᠭᠤᠴᠠᠯᠭ᠎ᠠ ᠡᠭᠦᠷᠭᠡᠯᠡᠭᠦᠯᠦᠨ᠎ᠡ᠃

  4. ᠰᠤᠷᠤᠭᠴᠢ ᠡᠯᠰᠡᠬᠦ ᠠᠷᠭ᠎ᠠ᠎ᠶᠢ ᠬᠠᠯᠠᠨ ᠰᠠᠢᠵᠢᠷᠠᠭᠤᠯᠤᠨ᠎ᠠ᠃ ᠨᠢᠭᠡᠳᠦᠯᠲᠠᠢ ᠱᠢᠯᠭᠠᠯᠲᠠ᠎ᠶᠢᠨ ᠬᠢᠷᠢ ᠪᠦᠲᠦᠮᠵᠢ᠎ᠶᠢ ᠨᠡᠢᠳᠡᠯᠡᠭᠰᠡᠨ᠎ᠤ ᠳᠠᠷᠠᠭ᠎ᠠ ᠰᠤᠷᠭᠠᠭᠤᠯᠢ᠎ᠳᠤ ᠤᠷᠤᠬᠤ ᠡᠷᠡᠮᠡᠯᠵᠡᠯ ᠲᠠᠭᠯᠠᠬᠤ ᠠᠷᠭ᠎ᠠ᠎ᠶᠢ ᠬᠡᠷᠡᠭᠵᠢᠭᠦᠯᠦᠨ᠎ᠡ᠃ ᠳᠡᠭᠡᠲᠤ ᠵᠡᠷᠭᠡ᠎ᠶᠢᠨ ᠰᠤᠷᠭᠠᠭᠤᠯᠢ᠎ᠶᠢᠨ ᠰᠤᠷᠤᠭᠴᠢ ᠡᠯᠰᠡᠬᠦ ᠪᠦᠯᠦᠭ ᠤᠳᠠᠭ᠎ᠠ᠎ᠶᠢ ᠨᠦᠬᠦᠴᠡᠯ ᠪᠦᠷᠢᠯᠳᠦᠭᠦᠯᠵᠤ ᠪᠠᠢᠭᠠᠳ ᠢᠳᠡᠭ ᠢᠳᠡᠭ᠎ᠢᠶᠠᠷ ᠦᠭᠡᠢᠰᠭᠡᠨ᠎ᠡ᠃ ᠳᠠᠩᠰᠠ ᠡᠪᠬᠡᠮᠡᠯ᠎ᠢ ᠭᠠᠷᠭᠠᠨ ᠦᠭᠴᠦ ᠰᠤᠷᠤᠭᠴᠢ ᠡᠯᠰᠡᠬᠦ ᠵᠠᠭᠪᠤᠷ᠎ᠢ ᠬᠠᠯᠠᠨ ᠦᠭᠡᠷᠡᠴᠢᠯᠡᠵᠤ᠂ ᠡᠷᠡᠮᠡᠯᠵᠡᠯ ᠲᠠᠭᠯᠠᠬᠤ ᠪᠠ ᠳᠠᠩᠰᠠ ᠡᠪᠬᠡᠮᠡᠯ᠎ᠢ ᠵᠡᠷᠭᠡ᠎ᠪᠡᠷ ᠭᠠᠷᠭᠠᠵᠤ ᠦᠭᠬᠦ ᠠᠷᠭ᠎ᠠ᠎ᠶᠢ ᠲᠡᠭᠦᠯᠳᠡᠷᠵᠢᠭᠦᠯᠦᠨ ᠠᠬᠢᠭᠤᠯᠵᠤ᠂ ᠳᠡᠭᠡᠲᠤ ᠵᠡᠷᠭᠡ᠎ᠶᠢᠨ ᠰᠤᠷᠭᠠᠭᠤᠯᠢ ᠪᠤᠯᠤᠨ ᠰᠤᠷᠤᠭᠴᠢ᠎ᠶᠢᠨ ᠬᠤᠶᠠᠷ ᠲᠠᠯ᠎ᠠ᠎ᠪᠠᠷ᠎ᠢᠶᠠᠨ ᠰᠤᠩᠭᠤᠯᠲᠠ ᠬᠢᠬᠦ ᠠᠵᠠ ᠲᠤᠬᠢᠶᠠᠯ᠎ᠢ ᠨᠡᠮᠡᠭᠳᠡᠭᠦᠯᠦᠨ᠎ᠡ᠃ 2015᠎ᠤᠨ᠎ᠠᠴᠠ ᠡᠬᠢᠯᠡᠨ ᠨᠦᠬᠦᠴᠡᠯ᠎ᠲᠠᠢ ᠮᠤᠵᠢ᠎ᠶᠢᠨ ᠰᠤᠷᠤᠭᠴᠢ ᠡᠯᠰᠡᠬᠦ ᠪᠦᠯᠦᠭ ᠤᠳᠠᠭ᠎ᠠ᠎ᠳᠤ ᠦᠭᠡᠷᠡᠴᠢᠯᠡᠯᠲᠡ ᠬᠢᠬᠦ ᠲᠤᠷᠱᠢᠯᠲᠠ᠎ᠶᠢ ᠶᠠᠪᠤᠭᠳᠠᠭᠤᠯᠤᠨ᠎ᠠ᠃

  5. ᠨᠡᠢᠭᠡᠮ᠎ᠤᠨ ᠬᠦᠮᠦᠰ᠎ᠤᠨ ᠨᠠᠰᠤᠨ ᠲᠤᠷᠱᠢᠳᠠ ᠰᠤᠷᠤᠯᠴᠠᠬᠤ ᠠᠷᠭ᠎ᠠ ᠵᠠᠮ᠎ᠢ ᠦᠷᠭᠡᠳᠭᠡᠨ᠎ᠡ᠃ ᠨᠡᠢᠭᠡᠮ᠎ᠤᠨ ᠬᠦᠮᠦᠰ᠎ᠤᠨ ᠤᠯᠠᠨ ᠡᠱᠢᠴᠢᠯᠡᠭᠰᠡᠨ ᠰᠤᠷᠭᠠᠨ ᠬᠦᠮᠦᠵᠢᠯ ᠬᠦᠷᠲᠡᠬᠦ ᠠᠵᠠ ᠲᠤᠬᠢᠶᠠᠯ᠎ᠢ ᠦᠷᠭᠡᠳᠭᠡᠵᠤ᠂ ᠳᠤᠮᠳᠠᠵᠡᠷᠭᠡ᠎ᠶᠢᠨ ᠠᠵᠢᠯ ᠮᠡᠷᠭᠡᠵᠢᠯ᠎ᠤᠨ ᠰᠤᠷᠭᠠᠭᠤᠯᠢ᠎ᠶᠢᠨ ᠳᠠᠩᠰᠠᠯᠠᠵᠤ ᠰᠤᠷᠭᠠᠭᠤᠯᠢ᠎ᠳᠤ ᠤᠷᠤᠬᠤ᠎ᠶᠢ ᠬᠡᠷᠡᠭᠵᠢᠭᠦᠯᠵᠤ᠂ ᠨᠠᠰᠤᠨ᠎ᠳᠤ ᠬᠦᠷᠦᠭᠰᠡᠳ᠎ᠤᠨ ᠳᠡᠭᠡᠲᠤ ᠵᠡᠷᠭᠡ᠎ᠶᠢᠨ ᠰᠤᠷᠤᠯᠭ᠎ᠠ᠎ᠶᠢᠨ ᠨᠠᠮᠳᠠᠷ᠎ᠤᠨ ᠰᠤᠷᠭᠠᠨ ᠬᠦᠮᠦᠵᠢᠯ᠎ᠳᠤ ᠬᠠᠷᠢᠮᠠᠬᠠᠢ ᠰᠤᠷᠤᠯᠭ᠎ᠠ᠎ᠶᠢᠨ ᠳᠦᠷᠢᠮ᠎ᠢ ᠬᠡᠷᠡᠭᠵᠢᠭᠦᠯᠦᠨ᠂ ᠰᠤᠷᠭᠠᠭᠤᠯᠢ᠎ᠳᠤ ᠤᠷᠤᠬᠤ ᠨᠦᠬᠦᠴᠡᠯ᠎ᠢ ᠠᠭᠤᠵᠢᠭᠤ ᠲᠠᠯᠪᠢᠵᠤ ᠰᠤᠷᠭᠠᠭᠤᠯᠢ᠎ᠠᠴᠠ ᠲᠡᠭᠦᠰᠬᠦ ᠨᠦᠬᠦᠴᠡᠯ᠎ᠢ ᠦᠨᠳᠦᠷ ᠪᠤᠯᠭᠠᠨ᠎ᠠ᠃ ᠵᠡᠮᠳᠡᠭᠴᠤᠳ ᠵᠡᠷᠭᠡ ᠤᠨᠴᠠᠭᠠᠢ ᠬᠦᠮᠦᠰ᠎ᠤᠨ ᠨᠢᠭᠡᠳᠦᠯᠲᠠᠢ ᠱᠢᠯᠭᠠᠯᠲᠠ᠎ᠳᠤ ᠤᠷᠤᠯᠴᠠᠬᠤ᠎ᠳᠤ ᠦᠢᠯᠡᠴᠢᠯᠡᠭᠡ ᠬᠠᠩᠭᠠᠨ᠎ᠠ᠃ ᠤᠯᠠᠨ ᠬᠡᠯᠪᠡᠷᠢ ᠮᠠᠶᠢᠭ᠎ᠢᠶᠠᠷ ᠰᠤᠷᠤᠯᠴᠠᠭᠰᠠᠨ ᠰᠤᠷᠤᠯᠭ᠎ᠠ᠎ᠶᠢᠨ ᠬᠢᠷᠢ ᠪᠦᠲᠦᠮᠵᠢ᠎ᠶᠢ ᠦᠨᠡᠯᠡᠨ ᠲᠤᠭᠲᠠᠭᠠᠵᠤ ᠬᠤᠪᠢᠷᠠᠭᠤᠯᠬᠤ ᠳᠦᠷᠢᠮ᠎ᠢ ᠰᠦᠪᠡᠭᠴᠢᠯᠡᠨ ᠪᠠᠢᠭᠤᠯᠵᠤ᠂ ᠡᠩ᠎ᠤᠨ ᠳᠡᠭᠡᠲᠤ ᠵᠡᠷᠭᠡ᠎ᠶᠢᠨ ᠰᠤᠷᠭᠠᠭᠤᠯᠢ᠂ ᠳᠡᠭᠡᠲᠤ ᠵᠡᠷᠭᠡ᠎ᠶᠢᠨ ᠠᠵᠢᠯ ᠮᠡᠷᠭᠡᠵᠢᠯ᠎ᠤᠨ ᠰᠤᠷᠭᠠᠭᠤᠯᠢ᠂ ᠨᠠᠰᠤᠨ᠎ᠳᠤ ᠬᠦᠷᠦᠭᠰᠡᠳ᠎ᠤᠨ ᠳᠡᠭᠡᠲᠤ ᠵᠡᠷᠭᠡ᠎ᠶᠢᠨ ᠰᠤᠷᠭᠠᠭᠤᠯᠢ ᠬᠤᠭᠤᠷᠤᠨᠳᠤ᠎ᠪᠠᠨ ᠰᠤᠷᠤᠯᠭ᠎ᠠ᠎ᠶᠢᠨ ᠬᠤᠪᠢ᠎ᠶᠢ ᠮᠡᠳᠡᠷᠡᠯᠴᠡᠬᠦ ᠠᠷᠭ᠎ᠠ᠎ᠶᠢ ᠬᠡᠷᠡᠭᠵᠢᠭᠦᠯᠦᠨ᠂ ᠤᠯᠠᠨ ᠵᠦᠢᠯ᠎ᠤᠨ ᠰᠤᠷᠤᠯᠴᠠᠬᠤ ᠠᠷᠭ᠎ᠠ ᠵᠠᠮ᠂ ᠰᠤᠷᠤᠯᠴᠠᠬᠤ ᠠᠷᠭ᠎ᠠ ᠬᠡᠯᠪᠡᠷᠢ᠂ ᠰᠤᠷᠤᠯᠴᠠᠬᠤ ᠶᠠᠪᠤᠴᠠ᠎ᠶᠢ ᠬᠠᠷᠢᠯᠴᠠᠨ ᠵᠠᠯᠭᠠᠭᠤᠯᠤᠨ ᠤᠶᠠᠯᠳᠤᠭᠤᠯᠬᠤ᠎ᠶᠢ ᠪᠡᠶᠡᠯᠡᠬᠦᠯᠵᠤ᠂ ᠴᠢᠳᠠᠪᠤᠷᠢᠲᠠᠨ᠎ᠤ ᠦᠰᠦᠯᠲᠡ ᠪᠣᠢᠵᠢᠯᠲᠠ᠎ᠳᠤ 《ᠵᠦᠷᠢᠯᠢᠭ ᠬᠦᠬᠦᠷᠭᠡ》 ᠳᠡᠪᠢᠰᠴᠤ ᠦᠭᠬᠦᠨ᠎ᠡ᠃ 2015᠎ᠤᠨ᠎ᠳᠤ ᠰᠤᠷᠤᠯᠭ᠎ᠠ᠎ᠶᠢᠨ ᠬᠤᠪᠢ᠎ᠶᠢ ᠬᠠᠷᠢᠯᠴᠠᠨ ᠵᠦᠪᠱᠢᠶᠡᠷᠡᠬᠦ ᠪᠠ ᠬᠠᠷᠢᠯᠴᠠᠨ ᠮᠡᠳᠡᠷᠡᠯᠴᠡᠬᠦ ᠲᠤᠬᠠᠢ ᠰᠠᠨᠠᠯ᠎ᠢ ᠰᠤᠳᠤᠯᠵᠤ ᠨᠡᠢᠳᠡᠯᠡᠨ᠎ᠡ᠃

   (ᠳᠥᠷᠪᠡ) ᠬᠢᠨᠠᠯᠲᠠ ᠲᠠᠯᠪᠢᠬᠤ ᠬᠠᠮᠢᠶᠠᠷᠤᠯᠲᠠ᠎ᠶᠢᠨ ᠲᠣᠭᠲᠠᠴᠠ᠎ᠶᠢ ᠬᠠᠯᠠᠨ ᠥᠭᠡᠷᠡᠴᠢᠯᠡᠨ᠎ᠡ

  1. ᠮᠡᠳᠡᠭᠡ ᠵᠠᠩᠬᠢ᠎ᠶᠢ ᠢᠯᠡ ᠨᠡᠢᠳᠡᠯᠡᠬᠦ᠎ᠶᠢ ᠴᠢᠩᠭᠠᠳᠭᠠᠨ᠎ᠠ᠃ ᠳᠡᠭᠡᠲᠤ ᠵᠡᠷᠭᠡ᠎ᠶᠢᠨ ᠰᠤᠷᠭᠠᠭᠤᠯᠢ᠎ᠶᠢᠨ 《ᠢᠯᠡ᠎ᠪᠠᠷ ᠰᠤᠷᠤᠭᠴᠢ ᠡᠯᠰᠡᠬᠦ ᠢᠨᠵᠧᠨᠧᠷᠢᠩ》᠎ᠢ ᠬᠦᠨᠵᠡᠭᠡᠢ ᠨᠠᠢᠳᠠᠪᠦᠷᠢᠵᠢᠭᠤᠯᠵᠤ᠂ ᠱᠠᠲᠤᠨ ᠬᠤᠪᠢᠶᠠᠨ ᠬᠠᠷᠢᠭᠤᠴᠠᠬᠤ ᠪᠠ ᠮᠡᠳᠡᠭᠡ ᠵᠠᠩᠭᠢ᠎ᠶᠢ ᠢᠯᠡ ᠨᠡᠢᠳᠡᠯᠡᠬᠦ ᠳᠦᠷᠢᠮ᠎ᠢ ᠲᠡᠭᠦᠯᠳᠡᠷᠵᠢᠭᠦᠯᠦᠨ᠎ᠡ᠃ ᠮᠡᠳᠡᠭᠡ ᠵᠠᠩᠭᠢ᠎ᠶᠢ ᠢᠯᠡ ᠪᠤᠯᠭᠠᠬᠤ ᠠᠭᠤᠯᠭ᠎ᠠ᠎ᠶᠢ ᠴᠢᠨᠠᠭᠱᠢᠲᠠ ᠦᠷᠭᠡᠳᠭᠡᠵᠤ᠂ ᠰᠤᠷᠤᠭᠴᠢ ᠡᠯᠰᠡᠬᠦ ᠲᠦᠷᠦ᠎ᠶᠢᠨ ᠪᠤᠳᠤᠯᠭ᠎ᠠ᠂ ᠰᠤᠷᠤᠭᠴᠢ ᠡᠯᠰᠡᠬᠦ ᠬᠢᠷᠢ ᠬᠡᠮ᠂ ᠰᠤᠷᠤᠭᠴᠢ ᠡᠯᠰᠡᠬᠦ ᠳᠦᠷᠢᠮ᠂ ᠰᠤᠷᠤᠭᠴᠢ ᠡᠯᠰᠡᠬᠦ ᠲᠦᠯᠦᠪᠯᠡᠭᠡ᠂ ᠰᠤᠷᠤᠭᠴᠢ ᠡᠯᠰᠡᠬᠦ ᠶᠠᠪᠤᠴᠠ᠂ ᠰᠤᠷᠤᠭᠴᠢ ᠡᠯᠰᠡᠭᠰᠡᠨ ᠦᠷ᠎ᠡ ᠳ᠋ᠦᠩ ᠵᠢᠴᠢ ᠯᠠᠪᠯᠠᠨ ᠪᠠᠢᠴᠠᠭᠠᠬᠤ ᠪᠠ ᠭᠤᠮᠤᠳᠠᠯ ᠲᠤᠭᠠᠴᠢᠬᠤ ᠠᠷᠭ᠎ᠠ ᠵᠠᠮ᠂ ᠳᠦᠷᠢᠮ ᠲᠤᠭᠲᠠᠭᠠᠯ᠎ᠢ ᠵᠦᠷᠢᠴᠡᠭᠰᠡᠨ ᠴᠢᠬᠤᠯᠠ ᠶᠡᠭᠡ ᠤᠴᠢᠷ ᠶᠠᠪᠤᠳᠠᠯ᠎ᠢ ᠱᠢᠢᠳᠪᠦᠷᠢᠯᠡᠭᠰᠡᠨ ᠦᠷ᠎ᠡ ᠳ᠋ᠦᠩ᠂ ᠡᠯᠰᠡᠭᠰᠡᠨ ᠱᠢᠨ᠎ᠡ ᠰᠤᠷᠤᠭᠴᠢ᠎ᠶᠢ ᠳᠠᠬᠢᠨ ᠪᠠᠢᠴᠠᠭᠠᠭᠰᠠᠨ ᠦᠷ᠎ᠡ ᠳ᠋ᠦᠩ ᠵᠡᠷᠭᠡ ᠮᠡᠳᠡᠭᠡ ᠵᠠᠩᠭᠢ᠎ᠶᠢ ᠴᠠᠭ ᠲᠤᠬᠠᠢ᠎ᠳᠤ᠎ᠨᠢ ᠢᠯᠡ ᠨᠡᠢᠳᠡᠯᠡᠨ᠎ᠡ᠃ ᠮᠡᠳᠡᠭᠡ ᠵᠠᠩᠭᠢ᠎ᠶᠢ ᠢᠯᠡ ᠨᠡᠢᠳᠡᠯᠡᠬᠦ ᠬᠦᠷᠢᠶ᠎ᠡ ᠬᠡᠪᠴᠢᠶ᠎ᠡ᠎ᠶᠢ ᠴᠢᠨᠠᠭᠱᠢᠲᠠ ᠦᠷᠭᠡᠳᠭᠡᠵᠤ᠂ ᠱᠢᠯᠭᠠᠭᠤᠯᠤᠭᠰᠠᠳ᠂ ᠰᠤᠷᠭᠠᠭᠤᠯᠢ ᠪᠤᠯᠤᠨ ᠬᠡᠷ᠎ᠤᠨ ᠠᠬᠠᠮᠠᠳ᠎ᠤᠨ ᠬᠢᠨᠠᠯᠲᠠ᠎ᠶᠢ ᠬᠦᠯᠢᠶᠡᠨ᠎ᠡ᠃

  2. ᠪᠠᠲᠤᠯᠠᠭ᠎ᠠ᠎ᠶᠢᠨ ᠳᠦᠷᠢᠮ᠎ᠢ ᠴᠢᠩᠭᠠᠳᠭᠠᠨ᠎ᠠ᠃ ᠵᠠᠰᠠᠭ᠎ᠤᠨ ᠤᠷᠳᠤᠨ᠎ᠤ ᠰᠠᠯᠠᠭ᠎ᠠ ᠮᠦᠴᠢᠷ᠎ᠤᠨ ᠬᠤᠭᠤᠷᠤᠨᠳᠤᠬᠢ ᠬᠠᠮᠲᠤᠷᠠᠯᠴᠠᠬᠤ ᠲᠤᠭᠲᠠᠴᠠ᠎ᠶᠢ ᠪᠠᠢᠭᠤᠯᠵᠤ ᠲᠡᠭᠦᠯᠳᠡᠷᠵᠢᠭᠦᠯᠦᠨ᠂ ᠰᠤᠷᠭᠠᠨ ᠬᠦᠮᠦᠵᠢᠯ᠎ᠤᠨ ᠱᠢᠯᠭᠠᠯᠲᠠ᠎ᠶᠢᠨ ᠠᠮᠤᠷ ᠲᠦᠪᠱᠢᠨ᠎ᠤ ᠬᠠᠮᠢᠶᠠᠷᠤᠯᠲᠠ᠎ᠶᠢᠨ ᠳᠦᠷᠢᠮ᠎ᠤᠨ ᠪᠠᠢᠭᠤᠯᠤᠯᠲᠠ᠎ᠶᠢ ᠴᠢᠩᠭᠠᠳᠭᠠᠵᠤ᠂ ᠱᠢᠨᠵᠢᠯᠡᠬᠦ ᠤᠬᠠᠭᠠᠨᠴᠢᠯᠠᠭᠰᠠᠨ᠂ ᠳᠦᠷᠢᠮᠵᠢᠭᠰᠡᠨ᠂ ᠡᠷᠡᠰ ᠴᠢᠩᠭ᠎ᠠ ᠬᠠᠮᠢᠶᠠᠷᠤᠯᠲᠠ ᠪᠦᠬᠦᠢ ᠰᠤᠷᠭᠠᠨ ᠬᠦᠮᠦᠵᠢᠯ᠎ᠤᠨ ᠱᠢᠯᠭᠠᠯᠲᠠ᠎ᠶᠢᠨ ᠠᠮᠤᠷ ᠲᠦᠪᠱᠢᠨ᠎ᠤ ᠱᠢᠰᠲᠧᠮ᠎ᠢ ᠪᠠᠢᠭᠤᠯᠤᠨ᠎ᠠ᠃ ᠢᠲᠡᠭᠡᠮᠵᠢᠲᠤ ᠳᠦᠷᠢᠮ᠎ᠢ ᠲᠡᠭᠦᠯᠳᠡᠷᠵᠢᠭᠦᠯᠦᠨ᠂ ᠱᠢᠯᠭᠠᠭᠤᠯᠤᠭᠰᠠᠳ᠎ᠤᠨ ᠢᠲᠡᠭᠡᠮᠵᠢᠲᠤ ᠬᠦᠮᠦᠵᠢᠯ ᠪᠤᠯᠤᠨ ᠢᠲᠡᠭᠡᠮᠵᠢᠲᠤ ᠳᠠᠩᠰᠠ ᠡᠪᠬᠡᠮᠡᠯ᠎ᠤᠨ ᠬᠠᠮᠢᠶᠠᠷᠤᠯᠲᠠ᠎ᠶᠢ ᠴᠢᠩᠭᠠᠳᠭᠠᠨ᠎ᠠ᠃ ᠰᠤᠷᠭᠠᠨ ᠬᠦᠮᠦᠵᠢᠯ᠎ᠤᠨ ᠱᠢᠯᠭᠠᠯᠲᠠ ᠬᠢᠵᠤ ᠰᠤᠷᠤᠭᠴᠢ ᠡᠯᠰᠡᠬᠦ ᠬᠠᠤᠯᠢ ᠴᠠᠭᠠᠵᠠ ᠬᠠᠤᠯᠢ ᠲᠤᠭᠲᠠᠭᠠᠯ᠎ᠢ ᠲᠡᠭᠦᠯᠳᠡᠷᠵᠢᠭᠦᠯᠦᠨ᠂ ᠱᠢᠯᠭᠠᠯᠲᠠ ᠬᠢᠵᠤ ᠰᠤᠷᠤᠭᠴᠢ ᠡᠯᠰᠡᠬᠦ ᠬᠠᠤᠯᠢᠵᠢᠭᠰᠠᠨ ᠲᠦᠪᠱᠢᠨ᠎ᠢ ᠳᠡᠭᠡᠭᠱᠢᠯᠡᠬᠦᠯᠦᠨ᠎ᠡ᠃

  3. ᠳᠦᠷᠢᠮ ᠲᠤᠭᠲᠠᠭᠠᠯ᠎ᠢ ᠵᠦᠷᠢᠴᠡᠭᠰᠡᠳ᠎ᠢ ᠪᠠᠢᠴᠠᠭᠠᠬᠤ ᠡᠷᠴᠢᠮ᠎ᠢᠶᠠᠨ ᠴᠢᠩᠭᠠᠷᠠᠭᠤᠯᠤᠨ᠎ᠠ᠃ ᠱᠢᠯᠭᠠᠯᠲᠠ ᠬᠢᠵᠤ ᠰᠤᠷᠤᠭᠴᠢ ᠡᠯᠰᠡᠬᠦ ᠪᠦᠬᠦ ᠶᠠᠪᠤᠴᠠ᠎ᠳᠤ ᠬᠢᠨᠠᠯᠲᠠ ᠲᠠᠯᠪᠢᠬᠤ᠎ᠶᠢ ᠴᠢᠩᠭᠠᠳᠭᠠᠨ᠎ᠠ᠃ ᠬᠠᠤᠯᠢ ᠳᠦᠷᠢᠮ᠎ᠢ ᠵᠦᠷᠢᠴᠡᠭᠰᠡᠨ ᠠᠵᠢᠯᠯᠠᠭ᠎ᠠ᠎ᠶᠢ ᠡᠷᠡᠰ ᠴᠢᠩᠭ᠎ᠠ ᠪᠠᠢᠴᠠᠭᠠᠵᠤ᠂ ᠲᠤᠬᠠᠢ᠎ᠶᠢᠨ ᠬᠦᠮᠦᠨ ᠪᠤᠯᠤᠨ ᠬᠤᠯᠪᠤᠭᠳᠠᠯ ᠪᠦᠬᠦᠢ ᠬᠦᠮᠦᠨ᠎ᠤ ᠬᠠᠷᠢᠭᠤᠴᠠᠯᠭ᠎ᠠ᠎ᠶᠢ ᠨᠡᠬᠡᠮᠵᠢᠯᠡᠨ᠂ ᠪᠠᠢᠴᠠᠭᠠᠵᠤ ᠱᠢᠢᠳᠪᠦᠷᠢᠯᠡᠭᠰᠡᠨ ᠦᠷ᠎ᠡ ᠳ᠋ᠦᠩ᠎ᠢ ᠴᠠᠭ ᠲᠤᠬᠠᠢ᠎ᠳᠤ᠎ᠨᠢ ᠢᠯᠡ ᠨᠡᠢᠳᠡᠯᠡᠨ᠎ᠡ᠃ ᠶᠠᠯ᠎ᠠ ᠬᠢᠭᠰᠡᠨ ᠬᠡᠮᠵᠢᠶᠡᠨ᠎ᠳᠤ ᠬᠦᠷᠦᠭᠰᠡᠨ ᠪᠤᠯ ᠬᠠᠤᠯᠢ ᠴᠠᠭᠠᠵᠠ᠎ᠶᠢᠨ ᠪᠠᠢᠭᠤᠯᠤᠯᠭ᠎ᠠ᠎ᠠᠴᠠ ᠬᠠᠤᠯᠢ ᠶᠤᠰᠤᠭᠠᠷ ᠡᠷᠡᠭᠦᠦ᠎ᠶᠢᠨ ᠬᠡᠷᠡᠭ᠎ᠤᠨ ᠬᠠᠷᠢᠭᠤᠴᠠᠯᠭ᠎ᠠ ᠨᠡᠬᠡᠮᠵᠢᠯᠡᠨ᠎ᠡ᠃

   (ᠲᠠᠪᠤ) ᠳᠡᠭᠡᠲᠦ ᠵᠡᠷᠭᠡ᠎ᠶᠢᠨ ᠰᠤᠷᠭᠠᠭᠤᠯᠢ᠎ᠶᠢᠨ ᠰᠤᠷᠤᠭᠴᠢ ᠡᠯᠰᠡᠬᠦ ᠨᠢᠭᠡᠳᠤᠯᠲᠠᠢ ᠱᠢᠯᠭᠠᠯᠲᠠ᠎ᠶᠢᠨ ᠶᠡᠷᠦᠩᠬᠡᠢᠯᠡᠭᠰᠡᠨ ᠦᠭᠡᠷᠡᠴᠢᠯᠡᠯᠲᠡ᠎ᠶᠢᠨ ᠲᠤᠷᠱᠢᠯᠲᠠ᠎ᠶᠢᠨ ᠴᠡᠭ᠎ᠤᠨ ᠠᠵᠢᠯ᠎ᠢ ᠡᠬᠢᠯᠡᠵᠤ ᠦᠷᠨᠢᠭᠦᠯᠦᠨ᠎ᠡ᠃

  1. ᠱᠢᠯᠭᠠᠯᠲᠠ ᠬᠢᠬᠦ ᠬᠢᠴᠢᠶᠡᠯ ᠲᠦᠷᠦᠯ᠎ᠤᠨ ᠲᠤᠬᠢᠷᠠᠭᠤᠯᠤᠯᠲᠠ᠎ᠶᠢ ᠦᠭᠡᠷᠡᠴᠢᠯᠡᠨ᠎ᠡ᠃ ᠳᠡᠭᠡᠲᠤ ᠵᠡᠷᠭᠡ᠎ᠶᠢᠨ ᠰᠤᠷᠭᠠᠭᠤᠯᠢ᠎ᠶᠢᠨ ᠰᠤᠷᠤᠭᠴᠢ ᠡᠯᠰᠡᠬᠦ ᠨᠢᠭᠡᠳᠤᠯᠲᠠᠢ ᠱᠢᠯᠭᠠᠯᠲᠠ ᠪᠠ ᠳᠡᠭᠡᠳᠤ ᠵᠡᠷᠭᠡ᠎ᠶᠢᠨ ᠳᠤᠮᠳᠠᠲᠤ ᠰᠤᠷᠭᠠᠭᠤᠯᠢ᠎ᠶᠢᠨ ᠰᠤᠷᠤᠯᠴᠠᠯᠭ᠎ᠠ᠎ᠶᠢᠨ ᠬᠠᠷᠢᠯᠴᠠᠨ ᠬᠤᠯᠪᠤᠯᠳᠤᠬᠤ ᠡᠷᠴᠢᠮ᠎ᠢ ᠴᠢᠩᠭᠠᠷᠠᠭᠤᠯᠵᠤ᠂ ᠱᠢᠯᠭᠠᠭᠤᠯᠤᠭᠰᠠᠳ᠎ᠤᠨ ᠶᠡᠷᠦᠩᠭᠡᠢ ᠬᠢᠷᠢ ᠪᠦᠲᠦᠮᠵᠢ᠎ᠳᠤ ᠨᠢᠭᠡᠳᠦᠯᠲᠠᠢ ᠱᠢᠯᠭᠠᠯᠲᠠ᠎ᠶᠢᠨ ᠬᠡᠯᠡ ᠪᠢᠴᠢᠭ᠂ ᠲᠤᠭᠠᠨ᠎ᠤ ᠤᠬᠠᠭᠠᠨ᠂ ᠭᠠᠳᠠᠭᠠᠲᠤ ᠬᠡᠯᠡ ᠵᠡᠷᠭᠡ ᠭᠤᠷᠪᠠᠨ ᠬᠢᠴᠢᠶᠡᠯ ᠲᠦᠷᠦᠯ᠎ᠤᠨ ᠬᠢᠷᠢ ᠪᠦᠲᠦᠮᠵᠢ ᠪᠤᠯᠤᠨ ᠳᠡᠭᠡᠲᠤ ᠵᠡᠷᠭᠡ᠎ᠶᠢᠨ ᠳᠤᠮᠳᠠᠲᠤ ᠰᠤᠷᠭᠠᠭᠤᠯᠢ᠎ᠶᠢᠨ ᠰᠤᠷᠤᠯᠭ᠎ᠠ᠎ᠶᠢᠨ ᠲᠦᠪᠱᠢᠨ᠎ᠤ ᠱᠢᠯᠭᠠᠯᠲᠠ᠎ᠶᠢᠨ 3 ᠬᠢᠴᠢᠶᠡᠯ ᠲᠦᠷᠦᠯ᠎ᠤᠨ ᠬᠢᠷᠢ ᠪᠦᠲᠦᠮᠵᠢ᠎ᠶᠢ ᠪᠤᠳᠤᠵᠤ ᠤᠷᠤᠭᠤᠯᠤᠨ᠎ᠠ᠃ ᠨᠢᠭᠡᠳᠤᠯᠲᠠᠢ ᠱᠢᠯᠭᠠᠯᠲᠠ᠎ᠶᠢᠨ ᠱᠢᠯᠭᠠᠬᠤ ᠲᠦᠷᠦᠯ ᠵᠦᠢᠯ᠎ᠳᠤ ᠬᠡᠯᠡ ᠪᠢᠴᠢᠭ᠂ ᠲᠤᠭᠠᠨ᠎ᠤ ᠤᠬᠠᠭᠠᠨ᠂ ᠭᠠᠳᠠᠭᠠᠲᠤ ᠬᠡᠯᠡ᠎ᠨᠢ ᠬᠤᠪᠢᠷᠠᠬᠤ᠎ᠦᠭᠡᠢ᠂ ᠬᠤᠪᠢ᠎ᠶᠢᠨ ᠦᠷᠲᠡᠭ᠎ᠴᠤ ᠬᠤᠪᠢᠷᠠᠬᠤ᠎ᠦᠭᠡᠢ᠃ ᠨᠡᠢᠭᠡᠮ᠎ᠤᠨ ᠪᠠ ᠪᠠᠢᠭᠠᠯᠢ᠎ᠶᠢᠨ ᠱᠢᠨᠵᠢᠯᠡᠭᠡᠨ᠎ᠤ ᠲᠦᠷᠦᠯ ᠵᠦᠢᠯ ᠬᠡᠵᠤ ᠬᠤᠪᠢᠶᠠᠬᠤ᠎ᠦᠭᠡᠢ᠂ ᠭᠠᠳᠠᠭᠠᠲᠤ ᠬᠡᠯᠡᠨ᠎ᠤ ᠬᠢᠴᠢᠶᠡᠯ᠎ᠤᠨ ᠱᠢᠯᠭᠠᠯᠲᠠ᠎ᠳᠤ ᠬᠤᠶᠠᠷ ᠤᠳᠠᠭ᠎ᠠ ᠤᠷᠤᠯᠴᠠᠵᠤ ᠪᠤᠯᠬᠤ ᠠᠵᠠ ᠲᠤᠬᠢᠶᠠᠯ ᠤᠯᠭᠤᠨ᠎ᠠ᠃ ᠶᠡᠷᠦᠩᠭᠡᠢ ᠬᠢᠷᠢ ᠪᠦᠲᠦᠮᠵᠢ᠎ᠳᠤ ᠪᠤᠳᠤᠵᠤ ᠤᠷᠤᠭᠤᠯᠬᠤ ᠳᠡᠭᠡᠲᠤ ᠵᠡᠷᠭᠡ᠎ᠶᠢᠨ ᠳᠤᠮᠳᠠᠲᠤ ᠰᠤᠷᠭᠠᠭᠤᠯᠢ᠎ᠶᠢᠨ ᠰᠤᠷᠤᠯᠭ᠎ᠠ᠎ᠶᠢᠨ ᠲᠦᠪᠱᠢᠨ᠎ᠤ ᠱᠢᠯᠭᠠᠯᠲᠠ᠎ᠶᠢᠨ ᠬᠢᠴᠢᠶᠡᠯ ᠲᠦᠷᠦᠯ᠎ᠳᠤ ᠱᠢᠯᠭᠠᠭᠤᠯᠤᠭᠰᠠᠳ᠎ᠨᠡᠷ᠎ᠡ ᠮᠡᠳᠡᠭᠦᠯᠵᠤ ᠱᠢᠯᠭᠠᠭᠤᠯᠤᠭᠰᠠᠨ ᠳᠡᠭᠡᠲᠤ ᠵᠡᠷᠭᠡ᠎ᠶᠢᠨ ᠰᠤᠷᠭᠠᠭᠤᠯᠢ᠎ᠶᠢᠨ ᠱᠠᠭᠠᠷᠳᠠᠯᠭ᠎ᠠ ᠪᠤᠯᠤᠨ ᠦᠪᠡᠷ᠎ᠤᠨ ᠦᠪᠡᠷᠮᠢᠴᠡ ᠤᠴᠠᠯᠢᠭ᠎ᠢᠶᠠᠨ ᠦᠨᠳᠦᠰᠦᠯᠡᠨ᠂ ᠦᠵᠡᠯ ᠰᠠᠨᠠᠭ᠎ᠠ ᠤᠯᠤᠰ ᠲᠦᠷᠦ᠂ ᠲᠡᠤᠭᠡ᠂ ᠭᠠᠵᠠᠷ ᠵᠦᠢ᠂ ᠬᠢᠮᠢ᠂ ᠹᠢᠽᠢᠺ᠂ ᠠᠮᠢᠳᠤ ᠪᠤᠳᠠᠰ ᠵᠡᠷᠭᠡ ᠬᠢᠴᠢᠶᠡᠯ ᠲᠦᠷᠦᠯ ᠳᠤᠲᠤᠷ᠎ᠠ᠎ᠠᠴᠠ ᠦᠪᠡᠷ᠎ᠢᠶᠠᠨ ᠰᠤᠩᠭᠤᠯᠲᠠ ᠬᠢᠨ᠎ᠠ᠃

  2. ᠰᠤᠷᠤᠭᠴᠢ ᠡᠯᠰᠡᠬᠦ ᠲᠤᠭᠲᠠᠴᠠ᠎ᠶᠢ ᠦᠭᠡᠷᠡᠴᠯᠡᠨ᠎ᠡ᠃ ᠨᠢᠭᠡᠳᠤᠯᠲᠠᠢ ᠱᠢᠯᠭᠠᠯᠲᠠ ᠪᠤᠯᠤᠨ ᠳᠡᠭᠡᠲᠤ ᠵᠡᠷᠭᠡ᠎ᠶᠢᠨ ᠳᠤᠮᠳᠠᠲᠤ ᠰᠤᠷᠭᠠᠭᠤᠯᠢ᠎ᠶᠢᠨ ᠰᠤᠷᠤᠯᠭ᠎ᠠ᠎ᠶᠢᠨ ᠲᠦᠪᠱᠢᠨ᠎ᠤ ᠱᠢᠯᠭᠠᠯᠲᠠ᠎ᠶᠢᠨ ᠬᠢᠷᠢ ᠲᠦᠪᠱᠢᠨ᠎ᠤ ᠱᠢᠯᠭᠠᠯᠲᠠ᠎ᠶᠢᠨ ᠬᠢᠷᠢ ᠪᠦᠲᠦᠮᠵᠢ᠎ᠳᠤ ᠰᠠᠭᠤᠷᠢᠯᠠᠵᠤ᠂ ᠶᠡᠷᠦᠩᠭᠡᠢ ᠬᠡᠪ ᠴᠢᠨᠠᠷ᠎ᠤᠨ ᠦᠨᠡᠯᠡᠯᠲᠡ᠎ᠪᠠᠷ ᠯᠠᠪᠯᠠᠯᠲᠠ ᠪᠤᠯᠭᠠᠭᠰᠠᠨ ᠤᠯᠠᠨ ᠡᠱᠢᠴᠢᠯᠡᠭᠰᠡᠨ ᠰᠤᠷᠤᠭᠴᠢ ᠡᠯᠰᠡᠬᠦ ᠲᠤᠭᠲᠠᠴᠠ᠎ᠶᠢ ᠰᠦᠪᠡᠭᠴᠢᠯᠡᠨ᠎ᠡ᠃ ᠳᠡᠭᠡᠲᠤ ᠵᠡᠷᠭᠡ᠎ᠶᠢᠨ ᠰᠤᠷᠭᠠᠭᠤᠯᠢ᠎ᠨᠤᠭᠤᠳ ᠰᠤᠷᠭᠠᠭᠤᠯᠢ ᠡᠷᠬᠢᠯᠡᠬᠦ ᠪᠠᠢᠷᠢ ᠲᠤᠭᠲᠠᠭᠠᠯᠲᠠ ᠪᠤᠯᠤᠨ ᠲᠤᠰᠭᠠᠢ ᠮᠡᠷᠭᠡᠵᠢᠯ᠎ᠤᠨ ᠬᠦᠮᠦᠨ ᠬᠦᠮᠦᠵᠢᠬᠦᠯᠬᠦ ᠬᠠᠷᠠᠯᠲᠠ᠎ᠪᠠᠨ ᠦᠨᠳᠦᠰᠦᠯᠡᠨ᠂ ᠱᠢᠯᠭᠠᠭᠤᠯᠤᠭᠰᠠᠳ᠎ᠤᠨ ᠳᠡᠭᠡᠲᠤ ᠵᠡᠷᠭᠡ᠎ᠶᠢᠨ ᠳᠤᠮᠳᠠᠲᠤ ᠰᠤᠷᠭᠠᠭᠤᠯᠢ᠎ᠶᠢᠨ ᠰᠤᠷᠤᠯᠭ᠎ᠠ᠎ᠶᠢᠨ ᠲᠦᠪᠱᠢᠨ᠎ᠤ ᠱᠢᠯᠭᠠᠯᠲᠠ᠎ᠶᠢᠨ ᠬᠢᠴᠢᠶᠡᠯ ᠲᠦᠷᠦᠯ᠎ᠢᠶᠠᠨ ᠦᠨᠳᠦᠰᠦᠯᠡᠨ᠎ᠨᠡᠷ᠎ᠡ ᠮᠡᠳᠡᠭᠦᠯᠵᠤ ᠱᠢᠯᠭᠠᠭᠤᠯᠤᠭᠰᠠᠨ ᠱᠠᠭᠠᠷᠳᠠᠯᠭ᠎ᠠ ᠪᠤᠯᠤᠨ ᠶᠡᠷᠦᠩᠭᠡᠢ ᠬᠡᠪ ᠴᠢᠨᠠᠷ᠎ᠤᠨ ᠦᠨᠡᠯᠡᠯᠲᠡ᠎ᠶᠢ ᠶᠠᠭᠠᠬᠢᠵᠤ ᠡᠱᠢᠯᠡᠵᠤ ᠠᠱᠢᠭᠯᠠᠬᠤ ᠲᠤᠬᠠᠢ ᠠᠷᠭ᠎ᠠ᠎ᠶᠢ ᠰᠤᠳᠤᠯᠤᠨ ᠲᠤᠭᠲᠠᠭᠠᠵᠤ ᠨᠡᠢᠭᠡᠮ᠎ᠳᠤ ᠤᠷᠢᠳᠴᠢᠯᠠᠨ ᠢᠯᠡ  ᠨᠡᠢᠳᠡᠯᠡᠨ᠎ᠡ᠃

  3. ᠦᠭᠡᠷᠴᠢᠯᠡᠯᠲᠡ᠎ᠶᠢᠨ ᠲᠤᠷᠱᠢᠯᠲᠠ᠎ᠶᠢᠨ ᠴᠡᠭ᠎ᠤᠨ ᠠᠵᠢᠯ᠎ᠢ ᠦᠷᠨᠢᠭᠦᠯᠦᠨ᠎ᠡ᠃ ᠨᠢᠭᠡᠳᠦᠯᠲᠠᠢ ᠲᠦᠯᠦᠪᠵᠢᠬᠦᠯᠬᠦ᠂ ᠲᠤᠷᠱᠢᠯᠲᠠ᠎ᠶᠢᠨ ᠠᠵᠢᠯ᠎ᠢ ᠤᠷᠢᠳ᠎ᠢᠶᠠᠷ ᠶᠠᠪᠤᠭᠳᠠᠭᠤᠯᠬᠤ᠂ ᠠᠯᠬᠤᠮ ᠬᠤᠪᠢᠶᠠᠨ ᠬᠡᠷᠡᠭᠵᠢᠬᠦᠯᠬᠦ᠂ ᠳᠡᠰ ᠳᠠᠷᠠᠭ᠎ᠠ᠎ᠲᠠᠢ᠎ᠪᠠᠷ ᠠᠬᠢᠭᠤᠯᠬᠤ ᠵᠠᠷᠴᠢᠮ᠎ᠢᠶᠠᠷ᠂ ᠨᠦᠬᠦᠴᠡᠯ᠎ᠲᠠᠢ ᠮᠤᠵᠢ (ᠬᠤᠲᠠ)᠎ᠶᠢ ᠰᠤᠩᠭᠤᠵᠤ ᠨᠢᠭᠡᠳᠦᠯᠲᠠᠢ ᠱᠢᠯᠭᠠᠯᠲᠠ᠎ᠶᠢᠨ ᠶᠡᠷᠦᠩᠬᠡᠢᠯᠡᠭᠰᠡᠨ ᠦᠭᠡᠷᠡᠴᠢᠯᠡᠯᠲᠡ᠎ᠶᠢᠨ ᠲᠤᠷᠱᠢᠯᠲᠠ᠎ᠶᠢᠨ ᠠᠵᠢᠯ᠎ᠢ ᠦᠷᠨᠢᠭᠦᠯᠦᠨ᠎ᠡ᠃ ᠲᠤᠷᠱᠢᠯᠲᠠ᠎ᠶᠢᠨ ᠴᠡᠭ᠎ᠤᠨ ᠲᠤᠷᠱᠢᠯᠭ᠎ᠠ᠎ᠶᠢ ᠴᠠᠭ ᠲᠤᠬᠠᠢ᠎ᠳᠤ᠎ᠨᠢ ᠲᠡᠭᠦᠯᠳᠡᠷᠵᠢᠭᠦᠯᠤᠨ ᠳ᠋ᠦᠩᠨᠡᠵᠤ᠂ ᠶᠡᠷᠦᠩᠬᠡᠢᠯᠡᠭᠰᠡᠨ ᠦᠭᠡᠷᠡᠴᠢᠯᠡᠯᠲᠡ᠎ᠪᠠᠷ ᠳᠠᠮᠵᠢᠨ᠂ ᠨᠠᠮ᠎ᠤᠨ ᠰᠤᠷᠭᠠᠨ ᠬᠦᠮᠦᠵᠢᠯ᠎ᠤᠨ ᠴᠢᠭᠯᠡᠯᠲᠡ᠎ᠶᠢ ᠨᠡᠩ ᠰᠠᠢᠲᠤᠷ ᠲᠤᠭᠤᠱᠢᠯᠠᠭᠤᠯᠵᠤ᠂ ᠬᠡᠪ ᠴᠢᠨᠠᠷ᠎ᠤᠨ ᠰᠤᠷᠭᠠᠨ ᠬᠦᠮᠦᠵᠢᠯ᠎ᠢ ᠪᠦᠬᠦ ᠲᠠᠯ᠎ᠠ᠎ᠪᠠᠷ ᠬᠡᠷᠡᠭᠵᠢᠭᠦᠯᠦᠨ᠂  ᠰᠤᠷᠤᠭᠴᠢ᠎ᠶᠢᠨ ᠰᠤᠩᠭᠤᠯᠲᠠ ᠬᠢᠬᠦ᠎ᠶᠢ ᠨᠡᠮᠡᠭᠳᠡᠬᠦᠯᠵᠤ᠂ ᠰᠤᠷᠤᠭᠴᠢ᠎ᠶᠢᠨ ᠱᠢᠯᠭᠠᠯᠲᠠ᠎ᠶᠢᠨ ᠳᠠᠷᠤᠭᠠᠰᠤ᠎ᠶᠢ ᠦᠨᠡᠨ᠎ᠬᠦ ᠬᠦᠩᠭᠡᠷᠡᠭᠦᠯᠦᠨ᠂ ᠰᠤᠷᠤᠭᠴᠢ᠎ᠶᠢ ᠪᠦᠬᠦ ᠲᠠᠯ᠎ᠠ᠎ᠪᠠᠷ ᠬᠦᠭᠵᠢᠭᠦᠯᠬᠦ ᠮᠦᠷᠲᠡᠭᠡᠨ ᠪᠠᠰᠠ ᠦᠪᠡᠷᠮᠢᠴᠡ ᠴᠢᠳᠠᠪᠤᠷᠢ᠎ᠲᠠᠢ ᠪᠤᠯᠭᠠᠨ ᠬᠦᠮᠦᠵᠢᠭᠦᠯᠬᠦ᠎ᠶᠢ ᠠᠬᠢᠭᠤᠯᠤᠨ᠎ᠠ᠃ 2014 ᠎ᠤᠨ᠎ᠳᠤ ᠱᠠᠩᠬᠠᠢ ᠬᠤᠲᠠ᠂ ᠵᠧᠵᠢᠶᠠᠩ ᠮᠤᠵᠢ ᠲᠤᠰ ᠪᠦᠷᠢ ᠨᠢᠭᠡᠳᠦᠯᠲᠠᠢ ᠱᠢᠯᠭᠠᠯᠲᠠ᠎ᠶᠢᠨ ᠶᠡᠷᠦᠩᠬᠡᠢᠯᠡᠭᠰᠡᠨ ᠦᠭᠡᠷᠡᠴᠢᠯᠡᠯᠲᠡ᠎ᠶᠢᠨ ᠲᠤᠷᠱᠢᠯᠲᠠ᠎ᠶᠢᠨ ᠴᠡᠭ᠎ᠤᠨ ᠲᠦᠰᠦᠯ᠎ᠢ ᠲᠤᠭᠲᠠᠭᠠᠵᠤ᠂ 2014 ᠎ᠤᠨ᠎ᠤ ᠨᠠᠮᠤᠷ᠎ᠤᠨ ᠤᠯᠠᠷᠢᠯ᠎ᠤᠨ ᠱᠢᠨ᠎ᠡ ᠰᠤᠷᠤᠯᠭ᠎ᠠ᠎ᠶᠢᠨ ᠬᠤᠭᠤᠴᠠᠭᠠᠨ᠎ᠤ ᠳᠡᠭᠡᠲᠤ ᠵᠡᠷᠭᠡ᠎ᠶᠢᠨ ᠳᠤᠮᠳᠠᠲᠤ ᠰᠤᠷᠭᠠᠭᠤᠯᠢ᠎ᠶᠢᠨ ᠨᠢᠭᠡᠳᠦᠭᠡᠷ᠎ᠤᠨ᠎ᠤ ᠰᠤᠷᠤᠭᠴᠢ᠎ᠠᠴᠠ ᠡᠬᠢᠯᠡᠵᠤ ᠬᠡᠷᠡᠭᠵᠢᠬᠦᠯᠦᠨ᠎ᠡ᠃ ᠲᠤᠷᠱᠢᠯᠲᠠ᠎ᠶᠢᠨ ᠴᠡᠭ᠎ᠢᠶᠠᠷ ᠪᠤᠰᠤᠳ ᠮᠤᠵᠢ (ᠦᠪᠡᠷᠲᠡᠭᠡᠨ ᠵᠠᠰᠠᠬᠤ ᠤᠷᠤᠨ᠂ ᠬᠤᠳᠠ)᠎ᠶᠢᠨ᠎ᠬᠢᠨ᠎ᠤ ᠨᠢᠭᠡᠳᠦᠯᠲᠠᠢ ᠱᠢᠯᠭᠠᠯᠲᠠ᠎ᠶᠢᠨ ᠦᠭᠡᠷᠡᠴᠢᠯᠡᠯᠲᠡ᠎ᠶᠢ ᠬᠢᠬᠦ᠎ᠳᠤ ᠬᠡᠷᠡᠴᠢ ᠪᠠᠷᠢᠮᠲᠠ ᠪᠤᠯᠭᠠᠨ᠎ᠠ᠃

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604