《ᠱᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ᠎ᠤᠨ ᠦᠭᠡᠷᠡᠴᠢᠯᠡᠯᠳᠡ᠎ᠶᠢ ᠭᠦᠨᠵᠡᠭᠡᠢᠷᠡᠭᠦᠯᠬᠦ ᠲᠤᠬᠠᠢ》 ᠲᠦᠷᠦ᠎ᠶᠢᠨ ᠶᠠᠪᠤᠳᠠᠯ᠎ᠤᠨ ᠬᠤᠷᠢᠶᠠᠨ᠎ᠤ ᠰᠠᠨᠠᠯ (ᠭᠤᠷᠪᠠ)
2020.03.16

ᠡᠯ᠎ᠡ ᠮᠤᠵᠢ᠂ ᠦᠪᠡᠷᠳᠡᠭᠡᠨ ᠵᠠᠰᠠᠬᠤ ᠤᠷᠤᠨ᠂ ᠱᠢᠭᠤᠳ ᠬᠠᠷᠢᠶ᠎ᠠ ᠬᠤᠳᠠ᠎ᠶᠢᠨ ᠠᠷᠠᠳ᠎ᠤᠨ ᠵᠠᠰᠠᠭ᠎ᠤᠨ ᠤᠷᠳᠤᠨ᠂ ᠲᠦᠷᠦ᠎ᠶᠢᠨ ᠶᠠᠪᠤᠳᠠᠯ᠎ᠤᠨ ᠬᠤᠷᠢᠶᠠᠨ᠎ᠤ ᠡᠯ᠎ᠡ ᠶᠠᠮᠤᠨ ᠵᠦᠪᠯᠡᠯ᠂ ᠡᠯ᠎ᠡ ᠱᠢᠭᠤᠳ ᠬᠠᠷᠢᠶ᠎ᠠ ᠪᠠᠢᠭᠤᠯᠤᠮᠵᠢ᠄  

 

  ᠭᠤᠷᠪᠠ᠂ ᠵᠤᠬᠢᠶᠠᠨ ᠪᠠᠢᠭᠤᠯᠤᠯᠲᠠ᠎ᠶᠢᠨ ᠤᠳᠤᠷᠢᠳᠤᠯᠭ᠎ᠠ᠎ᠶᠢ ᠴᠢᠩᠭᠠᠳᠭᠠᠨ᠎ᠠ

 

   (ᠨᠢᠬᠡ) ᠬᠡᠷᠡᠭᠵᠢᠬᠦᠯᠬᠦ ᠲᠦᠰᠦᠯ᠎ᠢ ᠨᠠᠷᠢᠯᠢᠭᠵᠢᠭᠤᠯᠤᠨ᠎ᠠ᠃ ᠡᠯ᠎ᠡ ᠭᠠᠵᠠᠷ ᠤᠷᠤᠨ᠎ᠤ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠱᠢᠯᠭᠠᠯᠲᠠ ᠬᠢᠵᠤ ᠰᠤᠷᠤᠭᠴᠢ ᠡᠯᠰᠡᠬᠦ ᠳᠦᠷᠢᠮ᠎ᠤᠨ ᠦᠭᠡᠷᠡᠴᠢᠯᠡᠯᠲᠡ᠎ᠶᠢ ᠴᠢᠬᠤᠯᠠᠴᠢᠯᠠᠨ᠂ ᠤᠳᠦᠷᠢᠳᠤᠯᠭ᠎ᠠ᠎ᠪᠠᠨ ᠦᠨᠡᠨ᠎ᠬᠦ ᠴᠢᠩᠭᠠᠳᠭᠠᠨ᠎ᠠ᠃ ᠰᠤᠷᠭᠠᠨ ᠬᠦᠮᠦᠵᠢᠯ᠎ᠤᠨ ᠶᠠᠮᠤᠨ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠲᠦᠭᠦᠷᠵᠢᠭᠰᠡᠨ ᠪᠢᠴᠢᠭ ᠮᠠᠲᠧᠷᠢᠶᠠᠯ᠎ᠢ ᠳᠠᠷᠤᠢᠬᠠᠨ ᠰᠤᠳᠤᠯᠤᠨ ᠲᠤᠭᠲᠠᠭᠠᠨ᠎ᠠ᠃ ᠡᠯ᠎ᠡ ᠮᠤᠵᠢ (ᠦᠪᠡᠷᠲᠡᠭᠡᠨ ᠵᠠᠰᠠᠬᠤ ᠤᠷᠤᠨ᠂ ᠬᠤᠲᠠ) ᠲᠤᠰ ᠭᠠᠵᠠᠷ ᠤᠷᠤᠨ᠎ᠤ᠎ᠪᠠᠨ ᠪᠤᠳᠠᠲᠤ ᠪᠠᠢᠳᠠᠯ᠎ᠲᠠᠢ ᠤᠶᠠᠯᠳᠤᠭᠤᠯᠤᠨ᠂ ᠱᠢᠯᠭᠠᠯᠲᠠ ᠬᠢᠵᠤ ᠰᠤᠷᠤᠭᠴᠢ ᠡᠯᠰᠡᠬᠦ ᠳᠦᠷᠢᠮ᠎ᠤᠨ ᠦᠭᠡᠷᠡᠴᠢᠯᠡᠯᠲᠡ᠎ᠶᠢ ᠬᠡᠷᠡᠭᠵᠢᠬᠦᠯᠬᠦ ᠲᠦᠰᠦᠯ᠎ᠢ ᠲᠤᠭᠲᠠᠭᠠᠵᠤ᠂ ᠰᠤᠷᠭᠠᠨ ᠬᠦᠮᠦᠵᠢᠯ᠎ᠤᠨ ᠶᠠᠮᠤᠨ᠎ᠳᠤ ᠮᠡᠳᠡᠭᠦᠯᠦᠭᠰᠡᠨ᠎ᠤ ᠳᠠᠷᠠᠭ᠎ᠠ ᠨᠡᠢᠭᠡᠮ᠎ᠳᠤ ᠨᠡᠢᠳᠡᠯᠡᠨ᠎ᠡ᠃

   (ᠬᠤᠶᠠᠷ) ᠡᠮᠬᠢ ᠳᠠᠷᠠᠭ᠎ᠠ᠎ᠲᠠᠢ᠎ᠪᠠᠷ ᠠᠬᠢᠭᠤᠯᠵᠤ ᠬᠡᠷᠡᠭᠵᠢᠬᠦᠯᠦᠨ᠎ᠡ᠃ ᠰᠤᠷᠭᠠᠨ ᠬᠦᠮᠦᠵᠢᠯ᠎ᠤᠨ ᠦᠶᠡᠯᠡᠯ᠎ᠤᠨ ᠬᠤᠭᠤᠴᠠᠭ᠎ᠠ᠎ᠶᠢ ᠭᠦᠢᠴᠡᠳ ᠪᠤᠳᠤᠯᠬᠢᠯᠠᠵᠤ᠂ ᠱᠢᠯᠭᠠᠯᠲᠠ ᠬᠢᠵᠤ ᠰᠤᠷᠤᠭᠴᠢ ᠡᠯᠰᠡᠬᠦ ᠳᠦᠷᠢᠮ᠎ᠤᠨ ᠦᠭᠡᠷᠡᠴᠢᠯᠡᠯᠲᠡ᠎ᠶᠢ ᠬᠡᠷᠡᠭᠵᠢᠬᠦᠯᠬᠦ ᠲᠦᠰᠦᠯ᠎ᠢᠶᠠᠨ ᠤᠷᠢᠳᠴᠢᠯᠠᠨ ᠨᠡᠢᠳᠡᠯᠡᠵᠦ᠂ ᠱᠢᠯᠭᠠᠭᠤᠯᠤᠭᠰᠠᠳ ᠪᠤᠯᠤᠨ ᠨᠡᠢᠭᠡᠮ ᠨᠡᠢᠲᠡ᠎ᠳᠤ ᠲᠤᠲᠤᠷᠬᠠᠢ ᠪᠦᠭᠡᠳ ᠲᠤᠭᠲᠠᠩᠭᠤᠢ ᠵᠢᠱᠢᠯᠲᠡ ᠦᠭᠭᠦᠨ᠎ᠡ᠃ ᠦᠭᠡᠷᠡᠴᠢᠯᠡᠯᠲᠡ᠎ᠶᠢᠨ ᠳᠤᠮᠳᠠ ᠲᠤᠬᠢᠶᠠᠯᠳᠤᠭᠰᠠᠨ ᠱᠢᠨ᠎ᠡ ᠪᠠᠢᠳᠠᠯ ᠱᠢᠨ᠎ᠡ ᠠᠰᠠᠭᠤᠳᠠᠯ᠎ᠢ ᠱᠢᠢᠳᠪᠦᠷᠢᠯᠡᠬᠦ ᠠᠷᠭ᠎ᠠ᠎ᠶᠢ ᠴᠠᠭ ᠲᠤᠬᠠᠢ᠎ᠳᠤ᠎ᠨᠢ ᠰᠤᠳᠤᠯᠤᠨ ᠲᠤᠭᠲᠠᠭᠠᠵᠤ᠂ ᠲᠤᠷᠱᠢᠯᠭ᠎ᠠ᠎ᠪᠠᠨ ᠲᠠᠰᠤᠷᠠᠯᠲᠠ᠎ᠦᠭᠡᠢ ᠳ᠋ᠦᠩᠨᠡᠵᠤ ᠠᠷᠭ᠎ᠠ ᠪᠠᠷᠢᠯ᠎ᠢᠶᠠᠨ ᠲᠡᠭᠦᠯᠳᠡᠷᠵᠢᠭᠦᠯᠦᠨ ᠲᠤᠬᠢᠷᠠᠭᠤᠯᠤᠨ᠎ᠠ᠃

   (ᠭᠤᠷᠪᠠ) ᠤᠬᠠᠭᠤᠯᠵᠤ ᠵᠢᠯᠤᠭᠤᠳᠭᠤ ᠡᠷᠴᠢᠮ᠎ᠢᠶᠠᠨ ᠴᠢᠩᠭᠠᠷᠠᠭᠤᠯᠤᠨ᠎ᠠ᠃ ᠦᠭᠡᠷᠡᠴᠢᠯᠡᠯᠲᠡ᠎ᠶᠢᠨ ᠲᠦᠰᠦᠯ ᠪᠤᠯᠤᠨ ᠲᠦᠷᠦ᠎ᠶᠢᠨ ᠪᠤᠳᠤᠯᠭ᠎ᠠ᠎ᠶᠢ ᠤᠬᠠᠭᠤᠯᠬᠤ ᠪᠠ ᠲᠠᠢᠯᠪᠦᠷᠢᠯᠠᠬᠤ ᠡᠷᠴᠢᠮ᠎ᠢᠶᠠᠨ ᠴᠢᠩᠭᠠᠷᠠᠭᠤᠯᠵᠤ᠂ ᠨᠡᠢᠭᠡᠮ ᠨᠡᠢᠲᠡ᠎ᠶᠢᠨ ᠠᠩᠬᠠᠷᠤᠯ ᠲᠦᠪᠯᠡᠷᠡᠯ᠎ᠳᠤ ᠬᠠᠷᠢᠭᠤ ᠲᠤᠰᠭᠠᠯ ᠦᠭᠴᠦ᠂ ᠲᠦᠭᠡᠷᠢᠭᠳᠡᠯ᠎ᠢ ᠠᠷᠢᠯᠭᠠᠨ ᠮᠠᠳᠠᠭ᠎ᠢ ᠲᠠᠢᠯᠪᠦᠷᠢᠯᠠᠵᠤ᠂ ᠬᠠᠮᠲᠤ᠎ᠶᠢᠨ ᠲᠠᠨᠢᠯᠲᠠ᠎ᠪᠠᠨ ᠨᠢᠭᠡᠳᠭᠡᠵᠤ᠂ ᠦᠭᠡᠷᠡᠴᠢᠯᠡᠯᠲᠡ᠎ᠶᠢᠨ ᠤᠷᠤᠭᠱᠢᠲᠠᠢ ᠶᠠᠪᠤᠭᠳᠠᠬᠤ᠎ᠳᠤ ᠰᠠᠢᠨ ᠰᠠᠢᠬᠠᠨ ᠤᠷᠴᠢᠨ ᠲᠤᠭᠤᠷᠢᠨ᠎ᠢ ᠪᠦᠷᠢᠯᠳᠦᠬᠦᠯᠦᠨ᠎ᠡ᠃

 

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604