ᠦᠪᠤᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠣᠬᠠᠭᠠᠨ ᠮᠡᠷᠭᠡᠵᠢᠯ ᠤᠨ ᠲᠠᠪᠰᠢᠯᠲᠠ ᠶᠢᠨ ᠳᠦᠷᠢᠮ( ᠬᠣᠶᠠᠳᠤᠭᠠᠷ ᠪᠦᠯᠦᠭ)
2020.03.16

(1996 ᠤᠨ ᠤ 6 ᠳ᠋ᠤᠭᠠᠷ ᠰᠠᠷ᠎ᠠ ᠶᠢᠨ 1 ᠤ᠋ ᠡᠳᠦᠷ ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠨᠠᠢ᠍ᠮᠠᠳᠤᠭᠠᠷ ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠬᠤᠶᠠᠳᠤᠭᠠᠷ ᠬᠤᠷᠠᠯ ᠠᠴᠠ ᠪᠠᠳᠤᠯᠠᠵᠦ᠂ 2014 ᠤᠨ ᠤ 5 ᠳ᠋ᠤᠭᠠᠷ ᠰᠠᠷ᠎ᠠ ᠶᠢᠨ 9 ᠤ ᠡᠳᠦᠷ ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠠᠷᠪᠠᠳᠤᠭᠠᠷ ᠬᠤᠷᠠᠯ ᠠᠴᠠ ᠵᠠᠰᠠᠪᠤᠷᠢ ᠤᠷᠤᠭᠤᠯᠪᠠ)

 

    ᠬᠤᠶᠠᠳᠤᠭᠠᠷ ᠪᠦᠯᠦᠭ  ᠰᠢᠨᠵᠢᠯᠡᠬᠦ ᠣᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠠᠵᠢᠯᠯᠠᠭ᠎ᠠ

 

  

  ᠨᠠᠢ᠍ᠮᠠᠳᠤᠭᠠᠷ ᠵᠦᠢᠯ  ᠦᠪᠡᠷᠲᠡᠭᠡᠨ ᠵᠠᠰᠠᠬᠤ ᠣᠷᠣᠨ ᠪᠠᠢᠭᠠᠯᠢ ᠶᠢᠨ ᠰᠢᠨᠵᠢᠯᠡᠬᠦ ᠣᠬᠠᠭᠠᠨ ᠤ ᠰᠠᠭᠤᠷᠢ ᠮᠦᠩᠬᠦ ᠭᠠᠷᠭᠠᠵᠣ᠂ ᠰᠠᠭᠤᠷᠢ ᠰᠣᠳᠣᠯᠭᠠᠨ ᠪᠠ ᠬᠡᠷᠡᠭᠯᠡᠭᠡᠨ ᠤ ᠰᠠᠭᠤᠷᠢ ᠰᠣᠳᠣᠯᠭᠠᠨ ᠢ ᠳᠡᠮᠵᠢᠵᠦ᠂ ᠰᠢᠨᠵᠢᠯᠡᠬᠦ ᠣᠬᠠᠭᠠᠨᠮᠡᠷᠭᠡᠵᠢᠯ ᠤᠨ ᠴᠢᠳᠠᠪᠦᠷᠢᠲᠠᠨ ᠢ ᠬᠥᠮᠦᠵᠢᠭᠦᠯᠦᠨ᠎ᠡ ᠃ 

  ᠦᠪᠡᠷᠲᠡᠭᠡᠨ ᠵᠠᠰᠠᠬᠤ ᠣᠷᠣᠨ ᠬᠡᠷᠡᠭᠯᠡᠭᠡᠨ ᠤ ᠮᠡᠷᠭᠡᠵᠢᠯ ᠤᠨ ᠰᠣᠳᠣᠯᠭᠠᠨ ᠬᠢᠭᠡᠳ ᠨᠡᠭᠡᠭᠡᠯᠲᠠ ᠶᠢᠨ ᠪᠡᠯᠡ ᠮᠦᠩᠬᠦ᠂ ᠰᠢᠨᠵᠢᠯᠡᠬᠦ ᠣᠬᠠᠭᠠᠨ ᠮᠡᠷᠭᠡᠵᠢᠯ ᠤᠨ ᠴᠢᠬᠤᠯᠠ ᠶᠡᠭᠡ ᠲᠣᠰᠬᠠᠢ ᠲᠦᠷᠦᠯ ᠤᠨ ᠪᠡᠯᠡ ᠮᠦᠩᠬᠦ᠂ ᠰᠢᠨᠵᠢᠯᠡᠬᠦ ᠣᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠵᠢᠯᠣᠭᠤᠳᠣᠮᠵᠢ ᠶᠢᠨ ᠱᠠᠩᠨᠠᠯ ᠬᠦᠬᠢᠬᠦᠯᠦᠯ ᠤᠨ ᠪᠡᠯᠡ ᠮᠦᠩᠬᠦ ᠵᠡᠷᠭᠡ ᠲᠣᠰᠬᠠᠢ ᠲᠦᠷᠦᠯ ᠤᠨ ᠪᠡᠯᠡ ᠮᠦᠩᠬᠦ ᠭᠠᠷᠭᠠᠵᠣ᠂ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ᠂ ᠨᠡᠭᠡᠭᠡᠯᠲᠠ ᠵᠢᠴᠢ ᠠᠵᠣ ᠦᠢᠯᠡᠳᠪᠦᠷᠢᠵᠢᠯᠲᠡ ᠶᠢᠨ ᠵᠢᠱ᠌ᠢᠶ᠎ᠡ ᠦᠵᠡᠬᠦᠯᠬᠦ ᠰᠢᠰᠲ᠋ᠧᠮ ᠤᠨ ᠳᠡᠪᠴᠠᠩ ᠤᠨ  ᠪᠠᠢᠭᠤᠯᠤᠯᠲᠠ ᠶᠢ ᠳᠡᠮᠵᠢᠨ᠎ᠡ᠃

  ᠶᠢᠰᠦᠳᠦᠭᠡᠷ ᠵᠦᠢᠯ  ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠠᠢᠮᠠᠭ ᠤᠨ ᠵᠠᠬᠢᠷᠭ᠎ᠠ᠂ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠦᠴᠢᠷ ᠵᠦᠬᠡᠯᠡᠨ ᠰᠢᠨᠵᠢᠯᠡᠬᠦ ᠣᠬᠠᠭᠠᠨ ᠤ ᠰᠣᠳᠣᠯᠭᠠᠨ ᠤ ᠲᠦᠷᠦᠯ ᠵᠦᠢᠯ ᠢ ᠪᠠᠢᠭᠤᠯᠵᠤ᠂ ᠪᠠᠢᠯᠳᠤᠬᠤ ᠪᠣᠳᠣᠯᠭ᠎ᠠ ᠶᠢᠨ ᠲᠦᠯᠦᠪᠵᠢᠬᠦᠯᠭᠡ᠂ ᠲᠦᠷᠦ ᠶᠢᠨ ᠪᠣᠳᠣᠯᠭ᠎ᠠ ᠬᠠᠣᠯᠢ ᠲᠣᠭᠲᠠᠭᠠᠯ ᠵᠡᠷᠭᠡ ᠲᠠᠯ᠎ᠠ ᠶᠢᠨ ᠵᠦᠬᠡᠯᠡᠨ ᠰᠢᠨᠵᠢᠯᠡᠬᠦ ᠣᠬᠠᠭᠠᠨ ᠤ ᠰᠣᠳᠣᠯᠭᠠᠨ ᠦᠷᠨᠢᠬᠦᠯᠬᠦ ᠶᠢ ᠳᠡᠮᠵᠢᠵᠣ᠂ ᠪᠠᠢᠭᠠᠯᠢ ᠶᠢᠨ ᠰᠢᠨᠵᠢᠯᠡᠬᠦ ᠣᠬᠠᠭᠠᠨ ᠬᠢᠭᠡᠳ ᠬᠦᠮᠦᠨ ᠨᠡᠢᠭᠡᠮ ᠤᠨ ᠰᠢᠨᠵᠢᠯᠡᠬᠦ ᠣᠬᠠᠭᠠᠨ ᠤ ᠰᠣᠯᠪᠢᠴᠠᠨ ᠣᠶᠠᠯᠳᠣᠬᠤ ᠶᠢ ᠠᠬᠢᠭᠤᠯᠵᠣ᠂ ᠰᠢᠨᠵᠢᠯᠡᠬᠦ ᠣᠬᠠᠭᠠᠨᠴᠢ ᠪᠠᠷ ᠰᠢᠢᠳᠪᠦᠷᠢᠲᠣ ᠪᠣᠳᠣᠯᠭ᠎ᠠ ᠲᠣᠭᠲᠠᠭᠠᠬᠤ ᠳᠤ ᠣᠨᠣᠯ ᠪᠣᠯᠣᠨ ᠠᠷᠭ᠎ᠠ ᠪᠣᠳᠣᠯᠭ᠎ᠠ ᠬᠠᠩᠭᠠᠬᠤ ᠬᠡᠷᠡᠭᠲᠠᠢ᠃

  ᠠᠷᠪᠠᠳᠤᠭᠠᠷ ᠵᠦᠢᠯ  ᠦᠪᠡᠷᠲᠡᠭᠡᠨ ᠵᠠᠰᠠᠬᠤ ᠣᠷᠣᠨ ᠠᠴᠠ ᠳᠡᠭᠡᠲᠦ ᠰᠢᠨ᠎ᠡ ᠮᠡᠷᠬᠡᠵᠢᠯ ᠤᠨ ᠰᠣᠳᠣᠯᠭᠠᠨ ᠪᠠ ᠳᠡᠭᠡᠲᠦ ᠰᠢᠨ᠎ᠡ ᠮᠡᠷᠭᠡᠵᠢᠯ ᠢ ᠠᠵᠣ ᠦᠢᠯᠡᠰᠵᠢᠭᠦᠯᠦᠨ ᠨᠡᠭᠡᠭᠡᠯᠲᠡ ᠬᠢᠬᠦ ᠶᠢ ᠵᠣᠷᠢᠬᠵᠢᠭᠤᠯᠬᠤ ᠪᠠ ᠲᠡᠮᠵᠢᠵᠣ᠂ ᠳᠡᠭᠡᠲᠦ ᠰᠢᠨ᠎ᠡ ᠮᠡᠷᠭᠡᠵᠢᠯ ᠢᠶᠠᠷ ᠣᠯᠠᠮᠵᠢᠯᠠᠯᠲᠦ ᠠᠵᠣ ᠦᠢᠯᠡᠰ ᠢ ᠦᠭᠡᠷᠡᠴᠢᠯᠡᠵᠣ᠂ ᠪᠠᠢᠯᠳᠤᠬᠤ ᠪᠣᠳᠣᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠣᠵᠣ ᠪᠠᠢᠭ᠎ᠠ ᠠᠵᠣ ᠦᠢᠯᠡᠰ ᠢ ᠪᠣᠢᠵᠢᠭᠤᠯᠬᠤ ᠪᠠ ᠬᠦᠭᠵᠢᠬᠦᠯᠦᠨ᠎ᠡ᠃

  ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠣᠬᠠᠭᠠᠨ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠠ ᠪᠣᠰᠣᠳ ᠬᠤᠯᠪᠣᠭᠳᠠᠯ ᠪᠦᠬᠦᠢ ᠰᠠᠯᠠᠭ᠎ᠠ ᠮᠦᠴᠢᠷ ᠲᠡᠭᠡᠳᠦ ᠰᠢᠨ᠎ᠡ ᠮᠡᠷᠭᠡᠵᠢᠯ ᠤᠨ ᠠᠵᠣ ᠦᠢᠯᠡᠰ ᠪᠠ ᠪᠠᠢᠯᠳᠤᠬᠤ ᠪᠣᠳᠣᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠣᠵᠣ ᠪᠠᠢᠭ᠎ᠠ ᠠᠵᠣ ᠦᠢᠯᠡᠰ ᠤᠨ ᠬᠦᠭᠵᠢᠯᠲᠡ ᠶᠢᠨ ᠭᠤᠣᠯᠳᠠᠯᠭ᠎ᠠ ᠬᠢᠭᠡᠳ ᠬᠦᠷᠢᠶ᠎ᠡ ᠬᠡᠪᠴᠢᠶ᠎ᠡ ᠶᠢ ᠲᠣᠭᠲᠠᠭᠠᠵᠣ᠂ ᠳᠡᠭᠡᠲᠦ ᠰᠢᠨ᠎ᠡ ᠮᠡᠷᠭᠡᠵᠢᠯ ᠤᠨ ᠦᠢᠯᠡᠳᠬᠦᠨ ᠢ ᠰᠣᠳᠣᠯᠣᠨ ᠦᠢᠯᠡᠳᠬᠦ ᠪᠠ ᠨᠡᠭᠡᠭᠡᠯᠲᠠ ᠬᠢᠬᠦ ᠶᠢ ᠲᠡᠮᠵᠢᠵᠣ᠂ ᠳᠡᠭᠡᠲᠦ ᠰᠢᠨ᠎ᠡ ᠮᠡᠷᠭᠡᠵᠢᠯ ᠤᠨ ᠰᠣᠳᠣᠯᠭᠠᠨ ᠪᠠ ᠦᠷ᠎ᠡ ᠪᠦᠲᠦᠭᠡᠯ ᠢ ᠳᠡᠯᠭᠡᠷᠡᠬᠦᠯᠬᠦ ᠠᠵᠢᠯ ᠢ ᠵᠣᠬᠢᠶᠠᠨ ᠪᠠᠢᠭᠤᠯᠤᠨ ᠦᠷᠨᠢᠬᠦᠯᠬᠦ ᠬᠡᠷᠡᠭᠲᠠᠢ᠃

  ᠠᠷᠪᠠᠨ ᠨᠢᠭᠡᠳᠦᠭᠡᠷ ᠵᠦᠢᠯ  ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠠᠢᠮᠠᠭ ᠤᠨ ᠵᠠᠬᠢᠷᠭ᠎ᠠ᠂ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠡᠭᠡᠲᠦ ᠰᠢᠨ᠎ᠡ ᠮᠡᠷᠭᠡᠵᠢᠯ ᠤᠨ ᠠᠵᠣ ᠦᠢᠯᠡᠰ ᠤᠨ ᠨᠡᠭᠡᠭᠡᠯᠲᠡ ᠶᠢᠨ ᠳᠣᠭᠤᠷᠢᠭ ᠤᠨ ᠪᠦᠲᠦᠭᠡᠨ ᠪᠠᠢᠭᠤᠯᠤᠯᠲᠠ ᠶᠢ ᠵᠢᠯᠣᠭᠤᠳᠬᠤ ᠪᠠ ᠳᠡᠮᠵᠢᠵᠣ᠂ ᠳᠡᠭᠡᠲᠦ ᠰᠢᠨ᠎ᠡ ᠮᠡᠷᠭᠡᠵᠢᠯ ᠤᠨ ᠠᠵᠣ ᠦᠢᠯᠡᠰ ᠤᠨ ᠴᠣᠭᠯᠠᠷᠠᠯ ᠤᠨ ᠳᠠᠪᠠᠭᠤᠯᠢᠭ ᠢ ᠪᠠᠳᠠᠷᠠᠭᠤᠯᠵᠣ᠂ ᠠᠵᠣ ᠦᠢᠯᠡᠰ ᠤᠨ ᠲᠦᠪᠰᠢᠨ ᠢᠶᠠᠨ ᠳᠡᠭᠡᠭᠰᠢᠯᠡᠬᠦᠯᠦᠨ᠂ ᠰᠢᠨ᠎ᠡ ᠶᠢ ᠡᠬᠦᠳᠬᠦ ᠬᠢᠭᠡᠳ ᠦᠢᠯᠡᠰ ᠪᠦᠲᠦᠭᠡᠬᠦ ᠴᠢᠳᠠᠪᠦᠷᠢ ᠪᠠᠨ ᠳᠡᠭᠡᠭᠰᠢᠯᠡᠭᠦᠯᠬᠦ ᠬᠡᠷᠡᠭᠳᠡᠢ᠃

  ᠠᠷᠪᠠᠨ ᠬᠤᠶᠠᠳᠤᠭᠠᠷ ᠵᠦᠢᠯ  ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠭᠤᠣᠯᠳᠠᠯᠭ᠎ᠠ ᠲᠠᠢ ᠲᠣᠷᠰᠢᠯᠲᠠ ᠶᠢᠨ ᠲᠠᠰᠤᠭ᠂ ᠢᠨᠵᠧᠨᠧᠷᠢᠩ ᠤᠨ ᠮᠡᠷᠭᠡᠵᠢᠯ ᠤᠨ ᠰᠣᠳᠣᠯᠭᠠᠨ ᠤ ᠲᠦᠪ᠂ ᠢᠨᠵᠧᠨᠧᠷᠢᠩ ᠤᠨ ᠰᠣᠳᠣᠯᠭᠠᠨ ᠤ ᠲᠦᠪ᠂ ᠰᠢᠨᠵᠢᠯᠡᠬᠦ ᠣᠬᠠᠭᠠᠨ ᠮᠡᠷᠭᠡᠵᠢᠯ ᠤᠨ ᠵᠠᠪᠰᠠᠷ ᠤᠨ ᠲᠣᠷᠰᠢᠯᠲᠠ ᠶᠢᠨ ᠰᠠᠭᠤᠷᠢᠨ᠂ ᠰᠢᠨᠵᠢᠯᠡᠬᠦ ᠣᠬᠠᠭᠠᠨ ᠮᠡᠷᠭᠡᠵᠢᠯ ᠤᠨ ᠠᠵᠣ ᠦᠢᠯᠡᠰ ᠤᠨ ᠵᠢᠱ᠌ᠢᠶ᠎ᠡ ᠦᠵᠡᠬᠦᠯᠬᠦ ᠬᠦᠷᠢᠶᠡᠯᠡᠩ ᠪᠠ ᠠᠵᠣ ᠦᠢᠯᠡᠰ ᠤᠨ ᠮᠡᠷᠭᠡᠵᠢᠯ ᠤᠨ ᠰᠢᠨ᠎ᠡ ᠶᠢ ᠡᠬᠦᠳᠬᠦ ᠪᠠᠢᠯᠳᠤᠬᠤ ᠪᠣᠳᠣᠯᠭ᠎ᠠ ᠶᠢᠨ ᠬᠤᠯᠪᠣᠭᠠᠯᠠᠯ ᠵᠡᠷᠭᠡ ᠰᠢᠨ᠎ᠡ ᠶᠢ ᠡᠬᠦᠳᠬᠦ ᠲᠠᠪᠴᠠᠩ ᠤᠨ ᠪᠠᠢᠭᠤᠯᠤᠯᠲᠠ ᠶᠢ ᠲᠡᠮᠵᠢᠵᠣ᠂ ᠡᠬᠢ ᠪᠠᠶᠠᠯᠢᠭ ᠢ ᠬᠠᠮᠲᠣ ᠪᠡᠷ ᠡᠳ᠋ᠯᠡᠬᠦ ᠶᠢ ᠲᠦᠯᠬᠢᠨ ᠠᠬᠢᠭᠤᠯᠵᠣ᠂ ᠪᠡᠶ᠎ᠡ ᠪᠠᠨ ᠳᠠᠭᠠᠭᠠᠵᠣ ᠰᠢᠨ᠎ᠡ ᠶᠢ ᠡᠬᠦᠳᠬᠦ ᠲᠦᠪᠰᠢᠨ ᠢᠶᠠᠨ ᠳᠡᠭᠡᠭᠰᠢᠯᠡᠬᠦᠯᠬᠦ ᠬᠡᠷᠡᠭᠲᠠᠢ᠃

  ᠠᠷᠪᠠᠨ ᠭᠤᠷᠪᠠᠳᠤᠭᠠᠷ ᠵᠦᠢᠯ  ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠣᠬᠠᠭᠠᠨ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠣᠮᠣ ᠬᠡᠯᠪᠡᠷᠢ ᠶᠢᠨ ᠰᠢᠨᠵᠢᠯᠡᠬᠦ ᠣᠬᠠᠭᠠᠨ ᠤ ᠬᠡᠮᠵᠢᠬᠦᠷᠯᠢᠭ ᠪᠡᠯᠡᠳᠬᠡᠯ ᠲᠦᠭᠦᠭᠡᠷᠦᠮᠵᠢ ᠶᠢ ᠬᠠᠮᠳᠣ ᠪᠡᠷ ᠡᠳ᠋ᠯᠡᠬᠦ ᠶᠢ ᠨᠢᠭᠡᠳᠦᠯᠲᠠᠢ ᠲᠦᠯᠦᠪᠵᠢᠭᠦᠯᠦᠨ ᠲᠣᠬᠢᠷᠠᠭᠤᠯᠬᠤ ᠶᠢ ᠬᠠᠷᠢᠭᠤᠴᠠᠵᠣ᠂ ᠲᠣᠮᠣ ᠬᠡᠯᠪᠡᠷᠢ ᠶᠢᠨ ᠰᠢᠨᠵᠢᠯᠡᠬᠦ ᠣᠬᠠᠭᠠᠨ ᠤ ᠬᠡᠮᠵᠢᠬᠦᠷᠯᠢᠭ ᠪᠡᠯᠡᠳᠬᠡᠯ ᠲᠦᠭᠦᠭᠡᠷᠦᠮᠵᠢ ᠶᠢ ᠬᠠᠮᠳᠣ ᠪᠡᠷ ᠡᠳ᠋ᠯᠡᠬᠦ ᠦᠢᠯᠡᠴᠢᠯᠡᠭᠡᠨ ᠤ ᠲᠠᠪᠴᠠᠩ ᠢ ᠪᠠᠢᠭᠤᠯᠤᠨ ᠳᠡᠬᠦᠯᠳᠡᠷᠵᠢᠬᠦᠯᠵᠣ᠂ ᠲᠣᠮᠣ ᠬᠡᠯᠪᠡᠷᠢ ᠶᠢᠨ ᠰᠢᠨᠵᠢᠯᠡᠬᠦ ᠣᠬᠠᠭᠠᠨ ᠤ ᠬᠡᠮᠵᠢᠬᠦᠷᠯᠢᠭ ᠪᠡᠯᠡᠳᠬᠡᠯ ᠲᠦᠭᠦᠭᠡᠷᠦᠮᠵᠢ ᠶᠢ ᠬᠠᠮᠳᠣ ᠪᠡᠷ ᠡᠳ᠋ᠯᠡᠬᠦ ᠮᠡᠳᠡᠭᠡ ᠵᠠᠩᠬᠢ ᠶᠢᠨ ᠪᠠᠢᠴᠠᠭᠠᠨ ᠯᠠᠪᠯᠠᠭ᠎ᠠ᠂ ᠦᠢᠯᠡᠴᠢᠯᠡᠭᠡᠨ ᠤ ᠲᠠᠨᠢᠯᠴᠠᠭᠤᠯᠭ᠎ᠠ ᠵᠡᠷᠭᠡ ᠦᠢᠯᠡᠴᠢᠯᠡᠭᠡ ᠬᠠᠮᠢᠶᠠᠷᠣᠯᠲᠠ ᠶᠢᠨ ᠠᠵᠢᠯ ᠢ ᠨᠡᠢᠭᠡᠮ ᠳᠠᠶᠠᠭᠠᠷ ᠲᠤ ᠬᠠᠩᠭᠠᠨ᠎ᠠ᠃

  ᠠᠷᠪᠠᠨ ᠲᠥᠷᠪᠡᠳᠦᠭᠡᠷ ᠵᠦᠢᠯ  ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ  ᠵᠠᠰᠠᠭ ᠤᠨ ᠣᠷᠳᠣᠨ ᠮᠡᠳᠡᠯᠭᠡ ᠶᠢᠨ ᠦᠮᠴᠢᠯᠡᠬᠦ ᠡᠷᠭᠡ ᠶᠢᠨ ᠪᠠᠢᠯᠳᠤᠬᠤ ᠪᠣᠳᠣᠯᠭ᠎ᠠ ᠶᠢ ᠲᠣᠭᠲᠠᠭᠠᠬᠤ ᠪᠠ ᠬᠡᠷᠡᠭᠵᠢᠬᠦᠯᠵᠣ᠂ ᠲᠣᠰᠬᠠᠢ ᠠᠰᠢᠭ ᠤᠨ ᠡᠷᠭᠡ᠂ ᠲᠠᠸᠠᠷ ᠤᠨ ᠲᠡᠮᠳᠡᠭ ᠤᠨ ᠡᠷᠭᠡ ᠬᠢᠭᠡᠳ ᠵᠣᠬᠢᠶᠠᠨ ᠪᠦᠲᠦᠭᠡᠬᠦ ᠡᠷᠭᠡ ᠵᠡᠷᠭᠡ ᠮᠡᠳᠡᠯᠭᠡ ᠶᠢᠨ ᠦᠮᠴᠢᠯᠡᠬᠦ ᠡᠷᠭᠡ ᠶᠢ ᠡᠬᠦᠳᠦᠨ ᠪᠦᠲᠦᠭᠡᠬᠦ ᠪᠠ ᠬᠡᠷᠡᠭᠵᠢᠬᠦᠯᠬᠦ ᠶᠢ ᠠᠬᠢᠭᠤᠯᠵᠣ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠦᠮᠴᠢᠯᠡᠬᠦ ᠡᠷᠭᠡ ᠶᠢᠨ ᠬᠠᠮᠠᠭᠠᠯᠠᠯᠲᠠ ᠪᠠ ᠬᠠᠮᠢᠶᠠᠷᠣᠯᠲᠠ ᠶᠢ ᠴᠢᠩᠭᠠᠳᠬᠠᠬᠤ ᠬᠡᠷᠡᠭᠲᠠᠢ᠃

  ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠠᠢᠮᠠᠭ ᠤᠨ ᠵᠠᠬᠢᠷᠭ᠎ᠠ᠂ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠣᠰᠬᠠᠢ ᠮᠡᠷᠭᠡᠵᠢᠯᠲᠡᠨ ᠢ ᠵᠣᠬᠢᠶᠠᠨ ᠪᠠᠢᠭᠤᠯᠤᠨ᠂ ᠡᠳ᠋ ᠤᠨ ᠵᠠᠰᠠᠭ ᠤᠨ ᠴᠢᠨᠠᠷᠲᠠᠢ ᠪᠡᠯᠡ ᠮᠦᠩᠬᠦ ᠪᠣᠶᠣ ᠣᠯᠣᠰ ᠤᠨ ᠦᠮᠴᠢᠯᠡᠯ ᠤᠨ ᠬᠦᠷᠦᠩᠭᠡ ᠶᠢ ᠠᠰᠢᠭᠯᠠᠵᠣ ᠪᠠᠢᠭᠤᠯᠤᠭᠰᠠᠨ ᠴᠢᠬᠤᠯᠠ ᠶᠡᠭᠡ ᠰᠢᠨᠵᠢᠯᠡᠬᠦ ᠣᠬᠠᠭᠠᠨ ᠮᠡᠷᠭᠡᠵᠢᠯ ᠤᠨ ᠲᠦᠷᠦᠯ ᠵᠦᠢᠯ ᠲᠠᠢ ᠬᠤᠯᠪᠣᠭᠳᠠᠬᠤ ᠮᠡᠳᠡᠯᠭᠡ ᠶᠢᠨ ᠦᠮᠴᠢᠯᠡᠬᠦ ᠡᠷᠭᠡ ᠶᠢᠨ ᠪᠠᠢᠳᠠᠯ᠂ ᠮᠡᠳᠡᠯᠭᠡ ᠶᠢᠨ ᠪᠦᠲᠦᠭᠡᠭᠳᠡᠬᠦᠨ ᠤ ᠲᠦᠭᠰᠢᠬᠦᠷᠢ ᠵᠡᠷᠭᠡ ᠶᠢ ᠵᠦᠪᠯᠡᠨ ᠲᠣᠭᠲᠠᠭᠠᠬᠤ ᠬᠡᠷᠡᠭᠲᠡᠢ᠃ 

  ᠠᠷᠪᠠᠨ ᠲᠠᠪᠤᠳᠤᠭᠠᠷ ᠵᠦᠢᠯ  ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠶᠡᠭᠡ ᠳᠡᠭᠡᠲᠦ ᠰᠣᠷᠭᠠᠭᠤᠯᠢ᠂ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠪᠠᠢᠭᠤᠯᠤᠮᠵᠢ ᠪᠠ ᠠᠵᠣ ᠠᠬᠤᠢᠯᠠᠯ ᠢ ᠳᠡᠮᠵᠢᠨ ᠮᠡᠷᠭᠡᠵᠢᠯ ᠢ ᠰᠢᠯᠵᠢᠭᠦᠯᠬᠦ ᠲᠣᠭᠲᠠᠴᠠ ᠶᠢ ᠳᠡᠬᠦᠯᠳᠡᠷᠵᠢᠬᠦᠯᠵᠣ᠂ ᠪᠡᠶ᠎ᠡ ᠪᠠᠨ ᠲᠠᠭᠠᠭᠠᠵᠣ ᠰᠢᠨ᠎ᠡ ᠶᠢ ᠡᠬᠦᠳᠦᠭᠰᠡᠨ ᠦᠷ᠎ᠡ ᠪᠦᠲᠦᠭᠡᠯ ᠢ ᠰᠢᠯᠵᠢᠬᠦᠯᠵᠣ ᠣᠯᠠᠷᠢᠭᠤᠯᠬᠤ ᠶᠢ ᠵᠢᠯᠣᠭᠤᠳᠬᠤ ᠬᠡᠷᠡᠭᠲᠠᠢ;ᠣᠷᠣᠭᠤᠯᠣᠭᠰᠠᠨ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠪᠣᠶᠣ ᠦᠪᠡᠷᠲᠡᠭᠡᠨ ᠵᠠᠰᠠᠬᠤ ᠣᠷᠣᠨ ᠤ ᠭᠠᠳᠠᠨᠠᠬᠢ ᠲᠠᠢ ᠬᠤᠷᠰᠢᠭᠰᠠᠨ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠣᠯᠠᠷᠢᠭᠤᠯᠣᠭᠰᠠᠨ ᠪᠣᠯ᠂ ᠲᠦᠷᠦ ᠶᠢᠨ ᠪᠣᠳᠣᠯᠭ᠎ᠠ ᠪᠠ ᠪᠡᠯᠡ ᠮᠦᠩᠬᠦ ᠶᠢᠨ ᠲᠠᠯ᠎ᠠ ᠪᠠᠷ ᠳᠡᠮᠵᠢᠯᠭᠡ ᠦᠵᠡᠬᠦᠯᠬᠦ ᠬᠡᠷᠡᠭᠲᠠᠢ᠃

  ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠦᠮᠴᠢᠯᠡᠬᠦ ᠡᠷᠭᠡ ᠲᠠᠢ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠠᠩᠬ᠎ᠠ ᠣᠳᠠᠭ᠎ᠠ ᠦᠪᠡᠷᠲᠡᠭᠡᠨ ᠵᠠᠰᠠᠬᠤ ᠣᠷᠣᠨ ᠤ ᠲᠣᠲᠣᠷ᠎ᠠ ᠣᠯᠠᠷᠢᠭᠤᠯᠣᠨ ᠬᠡᠷᠡᠭᠯᠡᠭᠳᠡᠭᠰᠡᠨ ᠪᠣᠯ᠂ ᠲᠦᠷᠦᠯ ᠵᠦᠢᠯ ᠤᠨ ᠪᠠᠢᠭ᠎ᠠ ᠭᠠᠵᠠᠷ ᠤᠨ ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠲᠦᠷᠦᠯ ᠵᠦᠢᠯ ᠤᠨ ᠰᠡᠳᠦᠪ ᠲᠣᠭᠲᠠᠭᠠᠬᠤ ᠪᠠ ᠲᠠᠯᠠᠪᠣᠷ ᠭᠠᠵᠠᠷ ᠬᠠᠩᠭᠠᠬᠤ ᠵᠡᠷᠭᠡ ᠲᠠᠯ᠎ᠠ ᠪᠠᠷ ᠳᠡᠮᠵᠢᠬᠦ ᠬᠡᠷᠡᠭᠲᠠᠢ᠃

  ᠠᠷᠪᠠᠨ ᠵᠢᠷᠭᠤᠳᠤᠭᠠᠷ ᠵᠦᠢᠯ  ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠣᠷᠢᠬᠵᠢᠭᠤᠯᠣᠨ ᠳᠡᠮᠵᠢᠬᠦ ᠲᠦᠷᠦ ᠶᠢᠨ ᠪᠣᠳᠣᠯᠭ᠎ᠠ ᠲᠣᠭᠲᠠᠭᠠᠵᠣ᠂ ᠪᠡᠶ᠎ᠡ ᠪᠠᠨ ᠳᠠᠭᠠᠭᠠᠵᠣ ᠰᠢᠨ᠎ᠡ ᠶᠢ ᠡᠬᠦᠳᠬᠦ ᠦᠷ᠎ᠡ ᠪᠦᠲᠦᠭᠡᠯ ᠤᠨ ᠪᠦᠷᠢᠯᠳᠦᠬᠦ ᠲᠠᠢ ᠬᠤᠯᠪᠣᠭᠳᠠᠬᠤ ᠮᠡᠷᠬᠡᠵᠢᠯ ᠤᠨ ᠪᠠᠷᠢᠮᠵᠢᠶ᠎ᠡ ᠶᠢ ᠲᠦᠯᠬᠢᠨ ᠠᠬᠢᠭᠤᠯᠵᠣ᠂ ᠨᠦᠬᠦᠴᠡᠯ ᠲᠠᠢ ᠨᠢ ᠮᠡᠷᠬᠡᠵᠢᠯ ᠤᠨ ᠪᠠᠷᠢᠮᠵᠢᠶᠠᠨ ᠤ ᠲᠣᠰᠬᠠᠢ ᠲᠦᠷᠦᠯ ᠤᠨ ᠪᠡᠯᠡ ᠮᠦᠩᠬᠦ ᠶᠢ ᠪᠠᠢᠭᠤᠯᠤᠨ᠂ ᠠᠵᠣ ᠠᠬᠤᠢᠯᠠᠯ᠂ ᠠᠵᠢᠯ ᠦᠢᠯᠡᠰ ᠤᠨ ᠨᠢᠭᠡᠴᠢ᠂ ᠠᠵᠢᠯ ᠲᠦᠷᠦᠯ ᠤᠨ ᠨᠡᠢᠭᠡᠮᠯᠢᠭ ᠤᠨ ᠣᠯᠠᠨ ᠣᠯᠣᠰ ᠤᠨ ᠪᠠᠷᠢᠮᠵᠢᠶ᠎ᠡ᠂ ᠣᠯᠣᠰ ᠤᠨ ᠪᠠᠷᠢᠮᠵᠢᠶ᠎ᠡ᠂ ᠠᠵᠢᠯ ᠲᠦᠷᠦᠯ ᠤᠨ ᠪᠠᠷᠢᠮᠵᠢᠶ᠎ᠠ ᠪᠠ ᠭᠠᠵᠠᠷ ᠣᠷᠣᠨ ᠤ ᠪᠠᠷᠢᠮᠵᠢᠶ᠎ᠠ ᠲᠣᠭᠲᠠᠭᠠᠬᠤ ᠪᠠ ᠵᠠᠰᠠᠨ ᠲᠣᠭᠲᠠᠭᠠᠬᠤ ᠶᠢ ᠭᠤᠣᠯᠯᠠᠨ ᠵᠢᠯᠣᠭᠤᠳᠬᠤ ᠪᠠ ᠣᠷᠣᠯᠴᠠᠬᠤ ᠶᠢ ᠳᠡᠮᠵᠢᠬᠦ ᠬᠡᠷᠡᠭᠲᠠᠢ᠃

  ᠠᠷᠪᠠᠨ ᠲᠤᠯᠤᠳᠤᠭᠠᠷ ᠵᠦᠢᠯ  ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠦᠢᠯᠡᠳᠪᠦᠷᠢᠯᠡᠯ ᠤᠨ ᠬᠦᠴᠦᠨ ᠢ ᠠᠬᠢᠭᠤᠯᠬᠤ ᠲᠦᠪ᠂ ᠮᠡᠷᠭᠡᠵᠢᠯ ᠤᠨ ᠠᠷᠠᠯᠵᠢᠶᠠᠨ ᠤ ᠪᠠᠢᠭᠤᠯᠤᠮᠵᠢ ᠪᠠ ᠰᠢᠨᠵᠢᠯᠡᠬᠦ ᠣᠬᠠᠭᠠᠨ ᠮᠡᠷᠭᠡᠵᠢᠯ ᠤᠨ ᠠᠵᠣ ᠠᠬᠤᠢᠯᠠᠯ ᠤᠨ ᠨᠡᠪᠴᠢᠬᠦᠯᠦᠬᠦᠷ ᠵᠡᠷᠭᠡ ᠰᠢᠨᠵᠢᠯᠡᠬᠦ ᠣᠬᠠᠭᠠᠨ ᠮᠡᠷᠭᠡᠵᠢᠯ ᠤᠨ ᠵᠠᠭᠤᠴᠢ ᠦᠢᠯᠡᠴᠢᠯᠡᠭᠡᠨ ᠤ  ᠪᠠᠢᠭᠤᠯᠤᠮᠵᠢ ᠶᠢᠨ ᠬᠦᠭᠵᠢᠯᠲᠡ ᠶᠢ ᠳᠡᠮᠵᠢᠬᠦ ᠬᠡᠷᠡᠭᠲᠠᠢ᠃ ᠵᠠᠰᠠᠭ ᠤᠨ ᠣᠷᠳᠣᠨ ᠰᠢᠨᠵᠢᠯᠡᠬᠦ ᠣᠬᠠᠭᠠᠨ ᠮᠡᠷᠭᠡᠵᠢᠯ ᠢ ᠬᠤᠳᠠᠯᠳᠣᠨ ᠠᠪᠬᠤ  ᠨᠡᠢᠲᠡ ᠶᠢᠨ ᠦᠢᠯᠡᠴᠢᠯᠡᠭᠡᠨ ᠤ ᠳᠦᠷᠢᠮ ᠢ ᠪᠠᠢᠭᠤᠯᠬᠤ ᠪᠠ ᠶᠠᠪᠣᠭᠳᠠᠭᠤᠯᠵᠣ᠂ ᠰᠢᠨᠵᠢᠯᠡᠬᠦ ᠣᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ᠂ ᠮᠡᠷᠭᠡᠵᠢᠯ ᠤᠨ ᠳᠡᠯᠭᠡᠷᠡᠬᠦᠯᠦᠯᠲᠡ ᠵᠡᠷᠭᠡ ᠲᠣᠰᠬᠠᠢ ᠮᠡᠷᠭᠡᠵᠢᠯ ᠤᠨ ᠴᠢᠨᠠᠷ᠂ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠠᠵᠢᠯ ᠢ ᠪᠣᠯ ᠨᠦᠬᠦᠴᠡᠯ ᠳᠤ ᠨᠡᠢᠴᠡᠭᠰᠡᠨ ᠰᠢᠨᠵᠢᠯᠡᠬᠦ ᠣᠬᠠᠭᠠᠨ ᠮᠡᠷᠭᠡᠵᠢᠯ ᠤᠨ ᠵᠠᠭᠤᠴᠢ ᠦᠢᠯᠡᠴᠢᠯᠡᠭᠡᠨ ᠤ ᠪᠠᠢᠭᠤᠯᠤᠮᠵᠢ ᠳᠤ ᠨᠠᠢᠳᠠᠨ ᠰᠢᠢᠳᠪᠦᠷᠢᠯᠡᠬᠦᠯᠵᠣ ᠪᠣᠯᠣᠨ᠎ᠠ᠃

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ