ᠦᠪᠤᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠣᠬᠠᠭᠠᠨ ᠮᠡᠷᠭᠡᠵᠢᠯ ᠤᠨ ᠲᠠᠪᠰᠢᠯᠲᠠ ᠶᠢᠨ ᠳᠦᠷᠢᠮ( ᠭᠤᠷᠪᠠᠳᠤᠭᠠᠷ ᠪᠦᠯᠦᠭ)
2020.03.16

(1996 ᠤᠨ ᠤ 6 ᠳ᠋ᠤᠭᠠᠷ ᠰᠠᠷ᠎ᠠ ᠶᠢᠨ 1 ᠤ᠋ ᠡᠳᠦᠷ ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠨᠠᠢ᠍ᠮᠠᠳᠤᠭᠠᠷ ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠬᠤᠶᠠᠳᠤᠭᠠᠷ ᠬᠤᠷᠠᠯ ᠠᠴᠠ ᠪᠠᠳᠤᠯᠠᠵᠦ᠂ 2014 ᠤᠨ ᠤ 5 ᠳ᠋ᠤᠭᠠᠷ ᠰᠠᠷ᠎ᠠ ᠶᠢᠨ 9 ᠤ ᠡᠳᠦᠷ ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠠᠷᠪᠠᠳᠤᠭᠠᠷ ᠬᠤᠷᠠᠯ ᠠᠴᠠ ᠵᠠᠰᠠᠪᠤᠷᠢ ᠤᠷᠤᠭᠤᠯᠪᠠ)

 

    ᠭᠤᠷᠪᠠᠳᠤᠭᠠᠷ ᠪᠦᠯᠦᠭ  ᠠᠵᠣ  ᠠᠬᠤᠢᠯᠠᠯ  ᠤᠨ ᠰᠢᠨᠵᠢᠯᠡᠬᠦ ᠣᠬᠠᠭᠠᠨ ᠮᠡᠷᠭᠡᠵᠢᠯ ᠤᠨ ᠳᠠᠪᠰᠢᠯᠲᠡ

 

  ᠠᠷᠪᠠᠨ ᠨᠠᠢ᠍ᠮᠠᠳᠤᠭᠠᠷ ᠵᠦᠢᠯ  ᠦᠪᠡᠷᠲᠡᠭᠡᠨ ᠵᠠᠰᠠᠬᠤ ᠣᠷᠣᠨ ᠠᠴᠠ ᠠᠵᠣ ᠠᠬᠤᠢᠯᠠᠯ ᠢᠶᠠᠷ ᠭᠤᠣᠯ ᠴᠣᠭᠴᠠ ᠪᠣᠯᠭᠠᠨ᠂ ᠵᠠᠬ᠎ᠠ ᠳᠡᠯᠭᠡᠭᠦᠷ ᠢᠶᠠᠷ ᠣᠳᠣᠷᠢᠳᠣᠮᠵᠢ ᠪᠣᠯᠭᠠᠵᠣ᠂ ᠠᠵᠣ ᠠᠬᠤᠢᠯᠠᠯ ᠨᠢ ᠳᠡᠭᠡᠲᠦ ᠵᠡᠷᠭᠡ ᠶᠢᠨ ᠰᠣᠷᠭᠠᠭᠤᠯᠢ᠂ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠪᠠᠢᠭᠤᠯᠤᠮᠵᠢ ᠲᠠᠢ ᠬᠠᠷᠢᠯᠴᠠᠨ ᠣᠶᠠᠯᠳᠣᠭᠰᠠᠨ ᠮᠡᠷᠭᠡᠵᠢᠯ ᠤᠨ ᠰᠢᠨ᠎ᠡ ᠶᠢ ᠡᠬᠦᠳᠬᠦ ᠰᠢᠰᠲ᠋ᠧᠮ ᠢ ᠪᠠᠢᠭᠤᠯᠵᠤ᠂ ᠠᠵᠣ  ᠠᠬᠤᠢᠯᠠᠯ ᠪᠠ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠠ ᠶᠢᠨ ᠪᠠᠢᠭᠤᠯᠤᠮᠵᠢ᠂ ᠲᠡᠭᠡᠲᠦ ᠵᠡᠷᠭᠡ ᠶᠢᠨ ᠰᠣᠷᠭᠠᠭᠤᠯᠢ ᠬᠠᠮᠲᠣᠷᠠᠨ ᠰᠢᠨᠵᠢᠯᠡᠬᠦ ᠣᠬᠠᠭᠠᠨ ᠮᠡᠷᠭᠡᠵᠢᠯ ᠤᠨ ᠪᠣᠭᠤᠮᠲᠠ ᠰᠢᠪᠲᠣᠯᠬᠤ ᠠᠵᠢᠯᠯᠠᠭ᠎ᠠ ᠦᠷᠨᠢᠬᠦᠯᠵᠣ᠂ ᠰᠢᠨ᠎ᠡ ᠮᠡᠷᠭᠡᠵᠢᠯ᠂ ᠰᠢᠨ᠎ᠡ ᠪᠦᠲᠦᠭᠡᠭᠳᠡᠬᠦᠨ᠂ ᠰᠢᠨ᠎ᠡ ᠣᠷᠠᠯᠠᠯ᠂ ᠰᠢᠨ᠎ᠡ ᠪᠠᠷᠢᠮᠵᠢᠶᠠᠨ ᠤ ᠰᠣᠳᠣᠯᠭᠠᠨ ᠨᠡᠭᠡᠭᠡᠯᠲᠡ ᠶᠢ ᠬᠤᠷᠰᠢᠨ ᠬᠢᠬᠦ ᠶᠢ ᠳᠡᠮᠵᠢᠨ᠎ᠡ᠃

  ᠠᠷᠪᠠ ᠶᠢᠰᠦᠳᠦᠭᠡᠷ ᠵᠦᠢᠯ  ᠠᠵᠣ ᠦᠢᠯᠡᠰ ᠤᠨ ᠬᠠᠷᠠᠯᠲᠠ ᠲᠣᠲᠣᠷᠬᠠᠢ ᠦᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠦᠷᠦᠯ ᠵᠦᠢᠯ ᠢ ᠨᠦᠬᠦᠴᠡᠯ ᠲᠠᠢ ᠠᠵᠣ ᠠᠬᠤᠢᠯᠠᠯ ᠠ᠋ᠴᠠ ᠲᠦᠷᠦᠬᠦᠯᠡᠨ ᠵᠣᠬᠢᠶᠠᠨ ᠪᠠᠢᠭᠤᠯᠤᠨ ᠬᠡᠷᠡᠭᠵᠢᠬᠦᠯᠦᠨ᠎ᠡ᠃ ᠦᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠪᠦᠲᠦᠭᠡᠨ ᠪᠠᠢᠭᠤᠯᠵᠤ  ᠪᠠᠢᠭ᠎ᠠ ᠢᠨᠵᠧᠨᠧᠷᠢᠩ ᠤᠨ ᠮᠡᠷᠭᠡᠵᠢᠯ ᠤᠨ ᠲᠦᠷᠦᠯ ᠤᠨ ᠰᠣᠳᠣᠯᠭᠠᠨ ᠤ ᠲᠦᠪ ᠪᠠ ᠲᠣᠷᠰᠢᠯᠲᠠ ᠶᠢᠨ ᠲᠠᠰᠤᠭ ᠢ ᠨᠦᠬᠦᠴᠡᠯ ᠪᠦᠷᠢᠯᠳᠦᠬᠦᠯᠦᠭᠰᠡᠨ ᠠᠵᠢᠯ ᠲᠦᠷᠦᠯ ᠤᠨ ᠭᠤᠣᠯᠯᠠᠭᠴᠢ ᠠᠵᠣ ᠠᠬᠤᠢᠯᠠᠯ ᠳᠤ ᠲᠡᠷᠢᠬᠦᠯᠡᠨ ᠪᠠᠢᠷᠢᠯᠠᠭᠤᠯᠤᠨ᠎ᠠ᠃

  ᠬᠤᠷᠢᠳᠤᠭᠠᠷ ᠵᠦᠢᠯ  ᠠᠵᠣ  ᠠᠬᠤᠢᠯᠠᠯ ᠬᠢᠭᠡᠳ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠪᠠᠢᠭᠤᠯᠤᠮᠵᠢ᠂ ᠲᠡᠭᠡᠲᠦ ᠵᠡᠷᠭᠡ ᠶᠢᠨ ᠰᠣᠷᠭᠠᠭᠤᠯᠢ ᠪᠣᠶᠣ ᠪᠣᠯᠪᠠᠰᠣᠷᠠᠭᠤᠯᠬᠤ ᠪᠠᠢᠭᠤᠯᠤᠮᠵᠢ ᠯᠤᠭ᠎ᠠ ᠲᠠᠲᠣᠯᠭ᠎ᠠ ᠬᠢᠬᠦ ᠪᠣᠯᠪᠠᠰᠣᠷᠠᠯ ᠤᠨ ᠰᠠᠭᠤᠷᠢᠨ ᠭᠠᠵᠠᠷ ᠢ ᠬᠠᠮᠲᠣᠷᠠᠨ ᠪᠠᠢᠭᠤᠯᠵᠤ᠂ ᠲᠣᠰᠬᠠᠢ ᠮᠡᠷᠭᠡᠵᠢᠯ ᠤᠨ ᠠᠵᠢᠯᠲᠠᠨ ᠢ ᠬᠦᠮᠦᠵᠢᠬᠦᠯᠬᠦ ᠶᠢ ᠵᠣᠷᠢᠬᠵᠢᠭᠤᠯᠣᠨ᠎ᠠ᠃

  ᠬᠤᠷᠢᠨ ᠨᠢᠭᠡᠳᠦᠭᠡᠷ ᠵᠦᠢᠯ  ᠠᠵᠣ ᠠᠬᠤᠢᠯᠠᠯ ᠨᠢ ᠠᠵᠢᠯᠲᠠᠨ ᠠᠵᠢᠯᠴᠢᠨ ᠤ ᠡᠬᠦᠲᠦᠨ ᠪᠦᠲᠦᠭᠡᠬᠦ᠂ ᠮᠡᠷᠭᠡᠵᠢᠯ ᠤᠨ ᠪᠣᠭᠤᠮᠲᠠ ᠰᠢᠪᠲᠣᠯᠬᠤ᠂ ᠮᠡᠷᠭᠡᠵᠢᠯ ᠤᠨ ᠰᠢᠨ᠎ᠡ ᠶᠢ ᠡᠬᠦᠳᠬᠦ ᠵᠢᠴᠢ ᠵᠦᠢ ᠵᠣᠬᠢᠰᠲᠠᠢ ᠰᠠᠨᠠᠭᠤᠯᠭ᠎ᠠ ᠲᠣᠷᠠᠳᠬᠤ ᠠᠵᠢᠯᠯᠠᠭ᠎ᠠ ᠦᠷᠨᠢᠬᠦᠯᠬᠦ ᠶᠢ ᠵᠣᠷᠢᠬᠵᠢᠭᠤᠯᠬᠤ ᠶᠢᠨ ᠬᠠᠮᠲᠣ ᠬᠦᠬᠢᠬᠦᠯᠦᠨ᠎ᠡ᠃

  ᠬᠤᠷᠢᠨ ᠬᠤᠶᠠᠳᠤᠭᠠᠷ ᠵᠦᠢᠯ  ᠠᠵᠣ ᠠᠬᠤᠢᠯᠠᠯ ᠨᠢ ᠣᠯᠣᠰ ᠪᠠ ᠦᠪᠡᠷᠲᠡᠭᠡᠨ ᠵᠠᠰᠠᠬᠤ ᠣᠷᠣᠨ ᠤ ᠠᠵᠣ ᠦᠢᠯᠡᠰ ᠤᠨ ᠲᠦᠷᠦ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ᠂ ᠮᠡᠷᠬᠡᠵᠢᠯ ᠤᠨ ᠥᠭᠡᠷᠡᠴᠢᠯᠡᠯᠲᠡ ᠪᠠ ᠲᠥᠭᠦᠭᠡᠷᠦᠮᠵᠢ ᠶ᠋ᠢᠨ ᠰᠢᠨᠡᠴᠢᠯᠡᠯᠲᠡ ᠶ᠋ᠢ ᠲᠦᠷᠭᠡᠳᠭᠡᠵᠦ᠂ ᠬᠣᠴᠤᠷᠤᠩᠭᠤᠢ ᠮᠡᠷᠭᠡᠵᠢᠯ᠂ ᠲᠥᠭᠦᠭᠡᠷᠦᠮᠵᠢ᠂ ᠤᠷᠠᠯᠠᠯ ᠢ᠋ ᠰᠢᠭᠰᠢᠭᠳᠡᠭᠦᠯᠵᠦ᠂ ᠮᠡᠷᠭᠡᠵᠢᠯ ᠬᠣᠴᠤᠷᠤᠩᠭᠤᠢ ᠪᠦᠲᠦᠭᠡᠭᠳᠡᠬᠦᠨ ᠢ᠋ ᠦᠢᠯᠡᠳᠪᠦᠷᠢᠯᠡᠬᠦ ᠪᠠᠨ ᠵᠣᠭᠰᠤᠭᠠᠬᠤ ᠬᠡᠷᠡᠭᠲᠡᠢ᠃

  ᠬᠤᠷᠢᠨ ᠭᠤᠷᠪᠠᠳᠤᠭᠠᠷ ᠵᠦᠢᠯ  ᠠᠵᠣ ᠠᠬᠤᠢᠯᠠᠯ ᠨᠢ ᠣᠯᠠᠨ ᠵᠦᠢᠯ ᠤᠨ ᠬᠡᠯᠪᠡᠷᠢ ᠪᠠᠷ ᠰᠣᠳᠣᠯᠭᠠᠨ ᠨᠡᠭᠡᠭᠡᠯᠲᠡ ᠶᠢᠨ ᠪᠠᠢᠭᠤᠯᠤᠮᠵᠢ ᠶᠢ ᠵᠣᠬᠢᠶᠠᠨ ᠪᠠᠢᠭᠤᠯᠬᠤ᠂ ᠰᠣᠳᠣᠯᠭᠠᠨ ᠨᠡᠭᠡᠭᠡᠯᠲᠡ ᠪᠠ ᠮᠡᠷᠭᠡᠵᠢᠯ ᠤᠨ ᠰᠢᠨ᠎ᠡ ᠶᠢ ᠡᠬᠦᠳᠬᠦ ᠣᠷᠣᠭᠤᠯᠣᠯᠲᠠ ᠪᠠᠨ ᠨᠡᠮᠡᠭᠳᠡᠬᠦᠯᠬᠦ᠂ ᠰᠣᠳᠣᠯᠭᠠᠨ ᠨᠡᠭᠡᠭᠡᠯᠲᠡ ᠶᠢᠨ ᠰᠡᠳᠦᠪ ᠢ ᠪᠡᠶ᠎ᠡ ᠪᠠᠨ ᠲᠠᠭᠠᠭᠠᠵᠣ ᠲᠣᠭᠲᠠᠭᠠᠬᠤ᠂ ᠮᠡᠷᠭᠡᠵᠢᠯ ᠤᠨ ᠰᠢᠨ᠎ᠡ ᠶᠢ ᠡᠬᠦᠳᠬᠦ ᠠᠵᠢᠯᠯᠠᠭ᠎ᠠ ᠦᠷᠨᠢᠬᠦᠯᠬᠦ ᠶᠢ ᠵᠣᠷᠢᠬᠵᠢᠭᠤᠯᠣᠨ᠎ᠠ᠃

  ᠠᠵᠣ ᠠᠬᠤᠢᠯᠠᠯ ᠨᠢ ᠴᠢᠬᠤᠯᠠ ᠪᠦᠬᠦᠢ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠣᠷᠣᠭᠤᠯᠣᠯᠲᠠ ᠶᠢ ᠪᠠᠲᠣᠯᠠᠬᠤ ᠬᠡᠷᠡᠭᠲᠠᠢ᠃ ᠬᠡᠪᠴᠢᠶᠠᠨ ᠠᠴᠠ ᠳᠡᠭᠡᠭᠰᠢᠬᠢ ᠠᠵᠣ ᠠᠬᠤᠢᠯᠠᠯ ᠤᠨ ᠰᠣᠳᠣᠯᠭᠠᠨ ᠨᠡᠭᠡᠭᠡᠯᠲᠡ ᠶᠢᠨ ᠵᠠᠷᠣᠳᠠᠯ ᠨᠢ ᠳᠡᠭᠡᠷ᠎ᠡ ᠵᠢᠯ ᠤᠨ ᠪᠣᠷᠣᠯᠠᠭᠤᠯᠣᠯᠲᠠ ᠶᠢᠨ ᠣᠷᠣᠯᠭ᠎ᠠ ᠶᠢᠨ ᠵᠠᠭᠤᠨ ᠤ ᠨᠢᠭᠡ ᠠᠴᠠ ᠲᠣᠣᠷ᠎ᠠ ᠪᠠᠢᠵᠤ ᠪᠣᠯᠬᠤ ᠦᠭᠡᠢ᠂ ᠲᠣᠮᠣ ᠲᠣᠮᠲᠠ ᠬᠡᠯᠪᠡᠷᠢ ᠶᠢᠨ ᠠᠵᠣ ᠠᠬᠤᠢᠯᠠᠯ ᠤᠨ ᠰᠣᠳᠣᠯᠭᠠᠨ ᠨᠡᠭᠡᠭᠡᠯᠲᠡ ᠶᠢᠨ ᠵᠠᠷᠣᠳᠠᠯ ᠨᠢ ᠳᠡᠭᠡᠷ᠎ᠡ ᠵᠢᠯ ᠤᠨ ᠪᠣᠷᠣᠯᠠᠭᠤᠯᠣᠯᠲᠠ ᠶᠢᠨ ᠣᠷᠣᠯᠭ᠎ᠠ ᠶᠢᠨ ᠵᠠᠭᠤᠨ ᠤ ᠬᠤᠶᠠᠷ ᠠᠴᠠ ᠲᠣᠣᠷ᠎ᠠ ᠪᠠᠢᠵᠤ ᠪᠣᠯᠬᠤ ᠦᠭᠡᠢ᠂ ᠳᠡᠭᠡᠲᠦ ᠰᠢᠨ᠎ᠡ ᠮᠡᠷᠭᠡᠵᠢᠯ ᠤᠨ ᠠᠵᠣ ᠠᠬᠤᠢᠯᠠᠯ ᠪᠠ ᠰᠢᠨ᠎ᠡ ᠶᠢ ᠡᠬᠦᠳᠬᠦ ᠬᠡᠯᠪᠡᠷᠢ ᠶᠢᠨ ᠠᠵᠣ ᠠᠬᠤᠢᠯᠠᠯ ᠤᠨ ᠰᠣᠳᠣᠯᠭᠠᠨ ᠨᠡᠭᠡᠭᠡᠯᠲᠡ ᠶᠢᠨ ᠵᠠᠷᠣᠳᠠᠯ ᠨᠢ ᠳᠡᠭᠡᠷᠡᠬᠢ ᠵᠢᠯ ᠤᠨ ᠪᠣᠷᠣᠯᠠᠭᠤᠯᠣᠯᠲᠠ ᠶᠢᠨ ᠣᠷᠣᠯᠭ᠎ᠠ ᠶᠢᠨ ᠵᠠᠭᠤᠨ ᠤ ᠭᠤᠷᠪᠠ ᠠᠴᠠ ᠲᠣᠣᠷ᠎ᠠ ᠪᠠᠢᠵᠤ ᠪᠣᠯᠬᠤ ᠦᠭᠡᠢ᠃ ᠰᠣᠳᠣᠯᠭᠠᠨ ᠨᠡᠭᠡᠭᠡᠯᠲᠡ ᠶᠢᠨ ᠵᠠᠷᠣᠳᠠᠯ ᠢ ᠠᠵᠣ ᠠᠬᠤᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠦᠪᠡᠷ ᠤᠨ ᠦᠷᠳᠡᠭ ᠲᠠᠬᠢ ᠵᠠᠷᠣᠯᠭ᠎ᠠ ᠪᠠᠷ ᠵᠢᠭᠰᠠᠭᠠᠨ᠎ᠠ᠃

  ᠬᠤᠷᠢᠨ ᠲᠥᠷᠪᠡᠳᠦᠭᠡᠷ ᠵᠦᠢᠯ  ᠠᠵᠣ ᠠᠬᠤᠢᠯᠠᠯ ᠠᠴᠠ ᠰᠢᠨ᠎ᠡ ᠮᠡᠷᠭᠡᠵᠢᠯ᠂ ᠰᠢᠨ᠎ᠡ ᠪᠦᠲᠦᠭᠡᠭᠳᠡᠬᠦᠨ᠂ ᠰᠢᠨ᠎ᠡ ᠣᠷᠠᠯᠠᠯ ᠢ ᠨᠡᠭᠡᠭᠡᠨ ᠬᠦᠭᠵᠢᠬᠦᠯᠬᠦ ᠳᠤ ᠡᠬᠦᠰᠦᠭᠰᠡᠨ ᠰᠣᠳᠣᠯᠭᠠᠨ ᠨᠡᠭᠡᠭᠡᠯᠲᠠ ᠶᠢᠨ ᠵᠠᠷᠣᠳᠠᠯ ᠨᠢ ᠣᠯᠣᠰ ᠤᠨ ᠲᠣᠭᠲᠠᠭᠠᠯ ᠳᠤ ᠨᠡᠢᠴᠡᠪᠡᠯ᠂ ᠲᠣᠰᠢᠶᠠᠬᠤ ᠵᠣᠬᠢᠰᠲᠠᠢ ᠣᠯᠵᠠᠪᠦᠷᠢ ᠶᠢᠨ ᠭᠠᠢᠯᠢ ᠶᠢ ᠪᠣᠲᠣᠬᠤ ᠦᠶᠡᠰ ᠨᠡᠮᠡᠨ ᠣᠷᠣᠭᠤᠯᠵᠣ ᠪᠣᠲᠣᠨ ᠰᠠᠭᠤᠯᠭᠠᠵᠣ ᠪᠣᠯᠣᠨ᠎ᠠ᠃ ᠭᠠᠢᠯᠢ ᠶᠢᠨ ᠶᠠᠪᠣᠳᠠᠯ ᠤᠨ ᠰᠠᠯᠠᠭ᠎ᠠ ᠮᠦᠴᠢᠷ ᠨᠢ ᠠᠵᠣ ᠠᠬᠤᠢᠯᠠᠯ ᠤ᠋ᠨ ᠮᠡᠳᠡᠭᠦᠯᠦᠭᠰᠡᠨ ᠰᠤᠳᠤᠯᠭᠠᠨ ᠨᠡᠭᠡᠭᠡᠯᠲᠡ ᠶ᠋ᠢᠨ ᠲᠥᠷᠦᠯ ᠵᠦᠢᠯ ᠢ᠋ ᠮᠠᠭᠠᠳᠯᠠᠨ ᠲᠣᠭᠲᠠᠭᠠᠭᠰᠠᠨ ᠳ᠋ᠤ᠌ ᠣᠨᠳᠣᠣ ᠰᠠᠨᠠᠯ ᠲᠠᠢ ᠪᠣᠯ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠶᠣ ᠠᠢᠮᠠᠭ ᠤᠨ ᠵᠠᠬᠢᠷᠭ᠎ᠠ᠂ ᠲᠣᠭᠤᠷᠢᠭ ᠲᠠᠢ  ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠣᠬᠠᠭᠠᠨ ᠮᠡᠷᠭᠡᠵᠢᠯ ᠤᠨ ᠵᠠᠰᠠᠭ ᠵᠠᠬᠢᠷᠭᠠᠨ ᠤ᠋ ᠰᠠᠯᠠᠭ᠎ᠠ ᠮᠥᠴᠢᠷ ᠡᠴᠡ ᠬᠢᠨᠠᠨ ᠲᠣᠭᠲᠠᠭᠠᠭᠰᠠᠨ ᠰᠠᠨᠠᠯ ᠭᠠᠷᠭᠠᠵᠤ ᠥᠭᠭᠦᠨ᠎ᠡ᠃

  ᠬᠤᠷᠢᠨ ᠲᠠᠪᠤᠳᠤᠭᠠᠷ ᠵᠦᠢᠯ  ᠣᠯᠣᠰ ᠤᠨ ᠦᠮᠴᠢᠯᠡᠯᠲᠦ ᠠᠵᠣ ᠠᠬᠤᠢᠯᠠᠯ ᠨᠢ ᠮᠡᠷᠭᠡᠵᠢᠯ ᠤᠨ ᠰᠢᠨ᠎ᠡ ᠶᠢ ᠡᠬᠦᠳᠬᠦ ᠶᠢ ᠬᠢᠨᠠᠨ ᠰᠢᠯᠭᠠᠬᠤ ᠦᠨᠡᠯᠡᠯᠲᠡ ᠶᠢᠨ ᠲᠣᠭᠲᠠᠯᠴᠠᠭ᠎ᠠ ᠶᠢ ᠪᠠᠢᠭᠤᠯᠵᠤ᠂ ᠰᠣᠳᠣᠯᠭᠠᠨ ᠨᠡᠭᠡᠭᠡᠯᠲᠡ ᠶᠢᠨ ᠣᠷᠣᠭᠤᠯᠣᠯᠲᠠ ᠶ᠋ᠢᠨ ᠡᠷᠴᠢᠮ᠂ ᠰᠣᠳᠣᠯᠭᠠᠨ ᠨᠡᠭᠡᠭᠡᠯᠲᠡ ᠶᠢᠨ ᠪᠠᠢᠭᠤᠯᠤᠮᠵᠢ ᠶᠢᠨ ᠪᠦᠲᠦᠭᠡᠨ ᠪᠠᠢᠭᠤᠯᠤᠯᠲᠠ᠂ ᠰᠢᠨ᠎ᠡ ᠪᠦᠲᠦᠭᠡᠭᠳᠡᠬᠦᠨ ᠤ ᠪᠣᠷᠣᠯᠠᠭᠤᠯᠣᠯᠲᠠ ᠶᠢᠨ ᠣᠷᠣᠯᠭ᠎ᠠ᠂ ᠮᠡᠳᠡᠯᠭᠡ ᠶᠢᠨ ᠪᠦᠲᠦᠭᠡᠭᠳᠡᠬᠦᠨ ᠤ ᠡᠷᠭᠡ ᠶᠢᠨ ᠣᠯᠵᠠᠪᠦᠷᠢ᠂ ᠣᠯᠣᠰ ᠤᠨ ᠠᠵᠣ ᠦᠢᠯᠡᠰ ᠤᠨ ᠲᠦᠷᠦ ᠶᠢᠨ ᠪᠣᠳᠣᠯᠭ᠎ᠠ ᠶᠢ ᠬᠡᠷᠡᠭᠵᠢᠬᠦᠯᠬᠦ᠂ ᠰᠢᠨ᠎ᠡ ᠶᠢ ᠡᠬᠦᠳᠬᠦ ᠴᠢᠳᠠᠪᠦᠷᠢᠲᠠᠨ ᠤ ᠡᠩᠨᠡᠭᠡ ᠶᠢ ᠪᠠᠢᠭᠤᠯᠬᠤ ᠵᠡᠷᠭᠡ ᠶᠢ ᠠᠵᠣ ᠠᠬᠤᠢᠯᠠᠯ ᠤᠨ ᠬᠠᠷᠢᠭᠤᠴᠠᠯᠭᠠᠲᠠᠨ ᠤ ᠠᠵᠢᠯ ᠤᠨ ᠪᠦᠲᠦᠮᠵᠢ ᠶᠢ ᠰᠢᠯᠭᠠᠨ ᠬᠢᠨᠠᠬᠤ ᠴᠢᠬᠤᠯᠠ ᠭᠦᠢᠴᠡᠳᠬᠡᠯ ᠲᠤᠭ᠎ᠠ ᠪᠣᠯᠭᠠᠬᠤ ᠬᠡᠷᠡᠭᠲᠠᠢ᠃

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ