ᠦᠪᠤᠷ ᠮᠣᠩᠭᠤᠯ᠎ᠤᠨ ᠦᠪᠡᠷᠲᠡᠭᠡᠨ ᠵᠠᠰᠠᠬᠤ ᠣᠷᠤᠨ᠎ᠤ ᠱᠢᠨᠵᠢᠯᠡᠬᠦ ᠣᠬᠠᠭᠠᠨ ᠮᠡᠷᠭᠡᠵᠢᠯ᠎ᠤᠨ ᠲᠠᠪᠱᠢᠯᠲᠠ᠎ᠶᠢᠨ ᠳᠦᠷᠢᠮ (ᠳᠥᠷᠪᠡᠳᠦᠭᠡᠷ ᠪᠦᠯᠦᠭ)
2020.03.16

(1996᠎ᠣᠨ᠎ᠤ 6᠎ᠳᠤᠭᠠᠷ ᠰᠠᠷ᠎ᠠ᠎ᠶᠢᠨ 1᠎ᠤ ᠡᠳᠦᠷ ᠦᠪᠤᠷ ᠮᠤᠩᠭᠤᠯ᠎ᠤᠨ ᠦᠪᠠᠷᠳᠡᠭᠡᠨ ᠵᠠᠰᠠᠬᠤ ᠤᠷᠤᠨ᠎ᠤ ᠨᠠᠢ᠍ᠮᠠᠳᠤᠭᠠᠷ ᠬᠤᠭᠤᠴᠠᠭᠠᠨ᠎ᠤ ᠠᠷᠠᠳ᠎ᠤᠨ ᠳᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢᠩᠭᠤ᠎ᠶᠢᠨ ᠬᠤᠷᠢᠶ᠎ᠠ᠎ᠶᠢᠨ ᠬᠤᠶᠠᠳᠤᠭᠠᠷ ᠬᠤᠷᠠᠯ᠎ᠠᠴᠠ ᠪᠠᠳᠤᠯᠠᠵᠦ᠂ 2014 ᠣᠨ᠎ᠤ 5᠎ᠳᠤᠭᠠᠷ ᠰᠠᠷ᠎ᠠ᠎ᠶᠢᠨ 9᠎ᠤ ᠡᠳᠦᠷ ᠦᠪᠤᠷ ᠮᠤᠩᠭᠤᠯ᠎ᠤᠨ ᠦᠪᠠᠷᠳᠡᠭᠡᠨ ᠵᠠᠰᠠᠬᠤ ᠤᠷᠤᠨ᠎ᠤ ᠠᠷᠪᠠᠨ ᠬᠤᠶᠠᠳᠤᠭᠠᠷ ᠬᠤᠭᠤᠴᠠᠭᠠᠨ᠎ᠤ ᠠᠷᠠᠳ᠎ᠤᠨ ᠳᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢᠩᠭᠤ᠎ᠶᠢᠨ ᠬᠤᠷᠢᠶ᠎ᠠ᠎ᠶᠢᠨ ᠠᠷᠪᠠᠳᠤᠭᠠᠷ ᠬᠤᠷᠠᠯ᠎ᠠᠴᠠ ᠵᠠᠰᠠᠪᠤᠷᠢ ᠤᠷᠤᠭᠤᠯᠪᠠ)

 

    ᠲᠥᠷᠪᠡᠳᠦᠭᠡᠷ ᠪᠦᠯᠦᠭ  ᠲᠠᠷᠢᠶᠠᠯᠠᠩ ᠮᠠᠯ ᠠᠵᠤ ᠠᠬᠤᠢ ᠪᠠ ᠨᠡᠢᠭᠡᠮ᠎ᠤᠨ ᠦᠢᠯᠡᠰ᠎ᠤᠨ ᠱᠢᠨᠵᠢᠯᠡᠬᠦ ᠣᠬᠠᠭᠠᠨ ᠮᠡᠷᠭᠡᠵᠢᠯ᠎ᠤᠨ ᠲᠠᠪᠱᠢᠯᠲᠡ

 

  ᠬᠤᠷᠢᠨ ᠵᠢᠷᠭᠤᠳᠤᠭᠠᠷ ᠵᠦᠢᠯ  ᠬᠤᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠨᠢ ᠲᠠᠷᠢᠶᠠᠯᠠᠩ ᠮᠠᠯ ᠠᠵᠤ ᠠᠬᠤᠢ᠎ᠶᠢᠨ ᠱᠢᠨᠵᠢᠯᠡᠬᠦ ᠣᠬᠠᠭᠠᠨ ᠮᠡᠷᠭᠡᠵᠢᠯ᠎ᠤᠨ ᠱᠢᠨ᠎ᠡ᠎ᠶᠢ ᠡᠬᠦᠳᠬᠦ ᠱᠢᠰᠲᠧᠮ ᠪᠠ ᠲᠠᠷᠢᠶᠠᠯᠠᠩ ᠮᠠᠯ ᠠᠵᠤ ᠠᠬᠤᠢ᠎ᠶᠢᠨ ᠮᠡᠷᠭᠡᠵᠢᠯ ᠳᠡᠯᠭᠡᠷᠡᠬᠦᠯᠬᠦ ᠱᠢᠰᠲᠧᠮ᠎ᠢ ᠪᠠᠢᠭᠤᠯᠬᠤ ᠭᠡᠷᠡᠭᠲᠠᠢ;ᠲᠠᠷᠢᠶᠠᠯᠠᠩ ᠮᠠᠯ ᠠᠵᠤ ᠠᠬᠤᠢ᠎ᠶᠢᠨ ᠱᠢᠨᠵᠢᠯᠡᠬᠦ ᠣᠬᠠᠭᠠᠨ ᠮᠡᠷᠭᠡᠵᠢᠯ᠎ᠤᠨ ᠡᠬᠢ ᠪᠠᠶᠠᠯᠢᠭ᠎ᠢ ᠬᠠᠮᠳᠤ᠎ᠪᠠᠷ ᠡᠳ᠋ᠯᠡᠬᠦ ᠲᠠᠪᠴᠠᠩ᠎ᠢ ᠪᠠᠢᠭᠤᠯᠵᠤ᠂ ᠲᠠᠷᠢᠶᠠᠯᠠᠩ ᠮᠠᠯ ᠠᠵᠤ ᠠᠬᠤᠢ᠎ᠶᠢᠨ ᠱᠢᠨ᠎ᠡ ᠡᠬᠦᠯᠳᠡᠷ᠂ ᠱᠢᠨ᠎ᠡ ᠮᠡᠷᠭᠡᠵᠢᠯ᠎ᠤᠨ ᠰᠣᠳᠤᠯᠭᠠᠨ ᠨᠡᠭᠡᠭᠡᠯᠲᠡ᠎ᠶᠢ ᠳᠡᠮᠵᠢᠵᠤ᠂ ᠲᠠᠷᠢᠶᠠᠯᠠᠩ ᠮᠠᠯ ᠠᠵᠤ ᠠᠬᠤᠢ᠎ᠶᠢᠨ ᠱᠢᠨᠵᠢᠯᠡᠬᠦ ᠣᠬᠠᠭᠠᠨ ᠮᠡᠷᠭᠡᠵᠢᠯ᠎ᠤᠨ ᠦᠷ᠎ᠡ ᠪᠦᠲᠦᠭᠡᠯ᠎ᠢ ᠣᠯᠠᠷᠢᠭᠤᠯᠬᠤ᠎ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ᠎ᠶᠢᠨ ᠠᠵᠤ ᠦᠢᠯᠡᠰ᠎ᠤᠨ ᠪᠦᠲᠦᠴᠡ᠎ᠶᠢ ᠱᠢᠯᠢᠳᠡᠭᠵᠢᠬᠦᠯᠬᠦ ᠬᠡᠷᠡᠭᠲᠠᠢ;ᠲᠠᠷᠢᠶᠠᠯᠠᠩ ᠮᠠᠯ ᠠᠵᠤ ᠠᠬᠤᠢ᠎ᠶᠢᠨ ᠱᠢᠨᠵᠢᠯᠡᠬᠦ ᠣᠬᠠᠭᠠᠨ  ᠮᠡᠷᠭᠡᠵᠢᠯ᠎ᠤᠨ ᠲᠠᠪᠱᠢᠯᠲᠠ᠎ᠶᠢᠨ ᠬᠤᠪᠢ ᠨᠡᠮᠡᠷᠢ ᠦᠵᠡᠬᠦᠯᠬᠦ ᠨᠣᠷᠮ᠎ᠠ᠎ᠶᠢ ᠳᠡᠭᠡᠭᠱᠢᠯᠡᠬᠦᠯᠵᠤ᠂ ᠦᠨᠳᠦᠷ ᠭᠠᠷᠤᠯᠲᠠ᠎ᠲᠠᠢ᠂ ᠱᠢᠯᠢᠳᠡᠭ ᠴᠢᠨᠠᠷ᠎ᠲᠠᠢ᠂ ᠦᠨᠳᠦᠷ ᠦᠷ᠎ᠡ ᠠᠱᠢᠭ᠎ᠲᠠᠢ᠂ ᠠᠮᠢ ᠠᠬᠤᠢ᠎ᠶᠢᠨ᠂ ᠠᠶᠤᠯ᠎ᠦᠭᠡᠢ ᠣᠳᠤ ᠦᠶ᠎ᠡ᠎ᠶᠢᠨ ᠲᠠᠷᠢᠶᠠᠯᠠᠩ ᠮᠠᠯ ᠠᠵᠤ ᠠᠬᠤᠢ᠎ᠶᠢ ᠬᠦᠭᠵᠢᠬᠦᠯᠦᠨ᠎ᠡ᠃

  ᠬᠤᠷᠢᠨ ᠲᠤᠯᠤᠳᠤᠭᠠᠷ ᠵᠦᠢᠯ  ᠨᠦᠬᠦᠴᠡᠯ ᠪᠦᠷᠢᠯᠳᠦᠬᠦᠯᠦᠭᠰᠡᠨ ᠵᠣᠬᠢᠶᠠᠨ ᠪᠠᠢᠭᠤᠯᠤᠯᠲᠠ ᠪᠠ ᠬᠤᠪᠢ ᠬᠦᠮᠦᠨ᠎ᠤ ᠲᠠᠷᠢᠶᠠᠯᠠᠩ ᠮᠠᠯ ᠠᠵᠤ ᠠᠬᠤᠢ᠎ᠶᠢᠨ ᠱᠢᠨᠵᠢᠯᠡᠬᠦ ᠣᠬᠠᠭᠠᠨ ᠮᠡᠷᠭᠡᠵᠢᠯ᠎ᠤᠨ ᠵᠢᠱᠢᠶ᠎ᠡ ᠦᠵᠡᠬᠦᠯᠬᠦ ᠬᠦᠷᠢᠶᠡᠯᠡᠩ᠂ ᠠᠵᠤ ᠦᠢᠯᠡᠰᠵᠢᠯᠲᠡ᠎ᠶᠢᠨ ᠰᠠᠭᠤᠷᠢᠨ ᠭᠠᠵᠠᠷ᠂ ᠲᠠᠷᠢᠶᠠᠯᠠᠩ ᠮᠠᠯ ᠠᠵᠤ ᠠᠬᠤᠢ᠎ᠶᠢᠨ ᠵᠠᠩᠬᠢᠴᠢᠯᠠᠭᠰᠠᠨ ᠲᠣᠤᠷ ᠰᠦᠯᠵᠢᠶᠠᠨ᠎ᠤ ᠱᠢᠰᠲᠧᠮ ᠪᠠᠢᠭᠤᠯᠬᠤ᠎ᠶᠢ ᠵᠣᠷᠢᠭᠵᠢᠭᠤᠯᠤᠨ᠎ᠠ᠃ ᠬᠤᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ᠎ᠨᠢ ᠮᠡᠷᠭᠡᠵᠢᠯ᠂ ᠪᠡᠯᠡ ᠮᠦᠩᠬᠦ᠂ ᠦᠢᠯᠡᠳᠪᠦᠷᠢᠯᠡᠯ᠎ᠤᠨ ᠬᠡᠷᠡᠭᠰᠡᠯ ᠵᠡᠷᠭᠡ ᠲᠠᠯ᠎ᠠ᠎ᠪᠠᠷ ᠳᠡᠮᠵᠢᠯᠭᠡ ᠦᠵᠡᠬᠦᠯᠬᠦ ᠬᠡᠷᠡᠭᠲᠠᠢ᠃

  ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠲᠠᠷᠢᠶᠠᠯᠠᠬᠤ ᠮᠠᠯᠵᠢᠬᠤ ᠣᠷᠤᠨ᠎ᠤ ᠱᠢᠨᠵᠢᠯᠡᠬᠦ ᠣᠬᠠᠭᠠᠨ ᠮᠡᠷᠭᠡᠵᠢᠯ᠎ᠤᠨ ᠲᠣᠰᠭᠠᠢ ᠲᠣᠮᠢᠯᠠᠭᠳᠠᠭᠰᠠᠳ᠎ᠤᠨ ᠵᠣᠬᠢᠶᠠᠨ ᠪᠠᠢᠭᠤᠯᠤᠯᠲᠠ᠂ ᠲᠣᠰᠭᠠᠢ ᠮᠡᠷᠭᠡᠵᠢᠯ᠎ᠤᠨ ᠨᠡᠢᠭᠡᠮᠯᠢᠭ ᠪᠠ ᠮᠠᠯᠴᠢᠳ ᠲᠠᠷᠢᠶᠠᠴᠢᠳ᠎ᠤᠨ ᠲᠤᠰᠭᠠᠢ ᠮᠡᠷᠭᠡᠵᠢᠯ᠎ᠤᠨ ᠬᠤᠷᠱᠢᠶᠠᠵᠢᠯ᠎ᠤᠨ ᠠᠵᠤ ᠠᠬᠤᠢ᠎ᠶᠢᠨ ᠵᠣᠬᠢᠶᠠᠨ ᠪᠠᠢᠭᠤᠯᠤᠯᠲᠠ ᠵᠢᠴᠢ ᠭᠠᠵᠠᠷ ᠵᠦᠢ᠎ᠶᠢᠨ ᠱᠢᠨᠵᠢ ᠲᠡᠮᠳᠡᠭᠲᠦ ᠲᠠᠸᠠᠷ᠎ᠤᠨ ᠲᠡᠮᠳᠡᠭ᠎ᠢ ᠭᠤᠶᠤᠴᠢᠯᠠᠭᠰᠠᠨ ᠬᠦᠮᠦᠨ᠎ᠳᠤ ᠮᠡᠷᠭᠡᠵᠢᠯ ᠪᠠ ᠪᠡᠯᠡ ᠮᠦᠩᠬᠦ ᠵᠡᠷᠭᠡ ᠲᠠᠯ᠎ᠠ᠎ᠪᠠᠷ ᠳᠡᠮᠵᠢᠯᠭᠡ ᠦᠵᠡᠬᠦᠯᠬᠦ᠎ᠪᠠᠨ ᠴᠢᠩᠭᠠᠳᠭᠠᠬᠤ ᠭᠡᠷᠡᠭᠲᠠᠢ᠃

  ᠳᠡᠭᠡᠲᠦ ᠵᠡᠷᠭᠡ᠎ᠶᠢᠨ ᠰᠣᠷᠭᠠᠭᠤᠯᠢ᠂ ᠱᠢᠨᠵᠢᠯᠡᠬᠦ ᠣᠬᠠᠭᠠᠨ ᠮᠡᠷᠭᠡᠵᠢᠯ᠎ᠤᠨ ᠰᠣᠳᠤᠯᠭᠠᠨ ᠨᠡᠭᠡᠭᠡᠯᠲᠡ᠎ᠶᠢᠨ ᠪᠠᠢᠭᠤᠯᠤᠮᠵᠢ ᠬᠢᠭᠡᠳ ᠮᠠᠯᠴᠢᠳ ᠲᠠᠷᠢᠶᠠᠴᠢᠳ᠎ᠤᠨ ᠲᠣᠰᠭᠠᠢ ᠮᠡᠷᠭᠡᠵᠢᠯ᠎ᠤᠨ ᠬᠤᠷᠱᠢᠶᠠᠵᠢᠯ᠎ᠤᠨ ᠠᠵᠤ ᠠᠬᠤᠢ᠎ᠶᠢᠨ ᠵᠣᠬᠢᠶᠠᠨ ᠪᠠᠢᠭᠤᠯᠤᠯᠲᠠ᠂ ᠲᠠᠷᠢᠶᠠᠯᠠᠩ ᠮᠠᠯ ᠠᠵᠤ ᠠᠬᠤᠢ᠎ᠶᠢᠨ ᠬᠦᠲᠦᠴᠢ ᠠᠵᠤ ᠠᠬᠤᠢᠯᠠᠯ ᠵᠢᠴᠢ ᠮᠠᠯᠴᠢᠨ ᠲᠠᠷᠢᠶᠠᠴᠢᠨ ᠡᠷᠦᠭᠡ ᠵᠡᠷᠭᠡ ᠣᠯᠠᠨ ᠲᠦᠷᠦᠯ᠎ᠤᠨ ᠬᠡᠯᠪᠡᠷᠢ᠎ᠶᠢᠨ ᠮᠡᠷᠭᠡᠵᠢᠯ᠎ᠤᠨ ᠬᠤᠷᠱᠢᠶᠠᠵᠢᠯ ᠦᠷᠨᠢᠬᠦᠯᠬᠦ᠎ᠶᠢ ᠳᠡᠮᠵᠢᠨ᠎ᠡ᠃

  ᠬᠤᠷᠢᠨ ᠨᠠᠢ᠍ᠮᠠᠳᠤᠭᠠᠷ ᠵᠦᠢᠯ  ᠡᠬᠢ ᠪᠠᠶᠠᠯᠢᠭ ᠪᠠ ᠣᠷᠴᠢᠨ ᠲᠣᠭᠤᠷᠢᠨ᠂ ᠬᠦᠮᠦᠨ ᠠᠮᠠ ᠪᠠ ᠡᠷᠡᠬᠦᠯ ᠴᠢᠬᠢᠷᠠᠭ᠂ ᠠᠭᠤᠷ ᠠᠮᠢᠰᠭᠤᠯ᠎ᠤᠨ ᠬᠤᠪᠢᠷᠠᠯᠲᠠ᠂ ᠭᠠᠮᠱᠢᠭ᠎ᠢ ᠰᠡᠷᠭᠡᠢᠯᠡᠵᠦ ᠭᠠᠮᠱᠢᠭ᠎ᠢ ᠪᠠᠭᠠᠰᠭᠠᠬᠤ᠂ ᠨᠡᠢᠲᠡ᠎ᠶᠢᠨ ᠠᠮᠤᠷ ᠲᠦᠪᠱᠢᠨ᠂ ᠠᠮᠢᠲᠤ ᠪᠣᠳᠠᠰ᠎ᠤᠨ ᠮᠡᠷᠭᠡᠵᠢᠯ᠂ ᠦᠨᠳᠦᠰᠦᠲᠡᠨ᠎ᠤ ᠡᠮ ᠡᠮᠨᠡᠯᠭᠡ᠂ ᠣᠰᠤᠨ᠎ᠤ ᠡᠬᠢ ᠪᠠᠶᠠᠯᠢᠭ᠎ᠢ ᠠᠷᠪᠢᠯᠠᠬᠤ ᠪᠠ ᠬᠠᠮᠠᠭᠠᠯᠠᠬᠤ ᠵᠡᠷᠭᠡ ᠬᠦᠷᠢᠶ᠎ᠡ ᠬᠡᠪᠴᠢᠶᠠᠨ᠎ᠳᠠᠬᠢ ᠱᠢᠨᠵᠢᠯᠡᠬᠦ ᠣᠬᠠᠭᠠᠨ ᠮᠡᠷᠭᠡᠵᠢᠯ᠎ᠤᠨ ᠱᠢᠨ᠎ᠡ᠎ᠶᠢ ᠡᠬᠦᠳᠬᠦ᠎ᠶᠢ ᠵᠣᠷᠢᠭᠵᠢᠭᠤᠯᠤᠨ ᠳᠡᠮᠵᠢᠵᠤ᠂ ᠨᠡᠢᠭᠡᠮ᠎ᠤᠨ ᠠᠵᠤ ᠦᠢᠯᠡᠰ᠎ᠤᠨ ᠬᠦᠭᠵᠢᠯᠲᠡ ᠪᠠ ᠲᠠᠪᠱᠢᠯᠲᠠ᠎ᠶᠢ ᠠᠬᠢᠭᠤᠯᠤᠨ᠎ᠠ᠃

  ᠬᠤᠷᠢ ᠶᠢᠰᠦᠳᠦᠭᠡᠷ ᠵᠦᠢᠯ  ᠬᠤᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ ᠱᠢᠨᠵᠢᠯᠡᠬᠦ ᠣᠬᠠᠭᠠᠨ ᠮᠡᠷᠭᠡᠵᠢᠯ᠎ᠢᠶᠠᠷ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠴᠢᠳᠠᠪᠦᠷᠢ᠎ᠶᠢ ᠴᠢᠩᠭᠠᠳᠭᠠᠵᠤ᠂ ᠱᠢᠨᠵᠢᠯᠡᠬᠦ ᠣᠬᠠᠭᠠᠨ ᠮᠡᠷᠭᠡᠵᠢᠯ᠎ᠢᠶᠠᠷ ᠠᠷᠠᠳ᠎ᠲᠤ ᠠᠱᠢᠭ ᠬᠦᠷᠲᠡᠭᠡᠬᠦ ᠦᠢᠯᠡᠴᠢᠯᠡᠭᠡᠨ᠎ᠤ ᠱᠢᠰᠲᠧᠮ᠎ᠢ ᠪᠠᠢᠭᠤᠯᠵᠤ᠂ ᠱᠢᠨᠵᠢᠯᠡᠬᠦ ᠣᠬᠠᠭᠠᠨ ᠮᠡᠷᠭᠡᠵᠢᠯ᠎ᠢᠶᠠᠷ ᠠᠷᠠᠳ᠎ᠲᠤ ᠠᠱᠢᠭ ᠬᠦᠷᠲᠡᠭᠡᠬᠦ ᠮᠡᠷᠭᠡᠵᠢᠯ᠎ᠢ ᠳᠡᠯᠭᠡᠷᠡᠬᠦᠯᠦᠨ ᠲᠦᠭᠡᠮᠡᠯᠵᠢᠬᠦᠯᠬᠦ᠎ᠶᠢ ᠳᠡᠮᠵᠢᠬᠦ ᠬᠡᠷᠡᠭᠲᠠᠢ᠃

  ᠭᠤᠴᠢᠳᠤᠭᠠᠷ ᠵᠦᠢᠯ  ᠬᠤᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ ᠣᠷᠳᠤᠨ ᠠᠮᠢ ᠠᠬᠤᠢ᠎ᠶᠢᠨ ᠬᠠᠮᠠᠭᠠᠯᠠᠯᠲᠠ᠂ ᠡᠨᠧᠷᠬᠢ ᠠᠷᠪᠢᠯᠠᠵᠤ ᠭᠠᠳᠠᠭᠱᠢᠯᠠᠯ᠎ᠢ ᠪᠠᠭᠠᠰᠭᠠᠬᠤ᠂ ᠡᠬᠢ ᠪᠠᠶᠠᠯᠢᠭ᠎ᠢ ᠶᠡᠷᠦᠩᠬᠡᠢᠯᠡᠨ ᠠᠱᠢᠭᠯᠠᠬᠤ᠂ ᠪᠣᠬᠢᠷᠳᠤᠯ᠎ᠢ ᠬᠢᠵᠠᠭᠠᠷᠯᠠᠬᠤ ᠵᠡᠷᠭᠡ ᠮᠡᠷᠭᠡᠵᠢᠯ᠎ᠤᠨ ᠨᠡᠭᠡᠭᠡᠯᠲᠡ ᠪᠠ ᠲᠦᠪᠯᠡᠷᠡᠯ᠎ᠢ ᠳᠡᠮᠵᠢᠵᠤ᠂ ᠣᠷᠴᠢᠯ ᠠᠵᠤ ᠠᠬᠤᠢ᠎ᠶᠢ ᠬᠦᠭᠵᠢᠬᠦᠯᠬᠦ᠎ᠶᠢ ᠵᠣᠷᠢᠭᠵᠢᠭᠤᠯᠤᠨ᠂ ᠣᠷᠤᠨ ᠪᠦᠰᠡ᠎ᠶᠢᠨ ᠦᠷᠬᠦᠯᠵᠢᠯᠡᠯ ᠭᠦᠭᠵᠢᠯᠲᠡ᠎ᠶᠢᠨ ᠴᠢᠳᠠᠪᠦᠷᠢ᠎ᠶᠢ ᠳᠡᠭᠡᠭᠱᠢᠯᠡᠬᠦᠯᠬᠦ ᠬᠡᠷᠡᠭᠲᠠᠢ᠃

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604