ᠦᠪᠤᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠣᠬᠠᠭᠠᠨ ᠮᠡᠷᠭᠡᠵᠢᠯ ᠤᠨ ᠲᠠᠪᠰᠢᠯᠲᠠ ᠶᠢᠨ ᠳᠦᠷᠢᠮ(ᠲᠠᠪᠤᠳᠤᠭᠠᠷ ᠪᠦᠯᠦᠭ)
2020.03.16

(1996 ᠤᠨ ᠤ 6 ᠳ᠋ᠤᠭᠠᠷ ᠰᠠᠷ᠎ᠠ ᠶᠢᠨ 1 ᠤ᠋ ᠡᠳᠦᠷ ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠨᠠᠢ᠍ᠮᠠᠳᠤᠭᠠᠷ ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠬᠤᠶᠠᠳᠤᠭᠠᠷ ᠬᠤᠷᠠᠯ ᠠᠴᠠ ᠪᠠᠳᠤᠯᠠᠵᠦ᠂ 2014 ᠤᠨ ᠤ 5 ᠳ᠋ᠤᠭᠠᠷ ᠰᠠᠷ᠎ᠠ ᠶᠢᠨ 9 ᠤ ᠡᠳᠦᠷ ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠠᠷᠪᠠᠳᠤᠭᠠᠷ ᠬᠤᠷᠠᠯ ᠠᠴᠠ ᠵᠠᠰᠠᠪᠤᠷᠢ ᠤᠷᠤᠭᠤᠯᠪᠠ)

 

    ᠲᠠᠪᠤᠳᠤᠭᠠᠷ ᠪᠦᠯᠦᠭ  ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠪᠠᠢᠭᠤᠯᠤᠮᠵᠢ

 

  ᠭᠤᠴᠢᠨ ᠨᠢᠭᠡᠳᠦᠭᠡᠷ ᠵᠦᠢᠯ  ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠪᠠᠢᠭᠤᠯᠤᠮᠵᠢ ᠶᠢᠨ ᠪᠠᠢᠷᠢᠯᠠᠭᠤᠯᠤᠯᠲᠠ ᠶᠢ ᠨᠢᠭᠡᠳᠦᠯᠲᠠᠢ ᠲᠥᠯᠦᠪᠵᠢᠭᠦᠯᠵᠦ᠂ ᠰᠢᠨᠵᠢᠯᠡᠬᠦ ᠣᠬᠠᠭᠠᠨ ᠮᠡᠷᠭᠡᠵᠢᠯ ᠤᠨ ᠡᠬᠢ ᠪᠠᠶᠠᠯᠢᠭ ᠤᠨ ᠲᠣᠬᠢᠷᠠᠭᠤᠯᠣᠯᠲᠠ ᠶᠢ ᠰᠢᠯᠢᠳᠡᠭᠵᠢᠬᠦᠯᠦᠨ᠂ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠰᠢᠰᠲ᠋ᠧᠮ ᠢ ᠪᠠᠢᠭᠤᠯᠤᠨ ᠳᠡᠬᠦᠯᠳᠡᠷᠵᠢᠬᠦᠯᠦᠨ᠎ᠡ᠃

  ᠭᠤᠴᠢᠨ ᠬᠤᠶᠠᠳᠤᠭᠠᠷ ᠵᠦᠢᠯ  ᠨᠡᠢᠲᠡ ᠶᠢᠨ ᠠᠰᠠᠷᠠᠮᠵᠢ ᠶᠢᠨ ᠲᠦᠷᠦᠯ ᠤᠨ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠪᠠᠢᠭᠤᠯᠤᠮᠵᠢ ᠨᠢ ᠨᠡᠢᠭᠡᠮ ᠤᠨ ᠨᠡᠢᠲᠡ ᠶᠢᠨ ᠠᠰᠠᠷᠠᠮᠵᠢ ᠶᠢᠨ ᠦᠢᠯᠡᠴᠢᠯᠡᠭᠡᠨ ᠤ ᠴᠢᠭᠯᠡᠯᠲᠡ ᠶᠢ ᠪᠠᠷᠢᠮᠲᠠᠯᠠᠵᠣ᠂ ᠨᠡᠢᠭᠡᠮ ᠨᠡᠢᠲᠡ ᠶᠢᠨ ᠬᠦᠷᠢᠶ᠎ᠡ ᠬᠡᠪᠴᠢᠶᠠᠨ ᠤ ᠣᠨᠴᠠᠯᠢᠭ ᠲᠤ ᠵᠣᠬᠢᠴᠠᠬᠤ ᠰᠢᠨᠵᠢᠯᠡᠬᠦ ᠣᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠲᠣᠯᠭᠠᠭᠤᠷᠢ ᠲᠣᠭᠲᠠᠯᠴᠠᠭ᠎ᠠ ᠶᠢ ᠪᠠᠢᠭᠤᠯᠬᠤ ᠭᠡᠷᠡᠭᠲᠠᠢ᠃

  ᠰᠠᠭᠤᠷᠢ ᠰᠣᠳᠣᠯᠭᠠᠨ ᠤ ᠲᠦᠷᠦᠯ ᠤᠨ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠪᠠᠢᠭᠤᠯᠤᠮᠵᠢ ᠨᠢ ᠣᠯᠣᠰ ᠪᠠ ᠦᠪᠡᠷᠲᠡᠭᠡᠨ ᠵᠠᠰᠠᠬᠤ ᠣᠷᠣᠨ ᠤ ᠪᠠᠢᠯᠳᠤᠬᠤ ᠪᠣᠳᠣᠯᠭ᠎ᠠ ᠶᠢᠨ ᠬᠡᠷᠡᠭᠴᠡᠭᠡ ᠵᠢᠴᠢ ᠰᠢᠨᠵᠢᠯᠡᠬᠦ ᠣᠬᠠᠭᠠᠨ ᠤ ᠡᠮᠦᠨ᠎ᠡ ᠹᠷᠣᠨᠲ ᠶᠢᠨ ᠠᠰᠠᠭᠤᠳᠠᠯ ᠢ ᠦᠨᠳᠦᠰᠦᠯᠡᠵᠣ᠂ ᠰᠢᠨ᠎ᠡ ᠶᠢ ᠡᠬᠦᠳᠬᠦ ᠠᠮᠢᠵᠢᠷᠠᠯ ᠤᠨ ᠬᠦᠴᠦᠨ ᠢ ᠬᠦᠭᠵᠢᠬᠡᠬᠦ ᠳᠤ ᠠᠰᠢᠭᠲᠠᠢ ᠠᠩᠬᠠᠨ ᠤ ᠰᠢᠨ᠎ᠡ ᠶᠢ ᠡᠬᠦᠳᠬᠦ ᠴᠢᠳᠠᠪᠦᠷᠢ ᠶᠢ ᠳᠡᠭᠡᠭᠰᠢᠯᠡᠬᠦᠯᠬᠦ ᠠᠵᠢᠯᠯᠠᠭᠠᠨ ᠤ ᠲᠣᠭᠲᠠᠯᠴᠠᠭ᠎ᠠ ᠶᠢ ᠲᠡᠬᠦᠯᠳᠡᠷᠵᠢᠬᠦᠯᠬᠦ ᠬᠡᠷᠡᠭᠲᠠᠢ᠃

  ᠮᠡᠷᠭᠡᠵᠢᠯ ᠤᠨ ᠨᠡᠭᠡᠭᠡᠯᠲᠡ ᠶᠢᠨ ᠲᠦᠷᠦᠯ ᠤᠨ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠪᠠᠢᠭᠤᠯᠤᠮᠵᠢ ᠨᠢ ᠠᠵᠣ ᠠᠬᠤᠢᠯᠠᠯᠴᠢᠯᠠᠬᠤ ᠪᠠᠢᠭᠤᠯᠤᠮᠵᠢ ᠶᠢᠨ ᠬᠤᠪᠢᠷᠠᠯᠲᠠ ᠶᠢᠨ ᠴᠢᠭᠯᠡᠯ ᠢ ᠪᠠᠷᠢᠮᠲᠠᠯᠠᠵᠣ᠂ ᠣᠳᠣ ᠦᠶ᠎ᠡ ᠶᠢᠨ ᠠᠵᠣ ᠠᠬᠤᠢᠯᠠᠯ ᠤᠨ ᠳᠦᠷᠢᠮ ᠢ ᠲᠡᠬᠦᠯᠳᠡᠷᠵᠢᠬᠦᠯᠵᠣ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠭᠰᠠᠨ ᠮᠡᠷᠭᠡᠵᠢᠯ ᠦ᠋ᠨ ᠰᠢᠨ᠎ᠡ ᠶ᠋ᠢ ᠡᠭᠦᠳᠬᠦ ᠲᠣᠭᠲᠠᠯᠴᠠᠭ᠎ᠠ ᠶ᠋ᠢ ᠪᠠᠢᠭᠤᠯᠬᠤ ᠬᠡᠷᠡᠭᠲᠡᠢ᠃

  ᠭᠤᠴᠢᠨ ᠭᠤᠷᠪᠠᠳᠤᠭᠠᠷ ᠵᠦᠢᠯ  ᠣᠷᠣᠨ ᠤ ᠭᠠᠳᠠᠨᠠᠬᠢ ᠪᠠ ᠦᠪᠡᠷᠲᠡᠭᠡᠨ ᠵᠠᠰᠠᠬᠤ ᠣᠷᠣᠨ ᠳᠤ ᠰᠠᠭᠤᠭ᠎ᠠ ᠲᠦᠪ ᠤᠨ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠪᠠᠢᠭᠤᠯᠤᠮᠵᠢ ᠶᠢᠨ ᠦᠪᠡᠷᠲᠡᠭᠡᠨ ᠵᠠᠰᠠᠬᠤ ᠣᠷᠣᠨ ᠳᠤ ᠪᠠᠢᠭᠤᠯᠤᠮᠵᠢ ᠪᠠᠢᠭᠤᠯᠵᠤ᠂ ᠦᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠳᠤ ᠣᠷᠣᠯᠴᠠᠬᠤ ᠶᠢ ᠵᠣᠷᠢᠬᠵᠢᠭᠤᠯᠣᠨ᠎ᠠ᠃

  ᠨᠡᠢᠭᠡᠮ ᠤ᠋ᠨ ᠬᠦᠴᠦᠨ ᠤ ᠦᠪᠡᠷᠲᠡᠭᠡᠨ ᠵᠠᠰᠠᠬᠤ ᠣᠷᠣᠨ ᠳᠤ ᠬᠠᠣᠯᠢ ᠶᠣᠰᠤ ᠪᠡᠷ ᠰᠢᠨᠵᠢᠯᠡᠬᠦ ᠣᠬᠠᠭᠠᠨ ᠮᠡᠷᠭᠡᠵᠢᠯ ᠤ᠋ᠨ ᠰᠤᠳᠤᠯᠭᠠᠨ ᠨᠡᠭᠡᠭᠡᠯᠲᠡ ᠶ᠋ᠢᠨ ᠪᠠᠢᠭᠤᠯᠤᠮᠵᠢ ᠡᠭᠦᠳᠦᠨ ᠪᠠᠢᠭᠤᠯᠬᠤ ᠶ᠋ᠢ ᠵᠣᠷᠢᠭᠵᠢᠭᠤᠯᠤᠨ᠎ᠠ᠃

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ