ᠦᠪᠤᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠣᠬᠠᠭᠠᠨ ᠮᠡᠷᠭᠡᠵᠢᠯ ᠤᠨ ᠲᠠᠪᠰᠢᠯᠲᠠ ᠶᠢᠨ ᠳᠦᠷᠢᠮ(ᠵᠢᠷᠭᠤᠳᠤᠭᠠᠷ ᠪᠦᠯᠦᠭ)
2020.03.16

(1996 ᠤᠨ ᠤ 6 ᠳ᠋ᠤᠭᠠᠷ ᠰᠠᠷ᠎ᠠ ᠶᠢᠨ 1 ᠤ᠋ ᠡᠳᠦᠷ ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠨᠠᠢ᠍ᠮᠠᠳᠤᠭᠠᠷ ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠬᠤᠶᠠᠳᠤᠭᠠᠷ ᠬᠤᠷᠠᠯ ᠠᠴᠠ ᠪᠠᠳᠤᠯᠠᠵᠦ᠂ 2014 ᠤᠨ ᠤ 5 ᠳ᠋ᠤᠭᠠᠷ ᠰᠠᠷ᠎ᠠ ᠶᠢᠨ 9 ᠤ ᠡᠳᠦᠷ ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠠᠷᠪᠠᠳᠤᠭᠠᠷ ᠬᠤᠷᠠᠯ ᠠᠴᠠ ᠵᠠᠰᠠᠪᠤᠷᠢ ᠤᠷᠤᠭᠤᠯᠪᠠ)

 

    ᠵᠢᠷᠭᠤᠳᠤᠭᠠᠷ ᠪᠦᠯᠦᠭ  ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠲᠠᠨ

 

  ᠭᠤᠴᠢᠨ ᠲᠥᠷᠪᠡᠳᠦᠭᠡᠷ ᠵᠦᠢᠯ  ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠰᠢᠨᠵᠢᠯᠡᠬᠦ ᠣᠬᠠᠭᠠᠨ ᠮᠡᠷᠭᠡᠵᠢᠯ ᠤᠨ ᠴᠢᠳᠠᠪᠦᠷᠢᠲᠠᠨ ᠢ ᠬᠦᠭᠵᠢᠬᠦᠯᠬᠦ ᠲᠥᠯᠦᠪᠵᠢᠭᠦᠯᠭᠡ ᠲᠣᠭᠲᠠᠭᠠᠵᠤ᠂ ᠰᠢᠨᠵᠢᠯᠡᠬᠦ ᠣᠬᠠᠭᠠᠨ ᠮᠡᠷᠭᠡᠵᠢᠯ ᠤᠨ ᠴᠢᠳᠠᠪᠦᠷᠢᠲᠠᠨ ᠢ᠋ ᠬᠥᠮᠦᠵᠢᠭᠦᠯᠬᠦ᠂ ᠣᠷᠤᠭᠤᠯᠬᠤ᠂ ᠬᠡᠷᠡᠭᠯᠡᠬᠦ᠂ ᠰᠢᠯᠵᠢᠭᠦᠯᠬᠦ᠂ ᠦᠨᠡᠯᠡᠬᠦ ᠵᠡᠷᠭᠡ ᠳᠦᠷᠢᠮ ᠢ᠋ ᠪᠠᠢᠭᠤᠯᠤᠨ ᠲᠡᠭᠦᠯᠳᠡᠷᠵᠢᠭᠦᠯᠵᠦ᠂ ᠴᠦ᠋ᠬᠡᠨ ᠲᠣᠭᠠᠲᠤ ᠦᠨᠳᠦᠰᠦᠲᠡᠨ ᠤ᠋ ᠰᠢᠨᠵᠢᠯᠡᠬᠦ ᠤᠬᠠᠭᠠᠨ ᠮᠡᠷᠭᠡᠵᠢᠯ ᠦ᠋ᠨ ᠴᠢᠳᠠᠪᠦᠷᠢᠲᠡᠨ ᠤ᠋ ᠬᠥᠮᠦᠵᠢᠯ ᠢ᠋ ᠴᠢᠬᠤᠯᠠᠴᠢᠯᠠᠨ ᠴᠢᠩᠭᠠᠳᠬᠠᠵᠣ᠂ ᠰᠢᠨᠵᠢᠯᠡᠬᠦ ᠣᠬᠠᠭᠠᠨ ᠮᠡᠷᠭᠡᠵᠢᠯ ᠤᠨ ᠴᠢᠳᠠᠪᠦᠷᠢᠲᠠᠨ ᠤ ᠡᠩᠨᠡᠭᠡᠨ ᠤ ᠪᠦᠲᠦᠭᠡᠨ ᠪᠠᠢᠭᠤᠯᠤᠯᠲᠠ ᠳᠤ ᠦᠢᠯᠡᠴᠢᠯᠡᠭᠡ ᠪᠠ ᠪᠠᠲᠣᠯᠠᠭ᠎ᠠ ᠬᠠᠩᠭᠠᠬᠤ ᠭᠡᠷᠡᠭᠲᠠᠢ᠃

  ᠭᠤᠴᠢᠨ ᠲᠠᠪᠤᠳᠤᠭᠠᠷ ᠵᠦᠢᠯ  ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠠ ᠠᠵᠣ ᠠᠬᠤᠢᠯᠠᠯ ᠵᠡᠷᠭᠡ ᠠᠵᠣ ᠦᠢᠯᠡᠰ ᠤᠨ ᠵᠣᠬᠢᠶᠠᠨ ᠪᠠᠢᠭᠤᠯᠤᠯᠲᠠ ᠨᠢ ᠬᠤᠪᠣᠷ ᠴᠣᠬᠠᠭ ᠬᠡᠯᠪᠡᠷᠢ ᠶᠢᠨ ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠲᠠᠨ ᠢ ᠬᠦᠮᠦᠵᠢᠬᠦᠯᠬᠦ ᠪᠠ ᠣᠷᠣᠭᠤᠯᠵᠣ᠂ ᠦᠨᠳᠦᠷ ᠳᠠᠪᠬᠤᠷᠭ᠎ᠠ ᠶᠢᠨ ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠲᠠᠨ ᠤ ᠰᠢᠨ᠎ᠡ ᠶᠢ ᠡᠬᠦᠳᠴᠣ ᠠᠳᠠᠯ ᠪᠣᠰᠬᠠᠬᠤ ᠶᠢ ᠵᠣᠷᠢᠬᠵᠢᠭᠤᠯᠣᠨ ᠳᠡᠮᠵᠢᠵᠣ᠂ ᠳᠣᠪᠤᠢᠮ᠎ᠠ ᠬᠤᠪᠢ ᠨᠡᠮᠡᠷᠢ ᠭᠠᠷᠭᠠᠭᠰᠠᠨ ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠲᠠᠨ ᠳᠤ ᠡᠯᠪᠡᠭ ᠬᠦᠷᠲᠡᠮᠵᠢ ᠣᠯᠭᠤᠬᠤ ᠬᠡᠷᠡᠭᠲᠠᠢ᠃

  ᠭᠤᠴᠢᠨ ᠵᠢᠷᠭᠤᠳᠤᠭᠠᠷ ᠵᠦᠢᠯ  ᠠᠵᠣ ᠠᠬᠤᠢᠯᠠᠯ ᠨᠢ ᠰᠲ᠋ᠣᠺ ᠤᠨ ᠡᠷᠭᠡ ᠶᠢᠨ ᠬᠦᠬᠢᠬᠦᠯᠦᠯ᠂ ᠰᠲ᠋ᠣᠺ ᠤᠨ ᠡᠷᠭᠡ ᠶᠢ ᠬᠤᠳᠠᠯᠳᠣᠬᠤ᠂ ᠰᠲ᠋ᠣᠺ ᠤᠨ ᠬᠤᠭᠤᠴᠠᠭᠠᠲᠣ ᠡᠷᠭᠡ᠂ ᠣᠷᠣᠯᠭ᠎ᠠ ᠬᠤᠪᠢᠶᠠᠵᠣ ᠵᠣᠷᠢᠬᠵᠢᠭᠤᠯᠬᠤ ᠵᠡᠷᠭᠡᠠᠷᠭ᠎ᠠ ᠬᠡᠯᠪᠡᠷᠢ ᠪᠠᠷ ᠲᠤᠰᠢᠶᠠᠯ ᠤ᠋ᠨ ᠰᠢᠨᠵᠢᠯᠡᠬᠦ ᠤᠬᠠᠭᠠᠨ ᠮᠡᠷᠭᠡᠵᠢᠯ ᠦ᠋ᠨ ᠦᠷ᠎ᠡ ᠪᠦᠲᠦᠭᠡᠯ ᠢ᠋ ᠭᠦᠢᠴᠡᠳᠭᠡᠭᠰᠡᠨ ᠬᠥᠮᠦᠨ ᠳ᠋ᠤ᠌ ᠪᠣᠳᠠᠰ ᠤ᠋ᠨ ᠬᠥᠬᠢᠭᠦᠯᠦᠯ ᠬᠦᠷᠲᠡᠭᠡᠵᠦ ᠪᠣᠯᠤᠨ᠎ᠠ

  ᠭᠤᠴᠢᠨ ᠲᠤᠯᠤᠳᠤᠭᠠᠷ ᠵᠦᠢᠯ  ᠳᠡᠭᠡᠲᠦ ᠵᠡᠷᠭᠡ ᠶᠢᠨ ᠰᠣᠷᠭᠠᠭᠤᠯᠢ᠂ ᠡᠳ ᠤ ᠵᠠᠰᠠᠭ ᠤᠨ ᠴᠢᠨᠠᠷᠲᠠᠢ ᠪᠡᠯᠡ ᠮᠦᠩᠬᠦ ᠶᠢ ᠠᠰᠢᠭᠯᠠᠵᠣ ᠪᠠᠢᠭᠤᠯᠤᠭᠰᠠᠨ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠪᠠᠢᠭᠤᠯᠤᠮᠵᠢ ᠨᠢ ᠮᠡᠷᠭᠡᠵᠢᠯ ᠰᠢᠯᠵᠢᠬᠦᠯᠦᠨ ᠦᠭᠬᠦ ᠬᠡᠯᠪᠡᠷᠢ ᠪᠠᠷ ᠲᠣᠰᠢᠶᠠᠯ ᠤᠨ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠣᠰᠣᠳ ᠲᠤ ᠦᠭᠴᠣ ᠬᠡᠷᠡᠭᠵᠢᠬᠦᠯᠦᠭᠰᠡᠨ ᠪᠣᠯ᠂ ᠮᠡᠷᠭᠡᠵᠢᠯ ᠰᠢᠯᠵᠢᠬᠦᠯᠦᠨ ᠦᠭᠬᠦ ᠳᠤ ᠣᠯᠣᠭᠰᠠᠨ ᠴᠡᠪᠡᠷ ᠣᠷᠣᠯᠭ᠎ᠠ ᠶᠢᠨ ᠵᠠᠭᠤᠨ ᠤ ᠭᠤᠴᠢ ᠠᠴᠠ ᠲᠣᠷᠣᠭᠰᠢ ᠪᠠᠢᠵᠤ ᠪᠣᠯᠬᠤ ᠦᠭᠡᠢ᠂ ᠵᠠᠭᠤᠨ ᠤ ᠲᠠᠯᠠ ᠠᠴᠠ ᠬᠡᠲᠦᠷᠡᠬᠦ ᠦᠭᠡᠢ ᠬᠠᠷᠢᠴᠠᠯ ᠢᠶᠠᠷ ᠭᠠᠷᠭᠠᠨ ᠠᠪᠴᠣ᠂ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠭᠦᠢᠴᠡᠳᠭᠡᠭᠰᠡᠨ ᠬᠦᠮᠦᠨ ᠪᠠ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠳ᠋ᠤ᠌  ᠴᠢᠬᠤᠯᠠ ᠬᠤᠪᠢ ᠨᠡᠮᠡᠷᠢ ᠦᠵᠡᠬᠦᠯᠦᠭᠰᠡᠨ ᠬᠦᠮᠦᠨ ᠳᠤ ᠨᠢᠭᠡ ᠯᠠ ᠣᠳᠠᠭ᠎ᠠ ᠶᠢᠨ ᠴᠢᠨᠠᠷᠲᠠᠢ ᠬᠦᠬᠢᠬᠦᠯᠬᠦ ᠳᠤ ᠬᠡᠷᠡᠭᠯᠡᠵᠣ ᠪᠣᠯᠣᠨ᠎ᠠ; ᠬᠤᠪᠢ ᠣᠷᠣᠭᠤᠯᠬᠤ ᠳᠦᠷᠢᠮ ᠤᠨ ᠬᠡᠯᠪᠡᠷᠢ ᠪᠠᠷ ᠣᠯᠠᠷᠢᠭᠤᠯᠣᠯᠲᠠ ᠶᠢ ᠬᠡᠷᠡᠭᠵᠢᠬᠦᠯᠦᠭᠰᠡᠨ ᠪᠣᠯ᠂ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠢᠶᠠᠷ ᠰᠲ᠋ᠣᠺ ᠤᠨ ᠡᠷᠭᠡ ᠪᠣᠯᠣᠨ ᠪᠦᠷᠢᠯᠳᠦᠭᠰᠡᠨ ᠬᠡᠰᠡᠭ ᠤᠨ ᠵᠠᠭᠤᠨ ᠤ ᠭᠤᠴᠢ ᠠᠴᠠ ᠲᠣᠷᠣᠭᠰᠢ ᠪᠠᠢᠵᠤ ᠪᠣᠯᠬᠤ ᠦᠭᠡᠢ ᠵᠠᠭᠤᠨ ᠤ ᠲᠠᠯᠠ ᠠᠴᠠ ᠬᠡᠲᠦᠷᠡᠬᠦ ᠦᠭᠡᠢ ᠬᠡᠰᠡᠭ ᠢ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠭᠦᠢᠴᠡᠳᠭᠡᠭᠰᠡᠨ ᠬᠦᠮᠦᠨ ᠪᠠ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠣᠯᠠᠷᠢᠭᠤᠯᠣᠯᠲᠠ ᠳᠤ ᠴᠢᠬᠤᠯᠠ ᠬᠤᠪᠢ ᠨᠡᠮᠡᠷᠢ ᠦᠵᠡᠬᠦᠯᠦᠭᠰᠡᠨ ᠬᠦᠮᠦᠨ ᠳᠤ ᠬᠦᠬᠢᠬᠦᠯᠦᠨ ᠦᠭᠴᠦ ᠪᠣᠯᠣᠨ᠎ᠠ᠃

  ᠳᠡᠭᠡᠲᠦ ᠵᠡᠷᠭᠡ ᠶᠢᠨ ᠰᠣᠷᠭᠠᠭᠤᠯᠢ᠂ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠠ ᠶᠢᠨ ᠪᠠᠢᠭᠤᠯᠤᠮᠵᠢ ᠵᠠᠰᠠᠭ ᠤᠨ ᠣᠷᠳᠣᠨ ᠤ ᠡᠷᠳᠡᠮ ᠰᠢᠵᠢᠯᠡᠭᠡᠨ ᠤ ᠲᠦᠷᠦᠯ ᠵᠦᠢᠯ ᠢ ᠡᠬᠦᠷᠭᠡᠯᠡᠬᠦ ᠳᠤ ᠪᠦᠷᠢᠯᠳᠦᠭᠰᠡᠨ ᠲᠣᠰᠢᠶᠠᠯ ᠤᠨ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠨᠢ᠂ ᠨᠢᠭᠡ ᠵᠢᠯ ᠤᠨ ᠲᠣᠲᠣᠷ᠎ᠠ ᠣᠯᠠᠷᠢᠨ ᠬᠡᠷᠡᠭᠵᠢᠬᠦᠯᠦᠭᠳᠡᠭᠰᠡᠨ ᠦᠭᠡᠢ ᠪᠣᠯ᠂ ᠲᠣᠰᠢᠶᠠᠯ ᠤᠨ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠡᠷᠭᠡ ᠬᠠᠷᠢᠶ᠎ᠠ ᠶᠢ ᠬᠤᠪᠢᠷᠠᠭᠤᠯᠬᠤ ᠦᠭᠡᠢ ᠣᠷᠢᠳᠠᠴᠢ ᠨᠦᠬᠦᠴᠡᠯ ᠲᠣᠣᠷ᠎ᠠ᠂ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠭᠦᠢᠴᠡᠳᠬᠡᠭᠰᠡᠨ ᠬᠦᠮᠦᠨ ᠨᠢ ᠠᠵᠣ ᠠᠬᠤᠢᠯᠠᠯ ᠢ ᠡᠬᠦᠳᠦᠨ ᠪᠠᠢᠭᠤᠯᠬᠤ ᠪᠣᠶᠣ ᠮᠡᠷᠭᠡᠵᠢᠯ ᠢᠶᠠᠷ ᠬᠤᠪᠢ ᠣᠷᠣᠭᠤᠯᠬᠤ ᠬᠡᠯᠪᠡᠷᠢ ᠪᠠᠷ ᠦᠪᠡᠷᠲᠡᠭᠡᠨ ᠵᠠᠰᠠᠬᠤ ᠣᠷᠣᠨ ᠳᠤ ᠠᠵᠣ ᠦᠢᠯᠡᠰᠵᠢᠬᠦᠯᠦᠨ ᠣᠯᠠᠷᠢᠭᠤᠯᠬᠤ ᠶᠢᠨ ᠬᠠᠮᠲᠣ ᠬᠠᠮᠤᠭ ᠶᠡᠭᠡ ᠳ᠋ᠤ᠌ ᠪᠠᠨ ᠲᠣᠰ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠨᠢ ᠠᠵᠣ ᠠᠬᠤᠢᠯᠠᠯ ᠤᠨ ᠰᠲ᠋ᠣᠺ ᠤᠨ ᠡᠷᠭᠡ ᠶᠢᠨ ᠵᠠᠭᠤᠨ ᠤ ᠳᠠᠯᠠ ᠶᠢ ᠤᠯᠵᠣ ᠪᠣᠯᠣᠨ᠎ᠠ᠃

  ᠠᠵᠣ ᠠᠬᠤᠢᠯᠠᠯ ᠨᠢ ᠲᠣᠰ ᠳᠦᠷᠢᠮ ᠤᠨ ᠨᠢᠭᠡᠳᠦᠭᠡᠷ ᠪᠠᠳᠠᠭ ᠤᠨ ᠲᠣᠭᠲᠠᠭᠠᠯ ᠢᠶᠠᠷ ᠯᠠᠪᠯᠠᠯᠲᠠ ᠪᠣᠯᠭᠠᠵᠣ᠂ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠰᠣᠳᠣᠯᠭᠠᠨ ᠨᠡᠭᠡᠭᠡᠯᠲᠡ᠂ ᠣᠯᠠᠷᠢᠭᠤᠯᠣᠯᠲᠠ ᠶᠢ ᠬᠡᠷᠡᠭᠵᠢᠬᠦᠯᠬᠦ ᠲᠣᠮᠲᠠ ᠴᠢᠬᠤᠯᠠ ᠬᠤᠪᠢ ᠨᠡᠮᠡᠷᠢ ᠦᠵᠡᠬᠦᠯᠦᠭᠰᠡᠨ ᠬᠦᠮᠦᠨ ᠳᠤ ᠬᠦᠬᠢᠬᠦᠯᠦᠯ ᠬᠦᠷᠲᠡᠭᠡᠵᠣ ᠪᠣᠯᠣᠨ᠎ᠠ᠃

  ᠭᠤᠴᠢᠨ ᠨᠠᠢ᠍ᠮᠠᠳᠤᠭᠠᠷ ᠵᠦᠢᠯ  ᠬᠢᠯᠢ ᠶᠢᠨ ᠭᠠᠳᠠᠨ᠎ᠠ᠂ ᠦᠪᠡᠷᠲᠡᠭᠡᠨ ᠵᠠᠰᠠᠬᠤ ᠣᠷᠣᠨ ᠤ ᠭᠠᠳᠠᠨ᠎ᠠ ᠠᠴᠠ ᠣᠷᠣᠭᠤᠯᠣᠭᠰᠠᠨ ᠦᠨᠳᠦᠷ ᠳᠠᠪᠬᠤᠷᠭ᠎ᠠ ᠶᠢᠨ ᠰᠢᠨ᠎ᠡ ᠶᠢ ᠡᠬᠦᠳᠬᠦ ᠠᠳᠠᠯ ᠪᠣᠰᠬᠠᠬᠤ ᠴᠢᠳᠠᠪᠦᠷᠢᠲᠠᠨ ᠪᠣᠶᠣ ᠴᠢᠬᠤᠯᠠ ᠶᠡᠭᠡ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠮᠵᠢ ᠪᠠᠨ ᠠᠪᠴᠣ ᠦᠪᠡᠷᠲᠡᠭᠡᠨ ᠵᠠᠰᠠᠬᠤ ᠣᠷᠣᠨ ᠳᠤ ᠣᠯᠠᠷᠢᠭᠤᠯᠣᠯᠲᠠ ᠶᠢ ᠨᠡᠭᠡᠭᠡᠨ ᠬᠦᠭᠵᠢᠬᠦᠯᠬᠦ ᠪᠠᠷ ᠢᠷᠡᠭᠰᠡᠨ ᠰᠢᠨᠵᠢᠯᠡᠬᠦ ᠣᠬᠠᠭᠠᠨ ᠮᠡᠷᠭᠡᠵᠢᠯ ᠤᠨ ᠴᠢᠳᠠᠪᠦᠷᠢᠲᠠᠨ ᠨᠢ ᠣᠯᠣᠰ ᠪᠠ ᠦᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠬᠦᠷᠳᠡᠨ᠎ᠡ᠃

  ᠭᠤᠴᠢ ᠶᠢᠰᠦᠳᠦᠭᠡᠷ ᠵᠦᠢᠯ  ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠲᠠᠨ ᠢ ᠲᠦᠷᠦᠯ ᠬᠤᠪᠢᠶᠠᠨ ᠬᠢᠨᠠᠨ ᠰᠢᠯᠭᠠᠬᠤ ᠦᠨᠡᠯᠡᠯᠲᠡ ᠶᠢᠨ ᠰᠢᠰᠲ᠋ᠧᠮ ᠢ ᠪᠠᠢᠭᠤᠯᠤᠨ ᠲᠡᠬᠦᠯᠳᠡᠷᠵᠢᠬᠦᠯᠵᠣ᠂ ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠲᠠᠨ ᠢ ᠬᠢᠨᠠᠨ ᠰᠢᠯᠭᠠᠬᠤ ᠪᠠ ᠲᠣᠰᠢᠶᠠᠯ ᠤᠨ ᠴᠣᠯᠠ ᠶᠢ ᠰᠢᠯᠭᠠᠨ ᠲᠣᠭᠲᠠᠭᠠᠬᠤ ᠳᠦᠷᠢᠮ ᠢ ᠬᠠᠯᠠᠨ ᠰᠠᠢᠵᠢᠷᠠᠭᠤᠯᠵᠤ᠂ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠣᠯᠠᠷᠢᠭᠤᠯᠣᠯᠲᠠ ᠪᠠ ᠠᠵᠣ  ᠦᠢᠯᠡᠰᠵᠢᠯᠲᠡ ᠶᠢᠨ ᠭᠦᠢᠴᠡᠳᠬᠡᠯ ᠲᠤᠭ᠎ᠠ ᠶᠢᠨ ᠡᠷᠭᠡ ᠬᠦᠨᠲᠦ ᠶᠢ ᠳᠡᠭᠡᠭᠰᠢᠯᠡᠬᠦᠯᠵᠣ᠂ ᠳᠡᠭᠡᠲᠦ ᠵᠡᠷᠭᠡ ᠶᠢᠨ ᠰᠣᠷᠭᠠᠭᠤᠯᠢ᠂ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠪᠠᠢᠭᠤᠯᠤᠮᠵᠢ ᠶᠢᠨ ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠲᠠᠨ᠂ ᠠᠵᠣ ᠠᠬᠤᠢᠯᠠᠯ ᠠᠵᠢᠯ ᠦᠢᠯᠡᠰ ᠤᠨ ᠵᠣᠬᠢᠶᠠᠨ ᠪᠠᠢᠭᠤᠯᠤᠯᠲᠠ ᠶᠢᠨ ᠨᠠᠢᠳᠠᠯᠭ᠎ᠠ ᠪᠠᠷ ᠡᠬᠦᠷᠭᠡᠯᠡᠭᠰᠡᠨ ᠰᠣᠳᠣᠯᠭᠠᠨ ᠨᠡᠭᠡᠭᠡᠯᠲᠡ ᠶᠢᠨ ᠰᠡᠳᠦᠪ ᠢ ᠡᠷᠳᠡᠮ ᠰᠢᠨᠵᠢᠯᠡᠭᠡᠨ ᠤ ᠦᠷ᠎ᠡ ᠪᠦᠲᠦᠮᠵᠢ ᠶᠢ ᠬᠢᠨᠠᠨ ᠰᠢᠯᠭᠠᠬᠤ ᠠᠭᠤᠯᠭ᠎ᠠ ᠳᠤ ᠣᠷᠣᠭᠤᠯᠣᠨ᠂ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠶᠢᠨ ᠦᠷ᠎ᠡ ᠪᠦᠲᠦᠭᠡᠯ ᠠᠴᠠ ᠡᠬᠦᠰᠦᠭᠰᠡᠨ ᠠᠵᠣ ᠠᠬᠤᠢ᠂ ᠨᠡᠢᠭᠡᠮ ᠪᠠ ᠠᠮᠢ ᠠᠬᠤᠢ ᠶᠢᠨ ᠦᠷ᠎ᠡ ᠠᠰᠢᠭ ᠢ ᠭᠤᠣᠯᠳᠠᠯᠭ᠎ᠠ ᠲᠠᠢ ᠬᠢᠨᠠᠨ ᠰᠢᠯᠭᠠᠵᠣ ᠦᠨᠡᠯᠡᠨ᠂ ᠰᠢᠨ᠎ᠡ ᠶᠢ ᠡᠬᠦᠳᠬᠦ ᠬᠡᠯᠪᠡᠷᠢ ᠶᠢᠨ ᠰᠢᠨᠵᠢᠯᠡᠬᠦ ᠣᠬᠠᠭᠠᠨ ᠮᠡᠷᠭᠡᠵᠢᠯ ᠤᠨ ᠰᠢᠯᠢᠳᠡᠭ ᠠᠵᠢᠯᠲᠠᠨ ᠢ ᠲᠣᠰᠬᠠᠢ ᠮᠡᠷᠭᠡᠵᠢᠯ ᠤᠨ ᠲᠣᠰᠢᠶᠠᠯ ᠴᠣᠯᠠ ᠳᠡᠪᠰᠢᠭᠦᠯᠬᠦ ᠦᠶᠡᠰ ᠲᠤ᠌ ᠨᠢ ᠤᠷᠢᠳ ᠢ᠋ᠶ᠋ᠠᠷ ᠪᠣᠳᠤᠯᠬᠢᠯᠠᠨ᠎ᠠ᠃

  ᠲᠦᠴᠢᠳᠦᠭᠡᠷ ᠵᠦᠢᠯ  ᠳᠡᠭᠡᠲᠦ ᠵᠡᠷᠭᠡ ᠶᠢᠨ ᠰᠣᠷᠭᠠᠭᠤᠯᠢ ᠪᠠ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠪᠠᠢᠭᠤᠯᠤᠮᠵᠢ ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠲᠠᠨ ᠢ ᠰᠣᠩᠭᠤᠨ ᠲᠣᠮᠢᠯᠠᠵᠣ᠂ ᠦᠨᠳᠦᠰᠦᠨ ᠱᠠᠲᠣ ᠪᠠ ᠠᠵᠣ ᠠᠬᠤᠢᠯᠠᠯ ᠳᠤ ᠭᠦᠨᠵᠡᠭᠡᠢᠷᠡᠨ ᠰᠢᠨᠵᠢᠯᠡᠬᠦ ᠣᠬᠠᠭᠠᠨ ᠤ ᠰᠣᠳᠣᠯᠭᠠᠨ᠂ ᠮᠡᠷᠭᠡᠵᠢᠯ ᠤᠨ ᠰᠢᠨ᠎ᠡ ᠶᠢ ᠡᠬᠦᠳᠬᠦ ᠪᠠ ᠦᠷ᠎ᠡ ᠪᠦᠲᠦᠭᠡᠯ ᠢ ᠣᠯᠠᠷᠢᠭᠤᠯᠬᠤ ᠠᠵᠢᠯᠯᠠᠭ᠎ᠠ ᠦᠷᠨᠢᠬᠦᠯᠬᠦ ᠶᠢ ᠵᠣᠷᠢᠬᠵᠢᠭᠤᠯᠵᠣ᠂ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠲᠠᠨ ᠦᠨᠳᠦᠰᠦᠨ ᠱᠠᠲᠣᠨ ᠳᠤ ᠦᠢᠯᠡᠴᠢᠯᠡᠬᠦ᠂ ᠠᠵᠣ ᠠᠬᠤᠢᠯᠠᠯ ᠳᠤ ᠦᠢᠯᠡᠴᠢᠯᠡᠬᠦ ᠳᠠᠭᠠᠭᠠᠮᠠᠭᠠᠢ ᠲᠣᠭᠲᠠᠯᠴᠠᠭ᠎ᠠ ᠬᠢᠭᠡᠳ ᠬᠢᠨᠠᠨ ᠰᠢᠯᠭᠠᠬᠤ ᠦᠨᠡᠯᠡᠯᠲᠡ ᠶᠢᠨ ᠲᠣᠭᠲᠠᠯᠴᠠᠭ᠎ᠠ ᠶᠢ ᠪᠠᠢᠭᠤᠯᠤᠨ ᠲᠡᠬᠦᠯᠳᠡᠷᠵᠢᠬᠦᠯᠦᠨ᠎ᠡ᠃

  ᠲᠦᠴᠢᠨ ᠨᠢᠭᠡᠳᠦᠭᠡᠷ ᠵᠦᠢᠯ  ᠡᠳ ᠤ ᠵᠠᠰᠠᠭ ᠤᠨ ᠴᠢᠨᠠᠷᠲᠠᠢ ᠪᠡᠯᠡ ᠮᠦᠩᠬᠦ ᠶᠢ ᠠᠰᠢᠭᠯᠠᠵᠣ ᠪᠠᠢᠭᠤᠯᠤᠭᠰᠠᠨ ᠰᠢᠨᠵᠢᠯᠡᠬᠦ ᠣᠬᠠᠭᠠᠨ ᠮᠡᠷᠭᠡᠵᠢᠯ ᠤᠨ ᠰᠠᠭᠤᠷᠢ ᠮᠦᠩᠬᠦ ᠶᠢᠨ ᠲᠦᠷᠦᠯ ᠵᠦᠢᠯ᠂ ᠰᠢᠨᠵᠢᠯᠡᠬᠦ ᠣᠬᠠᠭᠠᠨ ᠮᠡᠷᠭᠡᠵᠢᠯ ᠤᠨ ᠲᠦᠯᠦᠪᠯᠡᠭᠡᠨ ᠤ ᠲᠦᠷᠦᠯ ᠵᠦᠢᠯ ᠤᠨ ᠬᠠᠮᠢᠶᠠᠷᠣᠯᠲᠠ ᠶᠢᠨ ᠪᠠᠢᠭᠤᠯᠤᠮᠵᠢ ᠨᠢ ᠲᠦᠷᠦᠯ ᠵᠦᠢᠯ ᠳᠤ ᠣᠷᠣᠯᠴᠠᠭᠰᠠᠨ ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠲᠠᠨ ᠳᠤ ᠡᠷᠳᠡᠮ ᠰᠢᠨᠵᠢᠯᠡᠭᠡᠨ ᠤ ᠢᠳᠡᠬᠡᠮᠵᠢ ᠶᠢᠨ ᠳᠠᠩᠰᠠ ᠡᠪᠬᠡᠮᠡᠯ ᠢ ᠪᠠᠢᠭᠤᠯᠬᠤ ᠭᠡᠷᠡᠭᠲᠠᠢ᠂ ᠡᠬᠦᠨ ᠢ ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠲᠠᠨ ᠢ ᠲᠣᠰᠬᠠᠢ ᠮᠡᠷᠭᠡᠵᠢᠯ ᠤᠨ ᠲᠣᠰᠢᠶᠠᠯ ᠴᠣᠯᠠ ᠳᠤ ᠣᠷᠢᠨ ᠲᠣᠮᠢᠯᠠᠬᠤ᠂ ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠲᠠᠨ ᠤ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠲᠦᠷᠦᠯ ᠵᠦᠢᠯ ᠢ ᠭᠤᠶᠣᠴᠢᠯᠠᠬᠤ ᠶᠢ ᠬᠢᠨᠠᠨ ᠵᠦᠪᠰᠢᠶᠡᠷᠡᠬᠦ ᠵᠡᠷᠭᠡ ᠶᠢᠨ ᠡᠰᠢ ᠪᠠᠷᠢᠮᠲᠠ ᠪᠣᠯᠭᠠᠨ᠎ᠠ᠃

  ᠲᠦᠴᠢᠨ ᠬᠤᠶᠠᠳᠤᠭᠠᠷ ᠵᠦᠢᠯ  ᠡᠳ ᠤ ᠵᠠᠰᠠᠭ ᠤᠨ ᠴᠢᠨᠠᠷᠲᠠᠢ ᠪᠡᠯᠡ ᠮᠦᠩᠬᠦ ᠶᠢ ᠠᠰᠢᠭᠯᠠᠵᠣ ᠪᠠᠢᠭᠤᠯᠤᠭᠰᠠᠨ ᠬᠠᠢᠨ ᠰᠦᠪᠡᠭᠴᠢᠯᠡᠬᠦ ᠴᠢᠨᠠᠷ ᠢᠶᠠᠷ ᠴᠢᠩᠭ᠎ᠠ᠂ ᠲᠦᠭᠰᠢᠬᠦᠷᠢ ᠶᠡᠭᠡᠲᠠᠢ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠲᠦᠷᠦᠯ ᠵᠦᠢᠯ ᠢ ᠡᠬᠦᠷᠭᠡᠯᠡᠭᠰᠡᠨ ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠲᠠᠨ᠂ ᠨᠢᠭᠡᠨᠲᠡ ᠬᠠᠷᠢᠭᠤᠴᠠᠯᠭ᠎ᠠ ᠪᠠᠨ ᠴᠢᠷᠮᠠᠢᠨ ᠪᠡᠶᠡᠯᠡᠬᠦᠯᠬᠦ ᠡᠬᠦᠷᠭᠡ ᠪᠠᠨ ᠭᠦᠢᠴᠡᠳᠬᠡᠭᠰᠡᠨ ᠪᠣᠯᠪᠠᠴᠣ ᠲᠦᠷᠦᠯ ᠵᠦᠢᠯ ᠢ ᠬᠠᠷᠠᠬᠠᠨ ᠭᠦᠢᠴᠡᠳᠬᠡᠵᠣ ᠳᠡᠢᠯᠦᠭᠰᠡᠨ ᠦᠭᠡᠢ ᠶᠢ ᠠᠩᠬᠠᠨ ᠤ ᠳᠡᠮᠳᠡᠭᠯᠡᠯ ᠳ᠋ᠤ᠌ ᠨᠢ ᠬᠡᠷᠡᠴᠢᠯᠡᠵᠣ ᠪᠠᠢᠪᠠᠯ᠂ ᠲᠣᠰᠬᠠᠢ ᠮᠡᠷᠭᠡᠵᠢᠯᠲᠡᠨ ᠤ ᠵᠦᠪᠯᠡᠨ ᠲᠣᠭᠲᠠᠭᠠᠬᠤ ᠪᠠ ᠰᠢᠨᠵᠢᠯᠡᠬᠦ ᠣᠬᠠᠭᠠᠨ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠢᠶᠠᠷ ᠵᠦᠪᠰᠢᠶᠡᠷᠡᠬᠦᠯᠪᠡᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠦᠷᠦᠯ ᠵᠦᠢᠯ ᠤᠨ ᠰᠡᠳᠦᠪ ᠢ ᠳᠡᠬᠦᠰᠬᠡᠵᠣ ᠪᠣᠯᠣᠨ᠎ᠠ᠂ ᠳᠠᠬᠢᠨ ᠰᠢᠨᠵᠢᠯᠡᠬᠦ ᠣᠬᠠᠭᠠᠨ ᠮᠡᠷᠭᠡᠵᠢᠯ ᠤᠨ ᠲᠦᠷᠦᠯ ᠵᠦᠢᠯ ᠭᠤᠶᠣᠴᠢᠯᠠᠬᠤ ᠶᠢ ᠨᠢ ᠨᠦᠯᠦᠭᠡᠯᠡᠬᠦ ᠦᠭᠡᠢ᠃

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ