ᠦᠪᠤᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠣᠬᠠᠭᠠᠨ ᠮᠡᠷᠭᠡᠵᠢᠯ ᠤᠨ ᠲᠠᠪᠰᠢᠯᠲᠠ ᠶᠢᠨ ᠳᠦᠷᠢᠮ(ᠨᠠᠢ᠍ᠮᠠᠳᠤᠭᠠᠷ ᠪᠦᠯᠦᠭ᠂ ᠶᠢᠰᠦᠳᠦᠭᠡᠷ ᠪᠦᠯᠦᠭ)
2020.03.16

(1996 ᠤᠨ ᠤ 6 ᠳ᠋ᠤᠭᠠᠷ ᠰᠠᠷ᠎ᠠ ᠶᠢᠨ 1 ᠤ᠋ ᠡᠳᠦᠷ ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠨᠠᠢ᠍ᠮᠠᠳᠤᠭᠠᠷ ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠬᠤᠶᠠᠳᠤᠭᠠᠷ ᠬᠤᠷᠠᠯ ᠠᠴᠠ ᠪᠠᠳᠤᠯᠠᠵᠦ᠂ 2014 ᠤᠨ ᠤ 5 ᠳ᠋ᠤᠭᠠᠷ ᠰᠠᠷ᠎ᠠ ᠶᠢᠨ 9 ᠤ ᠡᠳᠦᠷ ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠠᠷᠪᠠᠳᠤᠭᠠᠷ ᠬᠤᠷᠠᠯ ᠠᠴᠠ ᠵᠠᠰᠠᠪᠤᠷᠢ ᠤᠷᠤᠭᠤᠯᠪᠠ)

 

    ᠨᠠᠢ᠍ᠮᠠᠳᠤᠭᠠᠷ ᠪᠦᠯᠦᠭ  ᠬᠠᠣᠯᠢ ᠴᠠᠭᠠᠵᠠ ᠶᠢᠨ ᠬᠠᠷᠢᠭᠤᠴᠠᠯᠭ᠎ᠠ

 

  ᠲᠠᠪᠢᠨ ᠲᠥᠷᠪᠡᠳᠦᠭᠡᠷ ᠵᠦᠢᠯ  ᠲᠣᠰ ᠳᠦᠷᠢᠮ ᠤᠨ ᠲᠣᠭᠲᠠᠭᠠᠯ ᠠᠴᠠ ᠵᠦᠷᠢᠴᠡᠵᠣ᠂ ᠰᠢᠨᠵᠢᠯᠡᠬᠦ ᠣᠬᠠᠭᠠᠨ ᠮᠡᠷᠭᠡᠵᠢᠯ ᠤᠨ ᠳᠠᠪᠰᠢᠯᠲᠠ ᠳᠤ ᠬᠡᠷᠡᠭᠯᠡᠬᠦ ᠡᠳ᠋ ᠤᠨ ᠵᠠᠰᠠᠭ ᠤᠨ ᠴᠢᠨᠠᠷᠲᠠᠢ ᠪᠡᠯᠡ ᠮᠦᠩᠬᠦ ᠶᠢ ᠬᠤᠳᠠᠯ ᠢᠶᠠᠷ ᠮᠡᠳᠡᠬᠦᠯᠵᠣ᠂ ᠣᠷᠣᠯᠠᠨ ᠠᠪᠴᠣ᠂ ᠱᠠᠮᠰᠢᠵᠣ᠂ ᠨᠡᠬᠦᠯᠬᠡᠨ ᠬᠡᠷᠡᠭᠯᠡᠵᠣ᠂ ᠲᠠᠰᠣᠲᠠᠨ ᠦᠯᠡᠳᠡᠭᠡᠪᠡᠯ᠂ ᠡᠳ᠋ ᠤᠨ ᠵᠠᠰᠠᠭ ᠤᠨ ᠬᠠᠣᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠲᠣᠷᠭᠤᠭᠠᠨ ᠰᠢᠢᠳᠬᠡᠬᠦ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠠᠯᠠᠷᠠᠭᠤᠯᠬᠤ ᠶᠢ ᠵᠠᠷᠯᠢᠭᠳᠠᠵᠣ᠂ ᠬᠤᠯᠪᠣᠭᠳᠠᠯ ᠪᠦᠬᠦᠢ ᠡᠳ ᠤ ᠵᠠᠰᠠᠭ ᠤᠨ ᠴᠢᠨᠠᠷᠲᠠᠢ ᠪᠡᠯᠡ ᠮᠦᠩᠬᠦ ᠪᠠ ᠬᠠᠣᠯᠢ ᠠᠴᠠ ᠵᠦᠷᠢᠴᠡᠭᠰᠡᠨ ᠣᠯᠵᠠᠪᠦᠷᠢ ᠶᠢ ᠨᠢ ᠨᠡᠭᠡᠨ ᠬᠤᠷᠢᠶᠠᠵᠣ᠂ ᠬᠠᠣᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠣᠯᠭᠤᠨ᠎ᠠ; ᠰᠢᠭᠤᠳ ᠬᠠᠷᠢᠭᠤᠴᠠᠯᠭ᠎ᠠ ᠲᠠᠢ ᠭᠤᠣᠯᠯᠠᠨ ᠬᠠᠮᠢᠶᠠᠷᠣᠭᠴᠢ ᠪᠠ ᠪᠣᠰᠣᠳ ᠰᠢᠭᠤᠳ ᠬᠠᠷᠢᠭᠤᠴᠠᠯᠭᠠᠲᠠᠨ ᠳᠤ ᠰᠢᠢᠳᠬᠡᠯ ᠦᠭᠬᠦᠨ᠎ᠡ; ᠶᠠᠯ᠎ᠠ ᠳᠤ ᠬᠦᠷᠦᠭᠰᠡᠨ ᠪᠣᠯ᠂ ᠬᠠᠣᠯᠢ ᠶᠣᠰᠣᠭᠠᠷ ᠡᠷᠡᠬᠦᠣ ᠶᠢᠨ ᠬᠠᠷᠢᠭᠤᠴᠠᠯᠭ᠎ᠠ ᠨᠡᠭᠡᠮᠵᠢᠯᠡᠨ᠎ᠡ᠃

  ᠲᠠᠪᠢᠨ ᠲᠠᠪᠤᠳᠤᠭᠠᠷ ᠵᠦᠢᠯ  ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠲᠠᠨ ᠳᠤ ᠲᠣᠣᠷᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠢᠪᠠᠯ᠂ ᠬᠠᠣᠯᠢ ᠶᠣᠰᠣᠭᠠᠷ ᠬᠠᠣᠯᠢ ᠴᠠᠭᠠᠵᠠ ᠶᠢᠨ ᠬᠠᠷᠢᠭᠤᠴᠠᠯᠭ᠎ᠠ ᠡᠬᠦᠷᠭᠡᠯᠡᠬᠦ ᠠᠴᠠ ᠭᠠᠳᠠᠨ᠎ᠠ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠢᠳᠡᠬᠡᠮᠵᠢ ᠶᠢᠨ ᠳᠠᠩᠰᠠ ᠡᠪᠬᠡᠮᠡᠯ ᠳᠤ ᠲᠡᠮᠳᠡᠭᠯᠡᠬᠦ ᠶᠢᠨ ᠬᠠᠮᠲᠣ ᠲᠣᠰ ᠦᠢᠯᠡ ᠠᠵᠢᠯᠯᠠᠭ᠎ᠠ ᠨᠢ ᠢᠳᠡᠬᠡᠮᠵᠢ ᠶᠢᠨ ᠳᠠᠩᠰᠠ ᠡᠪᠭᠡᠮᠡᠯ ᠳᠤ ᠳᠡᠮᠳᠡᠭᠯᠡᠭᠳᠡᠭᠰᠡᠨ ᠡᠳᠦᠷ ᠠᠴᠠ ᠲᠠᠪᠣᠨ ᠵᠢᠯ ᠤᠨ ᠲᠣᠲᠣᠷ᠎ᠠ ᠰᠢᠭᠤᠳ ᠬᠠᠷᠢᠭᠤᠴᠠᠯᠭᠠᠲᠠᠨ ᠤ ᠰᠢᠨᠵᠢᠯᠡᠬᠦ ᠣᠬᠠᠭᠠᠨ ᠮᠡᠷᠭᠡᠵᠢᠯ ᠤᠨ ᠲᠦᠷᠦᠯ ᠵᠦᠢᠯ ᠪᠣᠶᠣ ᠰᠢᠨᠵᠢᠯᠡᠬᠦ ᠣᠬᠠᠭᠠᠨ ᠮᠡᠷᠭᠡᠵᠢᠯ ᠤᠨ ᠬᠦᠬᠢᠬᠦᠯᠦᠯ ᠱᠠᠩᠨᠠᠯ ᠤᠨ ᠲᠦᠷᠦᠯ ᠢ ᠭᠤᠶᠣᠴᠢᠯᠠᠨ ᠮᠡᠳᠡᠬᠦᠯᠬᠦ ᠬᠢᠷᠢ ᠬᠡᠮ ᠢ ᠨᠢ ᠬᠦᠴᠦᠨ ᠦᠭᠡᠢ ᠪᠣᠯᠭᠠᠨ᠎ᠠ᠄

  (ᠨᠢᠭᠡ) ᠰᠢᠨ᠎ᠡ ᠮᠡᠷᠭᠡᠵᠢᠯ᠂ ᠰᠢᠨ᠎ᠡ ᠪᠦᠲᠦᠭᠡᠭᠳᠡᠬᠦᠨ᠂ ᠰᠢᠨ᠎ᠡ ᠣᠷᠠᠯᠠᠯ᠂ ᠰᠢᠨ᠎ᠡ ᠪᠠᠷᠢᠮᠵᠢᠶ᠎ᠠ ᠶᠢᠨ ᠰᠣᠳᠣᠯᠭᠠᠨ ᠨᠡᠭᠡᠭᠡᠯᠲᠡ᠂ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠭᠤᠶᠣᠴᠢᠯᠠᠨ ᠮᠡᠳᠡᠬᠦᠯᠬᠦ᠂ ᠰᠢᠨᠵᠢᠯᠡᠬᠦ ᠣᠬᠠᠭᠠᠨ ᠮᠡᠷᠭᠡᠵᠢᠯ ᠤᠨ ᠬᠦᠬᠢᠬᠦᠯᠦᠯ ᠢ ᠬᠢᠨᠠᠨ ᠲᠣᠭᠲᠠᠭᠠᠬᠤ ᠲᠣᠮᠲᠠ ᠮᠡᠭᠡᠯᠡᠯ ᠤᠨ ᠠᠷᠭ᠎ᠠ ᠬᠡᠮᠵᠢᠶ᠎ᠡ ᠪᠠᠷ ᠬᠠᠷᠠᠭᠠᠯᠵᠠᠯ ᠤᠨ ᠨᠦᠬᠦᠴᠡᠯ ᠣᠯᠭᠤᠮᠵᠢ ᠪᠣᠶᠣ ᠰᠢᠨᠵᠢᠯᠡᠬᠦ ᠣᠬᠠᠭᠠᠨ ᠮᠡᠷᠭᠡᠵᠢᠯ ᠤᠨ ᠬᠦᠬᠢᠬᠦᠯᠦᠯ ᠢ ᠬᠦᠷᠲᠡᠭᠰᠡᠨ ᠪᠣᠶᠣ ᠪᠣᠰᠣᠳ ᠢ ᠬᠠᠪᠰᠣᠷᠣᠨ ᠬᠦᠷᠲᠡᠭᠰᠡᠨ;

  (ᠬᠤᠶᠠᠷ) ᠬᠤᠯᠠᠭᠠᠢᠯᠠᠬᠤ᠂ ᠦᠭᠡᠷᠡᠲᠦᠬᠦᠯᠬᠦ᠂ ᠬᠠᠭᠤᠷᠮᠠᠭᠯᠠᠬᠤ ᠪᠣᠶᠣ ᠪᠣᠰᠣᠳ ᠠᠷᠭ᠎ᠠ ᠪᠠᠷᠢᠯ ᠢᠶᠠᠷ ᠪᠣᠰᠣᠳ ᠬᠦᠮᠦᠨ ᠤ ᠲᠣᠰᠬᠠᠢ ᠠᠰᠢᠭ ᠤᠨ ᠡᠷᠭᠡ᠂ ᠲᠠᠸᠠᠷ ᠤᠨ ᠲᠡᠮᠳᠡᠭ ᠤᠨ ᠡᠷᠭᠡ᠂ ᠵᠣᠬᠢᠶᠠᠯ ᠪᠦᠲᠦᠭᠡᠯ ᠤᠨ ᠡᠷᠭᠡ ᠵᠡᠷᠭᠡ ᠮᠡᠳᠡᠯᠭᠡ ᠶᠢᠨ ᠪᠦᠲᠦᠭᠡᠭᠳᠡᠬᠦᠨ ᠤ ᠡᠷᠭᠡ ᠪᠠ ᠪᠣᠰᠣᠳ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠡᠷᠭᠡ ᠲᠠᠢ ᠬᠠᠯᠳᠠᠭᠰᠠᠨ ᠪᠣᠶᠣ ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠯᠠᠭᠠᠨ ᠲᠣᠮᠲᠠ ᠣᠪ ᠮᠡᠭᠡ ᠭᠠᠷᠭᠠᠭᠰᠠᠨ;

  (ᠭᠤᠷᠪᠠ) ᠣᠯᠣᠰ ᠤᠨ ᠰᠢᠨᠵᠢᠯᠡᠬᠦ ᠣᠬᠠᠭᠠᠨ ᠮᠡᠷᠭᠡᠵᠢᠯ ᠤᠨ ᠨᠢᠭᠤᠴᠠ ᠶᠢ ᠵᠠᠳᠠᠷᠠᠭᠤᠯᠣᠭᠰᠠᠨ;

  (ᠳᠦᠷᠪᠡ)ᠲᠣᠭᠲᠠᠭᠠᠯ ᠠᠴᠠ ᠵᠦᠷᠢᠴᠡᠵᠣ ᠰᠢᠨᠵᠢᠯᠡᠬᠦ ᠣᠬᠠᠭᠠᠨ ᠮᠡᠷᠭᠡᠵᠢᠯ ᠤᠨ ᠲᠦᠷᠦᠯ ᠵᠦᠢᠯ ᠤᠨ ᠪᠡᠯᠡ ᠮᠦᠩᠬᠦ ᠶᠢ ᠬᠡᠷᠡᠭᠯᠡᠭᠰᠡᠨ᠃

  ᠲᠠᠪᠢᠨ ᠵᠢᠷᠭᠤᠳᠤᠭᠠᠷ ᠵᠦᠢᠯ  ᠲᠣᠰ ᠳᠦᠷᠢᠮ ᠤᠨ ᠲᠣᠭᠲᠠᠭᠠᠯ ᠠᠴᠠ ᠵᠦᠷᠢᠴᠡᠵᠣ᠂ ᠰᠢᠨᠵᠢᠯᠡᠬᠦ ᠣᠬᠠᠭᠠᠨ ᠮᠡᠷᠭᠡᠵᠢᠯ ᠤᠨ ᠵᠠᠰᠠᠭ ᠵᠠᠬᠢᠷᠭᠠᠨ ᠵᠡᠷᠭᠡ ᠬᠤᠯᠪᠣᠭᠳᠠᠯ ᠪᠦᠬᠦᠢ ᠰᠠᠯᠠᠭ᠎ᠠ ᠮᠦᠴᠢᠷ ᠵᠢᠴᠢ ᠲᠡᠬᠦᠨ ᠤ ᠠᠵᠢᠯᠲᠠᠨ ᠡᠷᠭᠡ ᠲᠣᠰᠢᠶᠠᠯ ᠢᠶᠠᠨ ᠲᠣᠷ᠎ᠠ ᠪᠠᠷ ᠢᠶᠠᠨ ᠬᠡᠷᠡᠭᠯᠡᠭᠰᠡᠨ᠂ ᠠᠯᠪᠠᠨ ᠲᠣᠰᠢᠶᠠᠯ ᠳ᠋ᠤ᠌ ᠪᠠᠨ ᠠᠯᠮᠠᠢᠷᠠᠨ ᠣᠰᠣᠯᠳᠣᠭᠰᠠᠨ᠂ ᠭᠤᠶᠤᠴᠢᠯᠠᠨ ᠬᠠᠣᠯᠢ ᠶᠣᠰᠣ ᠶᠢ ᠵᠦᠷᠢᠴᠡᠭᠰᠡᠨ ᠪᠣᠯ᠂ ᠰᠢᠭᠤᠳ ᠬᠠᠷᠢᠭᠤᠴᠠᠬᠤ ᠭᠤᠣᠯᠯᠠᠨ ᠬᠠᠮᠢᠶᠠᠷᠣᠭᠴᠢ ᠪᠠ ᠪᠣᠰᠣᠳ ᠰᠢᠭᠤᠳ ᠬᠠᠷᠢᠭᠤᠴᠠᠯᠭᠠᠲᠠᠨ ᠳᠤ ᠰᠢᠢᠳᠬᠡᠯ ᠣᠯᠭᠤᠨ᠎ᠠ;ᠶᠠᠯ᠎ᠠ ᠳᠤ ᠬᠦᠷᠦᠭᠰᠡᠨ ᠪᠣᠯ᠂ ᠬᠠᠣᠯᠢ ᠶᠣᠰᠣᠭᠠᠷ ᠡᠷᠡᠬᠦᠣ ᠶᠢᠨ ᠬᠠᠷᠢᠭᠤᠴᠠᠯᠭ᠎ᠠ ᠨᠡᠬᠡᠮᠵᠢᠯᠡᠨ᠎ᠡ᠃

 

    ᠶᠢᠰᠦᠳᠦᠭᠡᠷ ᠪᠦᠯᠦᠭ  ᠲᠠᠭᠠᠯᠳᠣᠭᠤᠯᠣᠭᠰᠠᠨ ᠲᠦᠷᠢᠮ

 

  ᠲᠠᠪᠢᠨ ᠲᠤᠯᠤᠳᠤᠭᠠᠷ ᠵᠦᠢᠯ  ᠲᠣᠰ ᠳᠦᠷᠢᠮ ᠢ 2014 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠬᠦᠯᠦᠨ᠎ᠡ᠃

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ