ᠳᠤᠮᠲᠠᠲᠤ ᠤᠯᠤᠰ᠎ᠤᠨ ᠴᠦ᠋ᠬᠡᠨ ᠲᠣᠭᠠᠲᠤ ᠦᠨᠳᠦᠰᠦᠲᠡᠨ᠎ᠤ ᠡᠷᠲᠡᠨ᠎ᠤ ᠦᠨᠡᠲᠦ ᠨᠣᠮ ᠰᠤᠳᠤᠷ ᠵᠢᠴᠢ ᠬᠠᠮᠠᠭᠠᠯᠠᠯᠲᠠ᠎ᠶᠢᠨ ᠦᠷ᠎ᠡ ᠪᠦᠲᠦᠮᠵᠢ᠎ᠶᠢᠨ ᠦᠵᠡᠭᠦᠯᠭᠡ ᠬᠥᠬᠡᠬᠤᠲᠠ᠎ᠳᠤ ᠶᠠᠪᠤᠭᠳᠠᠪᠠ
2019.07.25

    ᠭᠦᠤᠸ ᠸᠸᠢ ᠫᠢᠩ ᠪᠤᠤ ᠭᠠᠩ ᠡᠬᠢᠯᠡᠯᠲᠡ᠎ᠶᠢᠨ ᠶᠣᠰᠤᠯᠠᠯ᠎ᠳᠤ ᠣᠷᠤᠯᠴᠠᠵᠠᠢ

 

  ᠲᠤᠰ ᠰᠣᠨᠢᠨ᠎ᠤ ᠮᠡᠳᠡᠭᠡ (ᠰᠤᠷᠪᠤᠯᠵᠢᠯᠠᠭᠴᠢ ᠰᠦ ᠶᠦᠩ ᠱᠸᠩ) 7 ᠰᠠᠷ᠎ᠠ᠎ᠶᠢᠨ 5᠎ᠤ ᠡᠳᠦᠷ᠂ ᠦᠨᠳᠦᠰᠦᠲᠡᠨ᠎ᠤ ᠨᠠᠨᠳᠢᠨ ᠥᠪ ᠪᠢᠴᠢᠭ᠎ᠦᠨ ᠰᠤᠷᠪᠤᠯᠵᠢᠲᠤ ᠳᠤᠮᠳᠠᠲᠤ ᠤᠯᠤᠰ——ᠳᠤᠮᠲᠠᠲᠤ ᠤᠯᠤᠰ᠎ᠤᠨ ᠴᠦ᠋ᠬᠡᠨ ᠲᠣᠭᠠᠲᠤ ᠦᠨᠳᠦᠰᠦᠲᠡᠨ᠎ᠤ ᠡᠷᠲᠡᠨ᠎ᠤ ᠦᠨᠡᠲᠤ ᠨᠣᠮ ᠰᠤᠳᠤᠷ ᠵᠢᠴᠢ ᠬᠠᠮᠠᠭᠠᠯᠠᠯᠲᠠ᠎ᠶᠢᠨ ᠦᠷ᠎ᠡ ᠪᠦᠲᠦᠮᠵᠢ᠎ᠶᠢᠨ ᠪᠦᠬᠦ ᠤᠯᠤᠰ᠎ᠤᠨ ᠦᠵᠡᠭᠦᠯᠭᠡ (ᠥᠪᠦᠷ ᠮᠣᠩᠭᠤᠯ᠎ᠤᠨ ᠥᠷᠲᠡᠭᠡ) ᠥᠪᠦᠷ ᠮᠣᠩᠭᠤᠯ᠎ᠤᠨ ᠤᠷᠠᠨ ᠵᠢᠷᠤᠭ᠎ᠤᠨ ᠣᠷᠳᠤᠨ᠎ᠳᠤ ᠶᠠᠪᠤᠭᠳᠠᠵᠠᠢ᠃

  ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠦᠨ ᠳᠡᠳ ᠡᠷᠬᠢᠯᠡᠭᠴᠢ ᠭᠦᠤᠸ ᠸᠸᠢ ᠫᠢᠩ᠂ ᠥᠪᠡᠷᠲᠡᠭᠡᠨ ᠵᠠᠰᠠᠬᠤ ᠣᠷᠤᠨ᠎ᠤ ᠳᠡᠳ ᠲᠡᠷᠢᠭᠦᠯᠡᠭᠴᠢ ᠪᠤᠤ ᠭᠠᠩ ᠡᠬᠢᠯᠡᠯᠲᠡ᠎ᠶᠢᠨ ᠶᠣᠰᠤᠯᠠᠯ᠎ᠳᠤ ᠣᠷᠤᠯᠴᠠᠵᠠᠢ᠃

  ᠲᠤᠰ ᠤᠳᠠᠭᠠᠨ᠎ᠤ ᠦᠵᠡᠭᠦᠯᠭᠡ᠎ᠶᠢ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠦᠨ ᠪᠦᠬᠦ ᠤᠯᠤᠰ᠎ᠤᠨ ᠴᠦ᠋ᠬᠡᠨ ᠲᠣᠭᠠᠲᠤ ᠦᠨᠳᠦᠰᠦᠲᠡᠨ᠎ᠤ ᠡᠷᠲᠡᠨ᠎ᠤ ᠨᠣᠮ ᠰᠤᠳᠤᠷ᠎ᠢ ᠡᠮᠬᠢᠳᠭᠡᠨ ᠰᠤᠳᠤᠯᠬᠤ ᠲᠠᠰᠤᠭ᠎ᠠᠴᠠ ᠭᠣᠤᠯᠯᠠᠨ ᠡᠷᠬᠢᠯᠡᠵᠤ᠂ ᠥᠪᠡᠷᠲᠡᠭᠡᠨ ᠵᠠᠰᠠᠬᠤ ᠣᠷᠤᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠂ ᠥᠪᠡᠷᠲᠡᠭᠡᠨ ᠵᠠᠰᠠᠬᠤ ᠣᠷᠤᠨ᠎ᠤ ᠰᠣᠶᠤᠯ ᠪᠠ ᠵᠢᠭᠤᠯᠴᠢᠯᠠᠯ᠎ᠤᠨ ᠲᠢᠩᠬᠢᠮ᠂ ᠥᠪᠦᠷ ᠮᠣᠩᠭᠤᠯ᠎ᠤᠨ ᠨᠡᠢᠭᠡᠮ᠎ᠦᠨ ᠱᠢᠨᠵᠢᠯᠡᠬᠦ ᠤᠬᠠᠭᠠᠨ᠎ᠤ ᠬᠦᠷᠢᠶᠡᠯᠡᠩ᠂ ᠥᠪᠦᠷ ᠮᠣᠩᠭᠤᠯ᠎ᠤᠨ ᠶᠡᠬᠡ ᠰᠤᠷᠭᠠᠭᠤᠯᠢ ᠵᠡᠷᠭᠡ ᠪᠠᠢᠭᠤᠯᠭ᠎ᠠ ᠳᠠᠭᠠᠭᠠᠴᠢᠯᠠᠨ ᠡᠷᠬᠢᠯᠡᠪᠡ᠃ ᠦᠵᠡᠭᠦᠯᠭᠡ᠎ᠨᠢ ᠨᠡᠢᠲᠡᠦᠨᠳᠦᠰᠦᠲᠡᠨ᠎ᠤ ᠨᠠᠨᠳᠢᠨ ᠥᠪ——ᠳᠤᠮᠳᠠᠲᠤ ᠤᠯᠤᠰ᠎ᠤᠨ ᠴᠦ᠋ᠬᠡᠨ ᠲᠣᠭᠠᠲᠤ ᠦᠨᠳᠦᠰᠦᠲᠡᠨ᠎ᠤ ᠡᠷᠲᠡᠨ᠎ᠤ ᠨᠣᠮ ᠰᠤᠳᠤᠷ᠎ᠤᠨ ᠲᠣᠢᠮᠤ ᠪᠠᠢᠳᠠᠯᠲᠠᠯ᠎ᠠ ᠨᠤᠲᠤᠭ᠎ᠤᠨ ᠳᠤᠷᠠᠰᠤᠮᠵᠢ —— ᠮᠣᠩᠭᠤᠯ ᠦᠨᠳᠦᠰᠦᠲᠡᠨ᠎ᠤ ᠡᠷᠲᠡᠨ᠎ᠤ ᠨᠣᠮ ᠰᠤᠳᠤᠷᠭᠠᠯ ᠭᠣᠯᠤᠮᠲᠠ᠎ᠶᠢᠨ ᠵᠠᠯᠭᠠᠮᠵᠢ——ᠳᠤᠮᠳᠠᠲᠤ ᠤᠯᠤᠰ᠎ᠤᠨ ᠴᠦ᠋ᠬᠡᠨ ᠲᠣᠭᠠᠲᠤ ᠦᠨᠳᠦᠰᠦᠲᠡᠨ᠎ᠤ ᠡᠷᠲᠡᠨ᠎ᠤ ᠨᠣᠮ ᠰᠤᠳᠤᠷ᠎ᠢ ᠬᠠᠮᠠᠭᠠᠯᠠᠨ ᠤᠯᠠᠮᠵᠢᠯᠠᠭᠰᠠᠨᠪᠢᠴᠢᠭ᠎ᠤᠨ ᠰᠤᠷᠪᠤᠯᠵᠢᠯᠲᠤ ᠳᠤᠮᠳᠠᠳᠤ ᠤᠯᠤᠰ——ᠳᠤᠮᠳᠠᠳᠤ ᠤᠯᠤᠰ᠎ᠤᠨ ᠴᠦ᠋ᠬᠡᠨ ᠲᠣᠭᠠᠲᠤ ᠦᠨᠳᠦᠰᠦᠲᠡᠨ᠎ᠤ ᠡᠷᠲᠡᠨ᠎ᠤ ᠨᠣᠮ ᠰᠤᠳᠤᠷ᠎ᠢ ᠡᠮᠬᠢᠳᠭᠡᠨ ᠬᠡᠪᠯᠡᠭᠰᠡᠨᠵᠡᠷᠭᠡ 4 ᠬᠡᠰᠡᠭ᠎ᠢᠶᠡᠷ ᠪᠦᠷᠢᠯᠳᠦᠵᠤ᠂ ᠣᠳᠤᠬᠠᠨ᠎ᠳᠤ ᠦᠯᠡᠳᠡᠭᠳᠡᠵᠤ ᠪᠠᠢᠭ᠎ᠠ 60 ᠱᠢᠬᠠᠮ ᠲᠥᠯᠦᠭᠡᠯᠡᠭᠴᠢ ᠴᠢᠨᠠᠷᠲᠠᠢ ᠪᠤᠶᠤ ᠡᠯ᠎ᠡ ᠴᠦ᠋ᠬᠡᠨ ᠲᠣᠭᠠᠲᠤ ᠦᠨᠳᠦᠰᠦᠲᠡᠨ᠎ᠤ ᠴᠢᠬᠤᠯᠠ ᠰᠤᠷᠪᠤᠯᠵᠢ ᠪᠢᠴᠢᠭ᠎ᠤᠨ ᠦᠨ᠎ᠡ ᠦᠷᠳᠡᠭ᠎ᠲᠠᠢ ᠡᠷᠲᠡᠨ᠎ᠤ ᠨᠣᠮ ᠰᠤᠳᠤᠷ᠎ᠤᠨ ᠤᠤᠯ ᠬᠡᠪ ᠵᠢᠴᠢ ᠡᠯ᠎ᠡ ᠮᠤᠵᠢ ᠬᠤᠳᠠ ᠥᠪᠡᠷᠲᠡᠭᠡᠨ ᠵᠠᠰᠠᠬᠤ ᠣᠷᠤᠨ᠎ᠤ 30 ᠭᠠᠷᠤᠢ ᠵᠢᠯ᠎ᠤᠨ ᠲᠤᠷᠱᠢ ᠡᠮᠬᠢᠳᠭᠡᠨ ᠬᠡᠪᠯᠡᠭᠦᠯᠦᠭᠰᠡᠨ 2000 ᠭᠠᠷᠤᠢ ᠴᠢᠬᠤᠯᠠ ᠨᠥᠯᠦᠭᠡ ᠪᠠ ᠡᠷᠳᠡᠮ ᠱᠢᠨᠵᠢᠯᠡᠭᠡᠨ᠎ᠤ ᠦᠨ᠎ᠡ ᠦᠷᠳᠡᠭ᠎ᠲᠠᠢ ᠡᠷᠲᠡᠨ᠎ᠤ ᠨᠣᠮ ᠰᠤᠳᠤᠷ᠎ᠤᠨ ᠬᠠᠮᠠᠭᠠᠯᠠᠯᠲᠠ᠎ᠶᠢᠨ ᠦᠷ᠎ᠡ ᠪᠦᠲᠦᠭᠡᠯ᠎ᠢ ᠳᠡᠯᠭᠡᠨ ᠦᠵᠡᠭᠦᠯᠵᠡᠢ᠃ ᠦᠵᠡᠭᠦᠯᠭᠡ᠎ᠨᠢ ᠥᠪᠦᠷ ᠮᠣᠩᠭᠤᠯ᠎ᠤᠨ ᠴᠦ᠋ᠬᠡᠨ ᠲᠣᠭᠠᠲᠤ ᠦᠨᠳᠦᠰᠦᠲᠡᠨ᠎ᠤ ᠡᠷᠲᠡᠨ᠎ᠤ ᠨᠣᠮ ᠰᠤᠳᠤᠷ᠎ᠤᠨ ᠠᠵᠢᠯ᠎ᠤᠨ ᠣᠨᠴᠠᠯᠢᠭ᠎ᠲᠠᠢ ᠤᠶᠠᠯᠳᠤᠭᠤᠯᠵᠤ᠂ ᠪᠦᠬᠦ ᠤᠯᠤᠰ᠎ᠤᠨ ᠴᠦ᠋ᠬᠡᠨ ᠲᠣᠭᠠᠲᠤ ᠦᠨᠳᠦᠰᠦᠲᠡᠨ᠎ᠤ ᠡᠷᠲᠡᠨ᠎ᠤ ᠨᠣᠮ ᠰᠤᠳᠤᠷ᠎ᠤᠨ ᠠᠵᠢᠯ᠎ᠤᠨ ᠣᠯᠤᠭᠰᠠᠨ ᠳᠣᠪᠤᠢᠮ᠎ᠠ ᠠᠮᠵᠢᠯᠲᠠ᠎ᠶᠢ ᠭᠦᠢᠴᠡᠳ ᠢᠯᠡᠷᠡᠭᠦᠯᠪᠡ᠃ ᠲᠤᠰ ᠦᠵᠡᠭᠦᠯᠭᠡ 7 ᠰᠠᠷ᠎ᠠ᠎ᠶᠢᠨ 15᠎ᠤ ᠡᠳᠦᠷ ᠪᠣᠯᠲᠠᠯ᠎ᠠ ᠶᠠᠪᠤᠭᠳᠠᠨ᠎ᠠ᠃

  ᠣᠢᠯᠠᠭᠠᠭᠰᠠᠨ᠎ᠢᠶᠠᠷ᠂ ᠦᠨᠳᠦᠰᠦᠲᠡᠨ᠎ᠤ ᠨᠠᠨᠳᠢᠨ ᠥᠪ ᠪᠢᠴᠢᠭ᠎ᠦᠨ ᠰᠤᠷᠪᠤᠯᠵᠢᠲᠤ ᠳᠤᠮᠳᠠᠲᠤ ᠤᠯᠤᠰ——ᠳᠤᠮᠲᠠᠳᠤ ᠤᠯᠤᠰ᠎ᠤᠨ ᠴᠦ᠋ᠬᠡᠨ ᠲᠣᠭᠠᠲᠤ ᠦᠨᠳᠦᠰᠦᠲᠡᠨ᠎ᠤ ᠡᠷᠲᠡᠨ᠎ᠤ ᠦᠨᠡᠲᠦ ᠨᠣᠮ ᠰᠤᠳᠤᠷ ᠵᠢᠴᠢ ᠬᠠᠮᠠᠭᠠᠯᠠᠯᠲᠠ᠎ᠶᠢᠨ ᠦᠷ᠎ᠡ ᠪᠦᠲᠦᠮᠵᠢ᠎ᠶᠢᠨ ᠪᠦᠬᠦ ᠤᠯᠤᠰ᠎ᠤᠨ ᠦᠵᠡᠭᠦᠯᠭᠡ 2016 ᠣᠨ᠎ᠠᠴᠠ ᠡᠬᠢᠯᠡᠨ᠂ ᠤᠷᠢᠳ ᠬᠣᠵᠢᠳ ᠭᠤᠸᠠᠩᠱᠢ᠎ᠶᠢᠨ ᠨᠠᠨᠨᠢᠩ᠂ ᠱᠢᠨᠵᠢᠶᠠᠩ᠎ᠤᠨ ᠦᠷᠦᠮᠴᠢ᠂ ᠶᠦᠨᠨᠠᠨ᠎ᠤ ᠺᠦᠨᠮᠢᠩ᠂ ᠪᠡᠭᠡᠵᠢᠩ᠎ᠦᠨ ᠤᠯᠤᠰ᠎ᠤᠨ ᠮᠦᠽᠸᠢ᠎ᠶᠢᠨ ᠣᠷᠳᠤᠨ᠂ ᠶᠦᠨᠨᠠᠨ᠎ᠤ ᠯᠢᠵᠢᠶᠠᠩ᠂ ᠰᠧᠴᠤᠸᠠᠨ᠎ᠤ ᠴᠸᠩᠳᠦ ᠵᠡᠷᠭᠡ ᠭᠠᠵᠠᠷ᠎ᠲᠤ ᠶᠠᠪᠤᠭᠳᠠᠵᠤ ᠪᠠᠢᠪᠠ᠃

                        ᠥᠪᠦᠷ ᠮᠣᠩᠭᠤᠯ᠎ᠤᠨ ᠡᠳᠦᠷ᠎ᠦᠨ ᠰᠣᠨᠢᠨ᠎ᠠᠴᠠ ᠱᠢᠯᠵᠢᠭᠦᠯᠦᠨ ᠨᠡᠢᠲᠡᠯᠡᠪᠡ

                        ᠰᠤᠷᠪᠤᠯᠵᠢᠯᠠᠭᠴᠢ᠄ ᠰᠦ ᠶᠦᠩ ᠱᠸᠩ

 

 

 

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604