《ᠱᠢᠨ᠎ᠡ ᠳᠤᠮᠳᠠᠲᠤ ᠤᠯᠤᠰ᠎ᠤᠨ ᠬᠥᠭᠵᠢᠯᠲᠡ᠎ᠶᠢ ᠣᠢᠯᠠᠭᠠᠬᠤᠢ》 ᠭᠡᠬᠦ ᠨᠣᠮ ᠬᠡᠪᠯᠡᠭᠳᠡᠪᠡ
2019.07.25

  ᠱᠢᠨᠬᠤᠸᠠ ᠬᠣᠷᠢᠶᠠᠨ᠎ᠤ ᠪᠡᠭᠡᠵᠢᠩ᠎ᠦᠨ 7 ᠰᠠᠷ᠎ᠠ᠎ᠶᠢᠨ 15᠎ᠤ ᠴᠠᠬᠢᠯᠭᠠᠨ ᠮᠡᠳᠡᠭᠡ ᠪᠦᠭᠦᠲᠡ ᠨᠠᠢᠷᠠᠮᠳᠠᠬᠤ ᠳᠤᠮᠳᠠᠲᠦ ᠠᠷᠠᠳ ᠤᠯᠤᠰ ᠪᠠᠢᠭᠤᠯᠤᠭᠳᠠᠭᠰᠠᠨ 70 ᠵᠢᠯ᠎ᠤᠨ ᠤᠢ᠎ᠶᠢ ᠪᠡᠯᠭᠡᠯᠡᠬᠦ᠎ᠶᠢᠨ ᠲᠥᠯᠦᠭᠡ᠂ ᠲᠥᠪ᠎ᠦᠨ ᠤᠬᠠᠭᠤᠯᠬᠤ ᠬᠡᠯᠲᠡᠰ᠎ᠦᠨ ᠣᠨᠤᠯ᠎ᠤᠨ ᠲᠣᠪᠴᠢᠶ᠎ᠠ 2019 ᠣᠨ᠎ᠤ ᠬᠢᠯᠪᠠᠷ ᠣᠢᠯᠠᠭᠠᠮᠵᠢᠲᠠᠢ ᠣᠨᠤᠯ᠎ᠤᠨ ᠤᠩᠱᠢᠬᠤ ᠪᠢᠴᠢᠭ 《ᠱᠢᠨ᠎ᠡ ᠳᠤᠮᠳᠠᠳᠤ ᠤᠯᠤᠰ᠎ᠤᠨ ᠬᠥᠭᠵᠢᠯᠲᠡ᠎ᠶᠢᠨ ᠣᠢᠯᠠᠭᠠᠬᠤᠢ》 ᠎ᠶᠢ ᠵᠣᠬᠢᠶᠠᠨ ᠪᠠᠢᠭᠤᠯᠵᠤ ᠨᠠᠢᠷᠠᠭᠤᠯᠤᠨ ᠪᠢᠴᠢᠪᠡ᠃ ᠣᠳᠤᠬᠠᠨ᠎ᠳᠤ ᠲᠤᠰ ᠨᠣᠮ᠎ᠢ ᠰᠤᠷᠤᠯᠴᠠᠯᠭ᠎ᠠ ᠬᠡᠪᠯᠡᠯ᠎ᠦᠨ ᠬᠣᠷᠢᠶ᠎ᠠ᠂ ᠠᠷᠠᠳ᠎ᠤᠨ ᠬᠡᠪᠯᠡᠯ᠎ᠦᠨ ᠬᠣᠷᠢᠶ᠎ᠠ᠎ᠠᠴᠠ ᠬᠠᠮᠲᠤᠷᠠᠨ ᠬᠡᠪᠯᠡᠭᠦᠯᠵᠡᠢ᠃

  ᠲᠤᠰ ᠨᠣᠮ ᠪᠣᠯ 《ᠣᠨᠤᠯ᠎ᠤᠨ ᠬᠠᠯᠠᠮᠱᠢᠯ ᠠᠰᠠᠭᠤᠳᠠᠯ᠎ᠢ ᠣᠢᠯᠠᠭᠠᠬᠤᠢ》 ᠭᠡᠬᠦ ᠱᠢᠷᠢᠰ ᠨᠣᠮ᠎ᠤᠨ ᠬᠠᠮᠤᠭ᠎ᠤᠨ ᠱᠢᠨ᠎ᠡ ᠤᠩᠱᠢᠬᠤ ᠪᠢᠴᠢᠭ ᠪᠣᠯᠤᠨ᠎ᠠ᠂ ᠤᠯᠠᠮᠵᠢᠯᠠᠯᠲᠤ ᠣᠨᠴᠠᠯᠢᠭ ᠪᠣᠯᠤᠨ ᠬᠡᠪ ᠨᠠᠮᠪᠠ᠎ᠪᠠᠨ ᠪᠠᠷᠢᠮᠳᠠᠯᠠᠵᠤ᠂ ᠺᠠᠳ᠋ᠷ ᠤᠯᠠᠨ ᠲᠦᠮᠡᠨ᠎ᠤ ᠨᠡᠢᠳᠡᠮ ᠠᠩᠬᠠᠷᠴᠤ ᠪᠠᠢᠭ᠎ᠠ ᠴᠢᠬᠤᠯᠠ ᠶᠡᠬᠡ ᠠᠰᠠᠭᠤᠳᠠᠯ᠎ᠳᠤ ᠬᠠᠷᠢᠭᠤᠯᠲᠠ ᠥᠭᠭᠦᠭᠰᠡᠨ ᠪᠠᠢᠨ᠎ᠠ᠃ ᠰᠤᠷᠪᠤᠯᠵᠢᠯᠠᠭᠴᠢ᠎ᠶᠢᠨ ᠣᠢᠯᠠᠭᠠᠭᠰᠠᠨ᠎ᠢᠶᠠᠷ᠂ ᠡᠨᠡ ᠵᠢᠯ᠎ᠦᠨ 2 ᠰᠠᠷ᠎ᠠ᠎ᠠᠴᠠ ᠡᠬᠢᠯᠡᠨ᠂ ᠲᠥᠪ᠎ᠦᠨ ᠤᠬᠠᠭᠤᠯᠬᠤ ᠬᠡᠯᠲᠡᠰ᠎ᠦᠨ ᠣᠨᠤᠯ᠎ᠤᠨ ᠲᠣᠪᠴᠢᠶ᠎ᠠ ᠬᠦᠴᠦᠨ᠎ᠢᠶᠡᠨ ᠵᠣᠬᠢᠶᠠᠨ ᠪᠠᠢᠭᠤᠯᠵᠤ ᠭᠦᠨᠵᠡᠭᠡᠢ ᠪᠠᠢᠴᠠᠭᠠᠨ ᠰᠤᠳᠤᠯᠤᠯᠲᠠ ᠥᠷᠨᠢᠭᠦᠯᠵᠦ᠂ ᠱᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ 70 ᠵᠢᠯ᠎ᠳᠤ ᠶᠠᠮᠠᠷ ᠬᠤᠪᠢᠷᠠᠯᠲᠠ ᠭᠠᠷᠤᠭᠰᠠᠨ᠂ ᠳᠤᠮᠳᠠᠳᠤ ᠤᠯᠤᠰ ᠠᠵᠤ ᠠᠬᠤᠢ᠎ᠶᠢᠨ ᠭᠠᠢᠬᠠᠮᠱᠢᠭ᠎ᠢ ᠬᠡᠷᠬᠢᠨ ᠡᠭᠦᠳᠦᠭᠰᠡᠨ᠂ ᠳᠤᠮᠳᠠᠳᠤ ᠤᠯᠤᠰ᠎ᠤᠨ ᠵᠠᠮ ᠶᠠᠭᠠᠬᠢᠭᠠᠳ ᠰᠠᠢᠨ ᠪᠠᠢᠬᠤ᠂ ᠳᠤᠮᠳᠠᠳᠤ ᠤᠯᠤᠰ᠎ᠤᠨ ᠡᠪ ᠬᠠᠮᠳᠤ ᠨᠠᠮ ᠶᠠᠭᠤᠨ᠎ᠳᠤ ᠪᠣᠯᠬᠤ ᠵᠡᠷᠭᠡ 12 ᠴᠢᠬᠤᠯᠠ ᠶᠡᠬᠡ ᠠᠰᠠᠭᠤᠳᠠᠯ᠎ᠢ ᠡᠮᠬᠢᠯᠡᠵᠦ ᠭᠠᠷᠭᠠᠭᠰᠠᠨ ᠪᠠᠢᠨ᠎ᠠ᠃ ᠨᠠᠮ᠎ᠤᠨ ᠲᠥᠪ ᠬᠣᠷᠢᠶᠠᠨ᠎ᠤ ᠬᠣᠯᠪᠤᠭᠳᠠᠯ ᠪᠦᠬᠦᠢ ᠰᠠᠯᠠᠭ᠎ᠠ ᠮᠥᠴᠢᠷ᠎ᠦᠨ ᠨᠥᠬᠥᠳ ᠪᠠ ᠲᠤᠰᠭᠠᠢ ᠮᠡᠷᠭᠡᠵᠢᠯᠲᠡᠳ ᠡᠳᠡᠭᠡᠷ ᠠᠰᠠᠭᠤᠳᠠᠯ᠎ᠤᠨ ᠲᠣᠭᠤᠷᠢᠨ᠎ᠳᠤ ᠭᠦᠨᠵᠡᠭᠡᠢ ᠰᠤᠳᠤᠯᠤᠨ ᠶᠠᠷᠢᠯᠴᠠᠵᠤ᠂ ᠲᠥᠪᠯᠡᠷᠡᠭᠦᠯᠦᠨ ᠲᠤᠭᠤᠷᠪᠢᠨ ᠵᠠᠰᠠᠵᠤ᠂ ᠥᠷᠭᠡᠨ᠎ᠢᠶᠡᠷ ᠰᠠᠨᠠᠯ ᠬᠤᠷᠢᠶᠠᠵᠤ᠂ ᠡᠯ᠎ᠡ ᠲᠠᠯ᠎ᠠ᠎ᠶᠢᠨ ᠣᠶᠤᠨ ᠤᠬᠠᠭᠠᠨ᠎ᠢ ᠨᠢᠭᠲᠠᠷᠠᠭᠤᠯᠤᠭᠰᠠᠨ ᠰᠠᠭᠤᠷᠢᠨ᠎ᠳᠤ ᠡᠬᠡ ᠪᠢᠴᠢᠭ᠎ᠢ ᠪᠢᠴᠢᠵᠤ ᠳᠠᠭᠤᠰᠭᠠᠪᠠ᠃

  ᠲᠤᠰ ᠨᠣᠮ ᠰᠢ᠎ᠵᠢᠨ ᠫᠢᠩ᠎ᠤᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠱᠢᠨ᠎ᠡ ᠳᠤᠮᠳᠠᠳᠤ ᠤᠯᠤᠰ᠎ᠤᠨ ᠨᠡᠢᠭᠡᠮ ᠵᠢᠷᠤᠮ᠎ᠤᠨ ᠣᠳᠤᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢᠨ ᠠᠭᠤᠤ ᠶᠡᠬᠡ ᠦᠢᠯᠡᠳᠦᠯᠭᠡ᠎ᠲᠠᠢ ᠨᠢᠭᠲᠠ ᠤᠶᠠᠯᠳᠤᠭᠤᠯᠵᠤ᠂ ᠺᠠᠳ᠋ᠷ ᠤᠯᠠᠨ ᠲᠦᠮᠡᠨ᠎ᠤ ᠦᠵᠡᠯ ᠰᠠᠨᠠᠭᠠᠨ᠎ᠤ ᠪᠤᠳᠠᠳᠤ ᠪᠠᠢᠳᠠᠯ᠎ᠲᠠᠢ ᠨᠢᠭᠲᠠ ᠤᠶᠠᠯᠳᠤᠭᠤᠯᠵᠤ᠂ ᠣᠨᠤᠯ ᠬᠢᠭᠡᠳ ᠦᠢᠯᠡᠳᠦᠯᠭᠡ᠂ ᠲᠡᠦᠬᠡ ᠪᠠ ᠪᠤᠳᠠᠳᠤ ᠠᠬᠤᠢ᠂ ᠤᠯᠤᠰ᠎ᠤᠨ ᠲᠤᠳᠤᠭᠠᠲᠤ ᠪᠠ ᠳᠡᠯᠡᠬᠡᠢ ᠳ᠋ᠠᠬᠢᠨ᠎ᠤ ᠤᠶᠠᠯᠳᠤᠯ᠎ᠠᠴᠠ ᠡᠳᠡᠭᠡᠷ ᠴᠢᠬᠤᠯᠠ ᠶᠡᠬᠡ ᠠᠰᠠᠭᠤᠳᠠᠯ᠎ᠳᠤ ᠭᠦᠨᠵᠡᠭᠡᠢ ᠪᠥᠭᠡᠳ ᠣᠢᠯᠠᠭᠠᠮᠵᠢᠲᠠᠢ ᠲᠠᠢᠯᠪᠦᠷᠢ ᠬᠢᠵᠤ᠂ ᠦᠵᠡᠯᠲᠡ᠎ᠨᠢ ᠡᠷᠬᠡ ᠰᠦᠷ᠎ᠲᠠᠢ ᠪᠥᠭᠡᠳ ᠣᠨᠤᠪᠴᠢᠲᠠᠢ ᠪᠠᠢᠵᠤ᠂ ᠬᠡᠯᠡ ᠬᠡᠯᠡᠯᠭᠡ᠎ᠨᠢ ᠳᠥᠭᠦᠮ ᠣᠢᠯᠠᠭᠠᠮᠵᠢᠲᠠᠢ᠂ ᠵᠣᠬᠢᠶᠠᠯ᠎ᠤᠨ ᠬᠡᠪ ᠨᠠᠮᠪᠠ᠎ᠨᠢ ᠱᠢᠨ᠎ᠡ ᠰᠡᠪᠡᠬᠦᠨ ᠪᠥᠭᠡᠳ ᠳᠥᠭᠦᠮ ᠠᠪᠰᠠᠷ᠂ ᠬᠡᠯᠪᠡᠷᠢ᠎ᠨᠢ ᠠᠮᠢᠳᠤᠯᠢᠭ ᠪᠥᠭᠡᠳ ᠤᠯᠠᠨ ᠶᠠᠩᠵᠤ᠎ᠶᠢᠨ ᠪᠠᠢᠵᠤ᠂ ᠥᠷᠭᠡᠨ ᠤᠯᠠᠨ ᠺᠠᠳ᠋ᠷ ᠤᠯᠠᠨ ᠲᠦᠮᠡᠨ᠎ᠤ ᠱᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ 70 ᠵᠢᠯ᠎ᠤᠨ ᠲᠤᠷᠱᠢᠬᠢ ᠠᠭᠤᠤ ᠶᠡᠬᠡ ᠲᠡᠦᠬᠡᠨ ᠶᠠᠪᠤᠴᠠ᠂ ᠭᠡᠷᠡᠯ ᠰᠠᠴᠤᠷᠠᠩᠭᠤᠢ ᠠᠮᠵᠢᠯᠲᠠ ᠪᠠ ᠡᠷᠬᠢᠮ ᠨᠠᠨᠳᠢᠨ ᠲᠤᠷᠱᠢᠯᠭ᠎ᠠ᠎ᠶᠢ ᠭᠦᠨᠵᠡᠭᠡᠢ ᠣᠢᠯᠠᠭᠠᠬᠤ᠎ᠳᠤ ᠲᠤᠰᠠᠲᠠᠢ᠎ᠶᠤᠮ᠃ ᠲᠤᠰ ᠨᠣᠮ᠎ᠨᠢ ᠶᠠᠭᠤ ᠪᠣᠯᠬᠤ᠎ᠶᠢ ᠶᠠᠷᠢᠭᠰᠠᠨ ᠪᠥᠭᠡᠳ ᠪᠠᠰᠠ ᠶᠠᠭᠠᠬᠢᠭᠠᠳ ᠭᠡᠰᠡᠨ᠎ᠢ ᠶᠠᠷᠢᠵᠤ᠂ ᠶᠠᠭᠠᠬᠢᠵᠤ ᠦᠵᠡᠬᠦ᠎ᠶᠢ ᠶᠠᠷᠢᠭᠰᠠᠨ ᠪᠥᠭᠡᠳ ᠪᠠᠰᠠ ᠶᠠᠭᠠᠬᠢᠵᠤ ᠱᠢᠢᠳᠪᠦᠷᠢᠯᠡᠬᠦ᠎ᠶᠢ ᠶᠠᠷᠢᠵᠤ᠂ ᠺᠠᠳ᠋ᠷ ᠤᠯᠠᠨ ᠲᠦᠮᠡᠨ᠂ ᠵᠠᠯᠠᠭᠤ ᠰᠤᠷᠤᠭᠴᠢᠳ᠎ᠤᠨ ᠣᠨᠤᠯ᠎ᠤᠨ ᠰᠤᠷᠤᠯᠴᠠᠯᠭ᠎ᠠ ᠪᠠ ᠪᠠᠢᠳᠠᠯ ᠲᠥᠷᠦ᠎ᠶᠢᠨ ᠪᠣᠳᠤᠯᠭ᠎ᠠ᠎ᠶᠢᠨ ᠬᠥᠮᠦᠵᠢᠯ ᠥᠷᠨᠢᠭᠦᠯᠬᠦ ᠴᠢᠬᠤᠯᠠ ᠬᠠᠪᠰᠤᠷᠤᠮᠵᠢ ᠤᠩᠱᠢᠬᠤ ᠪᠢᠴᠢᠭ ᠪᠣᠯᠤᠨ᠎ᠠ᠃

                        ᠥᠪᠦᠷ ᠮᠣᠩᠭᠤᠯ᠎ᠤᠨ ᠡᠳᠦᠷ᠎ᠦᠨ ᠰᠣᠨᠢᠨ᠎ᠠᠴᠠ ᠱᠢᠯᠵᠢᠭᠦᠯᠦᠨ ᠨᠡᠢᠲᠡᠯᠡᠪᠡ

 

 

 

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604