ᠥᠪᠦᠷ ᠮᠣᠩᠭᠤᠯ᠎ᠤᠨ ᠲᠡᠦᠬᠡᠨ᠎ᠳᠡᠬᠢ ᠠᠩᠬᠠᠳᠠᠭᠴᠢ ᠮᠣᠩᠭᠤᠯ ᠬᠡᠯᠡᠨ᠎ᠤ ᠨᠤᠲᠤᠭ᠎ᠤᠨ ᠠᠶᠠᠯᠭᠤᠨ᠎ᠤ ᠭᠠᠵᠠᠷ᠎ᠤᠨ ᠵᠢᠷᠤᠭ ᠮᠡᠨᠳᠦᠯᠡᠪᠡ
2019.07.25

  ᠲᠤᠰ ᠰᠣᠨᠢᠨ᠎ᠤ ᠮᠡᠳᠡᠭᠡ (ᠰᠤᠷᠪᠤᠯᠵᠢᠯᠠᠭᠴᠢ ᠮᠥᠷᠡᠨ) 7 ᠰᠠᠷ᠎ᠠ᠎ᠶᠢᠨ 13᠎ᠤ ᠡᠳᠦᠷ᠂ 30 ᠭᠠᠷᠤᠢ ᠵᠢᠯ᠎ᠤᠨ ᠴᠠᠭ ᠬᠤᠭᠤᠴᠠᠭ᠎ᠠ᠎ᠶᠢ ᠬᠡᠷᠡᠭᠰᠡᠨ 4 ᠦᠶ᠎ᠡ᠎ᠶᠢᠨ ᠡᠷᠳᠡᠮᠲᠡᠳ᠎ᠦᠨ ᠤᠢ ᠪᠢᠯᠢᠭ᠂ ᠬᠦᠴᠦ ᠬᠥᠳᠡᠯᠮᠦᠷᠢ᠎ᠪᠡᠷ ᠪᠦᠲᠦᠭᠡᠭᠳᠡᠭᠰᠡᠨ ᠮᠣᠩᠭᠤᠯ ᠬᠡᠯᠡ ᠱᠢᠨᠵᠢᠯᠡᠯ᠎ᠤᠨ ᠲᠣᠮᠤᠬᠠᠨ ᠪᠦᠲᠦᠭᠡᠯ ᠪᠣᠯᠬᠤᠥᠪᠦᠷ ᠮᠣᠩᠭᠤᠯ᠎ᠤᠨ ᠮᠣᠩᠭᠤᠯ ᠬᠡᠯᠡᠨ᠎ᠤ ᠨᠤᠳᠤᠭ᠎ᠤᠨ ᠠᠶᠠᠯᠭᠤᠨ᠎ᠤ ᠭᠠᠵᠠᠷ᠎ᠤᠨ ᠵᠢᠷᠤᠭ᠎ᠤᠨ ᠪᠠᠢᠴᠠᠭᠠᠯᠲᠠ᠎ᠶᠢᠨ ᠮᠠᠲᠧᠷᠢᠶᠠᠯ᠎ᠤᠨ ᠴᠤᠪᠤᠷᠠᠯᠥᠪᠦᠷ ᠮᠣᠩᠭᠤᠯ᠎ᠤᠨ ᠶᠡᠬᠡ ᠰᠤᠷᠭᠠᠭᠤᠯᠢ᠎ᠳᠤ ᠵᠢᠩᠬᠢᠨᠢ᠎ᠪᠡᠷ ᠲᠠᠷᠬᠠᠭᠠᠭᠲᠠᠯ᠎ᠠ᠃

  ᠡᠨᠡ᠎ᠨᠢ ᠱᠢᠨ᠎ᠡ ᠳᠤᠮᠳᠠᠲᠤ ᠤᠯᠤᠰ ᠪᠠᠢᠭᠤᠯᠤᠭᠳᠠᠭᠰᠠᠨ 70 ᠵᠢᠯ᠎ᠤᠨ ᠲᠤᠷᠱᠢᠬᠢ ᠮᠠᠨ᠎ᠤ ᠣᠷᠤᠨ᠎ᠤ ᠲᠡᠦᠬᠡᠨ᠎ᠳᠡᠬᠢ ᠬᠠᠮᠤᠭ᠎ᠦᠨ ᠠᠩᠬᠠᠳᠠᠭᠴᠢ ᠮᠣᠩᠭᠤᠯ ᠬᠡᠯᠡᠨ᠎ᠤ ᠨᠤᠳᠤᠭ᠎ᠤᠨ ᠠᠶᠠᠯᠭᠤᠨ᠎ᠤ ᠭᠠᠵᠠᠷ᠎ᠤᠨ ᠵᠢᠷᠤᠭ ᠮᠡᠨᠳᠦᠯᠡᠭᠰᠡᠨ᠎ᠢ ᠬᠠᠷᠠᠭᠤᠯᠵᠤ ᠪᠠᠢᠭ᠎ᠠ ᠪᠥᠭᠡᠳ ᠮᠣᠩᠭᠤᠯ ᠬᠡᠯᠡᠨ᠎ᠤ ᠨᠤᠳᠤᠭ᠎ᠤᠨ ᠠᠶᠠᠯᠭᠤᠨ᠎ᠤ ᠰᠤᠳᠤᠯᠤᠯ᠂ ᠨᠤᠳᠤᠭ᠎ᠤᠨ ᠠᠶᠠᠯᠭᠤᠨ᠎ᠤ ᠬᠤᠪᠢᠶᠠᠷᠢᠯᠠᠯ ᠬᠢᠭᠡᠳ ᠨᠤᠳᠤᠭ᠎ᠤᠨ ᠠᠶᠠᠯᠭᠤᠨ᠎ᠤ ᠬᠥᠭᠵᠢᠯ ᠬᠤᠪᠢᠷᠠᠯ ᠵᠢᠴᠢ ᠪᠠᠷᠢᠮᠵᠢᠶ᠎ᠠ ᠠᠪᠢᠶ᠎ᠠ᠎ᠶᠢ ᠲᠦᠭᠡᠮᠡᠯᠵᠢᠭᠦᠯᠵᠦ ᠳᠡᠯᠭᠡᠷᠡᠭᠦᠯᠬᠦ ᠪᠠ ᠬᠡᠯᠡᠨ᠎ᠤ ᠲᠥᠯᠦᠪᠵᠢᠭᠦᠯᠭᠡ ᠵᠡᠷᠭᠡ ᠠᠵᠢᠯ᠎ᠳᠤ ᠴᠢᠬᠤᠯᠠ ᠦᠨ᠎ᠡ ᠦᠷᠳᠡᠭ ᠪᠦᠬᠦᠢ ᠬᠣᠪᠤᠷ ᠴᠤᠬᠠᠭ ᠪᠠᠷᠢᠮᠲᠠ ᠬᠠᠩᠭᠠᠨ ᠥᠭᠭᠦᠭᠰᠡᠨ ᠶᠠᠪᠤᠳᠠᠯ ᠪᠣᠯᠤᠯ᠎ᠠ᠃

  ᠣᠢᠯᠠᠭᠠᠭᠰᠠᠨ᠎ᠢᠶᠠᠷ᠂ ᠨᠤᠲᠤᠭ᠎ᠤᠨ ᠠᠶᠠᠯᠭᠤᠨ᠎ᠤ ᠭᠠᠵᠠᠷ ᠵᠦᠢ᠎ᠶᠢᠨ ᠰᠤᠳᠤᠯᠭᠠᠨ᠎ᠢ ᠪᠠᠰᠠ ᠬᠡᠯᠡᠨ᠎ᠤ ᠭᠠᠵᠠᠷ ᠵᠦᠢ᠎ᠶᠢᠨ ᠰᠤᠳᠤᠯᠭᠠᠨ ᠭᠡᠵᠤ ᠶᠠᠷᠢᠬᠤ ᠮᠥᠷᠲᠡᠭᠡᠨ ᠲᠡᠷᠡ᠎ᠨᠢ ᠶᠠᠮᠠᠷ ᠨᠢᠭᠡᠨ ᠬᠡᠯᠡ ᠠᠶᠠᠯᠭᠤᠨ᠎ᠤ ᠳᠣᠲᠤᠭᠠᠳᠤ᠎ᠳᠡᠬᠢ ᠢᠯᠭᠠᠭ᠎ᠠ ᠵᠥᠷᠢᠶ᠎ᠡ ᠪᠠ ᠲᠡᠳᠡᠭᠡᠷ᠎ᠦᠨ ᠲᠠᠷᠬᠠᠴᠠ᠎ᠶᠢᠨ ᠪᠠᠢᠳᠠᠯ᠎ᠢ ᠭᠠᠵᠠᠷ᠎ᠤᠨ ᠵᠢᠷᠤᠭ᠎ᠤᠨ ᠠᠷᠭ᠎ᠠ᠎ᠪᠡᠷ ᠢᠯᠡᠳᠬᠡᠵᠤ ᠲᠣᠳᠤᠷᠬᠠᠢᠯᠠᠳᠠᠭ ᠬᠡᠯᠡ ᠱᠢᠨᠵᠢᠯᠡᠯ᠎ᠦᠨ ᠨᠢᠭᠡᠨ ᠰᠠᠯᠪᠦᠷᠢ ᠤᠬᠠᠭᠠᠨ᠎ᠶᠤᠮ᠃ ᠮᠠᠨ᠎ᠤ ᠣᠷᠤᠨ᠎ᠳᠤ ᠮᠣᠩᠭᠤᠯ ᠬᠡᠯᠡᠨ᠎ᠤ ᠨᠤᠲᠤᠭ᠎ᠤᠨ ᠠᠶᠠᠯᠭᠤᠨ᠎ᠤ ᠭᠠᠵᠠᠷ ᠵᠦᠢ᠎ᠶᠢᠨ ᠰᠤᠳᠤᠯᠭᠠᠨ ᠳᠡᠭᠡᠷ᠎ᠡ ᠵᠠᠭᠤᠨ᠎ᠤ ᠨᠠᠶᠠᠭᠠᠳ ᠣᠨ᠎ᠳᠤ ᠡᠬᠢᠯᠡᠵᠤ᠂ ᠬᠣᠵᠢᠮ᠎ᠨᠢ ᠡᠨᠡ᠎ᠬᠦ ᠠᠵᠢᠯ ᠨᠢᠭᠡ ᠦᠶ᠎ᠡ ᠲᠠᠰᠤᠯᠤᠭᠳᠠᠭᠰᠠᠨ ᠪᠤᠯᠪᠠᠴᠦ ᠤᠯᠠᠨ ᠡᠷᠳᠡᠮᠳᠡᠳ᠎ᠦᠨ ᠴᠢᠷᠮᠠᠢᠯᠭ᠎ᠠ᠎ᠪᠠᠷ ᠳᠠᠬᠢᠨ ᠰᠡᠷᠭᠦᠭᠡᠭᠳᠡᠵᠤ᠂ ᠭᠤᠴᠢᠭᠠᠳ ᠵᠢᠯ᠎ᠳᠤ ᠮᠠᠨ᠎ᠤ ᠣᠷᠤᠨ᠎ᠤ ᠮᠣᠩᠭᠤᠯ ᠬᠡᠯᠡ ᠱᠢᠨᠵᠢᠯᠡᠯ᠎ᠦᠨ ᠡᠷᠳᠡᠮᠳᠡᠳ ᠤᠷᠢᠳ ᠬᠣᠵᠢᠳ ᠥᠪᠦᠷ ᠮᠣᠩᠭᠤᠯ᠎ᠤᠨ 9 ᠠᠢᠮᠠᠭ ᠬᠤᠳᠠ᠎ᠶᠢᠨ 54 ᠬᠣᠱᠢᠭᠤ ᠱᠢᠶᠠᠨ᠎ᠤ 540 ᠱᠢᠬᠠᠮ ᠴᠡᠭ᠎ᠲᠤ ᠬᠦᠷᠴᠤ᠂ ᠮᠣᠩᠭᠤᠯ ᠬᠡᠯᠡᠨ᠎ᠤ ᠨᠤᠲᠤᠭ᠎ᠤᠨ ᠠᠶᠠᠯᠭᠤᠨ᠎ᠤ ᠶᠡᠷᠦᠩᠬᠡᠢ ᠣᠨᠴᠠᠯᠢᠭ ᠵᠢᠴᠢ ᠨᠤᠲᠤᠭ᠎ᠤᠨ ᠠᠶᠠᠯᠭᠤᠨ᠎ᠤ ᠳᠤᠲᠤᠭᠠᠲᠤ᠎ᠳᠡᠬᠢ ᠢᠯᠭᠠᠭ᠎ᠠ ᠵᠥᠷᠢᠶ᠎ᠡ᠂ ᠲᠠᠷᠬᠠᠴᠠ᠎ᠶᠢᠨ ᠲᠤᠬᠠᠢ ᠨᠠᠷᠢᠨ ᠪᠠᠢᠴᠠᠭᠠᠯᠲᠠ ᠬᠢᠵᠠᠢ᠃ ᠡᠨᠡ᠎ᠬᠦ ᠰᠠᠭᠤᠷᠢᠨ ᠳᠡᠭᠡᠷ᠎ᠡᠶᠡᠷᠦᠩᠬᠡᠢ ᠥᠭᠦᠯᠡᠯ᠎ᠦᠨ ᠪᠣᠳᠢᠠᠯᠠᠱᠠ ᠠᠢᠮᠠᠭ᠎ᠤᠨ ᠪᠣᠳᠢᠣᠷᠳᠤᠰ ᠬᠤᠳᠠ᠎ᠶᠢᠨ ᠪᠣᠳᠢᠱᠢᠯᠢ᠎ᠶᠢᠨ ᠭᠣᠤᠯ ᠠᠢᠮᠠᠭ᠎ᠤᠨ ᠴᠠᠬᠠᠷ᠎ᠤᠨ ᠪᠣᠳᠢᠵᠡᠷᠭᠡ 13 ᠪᠣᠳᠢᠥᠪᠦᠷ ᠮᠣᠩᠭᠤᠯ᠎ᠤᠨ ᠮᠣᠩᠭᠤᠯ ᠬᠡᠯᠡᠨ᠎ᠤ ᠨᠤᠲᠤᠭ᠎ᠤᠨ ᠠᠶᠠᠯᠭᠤᠨ᠎ᠤ ᠭᠠᠵᠠᠷ᠎ᠤᠨ ᠵᠢᠷᠤᠭ᠎ᠤᠨ ᠪᠠᠢᠴᠠᠭᠠᠯᠲᠠ᠎ᠶᠢᠨ ᠮᠠᠲᠧᠷᠢᠶᠠᠯ᠎ᠤᠨ ᠴᠤᠪᠤᠷᠠᠯᠭᠡᠬᠦ ᠲᠣᠮᠤᠬᠠᠨ ᠪᠦᠳᠦᠭᠡᠯ᠎ᠢ ᠨᠠᠢᠷᠠᠭᠤᠯᠤᠨ ᠬᠡᠪᠯᠡᠭᠦᠯᠵᠦ᠂ ᠪᠣᠳᠢ ᠪᠦᠷᠢ᠎ᠳᠤ ᠡᠮᠦᠨᠡᠬᠢ ᠦᠭᠡ᠂ ᠳᠠᠩ ᠦᠭᠡ᠎ᠶᠢᠨ ᠪᠠᠢᠴᠠᠭᠠᠯᠲᠠ᠎ᠶᠢᠨ ᠮᠠᠲᠧᠷᠢᠶᠠᠯ᠂ ᠬᠡᠯᠡᠨ ᠵᠦᠢ᠎ᠶᠢᠨ ᠪᠠᠢᠴᠠᠭᠠᠯᠲᠠ᠎ᠶᠢᠨ ᠮᠠᠲᠧᠷᠢᠶᠠᠯ᠂ ᠪᠡᠶ᠎ᠡ᠎ᠶᠢᠨ ᠲᠥᠯᠦᠭᠡᠨ᠎ᠤ ᠦᠭᠡ ᠪᠠ ᠵᠢᠭᠠᠬᠤ ᠲᠥᠯᠦᠭᠡᠨ᠎ᠤ ᠦᠭᠡ᠎ᠶᠢᠨ ᠪᠠᠢᠴᠠᠭᠠᠯᠲᠠ᠎ᠶᠢᠨ ᠮᠠᠲᠧᠷᠢᠶᠠᠯ᠂ ᠨᠤᠲᠤᠭ᠎ᠤᠨ ᠠᠶᠠᠯᠭᠤᠨ᠎ᠤ ᠭᠠᠵᠠᠷ᠎ᠤᠨ ᠵᠢᠷᠤᠭ᠎ᠤᠨ ᠰᠣᠩᠭᠤᠮᠠᠯ ᠵᠡᠷᠭᠡ ᠠᠭᠤᠯᠭ᠎ᠠ᠎ᠶᠢ ᠲᠣᠬᠢᠷᠠᠭᠤᠯᠪᠠ᠃

  ᠶᠣᠰᠤᠯᠠᠯ᠎ᠳᠤ ᠪᠠᠰᠠ ᠱᠠᠩᠬᠠᠢ ᠨᠤᠲᠤᠭᠲᠠᠢ ᠡᠷᠳᠡᠮᠲᠡᠨ᠂ ᠥᠪᠦᠷ ᠮᠣᠩᠭᠤᠯ᠎ᠤᠨ ᠮᠣᠩᠭᠤᠯ ᠬᠡᠯᠡᠨ᠎ᠤ ᠨᠤᠲᠤᠭ᠎ᠤᠨ ᠠᠶᠠᠯᠭᠤᠨ᠎ᠤ ᠭᠠᠵᠠᠷ᠎ᠤᠨ ᠵᠢᠷᠤᠭ᠎ᠤᠨ ᠪᠠᠢᠴᠠᠭᠠᠯᠲᠠ᠎ᠶᠢᠨ ᠠᠵᠢᠯ᠎ᠢ ᠠᠩᠬ᠎ᠠ ᠭᠠᠷᠳᠠᠨ ᠬᠢᠭᠰᠡᠨ ᠴᠸᠨ ᠨᠠᠢ ᠱᠢᠶᠦ᠋ᠩ ᠫᠷᠤᠹᠧᠰᠰᠤᠷ᠎ᠢ ᠳᠤᠷᠠᠰᠤᠨ ᠰᠠᠨᠠᠭᠠᠯᠵᠠᠭᠰᠠᠨ ᠡᠷᠳᠡᠮ ᠱᠢᠨᠵᠢᠯᠡᠭᠡᠨ᠎ᠤ ᠠᠵᠢᠯᠯᠠᠭ᠎ᠠ ᠶᠠᠪᠤᠭᠳᠠᠭᠤᠯᠤᠭᠰᠠᠨ ᠪᠠᠢᠨ᠎ᠠ᠃

                        ᠥᠪᠦᠷ ᠮᠣᠩᠭᠤᠯ᠎ᠤᠨ ᠡᠳᠦᠷ᠎ᠦᠨ ᠰᠣᠨᠢᠨ᠎ᠠᠴᠠ ᠱᠢᠯᠵᠢᠭᠦᠯᠦᠨ ᠨᠡᠢᠲᠡᠯᠡᠪᠡ

                        ᠰᠤᠷᠪᠤᠯᠵᠢᠯᠠᠭᠴᠢ᠄ ᠮᠥᠷᠡᠨ

 

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604