ᠪᠦᠬᠦ ᠣᠷᠤᠨ᠎ᠤ ᠮᠣᠩᠭᠤᠯ ᠬᠡᠯᠡ ᠪᠢᠴᠢᠭ᠎ᠦᠨ ᠬᠡᠷᠡᠭᠯᠡᠭᠡᠨ᠎ᠤ ᠰᠤᠳᠤᠯᠭᠠᠨ ᠪᠠ ᠳᠦᠷᠢᠮᠵᠢᠯ ᠪᠠᠷᠢᠮᠵᠢᠶᠠᠵᠢᠯ᠎ᠤᠨ ᠲᠤᠬᠠᠢ ᠰᠤᠳᠤᠯᠤᠨ ᠰᠤᠷᠤᠯᠴᠠᠬᠤ ᠠᠩᠭᠢ ᠱᠢᠯᠢᠩᠬᠤᠲᠠ᠎ᠳᠤ ᠰᠤᠷᠤᠯᠭ᠎ᠠ ᠡᠬᠢᠯᠡᠪᠡ
2019.08.01

  ᠲᠤᠰ ᠰᠣᠨᠢᠨ᠎ᠤ ᠱᠢᠯᠢᠩᠬᠤᠲᠠ᠎ᠶᠢᠨ ᠮᠡᠳᠡᠭᠡ (ᠰᠤᠷᠪᠤᠯᠵᠢᠯᠠᠭᠴᠢ ᠪᠢᠯᠢᠭ᠌ᠪᠠᠭᠠᠲᠤᠷ) 7 ᠰᠠᠷ᠎ᠠ᠎ᠶᠢᠨ 8᠎ᠤ ᠡᠳᠦᠷ᠂ ᠪᠦᠬᠦ ᠣᠷᠤᠨ᠎ᠤ ᠭᠤᠷᠪᠠᠳᠤᠭᠠᠷ ᠤᠳᠠᠭᠠᠨ᠎ᠤ ᠮᠣᠩᠭᠤᠯ ᠬᠡᠯᠡ ᠪᠢᠴᠢᠭ᠎ᠦᠨ ᠬᠡᠷᠡᠭᠯᠡᠭᠡᠨ᠎ᠤ ᠰᠤᠳᠤᠯᠭᠠᠨ᠎ᠤ ᠢᠳᠡᠷ ᠵᠠᠯᠠᠭᠤ ᠡᠷᠳᠡᠮᠲᠡᠳ᠎ᠦᠨ ᠰᠤᠳᠤᠯᠤᠨ ᠰᠤᠷᠤᠯᠴᠠᠬᠤ ᠠᠩᠭᠢ ᠵᠢᠴᠢ ᠳᠥᠷᠪᠡᠳᠦᠭᠡᠷ ᠤᠳᠠᠭᠠᠨ᠎ᠤ ᠮᠣᠩᠭᠤᠯ ᠬᠡᠯᠡ ᠪᠢᠴᠢᠭ᠎ᠤᠨ ᠳᠦᠷᠢᠮᠵᠢᠯ ᠪᠠᠷᠢᠮᠵᠢᠶᠠᠵᠢᠯ᠎ᠤᠨ ᠰᠤᠳᠤᠯᠤᠨ ᠰᠤᠷᠤᠯᠴᠠᠬᠤ ᠠᠩᠭᠢ ᠱᠢᠯᠢᠩᠬᠤᠲᠠ᠎ᠳᠤ ᠪᠠᠢᠷᠢᠯᠠᠭ᠎ᠠ ᠱᠢᠯᠢ᠎ᠶᠢᠨ ᠭᠣᠤᠯ ᠠᠵᠢᠯ ᠮᠡᠷᠭᠡᠵᠢᠯ᠎ᠦᠨ ᠳᠡᠭᠡᠲᠤ ᠰᠤᠷᠭᠠᠭᠤᠯᠢ᠎ᠳᠤ ᠰᠤᠷᠤᠯᠭ᠎ᠠ ᠡᠬᠢᠯᠡᠪᠡ᠃ ᠪᠦᠬᠦ ᠣᠷᠤᠨ᠎ᠤ ᠰᠣᠨᠢᠨ ᠮᠡᠳᠡᠭᠡ᠂ ᠬᠡᠪᠯᠡᠯ᠎ᠦᠨ ᠱᠢᠰᠲᠧᠮ᠂ ᠶᠡᠬᠡ ᠳᠡᠭᠡᠲᠤ ᠰᠤᠷᠭᠠᠭᠤᠯᠢ ᠵᠡᠷᠭᠡ 80 ᠭᠠᠷᠤᠢ ᠪᠠᠢᠭᠤᠯᠭ᠎ᠠ ᠨᠢᠭᠡᠴᠢ᠎ᠶᠢᠨ 120 ᠬᠥᠮᠦᠨ ᠰᠤᠷᠤᠯᠴᠠᠯᠭ᠎ᠠ᠎ᠳᠤ ᠣᠷᠤᠯᠴᠠᠵᠠᠢ᠃

  ᠲᠤᠰ ᠤᠳᠠᠭᠠᠨ᠎ᠤ ᠰᠤᠳᠤᠯᠤᠨ ᠰᠤᠷᠤᠯᠴᠠᠬᠤ ᠠᠩᠭᠢ᠎ᠳᠤ ᠳᠤᠮᠳᠠᠳᠤ ᠤᠯᠤᠰ᠎ᠤᠨ ᠨᠡᠢᠭᠡᠮ᠎ᠦᠨ ᠱᠢᠨᠵᠢᠯᠡᠬᠦ ᠤᠬᠠᠭᠠᠨ᠎ᠤ ᠬᠦᠷᠢᠶᠡᠯᠡᠩ᠂ ᠳᠤᠮᠳᠠᠳᠤ ᠤᠯᠤᠰ᠎ᠤᠨ ᠦᠨᠳᠦᠰᠦᠲᠡᠨ᠎ᠤ ᠬᠡᠯᠡᠨ᠎ᠤ ᠣᠷᠴᠢᠭᠤᠯᠭ᠎ᠠ᠎ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠰᠤᠷᠭᠠᠭᠤᠯᠢ᠂ ᠥᠪᠦᠷ ᠮᠣᠩᠭᠤᠯ᠎ᠤᠨ ᠶᠡᠬᠡ ᠰᠤᠷᠭᠠᠭᠤᠯᠢ᠂ ᠥᠪᠦᠷ ᠮᠣᠩᠭᠤᠯ᠎ᠤᠨ ᠪᠠᠭᠱᠢ᠎ᠶᠢᠨ ᠶᠡᠬᠡ ᠰᠤᠷᠭᠠᠭᠤᠯᠢ᠂ ᠥᠪᠦᠷ ᠮᠣᠩᠭᠤᠯ᠎ᠤᠨ ᠨᠡᠢᠭᠡᠮ᠎ᠦᠨ ᠱᠢᠨᠵᠢᠯᠡᠬᠦ ᠤᠬᠠᠭᠠᠨ᠎ᠤ ᠬᠦᠷᠢᠶᠡᠯᠡᠩ᠂ ᠥᠪᠡᠷᠲᠡᠭᠡᠨ ᠵᠠᠰᠠᠬᠤ ᠣᠷᠤᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ ᠵᠡᠷᠭᠡ ᠪᠠᠢᠭᠤᠯᠭ᠎ᠠ ᠨᠢᠭᠡᠴᠢ᠎ᠶᠢᠨ ᠡᠷᠳᠡᠮᠲᠡᠳ ᠰᠤᠳᠤᠯᠭᠠᠲᠠᠳ᠎ᠠᠴᠠ ᠨᠠᠮ᠎ᠤᠨ ᠤᠯᠤᠰ᠎ᠤᠨ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠦᠨ ᠲᠥᠷᠦ᠎ᠶᠢᠨ ᠪᠣᠳᠤᠯᠭ᠎ᠠ ᠬᠠᠤᠯᠢ ᠴᠠᠭᠠᠵᠠ᠂ ᠬᠡᠯᠡ ᠪᠢᠴᠢᠭ᠎ᠤᠨ ᠲᠥᠯᠦᠪᠵᠢᠭᠦᠯᠭᠡ᠂ ᠬᠡᠯᠡᠨ᠎ᠤ ᠤᠬᠠᠮᠰᠠᠷ ᠪᠠ ᠳᠦᠷᠢᠮᠵᠢᠯ ᠪᠠᠷᠢᠮᠵᠢᠶᠠᠵᠢᠯ᠎ᠤᠨ ᠣᠨᠤᠯ᠂ ᠮᠣᠩᠭᠤᠯ ᠬᠡᠯᠡᠨ᠎ᠤ᠎ᠨᠡᠷ᠎ᠡ ᠲᠣᠮᠢᠶ᠎ᠠ᠎ᠶᠢ ᠣᠷᠴᠢᠭᠤᠯᠵᠤ ᠨᠠᠢᠷᠠᠭᠤᠯᠬᠤ᠂ ᠪᠠᠷᠢᠮᠵᠢᠶ᠎ᠠ ᠠᠪᠢᠶ᠎ᠠ᠂ ᠵᠥᠪ ᠪᠢᠴᠢᠯᠭᠡ ᠵᠡᠷᠭᠡ ᠰᠡᠳᠦᠪ᠎ᠦᠨ ᠲᠣᠭᠤᠷᠢᠨ᠎ᠳᠤ ᠬᠢᠴᠢᠶᠡᠯ ᠲᠠᠢᠯᠤᠮᠵᠢ ᠬᠢᠬᠦ᠎ᠶᠢᠨ ᠬᠠᠮᠲᠤ ᠳᠤᠭᠤᠢᠯᠠᠩ ᠬᠤᠪᠢᠶᠠᠨ ᠶᠠᠷᠢᠯᠴᠠᠭ᠎ᠠ ᠬᠢᠬᠦ ᠪᠣᠯᠤᠨ᠎ᠠ᠃ ᠰᠤᠳᠤᠯᠤᠨ ᠰᠤᠷᠤᠯᠴᠠᠬᠤ ᠠᠩᠭᠢ᠎ᠶᠢ ᠥᠪᠡᠷᠲᠡᠭᠡᠨ ᠵᠠᠰᠠᠬᠤ ᠣᠷᠤᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠡᠴᠡ ᠭᠣᠤᠯᠯᠠᠨ ᠡᠷᠬᠢᠯᠡᠵᠤ᠂ ᠱᠢᠯᠢ᠎ᠶᠢᠨ ᠭᠣᠤᠯ ᠠᠢᠮᠠᠭ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠠᠴᠠ ᠬᠠᠮᠵᠢᠨ ᠡᠷᠬᠢᠯᠡᠵᠤ᠂ 7 ᠰᠠᠷ᠎ᠠ᠎ᠶᠢᠨ 12᠎ᠤᠨ ᠡᠳᠦᠷ ᠪᠣᠯᠲᠠᠯ᠎ᠠ ᠶᠠᠪᠤᠭᠳᠠᠨ᠎ᠠ᠃

                        ᠥᠪᠦᠷ ᠮᠣᠩᠭᠤᠯ᠎ᠤᠨ ᠡᠳᠦᠷ᠎ᠦᠨ ᠰᠣᠨᠢᠨ᠎ᠠᠴᠠ ᠱᠢᠯᠵᠢᠭᠦᠯᠦᠨ ᠨᠡᠢᠲᠡᠯᠡᠪᠡ

                        ᠰᠤᠷᠪᠤᠯᠵᠢᠯᠠᠭᠴᠢ᠄ ᠪᠢᠯᠢᠭ᠌ᠪᠠᠭᠠᠲᠤᠷ

 

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604