《ᠮᠣᠩᠭᠤᠯ᠎ᠤᠨ ᠨᠢᠭᠤᠴᠠ ᠲᠣᠪᠴᠢᠶᠠᠨ》᠎ᠤ ᠪᠦᠬᠦ ᠠᠭᠤᠯᠭ᠎ᠠ᠎ᠶᠢ ᠬᠠᠢᠬᠤ ᠱᠢᠰᠲᠧᠮ᠎ᠢ ᠠᠮᠵᠢᠯᠲᠠ᠎ᠲᠠᠢ ᠰᠤᠳᠤᠯᠤᠨ ᠨᠡᠭᠡᠭᠡᠵᠡᠢ
2019.08.20

  ᠲᠤᠰ ᠰᠣᠨᠢᠨ᠎ᠤ ᠮᠡᠳᠡᠭᠡ (ᠰᠤᠷᠪᠤᠯᠵᠢᠯᠠᠭᠴᠢ ᠴᠡᠯᠮᠡᠭ) 7 ᠰᠠᠷ᠎ᠠ᠎ᠶᠢᠨ 25᠎ᠤ ᠡᠳᠦᠷ᠂ ᠰᠤᠷᠪᠤᠯᠵᠢᠯᠠᠭᠴᠢ ᠥᠪᠦᠷ ᠮᠣᠩᠭᠤᠯ᠎ᠤᠨ ᠦᠨᠳᠦᠰᠦᠲᠡᠨ᠎ᠤ ᠰᠣᠶᠤᠯ᠎ᠤᠨ ᠠᠵᠤ ᠦᠢᠯᠡᠰ᠎ᠦᠨ ᠰᠤᠳᠤᠯᠭᠠᠨ᠎ᠤ ᠬᠦᠷᠢᠶᠡᠯᠡᠩ᠎ᠡᠴᠡ ᠣᠢᠯᠠᠭᠠᠭᠰᠠᠨ᠎ᠢᠶᠠᠷ᠂ 13᠎ᠳᠤᠭᠠᠷ ᠵᠠᠭᠤᠨ᠎ᠤ ᠦᠶ᠎ᠡ᠎ᠳᠤ ᠪᠢᠴᠢᠭᠳᠡᠭᠰᠡᠨ ᠮᠣᠩᠭᠤᠯ ᠦᠨᠳᠦᠰᠦᠲᠡᠨ᠎ᠤ ᠲᠡᠦᠬᠡ᠎ᠶᠢᠨ ᠠᠪᠤᠷᠭᠤ ᠪᠦᠲᠦᠭᠡᠯ 《ᠮᠣᠩᠭᠤᠯ᠎ᠤᠨ ᠨᠢᠭᠤᠴᠠ ᠲᠣᠪᠴᠢᠶᠠᠨ》 ᠎ᠤ ᠪᠦᠬᠦ ᠠᠭᠤᠯᠭ᠎ᠠ᠎ᠶᠢ ᠬᠠᠢᠬᠤ ᠱᠢᠰᠲᠧᠮ᠎ᠢ ᠣᠢᠷ᠎ᠠ᠎ᠳᠤ ᠠᠮᠵᠢᠯᠲᠠ᠎ᠲᠠᠢ ᠰᠤᠳᠤᠯᠤᠨ ᠨᠡᠭᠡᠭᠡᠵᠤ᠂ ᠣᠳᠤ ᠶᠠᠭ ᠲᠤᠷᠱᠢᠨ ᠬᠡᠷᠡᠭᠯᠡᠬᠦ ᠱᠠᠲᠤᠨ᠎ᠳᠤ᠎ᠪᠠᠨ ᠣᠷᠤᠪᠠ᠃ ᠳᠠᠷᠠᠭᠠᠴᠢ᠎ᠪᠠᠷ᠂ ᠤᠩᠱᠢᠭᠴᠢᠳ ᠮᠣᠩᠭᠤᠯ ᠦᠨᠳᠦᠰᠦᠲᠡᠨ᠎ᠤ ᠣᠳᠤ ᠪᠣᠯᠲᠠᠯ᠎ᠠ ᠦᠯᠡᠳᠡᠭᠳᠡᠨ ᠬᠠᠳᠠᠭᠠᠯᠠᠭᠳᠠᠵᠤ ᠪᠠᠢᠭ᠎ᠠ ᠬᠠᠮᠤᠭ ᠡᠷᠲᠡᠨ᠎ᠤ ᠲᠡᠦᠬᠡ᠎ᠶᠢᠨ ᠰᠤᠷᠪᠤᠯᠵᠢ ᠪᠢᠴᠢᠭ ᠪᠣᠯᠬᠤ 《ᠮᠣᠩᠭᠤᠯ᠎ᠤᠨ ᠨᠢᠭᠤᠴᠠ ᠲᠣᠪᠴᠢᠶᠠᠨ》 ᠎ᠢ ᠺᠣᠮᠫᠢᠦ᠋ᠲᠧᠷ ᠪᠤᠶᠤ ᠭᠠᠷ ᠤᠲᠠᠰᠤ᠎ᠪᠠᠷ᠎ᠢᠶᠠᠨ ᠬᠠᠢᠯᠲᠠ ᠬᠢᠵᠤ ᠯᠠᠪᠯᠠᠨ ᠦᠵᠡᠵᠦ ᠳᠡᠢᠯᠬᠦ ᠪᠣᠯᠤᠨ᠎ᠠ᠃

  ᠲᠤᠰ ᠱᠢᠰᠲᠧᠮ ᠪᠤᠯ ᠤᠯᠤᠰ᠎ᠤᠨ ᠨᠡᠢᠭᠡᠮ᠎ᠦᠨ ᠱᠢᠨᠵᠢᠯᠡᠬᠦ ᠤᠬᠠᠭᠠᠨ᠎ᠤ ᠰᠠᠭᠤᠷᠢ ᠮᠥᠩᠭᠦᠨ᠎ᠤ ᠲᠥᠷᠦᠯ ᠵᠦᠢᠯ ᠪᠣᠯᠬᠤ 《ᠮᠣᠩᠭᠤᠯ ᠬᠡᠯᠡᠨ᠎ᠤ TEL ᠵᠡᠭᠦᠯᠲᠡᠲᠤ ᠵᠠᠭᠪᠤᠷ᠎ᠤᠨ ᠴᠠᠭᠴᠢ ᠬᠡᠯᠡᠨ᠎ᠤ ᠮᠠᠲᠧᠷᠢᠶᠠᠯ᠎ᠤᠨ ᠬᠥᠮᠦᠷᠭᠡ᠎ᠶᠢᠨ ᠪᠦᠲᠦᠭᠡᠨ ᠪᠠᠢᠭᠤᠯᠤᠯᠲᠠ ᠬᠢᠭᠡᠳ ᠬᠡᠷᠡᠭᠯᠡᠭᠡᠨ᠎ᠤ ᠰᠤᠳᠤᠯᠭᠠᠨ》 ᠎ᠤ ᠬᠡᠰᠡᠭ ᠦᠷ᠎ᠡ ᠪᠦᠲᠦᠭᠡᠯ ᠪᠣᠯᠤᠨ᠎ᠠ᠃ ᠲᠤᠰ ᠱᠢᠰᠲᠧᠮ᠎ᠢᠶᠠᠷ 《ᠮᠣᠩᠭᠤᠯ᠎ᠤᠨ ᠨᠢᠭᠤᠴᠠ ᠲᠣᠪᠴᠢᠶᠠᠨ》 ᠎ᠢ ᠲᠸᠺᠰᠲ᠂ ᠦᠭᠡᠰ᠎ᠦᠨ ᠱᠢᠨᠵᠢ᠂ ᠦᠭᠡ ᠵᠦᠢ᠂ ᠦᠭᠡ᠎ᠶᠢᠨ ᠡᠯᠸᠮᠸᠨ᠋ᠲ᠂ ᠦᠭᠡ᠎ᠶᠢᠨ ᠤᠳᠭ᠎ᠠ ᠵᠡᠷᠭᠡ ᠤᠯᠠᠨ ᠬᠠᠷᠠᠭᠠᠰᠤ᠎ᠠᠴᠠ ᠬᠠᠢᠯᠲᠠ ᠬᠢᠵᠤ ᠪᠣᠯᠤᠨ᠎ᠠ᠃

   《ᠮᠣᠩᠭᠤᠯ᠎ᠤᠨ ᠨᠢᠭᠤᠴᠠ ᠲᠣᠪᠴᠢᠶᠠᠨ》 ᠪᠤᠯ ᠮᠣᠩᠭᠤᠯ ᠦᠨᠳᠦᠰᠦᠲᠡᠨ᠎ᠤ ᠪᠦᠷᠢᠯᠳᠦᠯ᠂ ᠬᠥᠭᠵᠢᠯᠲᠡ᠂ ᠬᠦᠴᠦᠷᠬᠡᠭᠵᠢᠯ᠎ᠦᠨ ᠶᠠᠪᠤᠴᠠ᠎ᠶᠢ ᠲᠡᠮᠳᠡᠭᠯᠡᠭᠰᠡᠨ ᠰᠤᠳᠤᠷ ᠪᠢᠴᠢᠭ ᠪᠣᠯᠤᠨ᠎ᠠ᠂ ᠮᠣᠩᠭᠤᠯ ᠦᠨᠳᠦᠰᠦᠲᠡᠨ᠎ᠤ ᠤᠳᠭ᠎ᠠ ᠵᠣᠬᠢᠶᠠᠯ᠎ᠤᠨ ᠲᠡᠦᠬᠡᠨ᠎ᠳᠡᠬᠢ ᠠᠩᠬᠠᠳᠠᠭᠴᠢ ᠦᠰᠦᠭ ᠪᠢᠴᠢᠭ᠎ᠢᠶᠡᠷ ᠪᠢᠴᠢᠭᠳᠡᠭᠰᠡᠨ ᠰᠣᠩᠭᠤᠳᠠᠭ ᠪᠦᠲᠦᠭᠡᠯ ᠪᠣᠯᠤᠨ᠎ᠠ᠃ ᠲᠤᠰ ᠨᠣᠮ᠎ᠳᠤ 13᠎ᠳᠤᠭᠠᠷ ᠵᠠᠭᠤᠨ᠎ᠤ ᠦᠶ᠎ᠡ᠎ᠶᠢᠨ ᠮᠣᠩᠭᠤᠯ ᠦᠨᠳᠦᠰᠦᠲᠡᠨ᠎ᠤ ᠰᠣᠶᠤᠯ᠂ ᠠᠵᠤ ᠠᠬᠤᠢ᠂ ᠴᠡᠷᠢᠭ᠎ᠦᠨ ᠶᠠᠪᠤᠳᠠᠯ᠂ ᠵᠠᠩ ᠦᠢᠯᠡ᠂ ᠦᠭᠡ ᠬᠡᠯᠡ ᠵᠡᠷᠭᠡ ᠤᠯᠠᠨ ᠲᠠᠯ᠎ᠠ᠎ᠶᠢᠨ ᠠᠭᠤᠯᠭ᠎ᠠ᠎ᠶᠢ ᠬᠠᠮᠤᠷᠴᠤ᠂ 13᠎ᠳᠤᠭᠠᠷ ᠵᠠᠭᠤᠨ᠎ᠤ ᠦᠶ᠎ᠡ᠎ᠶᠢᠨ ᠮᠣᠩᠭᠤᠯ ᠦᠨᠳᠦᠰᠦᠲᠡᠨ᠎ᠢ ᠣᠢᠯᠠᠭᠠᠬᠤ᠎ᠳᠤ ᠨᠠᠷᠢᠨ ᠪᠤᠲᠠᠲᠠᠢ ᠬᠡᠷᠡᠴᠢ ᠮᠠᠲᠧᠷᠢᠶᠠᠯ ᠬᠠᠩᠭᠠᠭᠰᠠᠨ ᠪᠠᠢᠨ᠎ᠠ᠃

   《ᠮᠣᠩᠭᠤᠯ᠎ᠤᠨ ᠨᠢᠭᠤᠴᠠ ᠲᠣᠪᠴᠢᠶᠠᠨ》 ᠎ᠤ ᠪᠦᠬᠦ ᠠᠭᠤᠯᠭ᠎ᠠ᠎ᠶᠢ ᠬᠠᠢᠬᠤ ᠱᠢᠰᠲᠧᠮ ᠪᠤᠯ ᠤᠷᠢᠳᠤᠬᠢ ᠬᠥᠮᠦᠰ᠎ᠦᠨ ᠰᠤᠳᠤᠯᠭᠠᠨ᠎ᠤ ᠦᠷ᠎ᠡ ᠪᠦᠲᠦᠭᠡᠯ᠎ᠦᠨ ᠰᠠᠭᠤᠷᠢᠨ ᠳᠡᠭᠡᠷ᠎ᠡ᠂ ᠤᠯᠠᠨ ᠤᠯᠤᠰ᠎ᠤᠨ ᠪᠠᠷᠢᠮᠵᠢᠶᠠᠲᠤ ᠬᠥᠮᠦᠷᠭᠡ᠎ᠶᠢᠨ ᠪᠦᠲᠦᠭᠡᠨ ᠪᠠᠢᠭᠤᠯᠤᠯᠲᠠ᠎ᠶᠢᠨ ᠲᠥᠰᠦᠯ᠎ᠲᠠᠢ ᠠᠭᠤᠰᠤᠯᠴᠠᠭᠤᠯᠵᠤ᠂ 《ᠮᠣᠩᠭᠤᠯ᠎ᠤᠨ ᠨᠢᠭᠤᠴᠠ ᠲᠣᠪᠴᠢᠶᠠᠨ》᠎ᠤ ᠰᠤᠳᠤᠯᠤᠭᠴᠢᠳ᠎ᠲᠤ ᠮᠠᠱᠢ ᠳᠥᠭᠦᠮ ᠳᠥᠲᠡ ᠨᠡᠢᠲᠡ᠎ᠶᠢᠨ ᠲᠠᠪᠴᠠᠩ ᠬᠠᠩᠭᠠᠵᠤ᠂ ᠥᠩᠭᠡᠷᠡᠭᠰᠡᠨ᠎ᠤ 《ᠮᠣᠩᠭᠤᠯ᠎ᠤᠨ ᠨᠢᠭᠤᠴᠠ ᠲᠣᠪᠴᠢᠶᠠᠨ》 ᠎ᠤ ᠬᠡᠯᠡᠨ᠎ᠤ ᠮᠠᠲᠧᠷᠢᠶᠠᠯ᠎ᠤᠨ ᠬᠥᠮᠦᠷᠭᠡ᠎ᠶᠢᠨ ᠪᠦᠷᠢᠨ ᠵᠡᠭᠦᠯᠲᠡ ᠬᠠᠳᠠᠭᠰᠠᠨ᠎ᠦᠭᠡᠢ ᠵᠢᠴᠢ ᠬᠡᠯᠡᠨ᠎ᠤ ᠮᠠᠲᠧᠷᠢᠶᠠᠯ᠎ᠤᠨ ᠬᠥᠮᠦᠷᠭᠡ᠎ᠪᠠᠨ ᠨᠡᠢᠲᠡ ᠤᠯᠠᠨ᠎ᠢᠶᠠᠷ᠎ᠢᠶᠠᠨ ᠬᠢᠯᠪᠠᠷᠬᠠᠨ᠎ᠢᠶᠠᠷ ᠬᠠᠮᠲᠤ᠎ᠪᠠᠷ ᠠᠱᠢᠭᠯᠠᠵᠤ ᠪᠣᠯᠬᠤ᠎ᠦᠭᠡᠢ ᠳᠤᠲᠠᠭᠤᠳᠠᠯ᠎ᠢ ᠨᠥᠬᠦᠪᠦᠷᠢᠯᠡᠵᠡᠢ᠃ ᠲᠤᠰ ᠱᠢᠰᠲᠧᠮ᠎ᠢᠶᠠᠷ 《ᠮᠣᠩᠭᠤᠯ᠎ᠤᠨ ᠨᠢᠭᠤᠴᠠ ᠲᠣᠪᠴᠢᠶᠠᠨ》᠎ᠤ ᠬᠡᠯᠡᠨ᠎ᠤ ᠮᠠᠲᠧᠷᠢᠶᠠᠯ᠎ᠢ ᠮᠠᠱᠢ ᠲᠦᠷᠭᠡᠨ᠎ᠢᠶᠡᠷ ᠬᠠᠢᠵᠤ᠂ ᠪᠦᠷᠢᠳᠬᠡᠵᠤ᠂ ᠵᠢᠭᠰᠠᠭᠠᠵᠤ ᠪᠣᠯᠬᠤ᠎ᠪᠡᠷ ᠦᠯᠦ ᠪᠠᠷᠠᠮ ᠬᠠᠢᠭᠰᠠᠨ ᠳ᠋ᠦᠩ᠎ᠳᠤ᠎ᠪᠠᠨ ᠵᠠᠳᠠᠯᠤᠯᠲᠠ ᠬᠢᠬᠦ᠎ᠪᠡᠷ ᠳᠠᠮᠵᠢᠨ 《ᠮᠣᠩᠭᠤᠯ᠎ᠤᠨ ᠨᠢᠭᠤᠴᠠ ᠲᠣᠪᠴᠢᠶᠠᠨ》 ᠎ᠤ ᠨᠡᠩ ᠭᠦᠨ ᠲᠠᠪᠬᠤᠷᠭ᠎ᠠ᠎ᠶᠢᠨ ᠮᠡᠳᠡᠯᠭᠡ᠎ᠶᠢ ᠠᠭᠤᠳᠠᠯᠵᠤ᠂ ᠮᠣᠩᠭᠤᠯ ᠦᠭᠡ ᠬᠡᠯᠡ ᠦᠰᠦᠭ ᠪᠢᠴᠢᠭ᠎ᠦᠨ ᠬᠥᠭᠵᠢᠯᠲᠡ᠎ᠶᠢᠨ ᠲᠡᠦᠬᠡ᠎ᠶᠢ ᠰᠤᠳᠤᠯᠵᠤ ᠪᠣᠯᠤᠨ᠎ᠠ᠃

                        ᠥᠪᠦᠷ ᠮᠣᠩᠭᠤᠯ᠎ᠤᠨ ᠡᠳᠦᠷ᠎ᠦᠨ ᠰᠣᠨᠢᠨ᠎ᠠᠴᠠ ᠱᠢᠯᠵᠢᠭᠦᠯᠦᠨ ᠨᠡᠢᠳᠡᠯᠡᠪᠡ

                        ᠰᠤᠷᠪᠤᠯᠵᠢᠯᠠᠭᠴᠢ᠄ ᠴᠡᠯᠮᠡᠭ

 

 

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604