《ᠳᠤᠮᠳᠠᠳᠤ ᠤᠯᠤᠰ᠎ᠤᠨ ᠴᠦᠬᠡᠨ ᠲᠤᠭᠠᠳᠤ ᠦᠨᠳᠦᠰᠦᠳᠡᠨ᠎ᠤ ᠤᠳᠬ᠎ᠠ ᠵᠤᠬᠢᠶᠠᠯ᠎ᠤᠨ ᠬᠦᠭᠵᠢᠭᠦᠯᠦᠯᠳᠡ᠎ᠶᠢᠨ ᠢᠨᠵᠧᠨᠧᠷᠢᠩ》 578 ᠪᠦᠲᠦᠭᠡᠯ ᠪᠠ ᠲᠦᠰᠦᠯ᠎ᠢ ᠭᠤᠤᠯᠳᠠᠯᠭ᠎ᠠ᠎ᠲᠠᠢ ᠲᠡᠳᠬᠦᠵᠠᠢ
2019.10.16

  ᠱᠢᠨᠬᠤᠸᠠ ᠬᠤᠷᠢᠶᠠᠨ᠎ᠤ ᠪᠡᠭᠡᠵᠢᠩ᠎ᠤᠨ 10 ᠰᠠᠷ᠎ᠠ᠎ᠶᠢᠨ 14᠎ᠤ ᠴᠠᠬᠢᠯᠭᠠᠨ ᠮᠡᠳᠡᠭᠡ (ᠰᠤᠷᠪᠤᠯᠵᠢᠯᠠᠭᠴᠢ ᠸᠠᠩ ᠰᠧ ᠪᠸᠢ) ᠰᠤᠷᠪᠤᠯᠵᠢᠯᠠᠭᠴᠢ 14᠎ᠤ ᠡᠳᠦᠷ ᠳᠤᠮᠳᠠᠳᠤ ᠤᠯᠤᠰ᠎ᠤᠨ ᠵᠤᠬᠢᠶᠠᠯᠴᠢᠳ᠎ᠤᠨ ᠡᠪᠯᠡᠯ ᠪᠤᠯᠤᠨ ᠤᠯᠤᠰ᠎ᠤᠨ ᠦᠨᠳᠦᠰᠦᠳᠡᠨ᠎ᠤ ᠬᠡᠷᠡᠭ ᠡᠷᠬᠢᠯᠡᠬᠦ ᠵᠦᠪᠯᠡᠯ᠎ᠤᠨ ᠬᠠᠮᠳᠤᠷᠠᠵᠦ ᠭᠤᠤᠯᠯᠠᠨ ᠡᠷᠬᠢᠯᠡᠭᠰᠡᠨ ᠵᠢᠷᠭᠤᠳᠤᠭᠠᠷ ᠬᠤᠭᠤᠴᠠᠭᠠᠨ᠎ᠤ ᠪᠦᠬᠦ ᠤᠯᠤᠰ᠎ᠤᠨ ᠴᠦᠬᠡᠨ ᠲᠤᠭᠠᠳᠤ ᠦᠨᠳᠦᠰᠦᠳᠡᠨ᠎ᠤ ᠤᠳᠬ᠎ᠠ ᠵᠤᠬᠢᠶᠠᠯ᠎ᠤᠨ ᠵᠤᠬᠢᠶᠠᠨ ᠪᠦᠲᠦᠭᠡᠯᠭᠡ᠎ᠶᠢᠨ ᠬᠤᠷᠠᠯ᠎ᠠᠴᠠ ᠣᠢᠯᠠᠭᠠᠭᠰᠠᠨ᠎ᠢᠶᠠᠷ᠂ ᠳᠤᠮᠳᠠᠳᠤ ᠤᠯᠤᠰ᠎ᠤᠨ ᠵᠤᠬᠢᠶᠠᠯᠴᠢᠳ᠎ᠤᠨ ᠡᠪᠯᠡᠯ 2013᠎ᠤᠨ᠎ᠠᠴᠠ 《ᠳᠤᠮᠳᠠᠳᠤ ᠤᠯᠤᠰ᠎ᠤᠨ ᠴᠦᠬᠡᠨ ᠲᠤᠭᠠᠳᠤ ᠦᠨᠳᠦᠰᠦᠳᠡᠨ᠎ᠤ ᠤᠳᠬ᠎ᠠ ᠵᠤᠬᠢᠶᠠᠯ᠎ᠤᠨ ᠬᠦᠭᠵᠢᠭᠦᠯᠦᠯᠳᠡ᠎ᠶᠢᠨ ᠢᠨᠵᠧᠨᠧᠷᠢᠩ》᠎ᠢ ᠬᠡᠷᠡᠭᠵᠢᠭᠦᠯᠦᠭᠰᠡᠨ᠎ᠠᠴᠠ ᠨᠠᠭᠠᠱᠢ᠂ ᠨᠡᠢᠲᠡ 578 ᠪᠦᠲᠦᠭᠡᠯ ᠪᠠ ᠲᠦᠰᠦᠯ᠎ᠢ ᠭᠤᠤᠯᠳᠠᠯᠭ᠎ᠠ᠎ᠲᠠᠢ ᠳᠡᠳᠬᠦᠪᠡ᠃   

  ᠳᠤᠮᠳᠠᠳᠤ ᠤᠯᠤᠰ᠎ᠤᠨ ᠵᠤᠬᠢᠶᠠᠯᠴᠢᠳ᠎ᠤᠨ ᠡᠪᠯᠡᠯ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠳᠡᠳ ᠲᠡᠷᠢᠭᠦᠯᠡᠭᠴᠢ ᠴᠢᠶᠠᠨ ᠱᠢᠶᠤᠤ ᠴᠢᠶᠠᠨ ᠬᠤᠷᠡᠯ ᠲᠡᠭᠡᠷ᠎ᠡ᠄ 《ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠱᠢ᠂ ᠮᠠᠨ᠎ᠤ ᠤᠯᠤᠰ᠎ᠤᠨ ᠴᠦᠬᠡᠨ ᠲᠤᠭᠠᠳᠤ ᠦᠨᠳᠦᠰᠦᠳᠡᠨ᠎ᠤ ᠤᠳᠬ᠎ᠠ ᠵᠤᠬᠢᠶᠠᠯ ᠴᠡᠴᠡᠭᠯᠡᠨ ᠬᠥᠭᠵᠢᠵᠦ᠂ ᠡᠯᠪᠡᠭ ᠦᠷ᠎ᠡ ᠪᠦᠳᠦᠬᠡᠯ ᠤᠯᠵᠤ᠂ ᠴᠦᠬᠡᠨ ᠲᠤᠭᠠᠳᠤ ᠦᠨᠳᠦᠰᠦᠳᠡᠨ᠎ᠤ 4 ᠵᠤᠬᠢᠶᠠᠯᠴᠢ᠎ᠶᠢᠨ ᠪᠦᠲᠦᠭᠡᠯ ᠤᠷᠢᠳ ᠬᠤᠵᠢᠳ ᠲᠦᠪ᠎ᠤᠨ ᠤᠬᠠᠭᠤᠯᠬᠤ ᠬᠡᠯᠳᠡᠰ᠎ᠤᠨ<ᠲᠠᠪᠤᠨ ᠨᠢᠭᠡ᠎ᠶᠢᠨ ᠢᠨᠵᠧᠨᠧᠷᠢᠩ>᠎ᠤᠨ ᠱᠠᠩᠨᠠᠯ᠎ᠢ ᠬᠦᠷᠳᠡᠵᠤ᠂ ᠴᠦᠬᠡᠨ ᠲᠤᠭᠠᠳᠤ ᠦᠨᠳᠦᠰᠦᠳᠡᠨ᠎ᠤ 1 ᠵᠤᠬᠢᠶᠠᠯᠴᠢ᠎ᠶᠢᠨ ᠪᠦᠲᠦᠭᠡᠯ ᠳᠤᠮᠳᠠᠳᠤ ᠤᠯᠤᠰ᠎ᠤᠨ ᠬᠡᠪᠯᠡᠯ᠎ᠤᠨ ᠵᠠᠰᠠᠭ᠎ᠤᠨ ᠤᠷᠳᠤᠨ᠎ᠤ ᠱᠠᠩᠨᠠᠯ᠎ᠢ ᠬᠦᠷᠳᠡᠵᠤ᠂ ᠴᠦᠬᠡᠨ ᠲᠤᠭᠠᠳᠤ ᠦᠨᠳᠦᠰᠦᠳᠡᠨ᠎ᠤ 6 ᠵᠤᠬᠢᠶᠠᠯᠴᠢ ᠯᠤ ᠱᠢᠶᠦ᠋ᠨ ᠤᠳᠬ᠎ᠠ ᠵᠤᠬᠢᠶᠠᠯ᠎ᠤᠨ ᠱᠠᠩᠨᠠᠯ᠎ᠢ ᠬᠦᠷᠳᠡᠵᠤ᠂ ᠴᠦᠬᠡᠨ ᠲᠤᠭᠠᠳᠤ ᠦᠨᠳᠦᠰᠦᠳᠡᠨ᠎ᠤ 27 ᠵᠤᠬᠢᠶᠠᠯᠴᠢ ᠪᠦᠬᠦ ᠤᠯᠤᠰ᠎ᠤᠨ ᠴᠦᠬᠡᠨ ᠲᠤᠭᠠᠳᠤ ᠦᠨᠳᠦᠰᠦᠳᠡᠨ᠎ᠤ ᠤᠳᠬ᠎ᠠ ᠵᠤᠬᠢᠶᠠᠯ᠎ᠤᠨ ᠵᠤᠬᠢᠶᠠᠨ ᠪᠦᠲᠦᠭᠡᠯᠭᠡ᠎ᠶᠢᠨ <ᠠᠵᠢᠨᠠᠢ ᠱᠠᠩᠨᠠᠯ> ᠵᠡᠷᠭᠡ᠎ᠶᠢ ᠬᠦᠷᠳᠡᠵᠠᠢ》 ᠭᠡᠵᠤ ᠬᠡᠯᠡᠪᠡ᠃

  ᠰᠤᠷᠪᠤᠯᠵᠢᠯᠠᠭᠴᠢ᠎ᠶᠢᠨ ᠣᠢᠯᠠᠭᠠᠭᠰᠠᠨ᠎ᠢᠶᠠᠷ᠂ ᠳᠤᠮᠳᠠᠳᠤ ᠤᠯᠤᠰ᠎ᠤᠨ ᠵᠤᠬᠢᠶᠠᠯᠴᠢᠳ᠎ᠤᠨ ᠡᠪᠯᠡᠯ 《ᠳᠤᠮᠳᠠᠳᠤ ᠤᠯᠤᠰ᠎ᠤᠨ ᠴᠦᠬᠡᠨ ᠲᠤᠭᠠᠳᠤ ᠦᠨᠳᠦᠰᠦᠳᠡᠨ᠎ᠤ ᠤᠳᠬ᠎ᠠ ᠵᠤᠬᠢᠶᠠᠯ᠎ᠤᠨ ᠬᠦᠭᠵᠢᠭᠦᠯᠦᠯᠳᠡ᠎ᠶᠢᠨ ᠢᠨᠵᠧᠨᠧᠷᠢᠩ》᠎ᠢ ᠵᠤᠬᠢᠶᠠᠨ ᠪᠠᠢᠭᠤᠯᠤᠨ ᠬᠡᠷᠡᠭᠵᠢᠭᠦᠯᠬᠦ᠎ᠪᠠᠷ ᠳᠠᠮᠵᠢᠨ᠂ ᠭᠤᠤᠯᠳᠠᠯᠭ᠎ᠠ᠎ᠲᠠᠢ ᠪᠦᠲᠦᠭᠡᠯ᠎ᠢ ᠵᠤᠬᠢᠶᠠᠨ ᠪᠦᠲᠦᠭᠡᠬᠦ᠂ ᠱᠢᠯᠢᠳᠡᠭ ᠪᠦᠲᠦᠭᠡᠯ᠎ᠢ ᠬᠡᠪᠯᠡᠭᠦᠯᠬᠦ᠂ ᠦᠨᠳᠦᠰᠦᠳᠡᠨ᠎ᠤ ᠤᠳᠬ᠎ᠠ ᠵᠤᠬᠢᠶᠠᠯ᠎ᠤᠨ ᠱᠢᠯᠢᠳᠡᠭ ᠪᠦᠲᠦᠭᠡᠯ᠎ᠢ ᠤᠷᠴᠢᠭᠤᠯᠬᠤ᠂ ᠤᠨᠤᠯ ᠱᠢᠭᠦᠮᠵᠢ᠎ᠶᠢᠨ ᠪᠠᠢᠭᠤᠯᠤᠯᠲᠠ᠂ ᠴᠦᠬᠡᠨ ᠲᠤᠭᠠᠳᠤ ᠦᠨᠳᠦᠰᠦᠳᠡᠨ᠎ᠤ ᠤᠳᠬ᠎ᠠ ᠵᠤᠬᠢᠶᠠᠯ᠎ᠢ ᠭᠠᠳᠠᠭᠠᠳᠤ ᠬᠡᠯᠡᠨ᠎ᠳᠤ ᠤᠷᠴᠢᠭᠤᠯᠬᠤ᠂ ᠴᠦᠬᠡᠨ ᠲᠤᠭᠠᠳᠤ ᠦᠨᠳᠦᠰᠦᠳᠡᠨ᠎ᠤ ᠵᠤᠬᠢᠶᠠᠯᠴᠢᠳ᠎ᠲᠤ ᠪᠤᠯᠪᠠᠰᠤᠷᠠᠯ ᠬᠦᠷᠳᠡᠭᠡᠬᠦ ᠵᠡᠷᠭᠡ᠎ᠶᠢ ᠳᠡᠳᠭᠦᠨ ᠳᠡᠮᠵᠢᠪᠡ᠃ ᠢᠨᠵᠧᠨᠧᠷᠢᠩ᠎ᠢ ᠬᠡᠷᠡᠭᠵᠢᠭᠦᠯᠦᠭᠰᠡᠨ 6 ᠵᠢᠯ᠎ᠤᠨ ᠲᠤᠷᠱᠢ᠂ 《ᠳᠤᠮᠳᠠᠳᠤ ᠤᠯᠤᠰ᠎ᠤᠨ ᠴᠦᠬᠡᠨ ᠲᠤᠭᠠᠳᠤ ᠦᠨᠳᠦᠰᠦᠳᠡᠨ᠎ᠤ ᠤᠳᠬ᠎ᠠ ᠵᠤᠬᠢᠶᠠᠯ᠎ᠤᠨ ᠤᠳᠤᠨ》 ᠴᠤᠪᠤᠷᠠᠯ ᠪᠢᠴᠢᠭ 20 ᠢᠵᠢ ᠱᠢᠯᠭᠠᠷᠠᠭᠤᠯᠵᠤ᠂ 50 ᠨᠠᠰᠤᠨ᠎ᠠᠴᠠ ᠳᠤᠷᠤᠭᠱᠢᠬᠢ ᠴᠦᠬᠡᠨ ᠲᠤᠭᠠᠳᠤ ᠦᠨᠳᠦᠰᠦᠳᠡᠨ᠎ᠤ ᠢᠳᠡᠷ ᠵᠠᠯᠠᠭᠤ ᠵᠤᠬᠢᠶᠠᠯᠴᠢ 20᠎ᠶᠢ ᠴᠤᠯᠭᠤᠷᠠᠭᠤᠯᠤᠨ᠂ 55 ᠴᠦᠬᠡᠨ ᠲᠤᠭᠠᠳᠤ ᠦᠨᠳᠦᠰᠦᠳᠡᠨ᠎ᠤ 2218 ᠵᠤᠬᠢᠶᠠᠯᠴᠢ᠎ᠶᠢᠨ 4279 ᠪᠦᠲᠦᠭᠡᠯ᠎ᠢ ᠰᠤᠩᠭᠤᠨ ᠤᠷᠤᠭᠤᠯᠤᠭᠰᠠᠨ 《ᠱᠢᠨ᠎ᠠ ᠴᠠᠭ ᠦᠶ᠎ᠠ᠎ᠶᠢᠨ ᠳᠤᠮᠳᠠᠳᠤ ᠤᠯᠤᠰ᠎ᠤᠨ ᠴᠦᠬᠡᠨ ᠲᠤᠭᠠᠳᠤ ᠦᠨᠳᠦᠰᠦᠳᠡᠨ᠎ᠤ ᠤᠳᠬ᠎ᠠ ᠵᠤᠬᠢᠶᠠᠯ᠎ᠤᠨ ᠪᠦᠲᠦᠭᠡᠯ᠎ᠤᠨ ᠰᠤᠩᠭᠤᠮᠠᠯ》 (60 ᠲᠡᠪᠳᠡᠷ)᠎ᠢ ᠨᠠᠢᠷᠠᠭᠤᠯᠤᠨ ᠬᠡᠪᠯᠡᠭᠦᠯᠵᠠᠢ᠃

  ᠴᠢᠶᠠᠨ ᠱᠢᠶᠤᠤ ᠴᠢᠶᠠᠨ᠂ ᠮᠠᠨ᠎ᠤ ᠤᠯᠤᠰ᠎ᠤᠨ ᠴᠦᠬᠡᠨ ᠲᠤᠭᠠᠳᠤ ᠦᠨᠳᠦᠰᠦᠳᠡᠨ᠎ᠤ ᠤᠳᠬ᠎ᠠ ᠵᠤᠬᠢᠶᠠᠯ᠎ᠤᠨ ᠦᠢᠯᠡᠰ᠎ᠤᠨ ᠬᠦᠭᠵᠢᠯᠳᠡ᠎ᠶᠢ ᠲᠠᠰᠤᠷᠠᠯᠳᠠ᠎ᠦᠭᠡᠢ ᠠᠬᠢᠭᠤᠯᠬᠤ᠎ᠶᠢᠨ ᠲᠦᠯᠦᠭᠡ᠂ ᠳᠤᠮᠳᠠᠳᠤ ᠤᠯᠤᠰ᠎ᠤᠨ ᠵᠤᠬᠢᠶᠠᠯᠴᠢᠳ᠎ᠤᠨ ᠡᠪᠯᠡᠯ᠎ᠠᠴᠠ ᠴᠦᠬᠡᠨ ᠲᠤᠭᠠᠳᠤ ᠦᠨᠳᠦᠰᠦᠳᠡᠨ᠎ᠤ ᠤᠳᠬ᠎ᠠ ᠵᠤᠬᠢᠶᠠᠯ᠎ᠤᠨ ᠬᠦᠭᠵᠢᠯᠳᠡ᠎ᠶᠢ ᠳᠡᠳᠬᠦᠬᠦ ᠲᠤᠰᠭᠠᠢ ᠪᠡᠯᠡ ᠮᠦᠩᠭᠦ᠎ᠶᠢ ᠦᠷᠭᠦᠯᠵᠢᠯᠡᠨ ᠭᠠᠷᠭᠠᠵᠤ᠂ 《ᠴᠦᠬᠡᠨ ᠲᠤᠭᠠᠳᠤ ᠦᠨᠳᠦᠰᠦᠳᠡᠨ᠎ᠤ ᠵᠤᠬᠢᠶᠠᠯᠴᠢ᠂ ᠤᠷᠴᠢᠭᠤᠯᠤᠭᠴᠢ᠎ᠶᠢᠨ ᠪᠤᠯᠪᠠᠰᠤᠷᠠᠯ᠎ᠤᠨ ᠲᠦᠰᠦᠯ》᠂ 《ᠴᠦᠬᠡᠨ ᠲᠤᠭᠠᠳᠤ ᠦᠨᠳᠦᠰᠦᠳᠡᠨ᠎ᠤ ᠤᠳᠬ᠎ᠠ ᠵᠤᠬᠢᠶᠠᠯ᠎ᠢ ᠬᠡᠪᠯᠡᠭᠦᠯᠬᠦ ᠲᠦᠰᠦᠯ》᠂ 《ᠴᠦᠬᠡᠨ ᠲᠤᠭᠠᠳᠤ ᠦᠨᠳᠦᠰᠦᠳᠡᠨ᠎ᠤ ᠤᠳᠬ᠎ᠠ ᠵᠤᠬᠢᠶᠠᠯ᠎ᠤᠨ ᠭᠤᠤᠯᠳᠠᠯᠭ᠎ᠠ᠎ᠲᠠᠢ ᠪᠦᠲᠦᠭᠡᠯ᠎ᠢ ᠳᠡᠳᠬᠦᠬᠦ ᠲᠦᠰᠦᠯ》 ᠵᠡᠷᠭᠡ ᠴᠦᠬᠡᠨ ᠲᠤᠭᠠᠳᠤ ᠦᠨᠳᠦᠰᠦᠳᠡᠨ᠎ᠤ ᠤᠳᠬ᠎ᠠ ᠵᠤᠬᠢᠶᠠᠯ᠎ᠢ ᠬᠦᠭᠵᠢᠭᠦᠯᠬᠦ ᠲᠦᠰᠦᠯ᠎ᠤᠨ ᠪᠠᠢᠭᠤᠯᠤᠯᠲᠠ᠎ᠶᠢ ᠴᠢᠩᠭᠠᠳᠭᠠᠨ᠂ ᠴᠦᠬᠡᠨ ᠲᠤᠭᠠᠳᠤ ᠦᠨᠳᠦᠰᠦᠳᠡᠨ᠎ᠤ ᠤᠳᠬ᠎ᠠ ᠵᠤᠬᠢᠶᠠᠯ᠎ᠤᠨ ᠴᠢᠬᠤᠯᠠ ᠦᠢᠯᠡᠳᠦᠯ᠎ᠢ ᠰᠠᠢᠲᠤᠷ ᠪᠠᠳᠠᠷᠠᠭᠤᠯᠤᠨ᠎ᠠ ᠭᠡᠵᠤ ᠢᠯᠡᠳᠭᠡᠪᠡ᠃

  ᠨᠠᠢᠷᠠᠭᠤᠯᠤᠭᠴᠢ᠄ ᠪᠤᠤ ᠮᠸᠢ ᠷᠦᠩ

  ᠳᠤᠮᠳᠠᠳᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ᠎ᠶᠢᠨ ᠰᠦᠯᠵᠢᠶᠡᠨ᠎ᠡᠴᠡ ᠱᠢᠯᠵᠢᠭᠦᠯᠦᠨ ᠨᠡᠢᠳᠡᠯᠡᠪᠡ

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604