ᠮᠣᠩᠭᠤᠯ ᠦᠰᠦᠭ ᠪᠢᠴᠢᠭ᠎ᠤᠨ ᠤᠤᠭᠠᠨ ᠮᠦᠽᠧᠢ ᠮᠠᠨᠳᠤᠯ᠎ᠠ
2019.10.23

 

 
  10 ᠰᠠᠷ᠎ᠠ᠎ᠶᠢᠨ 16᠎ᠠᠴᠠ 17᠎ᠤ ᠡᠳᠦᠷ ᠪᠤᠯᠳᠠᠯ᠎ᠠ᠂ ᠲᠠᠳᠠᠳᠤᠩᠭ᠎ᠠ ᠨᠡᠷᠡᠮᠵᠢᠳᠤ ᠮᠤᠩᠭᠤᠯ ᠦᠰᠦᠭ ᠪᠢᠴᠢᠭ᠎ᠤᠨ ᠮᠦᠽᠧᠢ᠎ᠶᠢᠨ ᠨᠡᠭᠡᠭᠡᠯᠳᠡ᠎ᠶᠢᠨ ᠶᠤᠰᠤᠯᠠᠯ ᠪᠠ ᠮᠤᠩᠭᠤᠯ ᠬᠡᠯᠡ ᠰᠤᠶᠤᠯ᠎ᠤᠨ ᠡᠷᠳᠡᠮ ᠱᠢᠨᠵᠢᠯᠡᠭᠡᠨ᠎ᠤ ᠰᠤᠳᠤᠯᠤᠨ ᠶᠠᠷᠢᠯᠴᠠᠬᠤ ᠬᠤᠷᠠᠯ ᠨᠠᠢ᠍ᠮᠠᠨ ᠬᠤᠱᠢᠭᠤᠨ᠎ᠤ ᠲᠦᠪ ᠲᠠᠴᠢᠨᠳᠠᠯ᠎ᠠ ᠪᠠᠯᠭᠠᠰᠤᠨ᠎ᠳᠤ ᠶᠠᠪᠤᠭᠳᠠᠨ᠂ ᠲᠡᠯᠡᠬᠡᠢ ᠲᠡᠭᠡᠷᠡᠬᠢ ᠴᠤᠷ᠎ᠤᠨ ᠭᠠᠭᠴᠠ ᠮᠤᠩᠭᠤᠯ ᠦᠰᠦᠭ ᠪᠢᠴᠢᠭ᠎ᠤᠨ ᠲᠤᠰᠭᠠᠢ ᠮᠦᠽᠧᠢ ᠨᠠᠢ᠍ᠮᠠᠨ ᠸᠠᠩ᠎ᠤᠨ ᠤᠷᠳᠤᠨ᠎ᠳᠤ ᠪᠠᠢᠭᠤᠯᠤᠭᠳᠠᠭᠰᠠᠨ ᠪᠠᠢᠯ᠎ᠠ᠃   
  ᠲᠠᠳᠠᠳᠤᠩᠭ᠎ᠠ ᠨᠡᠷᠡᠮᠵᠢᠳᠤ ᠮᠤᠩᠭᠤᠯ ᠦᠰᠦᠭ ᠪᠢᠴᠢᠭ᠎ᠤᠨ ᠮᠦᠽᠧᠢ᠎ᠶᠢᠨ ᠨᠡᠭᠡᠭᠡᠯᠳᠡ᠎ᠶᠢᠨ ᠶᠤᠰᠤᠯᠠᠯ 10 ᠰᠠᠷ᠎ᠠ᠎ᠶᠢᠨ 16᠎ᠤ ᠦᠳᠡ᠎ᠶᠢᠨ ᠡᠮᠦᠨ᠎ᠡ ᠶᠠᠪᠤᠭᠳᠠᠵᠦ᠂ ᠶᠤᠰᠤᠯᠠᠯ ᠲᠡᠭᠡᠷ᠎ᠡ ᠴᠤᠢᠵᠤᠩᠵᠠᠪ᠂ ᠪ᠊·ᠭᠡᠷᠡᠯᠳᠤ ᠵᠡᠷᠭᠡ ᠡᠷᠳᠡᠮᠳᠡᠨ ᠮᠡᠷᠭᠡᠳ ᠵᠢᠴᠢ ᠮᠤᠩᠭᠤᠯ ᠦᠰᠦᠭ ᠪᠢᠴᠢᠭ᠎ᠤᠨ ᠰᠤᠶᠤᠯ᠎ᠳᠤ᠎ᠪᠠᠨ ᠬᠠᠢᠷᠠᠳᠠᠢ ᠬᠥᠮᠦᠰ ᠤᠷᠤᠯᠴᠠᠵᠦ᠂ ᠦᠪᠦᠷ ᠮᠤᠩᠭᠤᠯ᠎ᠤᠨ ᠶᠡᠭᠡ ᠰᠤᠷᠭᠠᠭᠤᠯᠢ᠎ᠶᠢᠨ ᠫᠷᠤᠹᠧᠰᠰᠤᠷ ᠪ᠊·ᠭᠡᠷᠡᠯᠳᠤ᠂ ᠦᠪᠦᠷ ᠮᠤᠩᠭᠤᠯ᠎ᠤᠨ ᠦᠨᠳᠦᠰᠦᠳᠡᠨ᠎ᠤ ᠶᠡᠭᠡ ᠰᠤᠷᠭᠠᠭᠤᠯᠢ᠎ᠶᠢᠨ ᠫᠷᠤᠹᠧᠰᠰᠤᠷ ᠪ᠊·ᠰᠦᠭᠡ᠂ ᠱᠢᠯᠢ᠎ᠶᠢᠨ ᠭᠤᠤᠯ ᠠᠢᠮᠠᠭ᠎ᠤᠨ ᠪᠠᠷᠠᠭᠤᠨ ᠦᠵᠦᠮᠦᠴᠢᠨ ᠬᠤᠱᠢᠭᠤᠨ᠎ᠤ ᠪᠠᠭᠱᠢ ᠲᠠᠷᠤᠴᠢᠨ ᠮᠠᠨᠳᠤᠬᠤ ᠵᠡᠷᠭᠡ ᠬᠦᠮᠦᠰ ᠮᠤᠩᠭᠤᠯ᠂ ᠬᠢᠳᠡᠳ᠂ ᠶᠠᠫᠤᠨ᠂ ᠰᠤᠯᠤᠩᠭᠤᠰ᠂ ᠤᠷᠤᠰ᠂ ᠮᠠᠨᠵᠦ᠂ ᠲᠦᠪᠡᠳ᠂ ᠺᠢᠷᠢᠯ ᠵᠡᠷᠭᠡ ᠤᠯᠠᠨ ᠲᠦᠷᠦᠯ᠎ᠤᠨ ᠦᠰᠦᠭ ᠪᠢᠴᠢᠭ᠎ᠢ ᠪᠠᠭᠳᠠᠭᠠᠭᠰᠠᠨ 2 ᠲᠦᠮᠡ ᠭᠠᠷᠤᠢ ᠲᠡᠪᠳᠡᠷ ᠨᠤᠮ᠎ᠢ ᠮᠦᠽᠧᠢ᠎ᠳᠤ ᠬᠠᠨᠳᠢᠪᠯᠠᠵᠠᠢ᠃

  ᠮᠦᠽᠧᠢ᠎ᠨᠢ 《ᠶᠡᠷᠦᠩᠬᠡᠢ ᠤᠷᠤᠱᠢᠯ᠎ᠤᠨ ᠲᠢᠩᠬᠢᠮ》᠂ 《ᠡᠷᠢᠨ ᠵᠠᠭᠤᠨ᠎ᠤ ᠤᠷᠴᠢᠯ》 ᠨᠡᠷᠡᠮᠵᠢᠳᠤ ᠪᠠᠷᠠᠭᠤᠨ ᠭᠠᠷᠤᠨ ᠲᠢᠩᠬᠢᠮ᠂ 《ᠬᠦᠭᠡ ᠮᠦᠩᠭᠡ ᠲᠡᠭᠷᠢ》 ᠨᠡᠷᠡᠮᠵᠢᠳᠤ ᠭᠤᠤᠯ ᠲᠢᠩᠬᠢᠮ᠂ 《ᠬᠤᠭᠤᠷ ᠴᠤᠭᠤᠷ᠎ᠤᠨ ᠠᠶᠠᠯᠭᠤ》 ᠨᠡᠷᠡᠮᠵᠢᠳᠤ ᠵᠡᠬᠦᠨ ᠭᠠᠷᠤᠨ ᠲᠢᠩᠬᠢᠮ ᠪᠠ 《ᠬᠤᠷ ᠠᠭᠰᠠᠭᠰᠠᠨ ᠬᠤᠷᠢᠨ ᠰᠡᠴᠡᠳ》 ᠨᠡᠷᠡᠮᠵᠢᠳᠤ ᠭᠡᠷᠡᠮ᠎ᠤᠨ ᠰᠡᠢᠯᠦᠮᠡᠯ᠎ᠤᠨ ᠦᠵᠡᠮᠵᠢ᠂ 《ᠮᠦᠩᠭᠡ ᠤᠷᠤᠱᠢᠬᠤ ᠮᠤᠩᠭᠤᠯ ᠪᠢᠴᠢᠭ》 ᠨᠡᠷᠡᠮᠵᠢᠳᠤ ᠴᠢᠯᠠᠭᠤᠨ ᠬᠥᠱᠢᠶᠡᠨ᠎ᠤ ᠦᠵᠡᠮᠵᠢ᠎ᠪᠠᠷ ᠪᠦᠷᠢᠯᠳᠦᠨ᠂ ᠤᠮᠠᠷᠠᠳᠤ᠎ᠶᠢᠨ ᠦᠨᠳᠦᠰᠦᠳᠡᠨ᠎ᠨᠦᠭᠦᠳ ᠪᠠ ᠮᠤᠩᠭᠤᠯ ᠲᠤᠭᠤᠷᠭᠠᠳᠠᠨ᠎ᠤ ᠵᠤᠬᠢᠶᠠᠭᠰᠠᠨ ᠪᠤᠶᠤ ᠭᠡᠷᠡᠭᠯᠡᠭᠰᠡᠨ ᠾᠦᠩᠨᠦ ᠲᠦᠷᠺ ᠱᠢᠰᠲᠧᠮ᠎ᠤᠨ ᠦᠰᠦᠭ᠂ ᠰᠠᠨᠰᠺᠷᠢᠲ ᠲᠦᠪᠡᠳ ᠱᠢᠰᠲᠧᠮ᠎ᠤᠨ ᠦᠰᠦᠭ ) ᠫᠠᠷᠠᠭᠮᠢ ᠦᠰᠦᠭ ᠪᠠᠭᠳᠠᠨ᠎ᠠ)᠂ ᠰᠤᠭᠳᠠ ᠤᠢᠭᠤᠷ ᠱᠢᠰᠲᠧᠮ᠎ᠤᠨ ᠦᠰᠦᠭ᠂ ᠠᠷᠠᠪ ᠫᠧᠷᠰ ᠱᠢᠰᠲᠧᠮ᠎ᠤᠨ ᠦᠰᠦᠭ᠂ ᠬᠢᠳᠡᠳ ᠱᠢᠰᠲᠧᠮ᠎ᠤᠨ ᠦᠰᠦᠭ (ᠬᠢᠳᠡᠨ᠂ ᠵᠦᠷᠴᠢᠨ᠂ ᠲᠠᠩᠭᠤᠳ ᠦᠰᠦᠭ᠎ᠢ ᠪᠠᠭᠳᠠᠭᠠᠨ᠎ᠠ) ᠵᠡᠷᠭᠡ ᠲᠠᠪᠤᠨ ᠶᠡᠭᠡ ᠲᠦᠷᠦᠯ᠎ᠤᠨ ᠬᠤᠷᠢᠭᠠᠳ ᠵᠦᠢᠯ᠎ᠤᠨ ᠦᠰᠦᠭ ᠪᠢᠴᠢᠭ᠎ᠢ ᠲᠤᠪᠴᠢ ᠲᠠᠨᠢᠯᠴᠠᠭᠤᠯᠤᠭᠰᠠᠨ ᠪᠦᠭᠡᠳ ᠵᠢᠷᠤᠭ ᠪᠠ ᠠᠷᠠᠰᠤᠨ ᠤᠷᠠᠯᠠᠯ᠎ᠤᠨ ᠬᠡᠯᠪᠡᠷᠢ᠎ᠪᠠᠷ ᠴᠢᠩᠬᠢᠰ ᠬᠠᠭᠠᠨ ᠲᠠᠳᠠᠳᠤᠩᠭ᠎ᠠ ᠬᠤᠶᠠᠷ᠎ᠤᠨ ᠠᠭᠤᠯᠵᠠᠯᠳᠠ ᠵᠢᠴᠢ ᠤᠢᠭᠤᠷᠵᠢᠨ ᠮᠤᠩᠭᠤᠯ ᠦᠰᠦᠭ᠎ᠢ ᠶᠡᠭᠡ ᠮᠤᠩᠭᠤᠯ ᠤᠯᠤᠰ ᠪᠠ ᠲᠦᠷᠪᠡᠨ ᠬᠠᠨᠳᠤ ᠤᠯᠤᠰ᠎ᠤᠨ ᠭᠡᠪᠴᠢᠶᠡᠨ᠎ᠡ ᠲᠡᠯᠭᠡᠷᠡᠬᠦᠯᠦᠭᠰᠡᠨ ᠪᠠᠢᠳᠠᠯ᠎ᠢ ᠲᠠᠨᠢᠯᠴᠠᠭᠤᠯᠵᠠᠢ᠃

  ᠡᠷᠳᠡᠨ᠎ᠤ ᠱᠢᠳᠦᠭ ) ᠪᠡᠭᠡ᠎ᠶᠢᠨ ᠵᠢᠭᠤᠷᠤᠯ)᠂ ᠡᠷᠳᠡᠨ᠎ᠤ ᠴᠠᠭᠠᠰᠤ ᠲᠠᠷᠤᠬᠤ ᠱᠤᠭᠤᠮ᠂ ᠡᠷᠳᠡᠨ᠎ᠤ ᠲᠠᠮᠠᠭ᠎ᠠ᠂ ᠡᠷᠳᠡᠨ᠎ᠤ ᠲᠠᠩᠭᠤᠳ ᠦᠰᠦᠭ᠎ᠤᠨ ᠵᠡᠰ ᠭᠡᠪ ᠵᠡᠷᠭᠡ ᠡᠷᠳᠡᠨ᠎ᠤ ᠡᠳ ᠦᠯᠦᠭ ᠪᠠᠢᠬᠤ ᠪᠦᠭᠡᠳ 《ᠪᠠᠳᠮ᠎ᠠ ᠭᠠᠳᠠᠩ ᠰᠤᠳᠤᠷ》᠂ 《ᠭᠡᠰᠡᠷ᠎ᠤᠨ ᠲᠤᠭᠤᠵᠢ》 ᠵᠡᠷᠭᠡ ᠬᠤᠪᠤᠷ ᠴᠤᠬᠠᠭ ᠰᠤᠷᠪᠤᠯᠵᠢ ᠪᠢᠴᠢᠭ᠎ᠢ ᠲᠡᠯᠭᠡᠨ ᠦᠵᠡᠬᠦᠯᠵᠦ᠂ ᠲᠠᠳᠠᠳᠤᠩᠭ᠎ᠠ᠂ ᠫᠠᠭᠪᠠ᠂ ᠴᠤᠢᠵᠢᠡᠤᠳᠽᠡᠷ ᠵᠡᠷᠭᠡ ᠮᠤᠩᠭᠤᠯ ᠦᠰᠦᠭ ᠪᠢᠴᠢᠭ᠎ᠤᠨ ᠬᠦᠭᠵᠢᠯᠳᠡ᠎ᠶᠢᠨ ᠲᠡᠦᠭᠡᠨ᠎ᠳᠤ ᠤᠨᠴᠠᠭᠠᠢ ᠭᠠᠪᠢᠶ᠎ᠠ ᠵᠢᠳᠬᠦᠯ ᠦᠵᠡᠬᠦᠯᠦᠭᠰᠡᠨ 20 ᠰᠡᠴᠡᠳ᠎ᠤᠨ 24 ᠡᠷᠳᠡᠨ᠎ᠤ ᠨᠡᠷᠡᠳᠤ ᠬᠦᠱᠢᠶᠡᠨ ᠪᠢᠴᠢᠭ ᠪᠠ ᠵᠤᠬᠢᠶᠠᠯ ᠪᠦᠲᠦᠭᠡᠯ᠎ᠢ ᠴᠢᠯᠠᠭᠤᠨ ᠲᠡᠭᠡᠷ᠎ᠡ ᠰᠡᠢᠯᠦᠨ ᠦᠵᠡᠮᠦᠷᠢ ᠪᠤᠯᠭᠠᠵᠠᠢ᠃

   《ᠲᠠᠳᠠᠳᠤᠩᠭ᠎ᠠ ᠨᠡᠷᠡᠮᠵᠢᠳᠤ ᠮᠤᠩᠭᠤᠯ ᠦᠰᠦᠭ ᠪᠢᠴᠢᠭ᠎ᠤᠨ ᠮᠦᠽᠧᠢ ᠪᠠᠢᠭᠤᠯᠤᠭᠳᠠᠭᠰᠠᠨ᠎ᠨᠢ ᠤᠮᠠᠷᠠᠳᠤ᠎ᠶᠢᠨ ᠡᠯ᠎ᠡ ᠦᠨᠳᠦᠰᠦᠳᠡᠨ᠎ᠤ ᠦᠭᠡ ᠭᠡᠯᠡ ᠦᠰᠦᠭ ᠪᠢᠴᠢᠭ᠎ᠤᠨ ᠰᠤᠳᠤᠯᠭᠠᠨ᠎ᠳᠤ ᠰᠤᠷᠤᠯᠴᠠᠬᠤ᠂ ᠰᠤᠯᠢᠯᠴᠠᠬᠤ᠂ ᠰᠦᠪᠡᠭᠴᠢᠯᠡᠬᠦ ᠵᠢᠴᠢ ᠪᠤᠳᠠᠰ᠎ᠤᠨ ᠪᠤᠰᠤ ᠰᠤᠶᠤᠯ᠎ᠤᠨ ᠦᠪ᠎ᠢ ᠬᠠᠮᠠᠭᠠᠯᠠᠨ᠂ ᠤᠯᠠᠮᠵᠢᠯᠠᠨ ᠬᠦᠭᠵᠢᠬᠦᠯᠬᠦ ᠲᠠᠪᠴᠠᠩ ᠬᠠᠩᠭᠠᠭᠰᠠᠨ᠎ᠢᠶᠠᠷ ᠪᠠᠷᠠᠬᠤ᠎ᠦᠭᠡᠢ ᠮᠤᠩᠭᠤᠯ ᠦᠰᠦᠭ ᠪᠢᠴᠢᠭ᠎ᠤᠨ ᠲᠡᠦᠭᠡ᠎ᠶᠢ ᠰᠤᠳᠤᠯᠬᠤ ᠨᠢᠭᠡᠨ ᠰᠠᠭᠤᠷᠢᠨ ᠪᠤᠯᠤᠭᠰᠠᠨ᠎ᠢᠶᠠᠷ᠎ᠢᠶᠠᠨ ᠡᠷᠳᠡᠮ ᠱᠢᠨᠵᠢᠯᠡᠭᠡᠨ᠎ᠤ ᠦᠨ᠎ᠡ ᠦᠷᠳᠡᠭ᠎ᠲᠠᠢ ᠪᠦᠭᠡᠳ ᠨᠡᠢᠭᠡᠮ ᠰᠤᠶᠤᠯ᠎ᠤᠨ ᠦᠨ᠎ᠡ ᠦᠷᠳᠡᠭ᠎ᠲᠠᠢ᠃ ᠡᠬᠦᠨ᠎ᠢᠶᠠᠷ ᠪᠠᠷᠠᠬᠤ᠎ᠦᠭᠡᠢ <ᠨᠢᠭᠡ ᠪᠦᠰᠡ ᠨᠢᠭᠡ ᠵᠠᠮ> ᠲᠠᠭᠠᠤ ᠤᠯᠤᠰ᠎ᠤᠳ᠎ᠤᠨ ᠦᠭᠡ ᠭᠡᠯᠡ ᠦᠰᠦᠭ ᠪᠢᠴᠢᠭ᠎ᠤᠨ ᠰᠤᠶᠤᠯ᠎ᠤᠨ ᠰᠤᠳᠤᠯᠭᠠᠨ᠎ᠤ ᠲᠠᠯ᠎ᠠ᠎ᠪᠠᠷ᠎ᠴᠤ ᠠᠯᠤᠰ ᠭᠡᠳᠦ᠎ᠶᠢᠨ ᠠᠴᠢ ᠬᠤᠯᠪᠤᠭᠳᠠᠯ᠎ᠲᠠᠢ᠃ ᠡᠷᠳᠡᠨ᠎ᠤ ᠮᠤᠩᠭᠤᠯ ᠨᠤᠮ ᠪᠢᠴᠢᠭ᠂ ᠰᠤᠷᠪᠤᠯᠵᠢ ᠪᠢᠴᠢᠭ᠎ᠢ ᠴᠤᠭᠯᠠᠭᠤᠯᠤᠨ ᠡᠮᠬᠢᠳᠭᠡᠵᠦ᠂ ᠤᠯᠠᠮᠵᠢᠯᠠᠨ ᠬᠠᠮᠠᠭᠠᠯᠠᠨ᠂ ᠲᠡᠬᠦᠨ᠎ᠤ ᠲᠤᠳᠤᠷᠠᠬᠢ ᠦᠨᠳᠦᠰᠦᠳᠡᠨ᠎ᠤ ᠪᠦᠯᠬᠦᠮᠳᠡᠯ᠎ᠤᠨ ᠦᠵᠡᠯ ᠰᠠᠨᠠᠭ᠎ᠠ᠂ ᠤᠴᠢᠷ ᠤᠳᠬ᠎ᠠ᠎ᠶᠢ ᠠᠭᠤᠳᠠᠯᠠᠨ ᠲᠡᠯᠭᠡᠷᠡᠬᠦᠯᠬᠦ᠎ᠳᠤ᠎ᠴᠤ ᠮᠠᠱᠢ ᠴᠢᠬᠤᠯᠠ ᠠᠴᠢ ᠬᠤᠯᠪᠤᠭᠳᠠᠯ᠎ᠲᠠᠢ》 ᠭᠡᠵᠦ ᠦᠪᠦᠷ ᠮᠤᠩᠭᠤᠯ᠎ᠤᠨ ᠶᠡᠭᠡ ᠰᠤᠷᠭᠠᠭᠤᠯᠢ᠎ᠶᠢᠨ ᠤᠯᠠᠨ ᠤᠯᠤᠰ᠎ᠤᠨ ᠰᠤᠷᠭᠠᠨ ᠬᠦᠮᠦᠵᠢᠯ᠎ᠤᠨ ᠲᠡᠭᠡᠳᠤ ᠰᠤᠷᠭᠠᠭᠤᠯᠢ᠎ᠶᠢᠨ ᠵᠠᠬᠢᠷᠤᠯ᠂ ᠫᠷᠤᠹᠧᠰᠰᠤᠷ᠂ ᠳ᠋ᠤᠺᠲ᠋ᠤᠷᠠᠨᠲ᠎ᠤᠨ ᠵᠢᠯᠤᠭᠤᠳᠤᠭᠴᠢ ᠪᠠᠭᠱᠢ ᠪᠠᠳᠮᠠᠡᠤᠳᠽᠡᠷ ᠶᠠᠷᠢᠵᠦ ᠪᠠᠢᠯ᠎ᠠ᠃

  ᠬᠠᠷᠢᠭᠤᠴᠠᠭᠰᠠᠨ ᠨᠠᠢᠷᠠᠭᠤᠯᠤᠭᠴᠢ᠄ ᠳᠣᠷᠤᠨ᠎ᠠ

  ᠠᠷᠠᠳ᠎ᠤᠨ ᠰᠦᠯᠵᠢᠶᠡᠨ᠎ᠠᠴᠠ ᠱᠢᠯᠵᠢᠭᠦᠯᠦᠨ ᠨᠡᠢᠳᠡᠯᠡᠪᠡ

 

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604