ᠥᠨᠦᠳᠤᠷ 《ᠮᠣᠩᠭᠤᠯ ᠤᠷᠠᠨ ᠵᠣᠬᠢᠶᠠᠯ᠎ᠤᠨ ᠳᠡᠭᠡᠵᠢ》 ᠴᠤᠪᠤᠷᠠᠯ ᠨᠣᠮ 20 ᠪᠣᠳᠢ᠎ᠶᠢ ᠠᠩᠬ᠎ᠠ ᠲᠠᠷᠬᠠᠭᠠᠪᠠ
2019.06.22

         6 ᠰᠠᠷ᠎ᠠ᠎ᠶᠢᠨ 22᠎ᠤᠨ ᠡᠳᠦᠷ᠂ ᠥᠪᠤᠷ ᠮᠣᠩᠭᠤᠯ᠎ᠤᠨ ᠠᠷᠠᠳ᠎ᠤᠨ ᠬᠡᠪᠯᠡᠯ᠎ᠦᠨ ᠬᠣᠷᠢᠶ᠎ᠠ᠎ᠶᠢᠨ ᠤᠯᠤᠰ᠎ᠤᠨ ᠬᠡᠪᠯᠡᠯ᠎ᠦᠨ ᠰᠠᠭᠤᠷ ᠮᠥᠩᠭᠦ᠎ᠶᠢᠨ ᠲᠥᠷᠦᠯ ᠵᠦᠢᠯ 《ᠮᠣᠩᠭᠤᠯ ᠤᠷᠠᠨ ᠵᠣᠬᠢᠶᠠᠯ᠎ᠤᠨ ᠳᠡᠭᠡᠵᠢ》 ᠴᠤᠪᠤᠷᠠᠯ ᠨᠣᠮ᠎ᠢ ᠠᠩᠬᠠᠯᠠᠨ ᠲᠠᠷᠬᠠᠭᠠᠬᠤ ᠵᠢᠴᠢ ᠰᠤᠳᠤᠯᠤᠨ ᠶᠠᠷᠢᠯᠴᠠᠬᠤ ᠬᠤᠷᠠᠯ ᠬᠥᠬᠡᠬᠤᠲᠠ᠎ᠳᠤ ᠶᠠᠪᠤᠭᠳᠠᠪᠠ᠃

      《ᠮᠣᠩᠭᠤᠯ ᠤᠷᠠᠨ ᠵᠣᠬᠢᠶᠠᠯ᠎ᠤᠨ ᠳᠡᠭᠡᠵᠢ》 ᠴᠤᠪᠤᠷᠠᠯ ᠨᠣᠮ ᠬᠡᠮᠡᠬᠦ 20 ᠪᠣᠳᠢ ᠨᠣᠮ ᠪᠣᠯ 2500 ᠲᠦᠮᠨ ᠱᠢᠬᠠᠮ ᠦᠰᠦᠭ᠎ᠲᠠᠢ᠂ ᠮᠣᠩᠭᠤᠯᠴᠤᠳ᠎ᠤᠨ ᠡᠷᠲᠡ ᠡᠳᠦᠭᠡ ᠬᠦᠷᠳᠡᠯᠡᠬᠢ 800 ᠵᠢᠯ᠎ᠤᠨ ᠤᠷᠠᠨ ᠵᠣᠬᠢᠶᠠᠯ᠎ᠤᠨ ᠪᠥᠳᠦᠭᠡᠯ᠎ᠢ ᠬᠠᠮᠤᠷᠤᠭᠰᠠᠨ᠂ ᠥᠷᠭᠡᠴᠠ᠎ᠪᠠᠷ ᠳᠤᠮᠳᠠᠳᠦ᠂ ᠮᠣᠩᠭᠤᠯ᠂ ᠣᠷᠤᠰ ᠭᠤᠷᠪᠠᠨ ᠤᠯᠤᠰ᠎ᠲᠤ ᠣᠷᠤᠱᠢᠨ ᠠᠮᠢᠳᠤᠷᠠᠵᠤ ᠪᠠᠢᠭ᠎ᠠ ᠮᠣᠩᠭᠤᠯ ᠦᠨᠳᠦᠰᠦᠳᠡᠨ᠎ᠦ ᠡᠷᠲᠡᠨ᠎ᠦ ᠪᠢᠴᠢᠭ᠂ ᠠᠮᠠᠨ ᠵᠣᠬᠢᠶᠠᠯ ᠪᠣᠯᠤᠨ ᠪᠢᠴᠢᠭ᠎ᠤᠨ ᠤᠷᠠᠨ ᠵᠣᠬᠢᠶᠠᠯ᠎ᠤᠨ ᠳᠠᠯᠠᠢ ᠶᠡᠬᠡ ᠪᠥᠳᠦᠭᠡᠯ᠎ᠡᠴᠡ ᠱᠢᠭᠱᠢᠨ ᠰᠣᠩᠭᠤᠵᠤ᠂ ᠡᠮᠬᠢᠯᠡᠨ ᠨᠢᠭᠡᠳᠬᠡᠵᠤ᠂ ᠤᠷᠠᠨ ᠵᠣᠬᠢᠶᠠᠯ᠎ᠤᠨ ᠲᠥᠷᠦᠯ᠎ᠢᠶᠡᠷ ᠠᠩᠭᠢᠯᠠᠨ ᠪᠤᠳᠢᠴᠢᠯᠡᠨ ᠬᠡᠪᠯᠡᠬᠦᠯᠵᠤ ᠪᠠᠢᠭ᠎ᠠ ᠮᠣᠩᠭᠤᠯ ᠤᠷᠠᠨ ᠵᠣᠬᠢᠶᠠᠯ᠎ᠤᠨ ᠳᠡᠤᠬᠡᠨ᠎ᠳᠤ ᠤᠷᠢᠳ ᠭᠠᠷᠤᠭ᠎ᠠ᠎ᠦᠭᠡᠢ ᠲᠣᠮᠤ ᠪᠦᠲᠦᠭᠡᠯ ᠪᠣᠯᠤᠨ᠎ᠠ᠃ ᠲᠤᠰ ᠲᠣᠮᠤ ᠪᠦᠲᠦᠭᠡᠯ᠎ᠨᠢ 2009 ᠣᠨ᠎ᠳᠤ ᠳᠥᠰᠦᠯ ᠪᠣᠯᠪᠠᠰᠤᠷᠠᠭᠤᠯᠵᠤ᠂ ᠠᠷᠪᠠᠭᠠᠳ ᠵᠢᠯ᠎ᠤᠨ ᠬᠠᠳᠠᠭᠤᠵᠢᠯᠳᠠᠢ ᠴᠢᠷᠮᠠᠢᠯᠭ᠎ᠠ᠂ ᠤᠯᠤᠰ᠎ᠤᠨ ᠬᠡᠪᠯᠡᠯ᠎ᠦᠨ ᠰᠠᠭᠤᠷᠢ ᠮᠥᠩᠭᠦᠨ᠎ᠦ ᠲᠤᠰᠠᠯᠠᠮᠵᠢ᠎ᠪᠠᠷ ᠥᠷᠭᠡᠨ ᠤᠯᠠᠨ ᠤᠷᠠᠨ ᠵᠣᠬᠢᠶᠠᠯ᠎ᠳᠤ ᠳᠤᠷ᠎ᠠ ᠰᠣᠨᠢᠷᠬᠠᠯ᠎ᠲᠠᠢ ᠤᠯᠤᠰ᠎ᠤᠨ ᠳᠤᠳᠤᠭᠠᠳᠦ ᠭᠠᠳᠠᠭᠠᠳᠦ᠎ᠶᠢᠨ ᠮᠣᠩᠭᠤᠯᠴᠢ ᠡᠷᠳᠡᠮᠳᠡᠨ᠂ ᠵᠣᠬᠢᠶᠠᠯᠴᠢᠳ ᠪᠠ ᠤᠩᠱᠢᠭᠴᠢ᠎ᠶᠢᠨ ᠲᠣᠷᠭᠠᠨ ᠮᠡᠯᠮᠡᠢ᠎ᠳᠤ ᠬᠦᠷᠭᠡᠵᠤ ᠪᠠᠢᠭ᠎ᠠ᠎ᠨᠢ ᠡᠨᠡ ᠪᠢᠯᠡ᠃

 

         ᠲᠤᠰ ᠲᠣᠮᠤ ᠪᠦᠳᠦᠭᠡᠯ᠎ᠢ ᠳᠤᠮᠳᠠᠳᠦ ᠤᠯᠤᠰ᠎ᠤᠨ ᠨᠡᠢᠭᠡᠮ᠎ᠦᠨ ᠱᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠤᠤᠯ᠎ᠤᠨ ᠲᠡᠷᠢᠭᠦᠨ ᠰᠤᠳᠤᠯᠤᠭᠠᠴᠢ᠂ ᠳ᠋ᠤᠺᠲ᠋ᠤᠷᠠᠨᠲ᠎ᠤᠨ ᠵᠢᠯᠤᠭᠤᠳᠤᠭᠴᠢ ᠪᠠᠭᠱᠢ ᠰᠠᠴᠠᠨᠮᠦ᠋ᠩᠬᠡ ᠰᠠᠨᠠᠭᠠᠴᠢᠯᠠᠵᠤ᠂ ᠳᠥᠰᠦᠯ ᠪᠣᠯᠪᠠᠰᠤᠷᠠᠭᠤᠯᠵᠤ᠂ ᠭᠣᠤᠯᠴᠢᠯᠠᠨ ᠨᠠᠢᠷᠠᠭᠤᠯᠤᠭᠰᠠᠨ ᠪᠠᠢᠨ᠎ᠠ᠃ ᠲᠤᠰ ᠴᠤᠪᠤᠷᠠᠯ ᠨᠣᠮ᠎ᠳᠤ ᠱᠢᠳᠢᠳᠦ ᠦᠯᠢᠭᠡᠷ᠂ ᠳᠣᠮᠤᠭ ᠶᠠᠷᠢᠶ᠎ᠠ᠂ ᠢᠷᠦᠭᠡᠯ ᠮᠠᠭᠳᠠᠭᠠᠯ᠂ ᠥᠭᠦᠯᠡᠯᠭᠡ᠂ ᠳᠤᠭᠤᠵᠢ᠂ ᠷᠣᠮᠠᠨ᠂ ᠬᠤᠭᠤᠷ᠎ᠤᠨ ᠦᠯᠢᠭᠡᠷ ᠵᠡᠷᠭᠡ 26 ᠰᠲ᠋ᠢᠯᠢ᠎ᠶᠢᠨ 3000 ᠱᠢᠬᠠᠭᠤ ᠵᠣᠬᠢᠶᠠᠯ ᠪᠥᠳᠦᠭᠡᠯ᠎ᠢ ᠱᠢᠯᠢᠵᠤ ᠰᠣᠩᠭᠤᠵᠤ ᠣᠷᠤᠭᠤᠯᠤᠭᠰᠠᠨ ᠪᠠᠢᠨ᠎ᠠ᠃ ᠲᠤᠰ ᠪᠥᠳᠦᠭᠡᠯ᠎ᠦᠨ ᠬᠡᠪᠯᠡᠭᠳᠡᠭᠰᠡᠨ᠎ᠨᠢ ᠮᠣᠩᠭᠤᠯ ᠦᠨᠳᠦᠰᠦᠳᠡᠨ᠎ᠦ ᠤᠷᠠᠨ ᠵᠣᠬᠢᠶᠠᠯ ᠤᠷᠠᠯᠢᠭ᠎ᠢ ᠰᠤᠨᠢᠷᠬᠠᠬᠤ᠂ ᠰᠤᠳᠤᠯᠬᠤ᠂ ᠵᠢᠭᠠᠨ ᠰᠤᠷᠭᠠᠯᠳᠠ ᠵᠢᠴᠢ ᠨᠡᠭᠡᠭᠡᠨ ᠠᠱᠢᠭᠯᠠᠬᠤ᠎ᠳᠤ ᠳᠥᠭᠦᠮ ᠲᠥᠳᠠ ᠦᠵᠡᠬᠦᠯᠵᠤ᠂ ᠮᠣᠩᠭᠤᠯ ᠦᠨᠳᠦᠰᠦᠳᠡᠨ᠎ᠦ ᠤᠷᠠᠨ ᠵᠣᠬᠢᠶᠠᠯ᠎ᠤᠨ ᠬᠥᠭᠵᠢᠯᠳᠠ᠎ᠳᠤ ᠴᠢᠬᠤᠯᠠ ᠳᠦᠯᠬᠢᠴᠠ ᠦᠢᠯᠡᠳᠦᠯ ᠦᠵᠡᠭᠦᠯᠬᠦ ᠪᠣᠯᠤᠨ᠎ᠠ᠃

         ᠨᠣᠮ ᠲᠠᠷᠬᠠᠭᠠᠬᠤ ᠶᠣᠰᠤᠯᠠᠯ ᠳᠠᠭᠤᠰᠤᠭᠰᠠᠨ᠎ᠤ ᠳᠠᠷᠠᠭ᠎ᠠ᠂ ᠰᠤᠳᠤᠯᠤᠨ ᠶᠠᠷᠢᠯᠴᠠᠬᠤ ᠬᠤᠷᠠᠯ ᠶᠠᠪᠤᠭᠳᠠᠵᠤ ᠪᠡᠭᠡᠵᠢᠩ ᠬᠦᠬᠡᠬᠤᠳᠠ᠎ᠡᠴᠡ ᠬᠦᠷᠦᠯᠴᠡᠨ ᠢᠷᠡᠭᠰᠡᠨ ᠡᠷᠳᠡᠮᠳᠡᠨ ᠮᠡᠷᠭᠡᠳ ᠲᠤᠰ ᠨᠣᠮ᠎ᠤᠨ ᠠᠴᠢ ᠬᠣᠯᠪᠤᠭᠳᠠᠯ ᠦᠨ᠎ᠠ ᠥᠷᠳᠡᠭ᠎ᠦᠨ ᠲᠣᠭᠤᠷᠢᠨ᠎ᠳᠤ ᠤᠯᠤᠰ ᠲᠥᠷᠦ᠂ ᠡᠷᠳᠡᠮ ᠱᠢᠨᠵᠢᠯᠡᠭᠡᠨ᠎ᠦ ᠦᠵᠡᠯ ᠪᠣᠳᠤᠯ᠎ᠢᠶᠠᠨ ᠰᠣᠯᠢᠯᠴᠠᠭᠰᠠᠨ ᠪᠠᠢᠨ᠎ᠠ᠃

       ᠡᠷᠳᠡᠮᠳᠠᠳ᠎ᠤᠨ ᠶᠠᠷᠢᠶ᠎ᠠ᠎ᠡᠴᠡ ᠰᠡᠢᠷᠡᠬᠦᠯᠪᠠᠯ᠄

       ᠡᠷᠬᠢᠮᠪᠠᠶᠠᠷ (ᠥᠪᠤᠷ ᠮᠣᠩᠭᠤᠯ᠎ᠤᠨ ᠶᠡᠬᠡ ᠰᠤᠷᠭᠠᠭᠤᠯᠢ᠎ᠶᠢᠨ ᠳᠡᠳ ᠵᠠᠬᠢᠷᠤᠯ᠂ ᠫᠷᠤᠹᠧᠰᠰᠤᠷ)᠄

ᠮᠣᠩᠭᠤᠯ ᠤᠷᠠᠨ ᠵᠣᠬᠢᠶᠠᠯ ᠪᠣᠯ ᠮᠣᠩᠭᠤᠯ ᠰᠤᠳᠤᠯᠤᠯ᠎ᠤᠨ ᠴᠢᠬᠤᠯᠠ ᠪᠦᠷᠢᠯᠳᠦᠬᠦᠨ ᠮᠥᠨ᠃ ᠲᠤᠰ ᠨᠣᠮ᠎ᠤᠨ ᠬᠡᠪᠯᠡᠭᠳᠡᠭᠰᠡᠨ᠎ᠨᠢ ᠮᠣᠩᠭᠤᠯ ᠤᠷᠠᠨ ᠵᠣᠬᠢᠶᠠᠯ᠎ᠤᠨ ᠵᠢᠭᠠᠨ ᠰᠤᠷᠭᠠᠯᠳᠠ᠎ᠳᠤ ᠴᠢᠬᠤᠯᠠ ᠠᠴᠢ ᠬᠣᠯᠪᠤᠭᠳᠠᠯ᠎ᠲᠠᠢ᠃ ᠤᠴᠢᠷ᠎ᠨᠢ ᠪᠥᠬᠦ ᠤᠯᠤᠰ᠎ᠲᠤ ᠮᠣᠩᠭᠤᠯ ᠤᠷᠠᠨ ᠵᠣᠬᠢᠶᠠᠯ᠎ᠤᠨ ᠳᠤᠬᠠᠢ ᠮᠡᠷᠭᠡᠵᠢᠯ᠎ᠦᠨ ᠵᠢᠩᠬᠢᠨᠢ ᠠᠩᠭᠢ᠎ᠡᠴᠡ ᠳᠡᠭᠡᠭᠱᠢ ᠵᠢᠭᠠᠨ ᠰᠤᠷᠭᠠᠯᠳᠠ᠎ᠲᠠᠢ ᠰᠤᠷᠭᠠᠭᠤᠯᠢ 12 ᠪᠠᠢᠨ᠎ᠠ᠂ 4 ᠰᠤᠷᠭᠠᠭᠤᠯᠢ᠎ᠨᠢ ᠳ᠋ᠤᠺᠲ᠋ᠤᠷᠠᠨᠲ ᠬᠥᠮᠦᠵᠢᠭᠦᠯᠬᠦ ᠡᠷᠬᠡ᠎ᠲᠠᠢ᠂ ᠡᠢᠮᠦ᠎ᠡᠴᠡ ᠡᠨᠡ 12 ᠰᠤᠷᠭᠠᠭᠤᠯᠢ᠎ᠶᠢᠨ ᠮᠣᠩᠭᠤᠯ ᠤᠷᠠᠨ ᠵᠣᠬᠢᠶᠠᠯ᠎ᠤᠨ ᠱᠢᠨᠵᠢᠯᠡᠭᠡᠨ᠎ᠤ ᠰᠠᠯᠠᠭᠠᠨ᠎ᠤ ᠪᠥᠳᠦᠭᠡᠨ ᠪᠠᠢᠭᠤᠯᠤᠯᠳᠠ᠎ᠳᠤ ᠮᠠᠱᠢ ᠳᠥᠭᠦᠮ ᠦᠵᠡᠭᠦᠯᠬᠦ ᠪᠣᠯᠤᠨ᠎ᠠ᠃ ᠡᠭᠦᠨ᠎ᠡᠴᠡ ᠭᠠᠳᠠᠨ᠎ᠠ᠂ ᠮᠣᠩᠭᠤᠯ ᠰᠤᠳᠤᠯᠤᠯ᠎ᠤᠨ ᠤᠯᠠᠨ ᠤᠯᠤᠰ᠎ᠤᠨ ᠬᠠᠷᠢᠴᠠᠭ᠎ᠠ᠎ᠶᠢ ᠠᠬᠢᠭᠤᠯᠬᠤ᠂ ᠮᠣᠩᠭᠤᠯ ᠤᠷᠠᠨ ᠵᠣᠬᠢᠶᠠᠯ᠎ᠤᠨ ᠮᠠᠲᠧᠷᠢᠶᠠᠯ᠎ᠤᠨ ᠴᠣᠭᠴᠠᠯᠠᠯᠲᠠ᠎ᠶᠢ ᠠᠬᠢᠭᠤᠯᠬᠤ᠎ᠳᠤ ᠴᠢᠬᠤᠯᠠ ᠠᠴᠢ ᠬᠣᠯᠪᠤᠭᠳᠠᠯ᠎ᠲᠠᠢ᠃

       ᠎ᠵᠢᠨ ᠬᠠᠢ (ᠥᠪᠤᠷ ᠮᠣᠩᠭᠤᠯ᠎ᠤᠨ ᠨᠡᠢᠭᠡᠮ᠎ᠦᠨ ᠱᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠳᠡᠳ ᠵᠠᠬᠢᠷᠤᠯ᠂ ᠰᠤᠳᠤᠯᠤᠭᠠᠴᠢ)᠄

       ᠮᠣᠩᠭᠤᠯ ᠤᠷᠠᠨ ᠵᠣᠬᠢᠶᠠᠯ᠎ᠤᠨ ᠲᠡᠤᠬᠡ ᠰᠤᠳᠤᠯᠤᠯ᠎ᠤᠨ ᠱᠢᠨᠵᠢᠯᠡᠭᠡᠨ᠎ᠦ ᠰᠠᠯᠠᠭᠠᠨ᠎ᠤ ᠪᠥᠳᠦᠭᠡᠨ ᠪᠠᠢᠭᠤᠯᠤᠯᠳᠠ᠎ᠳᠤ ᠴᠢᠬᠤᠯᠠ ᠠᠴᠢ ᠬᠣᠯᠪᠤᠭᠳᠠᠯ᠎ᠲᠠᠢ᠃ ᠲᠤᠰ ᠪᠥᠳᠦᠭᠡᠯ ᠪᠣᠯ ᠰᠠᠭᠤᠷᠢ ᠴᠤᠭᠴᠠᠯᠠᠯᠳᠠ᠎ᠲᠠᠢ ᠬᠣᠯᠪᠤᠭᠳᠠᠨ᠎ᠠ᠂ ᠪᠦᠷᠢᠨ ᠲᠡᠭᠦᠯᠳᠡᠷ᠂ ᠰᠡᠭᠦᠯ᠎ᠦᠨ ᠦᠶ᠎ᠠ᠎ᠶᠢᠨ ᠤᠷᠠᠨ ᠵᠣᠬᠢᠶᠠᠯ᠎ᠤᠨ ᠳᠡᠤᠬᠡ᠎ᠶᠢᠨ ᠮᠠᠲᠧᠷᠢᠶᠠᠯ᠎ᠤᠨ ᠴᠤᠭᠴᠠᠯᠠᠯᠳᠠ᠂ ᠪᠦᠬᠦᠢᠯᠡ ᠤᠷᠠᠨ ᠵᠣᠬᠢᠶᠠᠯ᠎ᠤᠨ ᠱᠢᠨᠵᠢᠯᠡᠭᠡᠨ᠎ᠦ ᠰᠠᠯᠠᠭᠠᠨ᠎ᠤ ᠪᠠᠢᠭᠤᠯᠤᠯᠳᠠ᠎ᠶᠢ ᠠᠬᠢᠭᠤᠯᠬᠤ᠂ ᠦᠨᠳᠦᠰᠦᠳᠠᠨ᠎ᠤ ᠬᠥᠮᠦᠨᠯᠢᠭ ᠬᠡᠪ ᠴᠢᠨᠠᠷ᠎ᠢ ᠳᠡᠭᠡᠭᠱᠢᠯᠡᠭᠦᠯᠬᠦ᠂ ᠰᠣᠶᠤᠯ᠎ᠤᠨ ᠢᠲᠡᠭᠡᠯ᠎ᠢ ᠳᠡᠭᠡᠭᠱᠢᠯᠡᠭᠦᠯᠬᠦ᠂ ᠦᠨᠳᠦᠰᠦᠳᠡᠨ᠎ᠦ ᠰᠣᠶᠤᠯ᠎ᠤᠨ ᠢᠳᠡᠭᠡᠯ᠎ᠢ ᠴᠢᠩᠭ᠋ᠠᠷᠠᠭᠤᠯᠬᠤ᠂ ᠳᠤᠮᠳᠠᠳᠦ᠎ᠶᠢᠨ ᠰᠣᠶᠤᠯ᠎ᠤᠨ ᠬᠦᠴᠦᠨ᠂ ᠰᠣᠶᠤᠯ᠎ᠤᠨ ᠨᠥᠯᠦᠭᠡ᠎ᠶᠢ ᠳᠡᠯᠡᠬᠡᠢ ᠳᠠᠶᠠᠭᠠᠷ᠎ᠲᠤ ᠥᠷᠭᠡᠳᠭᠡᠬᠦ᠎ᠳᠦ ᠴᠢᠬᠤᠯᠠ ᠠᠴᠢ ᠬᠣᠯᠪᠤᠭᠳᠠᠯ᠎ᠲᠠᠢ᠃

 

        ᠤᠩᠱᠢᠪᠤᠷᠢ᠄

      《ᠮᠣᠩᠭᠤᠯ ᠤᠷᠠᠨ ᠵᠣᠬᠢᠶᠠᠯ᠎ᠤᠨ ᠳᠡᠭᠡᠵᠢ ᠴᠤᠪᠤᠷᠠᠯ ᠨᠣᠮ 20 ᠪᠣᠳᠢ

      1. ᠱᠢᠳᠢᠳᠦ ᠦᠯᠢᠭᠡᠷ᠂ ᠳᠣᠮᠤᠭ ᠶᠠᠷᠢᠶ᠎ᠠ

      2. ᠢᠷᠦᠭᠡᠯ ᠮᠠᠭᠳᠠᠭᠠᠯ᠂ ᠳᠣᠮ ᠱᠢᠪᠱᠢᠯᠭᠡ᠂ ᠳᠠᠢᠯᠭ᠎ᠠ ᠳᠠᠬᠢᠯᠭ᠎ᠠ᠎ᠶᠢᠨ ᠦᠭᠡ

      3. ᠤᠷᠲᠦ ᠲᠤᠤᠯᠢ

      4. ᠣᠬᠤᠷ ᠲᠤᠤᠯᠢ

      5. ᠠᠮᠠᠨ ᠦᠯᠢᠭᠡᠷ

      6. ᠵᠦᠢᠷ ᠰᠠᠴᠡᠨ ᠦᠭᠡ᠂ ᠣᠨᠢᠰᠤᠭ᠎ᠠ᠂ ᠠᠷᠠᠳ᠎ᠤᠨ ᠳᠠᠭᠤᠤ᠎ᠶᠢᠨ ᠦᠭᠡ

      7. ᠬᠤᠭᠤᠷ᠎ᠤᠨ ᠦᠯᠢᠭᠡᠷ (ᠨᠢᠭᠡ)

      8. ᠬᠤᠭᠤᠷ᠎ᠤᠨ ᠦᠯᠢᠭᠡᠷ (ᠬᠤᠶᠠᠷ)

      9. ᠱᠢᠯᠦᠭ (ᠨᠢᠭᠡ)

      10. ᠱᠢᠯᠦᠭ (ᠬᠤᠶᠠᠷ)

      11. ᠨᠠᠮᠳᠠᠷ᠎ᠤᠨ ᠴᠠᠳᠢᠭ (ᠨᠢᠭᠡ)

      12. ᠨᠠᠮᠳᠠᠷ᠎ᠤᠨ ᠴᠠᠳᠢᠭ (ᠬᠤᠶᠠᠷ)

      13. ᠥᠭᠦᠯᠡᠯᠭᠡ (ᠨᠢᠭᠡ)

      14. ᠥᠭᠦᠯᠡᠯᠭᠡ (ᠬᠤᠶᠠᠷ)

      15. ᠳᠤᠭᠤᠵᠢ (ᠨᠢᠭᠡ)

      16. ᠳᠤᠭᠤᠵᠢ (ᠬᠤᠶᠠᠷ)

      17. ᠷᠣᠮᠠᠨ (ᠨᠢᠭᠡ)

      18. ᠷᠣᠮᠠᠨ (ᠬᠤᠶᠠᠷ)

      19. ᠷᠣᠮᠠᠨ (ᠭᠤᠷᠪᠠ)

      20. ᠷᠣᠮᠠᠨ (ᠳᠦᠷᠪᠠ)

 

 

                                                          ᠥᠪᠤᠷ ᠮᠣᠩᠭᠤᠯ᠎ᠤᠨ ᠡᠳᠦᠷ᠎ᠦᠨ ᠰᠣᠨᠢᠨ᠎ᠡᠴᠡ ᠱᠢᠯᠵᠢᠭᠦᠯᠦᠨ ᠨᠡᠢᠳᠡᠯᠡᠪᠠ

 

                                                          ᠨᠠᠢᠷᠠᠭᠤᠯᠤᠭᠴᠢ᠄ ᠱᠢᠯᠢᠨᠭᠡᠷᠡᠯ (ᠥᠪᠤᠷ ᠮᠣᠩᠭᠤᠯ᠎ᠤᠨ ᠡᠳᠦᠷ᠎ᠦᠨ ᠰᠣᠨᠢᠨ᠎ᠤ ᠨᠠᠢᠷᠠᠭᠤᠯᠤᠭᠴᠢ)

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604