800 ᠵᠢᠯ᠎ᠤᠨ ᠲᠡᠦᠬᠡ᠎ᠶᠢ ᠰᠤᠨᠳᠠᠯᠠᠭᠰᠠᠨ ᠮᠣᠩᠭᠤᠯ ᠤᠳᠭ᠎ᠠ ᠵᠣᠬᠢᠶᠠᠯ᠎ᠤᠨ ᠬᠤᠷᠢᠶᠠᠩᠭᠤᠢ
2019.08.20

          ——ᠮᠣᠩᠭᠤᠯ ᠤᠷᠠᠨ ᠵᠣᠬᠢᠶᠠᠯ᠎ᠤᠨ ᠳᠡᠭᠡᠵᠢᠴᠤᠪᠤᠷᠠᠯ ᠨᠣᠮ (20 ᠪᠣᠳᠢ)᠎ᠢ ᠠᠩᠬᠠᠯᠠᠨ ᠲᠠᠷᠬᠠᠭᠠᠬᠤ ᠵᠢᠴᠢ ᠰᠤᠳᠤᠯᠤᠨ ᠶᠠᠷᠢᠯᠴᠠᠬᠤ ᠬᠤᠷᠠᠯ᠎ᠠᠴᠠ

 

  ᠵᠢᠷᠤᠮᠲᠤ (ᠥᠪᠦᠷ ᠮᠣᠩᠭᠤᠯ᠎ᠤᠨ ᠠᠷᠠᠳ᠎ᠤᠨ ᠬᠡᠪᠯᠡᠯ᠎ᠦᠨ ᠬᠣᠷᠢᠶ᠎ᠠ᠎ᠶᠢᠨ ᠬᠣᠷᠢᠶᠠᠨ ᠳᠠᠷᠤᠭ᠎ᠠ)᠄

  ᠤᠩᠱᠢᠭᠴᠢᠳ᠎ᠤᠨ ᠱᠠᠭᠠᠷᠳᠠᠯᠭ᠎ᠠ᠎ᠶᠢ ᠬᠠᠩᠭᠠᠬᠤ ᠱᠢᠯᠢᠳᠡᠭ ᠪᠦᠲᠦᠭᠡᠯ᠎ᠢ ᠬᠡᠪᠯᠡᠭᠦᠯᠦᠨ ᠨᠠᠢᠷᠠᠭᠤᠯᠬᠤ ᠪᠤᠯ ᠮᠠᠨ᠎ᠤ ᠬᠡᠪᠯᠡᠯ᠎ᠦᠨ ᠬᠣᠷᠢᠶ᠎ᠠ᠎ᠶᠢᠨ ᠬᠢᠨ᠎ᠤ ᠡᠭᠦᠷᠭᠡ ᠬᠠᠷᠢᠭᠤᠴᠠᠯᠭ᠎ᠠ ᠮᠥᠨ᠃ ᠲᠤᠰ ᠴᠤᠪᠤᠷᠠᠯ ᠨᠣᠮ᠎ᠢ ᠨᠠᠢᠷᠠᠭᠤᠯᠬᠤ᠎ᠠᠴᠠ ᠡᠮᠦᠨ᠎ᠠ ᠪᠢᠳᠡ ᠲᠤᠰ ᠲᠣᠮᠤ ᠢᠨᠵᠧᠨᠧᠷᠢᠩ᠎ᠢ ᠡᠷᠬᠢᠯᠡᠵᠦ ᠳᠡᠢᠯᠬᠦ᠂ ᠵᠣᠬᠢᠶᠠᠨ ᠪᠠᠢᠭᠤᠯᠬᠤ ᠴᠢᠳᠠᠪᠦᠷᠢ᠎ᠲᠠᠢ᠂ ᠤᠷᠢᠶᠠᠯᠠᠭ᠎ᠠ᠎ᠶᠢᠨ ᠬᠦᠴᠦᠨ᠎ᠲᠠᠢ ᠰᠣᠶᠤᠯ᠎ᠤᠨ ᠨᠢᠭᠡᠳᠦᠭᠡᠷ ᠹᠷᠤᠨᠲ᠎ᠲᠤ ᠠᠵᠢᠯᠯᠠᠵᠤ ᠪᠠᠢᠭ᠎ᠠ ᠰᠤᠳᠤᠯᠭᠠᠲᠠᠨ ᠰᠡᠴᠡᠨᠮᠦ᠋ᠩᠬᠡ ᠫᠷᠤᠹᠧᠰᠰᠤᠷ᠎ᠢ ᠡᠷᠢᠭᠰᠡᠨ᠎ᠶᠤᠮ᠃ ᠲᠡᠭᠡᠭᠡᠳ ᠲᠡᠭᠦᠨ᠎ᠢᠶᠡᠷ ᠭᠣᠤᠯ ᠨᠠᠢᠷᠠᠭᠤᠯᠤᠭᠴᠢ᠎ᠶᠢᠨ ᠠᠵᠢᠯ᠎ᠢ ᠬᠠᠷᠢᠭᠤᠴᠠᠭᠤᠯᠵᠤ᠂ ᠮᠣᠩᠭᠤᠯ ᠤᠷᠠᠨ ᠵᠣᠬᠢᠶᠠᠯ᠎ᠤᠨ ᠳᠡᠭᠡᠵᠢ᠎ᠶᠢᠨ ᠲᠥᠷᠦᠯ ᠵᠦᠢᠯ᠎ᠢ ᠲᠥᠰᠦᠪᠯᠡᠵᠦ ᠮᠡᠳᠡᠭᠦᠯᠬᠦ᠎ᠪᠡᠷ ᠡᠴᠦᠰ᠎ᠲᠤ᠎ᠪᠠᠨ ᠰᠠᠨᠠᠯ ᠨᠢᠭᠡᠳᠪᠡ᠃ ᠲᠥᠰᠦᠪᠯᠡᠵᠦ ᠮᠡᠳᠡᠭᠦᠯᠬᠦ᠎ᠪᠡᠷ ᠡᠴᠦᠰ᠎ᠳᠡᠭᠡᠨ ᠰᠠᠨᠠᠯ ᠨᠢᠭᠡᠳᠪᠡ᠃

  ᠲᠤᠰ ᠲᠥᠷᠦᠯ ᠵᠦᠢᠯ᠎ᠢ ᠮᠡᠳᠡᠭᠦᠯᠬᠦ ᠪᠠ ᠬᠡᠷᠡᠭᠵᠢᠭᠦᠯᠬᠦ ᠳᠤᠮᠳᠠ᠂ ᠰᠡᠴᠡᠨᠮᠦ᠋ᠩᠬᠡ ᠫᠷᠤᠹᠧᠰᠰᠤᠷ ᠨᠠᠢᠷᠠᠭᠤᠯᠤᠭᠴᠢ᠎ᠶᠢᠨ ᠡᠩᠨᠡᠭᠡ ᠪᠠᠢᠭᠤᠯᠤᠨ᠂ ᠳᠤᠮᠳᠠᠳᠤ᠂ ᠮᠣᠩᠭᠤᠯ᠂ ᠣᠷᠤᠰ ᠵᠡᠷᠭᠡ ᠤᠯᠤᠰ᠎ᠤᠨ ᠲᠤᠰᠭᠠᠢ ᠮᠡᠷᠭᠡᠵᠢᠯᠲᠡᠨ ᠰᠤᠳᠤᠯᠭᠠᠲᠠᠳ᠎ᠢ ᠴᠤᠭᠯᠠᠭᠤᠯᠵᠤ᠂ ᠬᠦᠳᠦᠯᠪᠦᠷᠢ ᠨᠠᠢᠷᠠᠭᠤᠯᠤᠨ᠂ ᠨᠠᠢᠷᠠᠭᠤᠯᠬᠤ ᠠᠵᠢᠯ ᠪᠠ ᠬᠠᠷᠭᠤᠭᠤᠯᠬᠤ ᠠᠵᠢᠯ᠎ᠤᠨ ᠲᠠᠯ᠎ᠠ᠎ᠪᠠᠷ ᠶᠡᠬᠡ ᠬᠡᠮᠵᠢᠶᠡᠨ᠎ᠤ ᠠᠵᠢᠯ᠎ᠢ ᠬᠠᠷᠢᠭᠤᠴᠠᠵᠤ᠂ ᠠᠬᠢᠴᠠ᠎ᠶᠢ ᠲᠦᠷᠭᠡᠳᠭᠡᠨ᠂ ᠶᠠᠰᠤ ᠴᠢᠨᠠᠷ᠎ᠢ ᠳᠡᠭᠡᠭᠱᠢᠯᠡᠭᠦᠯᠵᠦ᠂ ᠢᠳᠡᠪᠬᠢ ᠴᠢᠷᠮᠠᠢᠯᠭ᠎ᠠ ᠭᠠᠷᠭᠠᠭᠰᠠᠨ ᠪᠢᠯᠡ᠃

  ᠲᠥᠷᠦᠯ ᠵᠦᠢᠯ᠎ᠦᠨ ᠠᠵᠢᠯ᠎ᠢ ᠬᠡᠷᠡᠭᠵᠢᠭᠦᠯᠬᠦ ᠳᠤᠮᠳᠠ᠎ᠪᠠᠨ ᠪᠢᠳᠡ᠂ ᠤᠯᠤᠰ᠎ᠤᠨ ᠨᠣᠮ ᠪᠢᠴᠢᠭ ᠬᠡᠪᠯᠡᠯ᠎ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠤᠯᠤᠰ᠎ᠤᠨ ᠬᠡᠪᠯᠡᠯ᠎ᠦᠨ ᠰᠠᠭᠤᠷᠢ ᠮᠥᠩᠭᠦ᠎ᠶᠢᠨ ᠬᠠᠮᠢᠶᠠᠷᠤᠯᠲᠠ᠎ᠶᠢᠨ ᠲᠣᠭᠲᠠᠭᠠᠯ᠎ᠢ ᠦᠨᠳᠦᠰᠦᠯᠡᠨ᠂ ᠬᠠᠮᠢᠶᠠᠷᠤᠯᠲᠠ᠎ᠶᠢᠨ ᠺᠣᠮᠢᠰ᠂ ᠨᠠᠢᠷᠠᠭᠤᠯᠬᠤ ᠺᠣᠮᠢᠰ ᠪᠠᠢᠭᠤᠯᠵᠤ᠂ ᠤᠯᠤᠰ᠎ᠤᠨ ᠳᠤᠲᠤᠭᠠᠲᠤ ᠭᠠᠳᠠᠭᠠᠲᠤ᠎ᠶᠢᠨ ᠨᠡᠷᠡᠲᠤ ᠲᠤᠰᠭᠠᠢ ᠮᠡᠷᠭᠡᠵᠢᠯᠲᠡᠨ ᠰᠤᠳᠤᠯᠭᠠᠲᠠᠳ᠂ ᠵᠣᠬᠢᠶᠠᠯᠴᠢᠳ᠎ᠢᠶᠠᠷ ᠪᠦᠷᠢᠯᠳᠦᠭᠰᠡᠨ ᠲᠤᠰᠭᠠᠢ ᠮᠡᠷᠭᠡᠵᠢᠯᠲᠡᠳ᠎ᠦᠨ ᠺᠣᠮᠢᠰ᠎ᠢ ᠪᠠᠢᠭᠤᠯᠵᠤ᠂ ᠬᠠᠮᠢᠶ᠎ᠠ ᠪᠦᠬᠦᠢ ᠳᠦᠷᠢᠮ ᠲᠣᠭᠲᠠᠭᠠᠯ ᠲᠣᠭᠲᠠᠭᠠᠵᠤ᠂ ᠠᠷᠭ᠎ᠠ ᠠᠪᠴᠠᠯ ᠬᠡᠷᠡᠭᠵᠢᠭᠦᠯᠵᠤ᠂ ᠲᠥᠷᠦᠯ  ᠵᠦᠢᠯ᠎ᠦᠨ ᠠᠵᠢᠯ᠎ᠤᠨ ᠤᠷᠤᠭᠱᠢᠲᠠᠢ᠂ ᠥᠨᠳᠦᠷ ᠪᠦᠲᠦᠮᠵᠢᠲᠡᠢ᠎ᠪᠡᠷ ᠠᠬᠢᠬᠤ᠎ᠳᠤ ᠵᠣᠬᠢᠶᠠᠨ ᠪᠠᠢᠭᠤᠯᠤᠯᠲᠠ᠎ᠶᠢᠨ ᠪᠠᠲᠤᠯᠠᠭ᠎ᠠ ᠪᠠ ᠳᠦᠷᠢᠮ᠎ᠦᠨ ᠪᠠᠲᠤᠯᠠᠭ᠎ᠠ ᠬᠠᠩᠭᠠᠵᠠᠢ᠃

  ᠲᠤᠰ ᠴᠤᠪᠤᠷᠠᠯ ᠪᠢᠴᠢᠭ᠎ᠤᠨ ᠠᠭᠤᠯᠭ᠎ᠠ᠎ᠶᠢᠨ ᠬᠣᠯᠪᠤᠭᠳᠠᠬᠤ ᠬᠦᠷᠢᠶ᠎ᠡ ᠬᠡᠪᠴᠢᠶ᠎ᠡ ᠥᠷᠭᠡᠨ᠂ ᠴᠠᠭ᠎ᠤᠨ ᠠᠯᠤᠰᠯᠠᠯ ᠤᠷᠲᠤ᠂ ᠮᠣᠩᠭᠤᠯ ᠤᠷᠠᠨ ᠵᠣᠬᠢᠶᠠᠯ᠎ᠤᠨ ᠲᠡᠦᠬᠡᠨ᠎ᠳᠡᠬᠢ ᠬᠥᠱᠢᠶ᠎ᠡ ᠳᠤᠷᠠᠰᠭᠠᠯ ᠪᠣᠯᠬᠤᠢᠴᠠ ᠲᠣᠮᠤ ᠢᠨᠵᠧᠨᠧᠷᠢᠩ ᠮᠥᠨ᠃ ᠪᠤᠲᠠᠲᠠᠢ ᠬᠡᠷᠡᠭᠵᠢᠭᠦᠯᠬᠦ ᠶᠠᠪᠤᠴᠠ᠎ᠳᠤ᠎ᠪᠠᠨ ᠪᠢᠳᠡ ᠡᠬᠡ ᠪᠢᠴᠢᠭ᠎ᠦᠨ ᠠᠭᠤᠯᠭ᠎ᠠ᠎ᠶᠢᠨ ᠪᠣᠭᠤᠮᠲᠠ ᠪᠠ ᠨᠠᠢᠷᠠᠭᠤᠯᠵᠤ ᠬᠠᠷᠭᠤᠭᠤᠯᠬᠤ ᠶᠠᠰᠤ ᠴᠢᠨᠠᠷ᠎ᠤᠨ ᠪᠣᠭᠤᠮᠲᠠ᠎ᠶᠢ ᠴᠢᠩᠭ᠎ᠠ ᠰᠠᠬᠢᠵᠤ᠂ ᠭᠤᠷᠪᠠᠨ ᠬᠢᠨᠠᠯᠲᠠ᠎ᠶᠢᠨ ᠳᠦᠷᠢᠮ᠎ᠢᠶᠡᠷ ᠠᠵᠢᠯᠯᠠᠵᠤ᠂ ᠠᠭᠤᠯᠭ᠎ᠠ᠎ᠶᠢᠨ ᠶᠠᠰᠤ ᠴᠢᠨᠠᠷ᠎ᠢ ᠪᠠᠲᠤᠲᠠᠢ ᠳᠡᠭᠡᠭᠱᠢᠯᠡᠭᠦᠯᠵᠡᠢ᠃

  ᠬᠠᠷᠭᠤᠭᠤᠯᠬᠤ ᠠᠵᠢᠯ ᠳᠤᠮᠳᠠ᠎ᠪᠠᠨ ᠪᠢᠳᠡᠮᠣᠩᠭᠤᠯ ᠵᠥᠪ ᠪᠢᠴᠢᠯᠭᠡ᠎ᠶᠢᠨ ᠲᠣᠯᠢ᠎ᠶᠢ ᠴᠢᠩᠭ᠎ᠠ ᠵᠢᠷᠤᠮᠯᠠᠨ᠂ ᠬᠤᠪᠢᠶᠠᠵᠤ ᠬᠠᠷᠭᠤᠭᠤᠯᠬᠤ᠂ ᠰᠣᠯᠢᠵᠤ ᠬᠠᠷᠭᠤᠭᠤᠯᠬᠤ᠂ ᠮᠠᠱᠢᠨ᠎ᠢᠶᠠᠷ ᠬᠠᠷᠭᠤᠭᠤᠯᠬᠤ ᠵᠡᠷᠭᠡ ᠤᠯᠠᠨ ᠵᠦᠢᠯ᠎ᠦᠨ ᠠᠷᠭ᠎ᠠ ᠠᠪᠴᠠᠯ᠎ᠢᠶᠠᠷ ᠡᠬᠡ ᠪᠢᠴᠢᠭ ᠪᠦᠷᠢ᠎ᠶᠢ 5 ᠤᠳᠠᠭ᠎ᠠ ᠬᠠᠷᠭᠤᠭᠤᠯᠤᠭᠰᠠᠨ ᠪᠠᠢᠨ᠎ᠠ᠃

  ᠎ᠪᠠᠷ ᠬᠡᠪᠯᠡᠯ᠎ᠢᠶᠡᠨ ᠲᠣᠭᠲᠠᠭᠠᠵᠤ᠂ ᠴᠢᠮᠡᠭᠯᠡᠵᠤ ᠲᠥᠰᠦᠪᠯᠡᠬᠦ᠂ ᠮᠠᠲᠧᠷᠢᠶᠠᠯ ᠰᠣᠩᠭᠤᠨ ᠬᠡᠷᠡᠭᠯᠡᠬᠦ᠎ᠳᠤ᠎ᠪᠠᠨ ᠪᠦᠷ ᠤᠷᠠᠨ ᠵᠣᠬᠢᠶᠠᠯ᠎ᠤᠨ ᠪᠦᠲᠦᠭᠡᠯ᠎ᠦᠨ ᠣᠨᠴᠠᠯᠢᠭ᠎ᠢ ᠳᠣᠪᠤᠢᠯᠭᠠᠭᠰᠠᠨ᠎ᠤ ᠬᠠᠮᠲᠤ ᠠᠯᠢ ᠴᠢᠳᠠᠬᠤ᠎ᠪᠠᠷ ᠵᠠᠷᠤᠳᠠᠯ᠎ᠢᠶᠠᠨ ᠠᠷᠪᠢᠯᠠᠵᠤ᠂ ᠥᠪᠡᠷ᠎ᠦᠨ ᠦᠷᠳᠡᠭ᠎ᠢᠶᠡᠨ ᠪᠠᠭᠤᠷᠠᠭᠤᠯᠤᠨ᠂ ᠰᠠᠭᠤᠷᠢ ᠮᠥᠩᠭᠦᠨ᠎ᠤ ᠳᠡᠮᠵᠢᠯᠭᠡ᠎ᠶᠢᠨ ᠲᠥᠷᠦᠯ ᠵᠦᠢᠯ᠎ᠦᠨ ᠨᠡᠢᠲᠡ᠎ᠶᠢᠨ ᠠᠰᠠᠷᠠᠮᠵᠢ᠎ᠶᠢᠨ ᠱᠢᠨᠵᠢ᠎ᠶᠢ ᠦᠨᠡᠨ᠎ᠬᠦ ᠢᠯᠡᠷᠡᠭᠦᠯᠦᠭᠰᠡᠨ ᠪᠠᠢᠨ᠎ᠠ᠃

  ᠲᠥᠷᠦᠯ ᠵᠦᠢᠯ᠎ᠢ ᠬᠡᠷᠡᠭᠵᠢᠭᠦᠯᠬᠦ ᠶᠠᠪᠤᠴᠠ᠎ᠳᠤ᠂ ᠬᠡᠪᠯᠡᠯ᠎ᠦᠨ ᠪᠦᠯᠦᠭᠯᠡᠯ᠂ ᠥᠪᠡᠷᠲᠡᠭᠡᠨ ᠵᠠᠰᠠᠬᠤ ᠣᠷᠤᠨ᠎ᠤ ᠰᠣᠨᠢᠨ ᠮᠡᠳᠡᠭᠡ ᠬᠡᠪᠯᠡᠯ᠎ᠦᠨ ᠲᠣᠪᠴᠢᠶ᠎ᠠ ᠪᠠ ᠤᠯᠤᠰ᠎ᠤᠨ ᠬᠡᠪᠯᠡᠯ᠎ᠦᠨ ᠰᠠᠭᠤᠷᠢ ᠮᠥᠩᠭᠦᠨ᠎ᠤ ᠬᠠᠮᠢᠶᠠᠷᠤᠯᠲᠠ᠎ᠶᠢᠨ ᠠᠯᠪᠠᠨ ᠭᠡᠷ᠎ᠦᠨ ᠬᠠᠮᠢᠶ᠎ᠠ ᠪᠦᠬᠦᠢ ᠤᠳᠤᠷᠢᠳᠤᠯᠭ᠎ᠠ᠎ᠨᠠᠷ ᠨᠠᠷᠢᠨ ᠨᠢᠭᠲᠠ ᠵᠢᠯᠤᠭᠤᠳᠴᠤ᠂ ᠬᠠᠯᠠᠭᠤᠨ ᠳᠡᠮᠵᠢᠯᠭᠡ ᠬᠦᠷᠲᠡᠭᠡᠭᠰᠡᠨ ᠪᠠᠢᠨ᠎ᠠ᠂ ᠡᠭᠦᠨ᠎ᠳᠤ ᠪᠢᠳᠡ ᠴᠢᠩ ᠰᠡᠳᠭᠢᠯ᠎ᠦᠨ ᠲᠠᠯᠠᠷᠬᠠᠯ᠎ᠢᠶᠠᠨ ᠳᠡᠪᠱᠢᠭᠦᠯᠦᠶ᠎ᠡ᠃ ᠡᠭᠦᠨ᠎ᠠᠴᠠ ᠭᠠᠳᠠᠨ᠎ᠠ᠂ ᠲᠤᠰ ᠲᠥᠷᠦᠯ ᠵᠦᠢᠯ᠎ᠳᠤ ᠣᠷᠤᠯᠴᠠᠭᠰᠠᠨ ᠭᠣᠤᠯ ᠨᠠᠢᠷᠠᠭᠤᠯᠤᠭᠴᠢ ᠲᠡᠷᠢᠭᠦᠲᠡᠢ ᠬᠠᠮᠢᠶ᠎ᠠ ᠪᠦᠬᠦᠢ ᠲᠤᠰᠭᠠᠢ ᠮᠡᠷᠭᠡᠵᠢᠯᠲᠡᠨ᠂ ᠰᠤᠳᠤᠯᠭᠠᠲᠠᠨ᠂ ᠵᠣᠬᠢᠶᠠᠯᠴᠢ ᠵᠢᠴᠢ ᠨᠠᠢᠷᠠᠭᠤᠯᠤᠭᠴᠢ᠂ ᠬᠡᠪᠯᠡᠯ᠎ᠦᠨ ᠪᠠᠷᠯᠠᠭᠴᠢᠳ᠎ᠲᠤ᠎ᠪᠠᠨ ᠭᠦᠨ ᠲᠠᠯᠠᠷᠬᠠᠯ᠎ᠢᠶᠠᠨ ᠳᠡᠪᠱᠢᠭᠦᠯᠦᠶ᠎ᠡ᠂ ᠲᠠ᠎ᠨᠠᠷ᠎ᠤᠨ ᠠᠷᠢᠭᠤᠨ ᠬᠥᠳᠡᠯᠮᠦᠷᠢ᠎ᠶᠢᠨ ᠠᠴᠢ᠎ᠪᠠᠷ ᠡᠨᠡ᠎ᠬᠦ ᠲᠥᠷᠦᠯ ᠵᠦᠢᠯ ᠤᠷᠤᠭᠱᠢᠲᠠᠢ ᠶᠠᠪᠤᠭᠳᠠᠵᠤ᠂ ᠴᠢᠨᠠᠷ ᠰᠠᠢᠲᠠᠢ ᠪᠦᠲᠦᠭᠡᠯ ᠪᠣᠯᠤᠭᠰᠠᠨ ᠪᠠᠢᠨ᠎ᠠ᠃

  ᠰᠡᠴᠡᠨᠮᠦ᠋ᠩᠬᠡ (ᠳᠤᠮᠳᠠᠳᠤ ᠤᠯᠤᠰ᠎ᠤᠨ ᠨᠡᠢᠭᠡᠮ᠎ᠦᠨ ᠱᠢᠨᠵᠢᠯᠡᠬᠦ ᠤᠬᠠᠭᠠᠨ᠎ᠤ ᠠᠺᠠᠳᠧᠮᠢ᠎ᠶᠢᠨ ᠦᠨᠳᠦᠰᠦᠲᠡᠨ᠎ᠤ ᠤᠳᠭ᠎ᠠ ᠵᠣᠬᠢᠶᠠᠯ ᠰᠤᠳᠤᠯᠬᠤ ᠬᠦᠷᠢᠶᠡᠯᠡᠩ᠎ᠦᠨ ᠰᠤᠳᠤᠯᠤᠭᠴᠢ᠂ ᠪᠦᠬᠦ ᠤᠯᠤᠰ᠎ᠤᠨᠭᠡᠰᠡᠷ᠎ᠤᠨ ᠠᠵᠢᠯ᠎ᠢ ᠤᠳᠤᠷᠢᠳᠭᠤ ᠳᠤᠭᠤᠢᠯᠠᠩ᠎ᠤᠨ ᠨᠠᠷᠢᠨ ᠪᠢᠴᠢᠭ᠎ᠤᠨ ᠳᠠᠷᠤᠭ᠎ᠠ)᠄

   《ᠮᠣᠩᠭᠤᠯ ᠤᠷᠠᠨ ᠵᠣᠬᠢᠶᠠᠯ᠎ᠤᠨ ᠳᠡᠭᠡᠵᠢᠭᠡᠬᠦ ᠨᠣᠮ ᠪᠤᠯ ᠤᠯᠤᠰ᠎ᠤᠨ ᠬᠡᠪᠯᠡᠯ᠎ᠦᠨ ᠰᠠᠭᠤᠷᠢ ᠮᠥᠩᠭᠦ᠎ᠶᠢᠨ ᠲᠥᠰᠦᠪ᠎ᠢᠶᠡᠷ ᠬᠢᠭᠰᠡᠨ ᠨᠣᠮ ᠪᠣᠯᠬᠤ᠎ᠶᠤᠮ᠃ ᠲᠤᠰ ᠨᠣᠮ ᠪᠤᠯ ᠤᠯᠠᠨ ᠤᠯᠤᠰ᠎ᠤᠨ ᠵᠢᠱᠢᠭ ᠪᠣᠯᠤᠭᠰᠠᠨ ᠠᠷᠭ᠎ᠠ᠎ᠪᠠᠷ ᠲᠥᠷᠦᠯ ᠬᠤᠪᠢᠶᠠᠭᠰᠠᠨ᠂ ᠨᠡᠢᠲᠡ 26 ᠲᠥᠷᠦᠯ᠎ᠢᠶᠡᠷ ᠠᠩᠭᠢᠯᠠᠭᠰᠠᠨ᠂ ᠱᠢᠠᠲᠸᠮᠵᠢᠬᠦᠯᠵᠦ ᠬᠤᠷᠢᠶᠠᠩᠭᠤᠢᠯᠠᠵᠤ ᠬᠢᠭᠰᠡᠨ ᠨᠣᠮ ᠪᠣᠯᠤᠨ᠎ᠠ᠃ ᠲᠤᠰ ᠨᠣᠮ᠎ᠨᠢ  ᠬᠦᠨᠴᠡ᠎ᠪᠡᠷ᠎ᠢᠶᠡᠨ 800 ᠵᠢᠯ᠎ᠤᠨ ᠤᠷᠲᠦ ᠤᠳᠠᠭᠠᠨ ᠲᠡᠦᠬᠡᠨ ᠶᠠᠪᠤᠴᠠ᠎ᠳᠡᠬᠢ ᠮᠣᠩᠭᠤᠯ ᠤᠷᠠᠨ ᠵᠣᠬᠢᠶᠠᠯ᠎ᠢ ᠬᠠᠮᠤᠷᠴᠤ᠂ ᠥᠷᠭᠡᠴᠡ᠎ᠪᠡᠷ᠎ᠢᠶᠡᠨ ᠳᠤᠮᠳᠠᠳᠤ᠂ ᠮᠣᠩᠭᠤᠯ᠂ ᠣᠷᠤᠰ᠎ᠲᠤ ᠣᠷᠤᠱᠢᠨ ᠠᠮᠢᠳᠤᠷᠠᠵᠤ ᠪᠠᠢᠭ᠎ᠠ ᠮᠣᠩᠭᠤᠯ ᠦᠨᠳᠦᠰᠦᠲᠡᠨ᠎ᠤ ᠪᠢᠴᠢᠭ᠎ᠤᠨ ᠵᠣᠬᠢᠶᠠᠯ ᠪᠣᠯᠤᠨ ᠠᠮᠠᠨ ᠵᠣᠬᠢᠶᠠᠯ᠎ᠠᠴᠠ ᠱᠢᠭᠱᠢᠨ ᠰᠣᠩᠭᠤᠯᠲᠠ ᠬᠢᠵᠤ ᠬᠡᠪᠯᠡᠯ᠎ᠳᠤ᠎ᠪᠠᠨ ᠬᠠᠮᠤᠷᠤᠭᠤᠯᠤᠭᠰᠠᠨ ᠪᠠᠢᠨ᠎ᠠ᠃ ᠡᠭᠦᠨ᠎ᠢᠶᠡᠷ ᠪᠠᠷᠠᠬᠤ᠎ᠦᠭᠡᠢ᠂ ᠠᠯᠲᠠᠢ ᠢᠵᠠᠭᠤᠷ ᠬᠡᠯᠡᠲᠡᠨ᠎ᠤ ᠳᠤᠮᠳᠠ ᠨᠡᠢᠳᠡᠮ ᠲᠠᠷᠬᠠᠭᠰᠠᠨᠠᠮᠠᠨ ᠴᠠᠭᠠᠨ ᠪᠢᠷᠠᠭᠤᠵᠡᠷᠭᠡ ᠪᠦᠲᠦᠭᠡᠯ᠎ᠢ᠎ᠴᠤ ᠪᠦᠷ ᠲᠤᠰ ᠨᠣᠮ᠎ᠳᠤ᠎ᠪᠠᠨ ᠣᠷᠤᠭᠤᠯᠵᠤ ᠬᠡᠪᠯᠡᠭᠦᠯᠦᠭᠰᠡᠨ ᠪᠠᠢᠨ᠎ᠠ᠃

  ᠡᠢᠮᠦ ᠪᠣᠯᠬᠤᠷ ᠲᠤᠰ ᠴᠤᠪᠤᠷᠠᠯ ᠪᠢᠴᠢᠭ᠎ᠢ ᠪᠢᠳᠡ ᠡᠮᠦᠨᠡᠬᠢ ᠨᠣᠮ᠎ᠤ᠋ᠳ᠎ᠠᠴᠠ ᠳᠠᠪᠠᠭᠰᠠᠨ᠂ ᠱᠢᠨ᠎ᠡ ᠴᠠᠭ ᠦᠶ᠎ᠡ᠎ᠶᠢ ᠬᠠᠷᠠᠭᠤᠯᠤᠭᠰᠠᠨ᠂ ᠮᠣᠩᠭᠤᠯ ᠤᠷᠠᠨ ᠵᠣᠬᠢᠶᠠᠯ᠎ᠤᠨ ᠬᠥᠭᠵᠢᠯᠲᠡ᠎ᠶᠢ ᠬᠠᠷᠠᠭᠤᠯᠤᠭᠰᠠᠨ ᠨᠣᠮ ᠪᠦᠲᠦᠭᠡᠯ ᠪᠣᠯᠭᠠᠬᠤ᠎ᠪᠠᠷ ᠴᠢᠷᠮᠠᠢᠭᠰᠠᠨ᠃ ᠶᠡᠷᠦᠩᠬᠡᠢᠯᠡᠭᠡᠳ ᠭᠡᠯᠡᠪᠡᠯ᠂ ᠲᠤᠰ ᠪᠦᠲᠦᠭᠡᠯ᠎ᠢ ᠪᠢᠳᠡ ᠮᠣᠩᠭᠤᠯ ᠤᠷᠠᠨ ᠵᠣᠬᠢᠶᠠᠯ᠎ᠤᠨ ᠶᠡᠷᠦᠩᠬᠡᠢ ᠳᠦᠷᠢ ᠳᠦᠷᠬᠦ᠎ᠶᠢ ᠬᠠᠷᠠᠭᠤᠯᠵᠤ ᠴᠢᠳᠠᠭᠰᠠᠨ ᠪᠦᠲᠦᠭᠡᠯ ᠪᠣᠯᠭᠠᠬᠤ᠎ᠪᠠᠷ ᠲᠦᠯᠦᠪᠯᠡᠵᠤ ᠬᠢᠭᠰᠡᠨ᠂ ᠴᠢᠷᠮᠠᠢᠵᠤ ᠬᠢᠭᠰᠡᠨ᠃

  ᠮᠡᠳᠡᠭᠡᠵᠢ᠎ᠪᠡᠷ᠂ ᠡᠢᠮᠦ ᠲᠣᠮᠤ ᠨᠣᠮ᠎ᠢ ᠬᠢᠬᠦ᠎ᠳᠤ ᠠᠯᠳᠠᠭ᠎ᠠ ᠮᠠᠳᠠᠭ᠎ᠲᠠᠢ ᠵᠦᠢᠯ ᠭᠠᠷᠬᠤ᠎ᠦᠭᠡᠢ ᠭᠡᠵᠤ ᠪᠠᠢᠬᠤ᠎ᠦᠭᠡᠢ᠃ ᠡᠭᠦᠨ᠎ᠢ ᠬᠣᠵᠢᠮ᠎ᠤᠨ ᠵᠠᠯᠠᠭᠤᠴᠤᠳ ᠤᠯᠠᠮ᠎ᠢᠶᠠᠷ ᠲᠡᠭᠦᠯᠳᠡᠷᠵᠢᠬᠦᠯᠵᠤ᠂ ᠡᠭᠦᠨ᠎ᠢᠶᠡᠷ ᠰᠠᠭᠤᠷᠢ ᠪᠣᠯᠭᠠᠵᠤ᠂ ᠡᠭᠦᠨ᠎ᠡᠴᠡ ᠨᠡᠩ ᠶᠡᠬᠡ ᠰᠠᠢᠬᠠᠨ ᠨᠣᠮ᠂ ᠲᠣᠮᠤ ᠪᠦᠲᠦᠭᠡᠯ᠎ᠢ ᠬᠡᠪᠯᠡᠭᠦᠯᠬᠦ᠎ᠶᠢ ᠬᠦᠰᠡᠵᠤ ᠪᠠᠢᠨ᠎ᠠ᠃

  ᠡᠷᠬᠢᠮᠪᠠᠶᠠᠷ (ᠥᠪᠦᠷ ᠮᠣᠩᠭᠤᠯ᠎ᠤᠨ ᠶᠡᠬᠡ ᠰᠤᠷᠭᠠᠭᠤᠯᠢ᠎ᠶᠢᠨ ᠫᠷᠤᠹᠧᠰᠰᠤᠷ)᠄

   《ᠮᠣᠩᠭᠤᠯ ᠤᠷᠠᠨ ᠵᠣᠬᠢᠶᠠᠯ᠎ᠤᠨ ᠳᠡᠭᠡᠵᠢᠬᠡᠪᠯᠡᠭᠳᠡᠭᠰᠡᠨ᠎ᠨᠢ ᠮᠣᠩᠭᠤᠯ ᠰᠤᠳᠤᠯᠤᠯ᠎ᠤᠨ ᠬᠦᠷᠢᠶᠡᠨ᠎ᠤ ᠬᠢᠨ ᠵᠢᠴᠢ ᠶᠡᠬᠡ ᠳᠡᠭᠡᠲᠦ ᠰᠤᠷᠭᠠᠭᠤᠯᠢ᠎ᠶᠢᠨ ᠵᠢᠭᠠᠨ ᠰᠤᠷᠭᠠᠯᠲᠠ ᠪᠠ ᠰᠤᠳᠤᠯᠭᠠᠨ᠎ᠤ ᠠᠵᠢᠯ᠎ᠤᠨ ᠨᠢᠭᠡᠨ ᠪᠠᠶᠠᠷᠯᠠᠭᠤᠱᠢᠲᠠᠢ ᠶᠠᠪᠤᠳᠠᠯ ᠪᠣᠯᠬᠤ᠎ᠶᠤᠮ᠃

  ᠲᠤᠰ ᠪᠦᠲᠦᠭᠡᠯ᠎ᠢ ᠬᠡᠪᠯᠡᠵᠤ ᠲᠠᠷᠬᠠᠭᠠᠬᠤ ᠠᠵᠢᠯ ᠪᠤᠯ ᠨᠢᠭᠡᠨ ᠲᠣᠮᠤ ᠢᠨᠵᠧᠨᠧᠷᠢᠩ ᠪᠣᠯᠤᠨ᠎ᠠ᠃ ᠲᠤᠰ ᠨᠣᠮ᠎ᠤᠨ ᠬᠡᠪᠯᠡᠭᠳᠡᠭᠰᠡᠨ᠎ᠨᠢ ᠮᠣᠩᠭᠤᠯ ᠰᠣᠶᠤᠯ᠂ ᠢᠯᠠᠩᠭᠤᠶ᠎ᠠ ᠮᠣᠩᠭᠤᠯ ᠤᠷᠠᠨ ᠵᠣᠬᠢᠶᠠᠯ᠎ᠤᠨ ᠰᠤᠳᠤᠯᠭᠠᠨ᠂ ᠵᠢᠭᠠᠨ ᠰᠤᠷᠭᠠᠯᠲᠠ ᠪᠠ ᠪᠦᠬᠦᠢᠯᠡ ᠮᠣᠩᠭᠤᠯ ᠰᠤᠳᠤᠯᠤᠯ᠎ᠤᠨ ᠠᠵᠢᠯ᠎ᠳᠤ ᠪᠦᠷ ᠴᠢᠬᠤᠯᠠ ᠠᠴᠢ ᠬᠣᠯᠪᠤᠭᠳᠠᠯ᠎ᠲᠠᠢ᠃

  ᠨᠢᠭᠡ᠎ᠳᠤ᠂ ᠮᠣᠩᠭᠤᠯ ᠤᠷᠠᠨ ᠵᠣᠬᠢᠶᠠᠯ᠎ᠤᠨ ᠰᠤᠳᠤᠯᠤᠯ᠎ᠢ ᠲᠦᠯᠬᠢᠨ ᠠᠬᠢᠭᠤᠯᠤᠭᠰᠠᠨ ᠪᠠᠢᠨ᠎ᠠ᠃ ᠲᠤᠰ ᠨᠣᠮ᠎ᠨᠢ ᠮᠣᠩᠭᠤᠯ ᠤᠷᠠᠨ ᠵᠣᠬᠢᠶᠠᠯ᠎ᠤᠨ ᠰᠤᠳᠤᠯᠤᠯ᠎ᠳᠤ ᠵᠠᠩᠭᠢᠯᠠᠭ᠎ᠠ᠎ᠶᠢᠨ ᠦᠢᠯᠡᠳᠦᠯ ᠦᠵᠡᠬᠦᠯᠵᠤ᠂ ᠮᠣᠩᠭᠤᠯ ᠤᠷᠠᠨ ᠵᠣᠬᠢᠶᠠᠯ᠎ᠢ ᠪᠦᠬᠦ ᠲᠠᠯ᠎ᠠ᠎ᠠᠴᠠ ᠬᠠᠷᠠᠭᠤᠯᠵᠤ᠂ ᠮᠣᠩᠭᠤᠯ ᠤᠷᠠᠨ ᠵᠣᠬᠢᠶᠠᠯ᠎ᠢ ᠪᠦᠬᠦ ᠲᠠᠯ᠎ᠠ᠎ᠪᠠᠷ ᠡᠵᠡᠮᠱᠢᠬᠦ᠎ᠳᠤ ᠠᠱᠢᠭᠲᠠᠢ ᠮᠠᠲᠧᠷᠢᠶᠠᠯ ᠬᠠᠩᠭᠠᠭᠰᠠᠨ ᠪᠠᠢᠨ᠎ᠠ᠃

  ᠬᠤᠶᠠᠷ᠎ᠲᠤ᠂ ᠮᠣᠩᠭᠤᠯ ᠦᠭᠡ ᠬᠡᠯᠡ ᠦᠰᠦᠭ ᠪᠢᠴᠢᠭ᠎ᠦᠨ ᠱᠢᠨᠵᠢᠯᠡᠭᠡᠨ᠎ᠤ ᠰᠠᠯᠠᠭ᠎ᠠ᠎ᠶᠢ ᠲᠦᠯᠬᠢᠨ ᠠᠬᠢᠭᠤᠯᠬᠤ᠎ᠳᠤ ᠠᠱᠢᠭᠲᠠᠢ᠃ ᠣᠳᠤᠬᠠᠨ᠎ᠳᠤ ᠪᠦᠬᠦ ᠤᠯᠤᠰ᠎ᠲᠤ ᠨᠡᠢᠲᠡ 12 ᠵᠢᠩᠬᠢᠨᠢ ᠠᠩᠭᠢ᠎ᠶᠢᠨ ᠶᠡᠬᠡ ᠳᠡᠭᠡᠳᠦ ᠰᠤᠷᠭᠠᠭᠤᠯᠢ᠎ᠨᠢ ᠮᠣᠩᠭᠤᠯ ᠬᠡᠯᠡ ᠤᠳᠭ᠎ᠠ ᠵᠣᠬᠢᠶᠠᠯ᠎ᠤᠨ ᠲᠤᠰᠭᠠᠢ ᠮᠡᠷᠭᠡᠵᠢᠯ᠎ᠦᠨ ᠰᠤᠷᠤᠭᠴᠢ ᠡᠯᠰᠡᠵᠤ ᠪᠤᠢ᠂ ᠡᠭᠦᠨ᠎ᠳᠤ 4 ᠶᠡᠬᠡ ᠳᠡᠭᠡᠲᠦ ᠰᠤᠷᠭᠠᠭᠤᠯᠢ᠎ᠨᠢ ᠮᠣᠩᠭᠤᠯ ᠬᠡᠯᠡ ᠤᠳᠭ᠎ᠠ ᠵᠣᠬᠢᠶᠠᠯ᠎ᠤᠨ ᠲᠤᠰᠭᠠᠢ ᠮᠡᠷᠭᠡᠵᠢᠯ᠎ᠦᠨ ᠳ᠋ᠤᠺᠲ᠋ᠤᠷᠠᠨᠲ ᠬᠦᠮᠦᠵᠢᠬᠦᠯᠵᠤ ᠪᠤᠢ᠃ ᠡᠨᠡ᠎ᠬᠦ ᠨᠣᠮ ᠶᠡᠬᠡ ᠲᠡᠭᠡᠳᠦ ᠰᠤᠷᠭᠠᠭᠤᠯᠢ᠎ᠶᠢᠨ ᠮᠣᠩᠭᠤᠯ ᠤᠷᠠᠨ ᠵᠣᠬᠢᠶᠠᠯ᠎ᠤᠨ ᠵᠢᠭᠠᠨ ᠰᠤᠷᠭᠠᠯᠲᠠ᠂ ᠡᠷᠳᠡᠮ ᠱᠢᠨᠵᠢᠯᠡᠭᠡᠨ᠎ᠤ ᠠᠵᠢᠯ᠎ᠳᠤ ᠲᠦᠯᠬᠢᠴᠡ ᠦᠢᠯᠡᠳᠦᠯ ᠦᠵᠡᠭᠦᠯᠬᠦ᠎ᠨᠢ ᠯᠠᠪᠲᠠᠢ᠂ ᠲᠤᠰ ᠪᠦᠲᠦᠭᠡᠯ᠎ᠡᠴᠡ ᠰᠤᠷᠤᠭᠴᠢᠳ ᠮᠣᠩᠭᠤᠯ ᠤᠷᠠᠨ ᠵᠣᠬᠢᠶᠠᠯ᠎ᠢ ᠬᠦᠨᠵᠡᠬᠡᠢ ᠣᠢᠯᠠᠭᠠᠵᠤ᠂ ᠪᠠᠭᠱᠢ᠎ᠨᠠᠷ ᠮᠣᠩᠭᠤᠯ ᠤᠷᠠᠨ ᠵᠣᠬᠢᠶᠠᠯ᠎ᠤᠨ ᠲᠤᠬᠠᠢ ᠨᠠᠩ ᠬᠦᠨᠵᠡᠭᠡᠢ ᠰᠤᠳᠤᠯᠭᠠᠨ ᠥᠷᠨᠢᠭᠦᠯᠬᠦ ᠪᠣᠯᠤᠨ᠎ᠠ᠃

  ᠭᠤᠷᠪᠠ᠎ᠳᠤ᠂ ᠮᠣᠩᠭᠤᠯ ᠰᠤᠳᠤᠯᠤᠯ᠎ᠤᠨ ᠤᠯᠠᠨ ᠤᠯᠤᠰ᠎ᠤᠨ ᠬᠠᠷᠢᠯᠴᠠᠭ᠎ᠠ᠎ᠶᠢ ᠲᠦᠯᠬᠢᠨ ᠠᠬᠢᠭᠤᠯᠬᠤ ᠪᠣᠯᠤᠨ᠎ᠠ᠃ ᠣᠳᠤᠬᠠᠨ᠎ᠳᠤ ᠳᠡᠯᠡᠬᠡᠢ ᠳᠡᠭᠡᠷ᠎ᠡ ᠠᠷᠪᠠᠭᠠᠳ ᠤᠯᠤᠰ᠎ᠲᠤ ᠮᠣᠩᠭᠤᠯ ᠰᠤᠳᠤᠯᠤᠯ᠎ᠤᠨ ᠬᠠᠮᠢᠶ᠎ᠠ ᠪᠦᠬᠦᠢ ᠪᠠᠢᠭᠤᠯᠤᠮᠵᠢ ᠪᠠᠢᠳᠠᠭ᠃ ᠡᠨᠡ᠎ᠬᠦ ᠨᠣᠮ᠎ᠨᠢ ᠲᠡᠳᠡᠨᠦᠰ᠎ᠤᠨ ᠭᠠᠷ ᠠᠪᠤᠯᠭ᠎ᠠ᠎ᠶᠢᠨ ᠰᠠᠢᠨ ᠨᠣᠮ ᠪᠣᠯᠬᠤ ᠪᠥᠭᠡᠳ ᠲᠥᠷᠦᠯ ᠠᠩᠭᠢᠯᠠᠯ ᠬᠤᠪᠢᠶᠠᠵᠤ᠂ ᠮᠠᠲᠧᠷᠢᠶᠠᠯ ᠴᠤᠭᠯᠠᠭᠤᠯᠬᠤ ᠲᠦᠪᠡᠭ ᠠᠰᠠᠭᠤᠳᠠᠯ᠎ᠢ ᠢᠯᠭᠤᠮ ᠱᠢᠢᠳᠪᠦᠷᠢᠯᠡᠵᠤ ᠥᠭᠬᠦ ᠪᠣᠯᠤᠨ᠎ᠠ᠃

  ᠳᠥᠷᠪᠡ᠎ᠳᠤ᠂ ᠮᠣᠩᠭᠤᠯ ᠤᠷᠠᠨ ᠵᠣᠬᠢᠶᠠᠯ᠎ᠤᠨ ᠲᠡᠦᠬᠡ᠎ᠶᠢᠨ ᠮᠠᠲᠧᠷᠢᠶᠠᠯ᠎ᠤᠨ ᠴᠣᠭᠴᠠᠯᠠᠯᠲᠠ᠎ᠶᠢ ᠲᠦᠯᠬᠢᠨ ᠠᠬᠢᠭᠤᠯᠤᠨ᠎ᠠ᠃ ᠤᠷᠠᠨ ᠵᠣᠬᠢᠶᠠᠯ᠎ᠤᠨ ᠪᠦᠲᠦᠭᠡᠯ ᠲᠤᠰ ᠪᠡᠶ᠎ᠡ᠎ᠪᠡᠷ᠎ᠢᠶᠠᠨ ᠲᠡᠦᠬᠡ᠎ᠶᠢᠨ ᠮᠠᠲᠧᠷᠢᠶᠠᠯ᠎ᠤᠨ ᠨᠢᠭᠡᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠲᠤᠰ ᠨᠣᠮ᠎ᠤᠨ ᠬᠡᠪᠯᠡᠭᠳᠡᠭᠰᠡᠨ᠎ᠨᠢ ᠲᠡᠦᠬᠡ᠎ᠶᠢᠨ ᠮᠠᠲᠧᠷᠢᠶᠠᠯ᠎ᠤᠨ ᠱᠢᠨᠵᠢᠯᠡᠭᠡᠨ᠎ᠤ ᠲᠥᠷᠦᠯ᠎ᠦᠨ ᠬᠥᠭᠵᠢᠯᠲᠡ᠎ᠶᠢ ᠪᠦᠲᠦᠮᠵᠢᠲᠡᠢ ᠲᠦᠯᠬᠢᠨ ᠠᠬᠢᠭᠤᠯᠬᠤ ᠪᠣᠯᠤᠨ᠎ᠠ᠃

  ᠳᠤᠯᠠᠭᠠᠨ (ᠪᠡᠭᠡᠵᠢᠩ ᠶᠡᠬᠡ ᠰᠤᠷᠭᠠᠭᠤᠯᠢ᠎ᠶᠢᠨ ᠳᠣᠷᠤᠨᠠᠳᠠᠬᠢᠨ᠎ᠤ ᠤᠳᠭ᠎ᠠ ᠵᠣᠬᠢᠶᠠᠯ ᠰᠤᠳᠤᠯᠤᠯ᠎ᠤᠨ ᠲᠥᠪ᠎ᠦᠨ ᠫᠷᠤᠹᠧᠰᠰᠤᠷ)᠄

  ᠰᠡᠴᠡᠨᠮᠦ᠋ᠩᠬᠡ ᠫᠷᠤᠹᠧᠰᠰᠤᠷ᠎ᠤᠨ ᠡᠷᠬᠢᠯᠡᠵᠤ ᠨᠠᠢᠷᠠᠭᠤᠯᠤᠭᠰᠠᠨᠮᠣᠩᠭᠤᠯ ᠤᠷᠠᠨ ᠵᠣᠬᠢᠶᠠᠯ᠎ᠤᠨ ᠳᠡᠭᠡᠵᠢᠭᠡᠬᠦ ᠴᠤᠪᠤᠷᠠᠯ ᠨᠣᠮ᠎ᠤᠨ 20 ᠪᠣᠳᠢ᠎ᠶᠢ ᠪᠢ ᠳᠣᠤᠷᠠᠬᠢ ᠭᠤᠷᠪᠠᠨ ᠲᠠᠯ᠎ᠠ᠎ᠠᠴᠠ ᠠᠮᠵᠢᠯᠲᠠ᠎ᠲᠠᠢ ᠪᠣᠯᠤᠯ᠎ᠠ ᠭᠡᠵᠤ ᠦᠵᠡᠵᠤ ᠪᠠᠢᠨ᠎ᠠ᠃

  ᠨᠢᠭᠡ᠎ᠳᠤ᠂ ᠰᠡᠴᠡᠨᠮᠦ᠋ᠩᠬᠡ ᠫᠷᠤᠹᠧᠰᠰᠤᠷ ᠲᠡᠷᠢᠭᠦᠲᠡᠢ ᠨᠠᠢᠷᠠᠭᠤᠯᠬᠤ ᠺᠣᠮᠢᠰ᠎ᠤᠨ ᠬᠢᠨ ᠲᠤᠰ ᠨᠣᠮ᠎ᠢ ᠨᠠᠢᠷᠠᠭᠤᠯᠬᠤ᠎ᠳᠤ᠎ᠪᠠᠨ ᠮᠣᠩᠭᠤᠯ ᠤᠷᠠᠨ ᠵᠣᠬᠢᠶᠠᠯ᠎ᠤᠨ ᠲᠡᠦᠬᠡ᠂ ᠮᠣᠩᠭᠤᠯ ᠤᠷᠠᠨ ᠵᠣᠬᠢᠶᠠᠯ᠎ᠤᠨ ᠰᠤᠳᠤᠯᠭᠠᠨ᠎ᠤ ᠦᠵᠡᠯᠲᠡ ᠪᠠ ᠤᠷᠠᠨ ᠵᠣᠬᠢᠶᠠᠯ ᠰᠤᠳᠤᠯᠭᠠᠨ᠎ᠤ ᠪᠠᠷᠢᠮᠵᠢᠶ᠎ᠠ᠎ᠪᠡᠷ ᠵᠣᠬᠢᠶᠠᠯ ᠪᠦᠲᠦᠭᠡᠯ᠎ᠢ ᠰᠣᠩᠭᠤᠭᠰᠠᠨ ᠪᠠᠢᠨ᠎ᠠ᠃ ᠨᠠᠢᠷᠠᠭᠤᠯᠬᠤ ᠺᠣᠮᠢᠰ᠎ᠤᠨ ᠡᠷᠳᠡᠮᠲᠡᠳ ᠲᠤᠰ ᠪᠦᠲᠦᠭᠡᠯ᠎ᠦᠨ ᠵᠣᠬᠢᠶᠠᠯ᠎ᠢ ᠰᠣᠩᠭᠤᠵᠤ ᠨᠠᠢᠷᠠᠭᠤᠯᠬᠤ᠎ᠳᠤ᠎ᠪᠠᠨ ᠵᠢᠷᠠᠭᠠᠳ ᠵᠢᠯ᠎ᠤᠨ ᠲᠤᠷᠱᠢᠲᠠ ᠬᠡᠪᠯᠡᠭᠳᠡᠵᠤ ᠭᠠᠷᠤᠭᠰᠠᠨ ᠮᠣᠩᠭᠤᠯ ᠤᠷᠠᠨ ᠵᠣᠬᠢᠶᠠᠯ᠎ᠤᠨ ᠲᠡᠦᠬᠡ᠂ ᠠᠷᠠᠳ᠎ᠤᠨ ᠠᠮᠠᠨ ᠵᠣᠬᠢᠶᠠᠯ᠎ᠤᠨ ᠲᠡᠤᠬᠡ᠂ ᠪᠢᠴᠢᠭ᠎ᠤᠨ ᠤᠷᠠᠨ ᠵᠣᠬᠢᠶᠠᠯ᠎ᠤᠨ ᠣᠨᠤᠯ ᠪᠣᠯᠤᠨ ᠤᠬᠠᠭᠳᠠᠬᠤᠨ᠎ᠢ ᠰᠠᠢᠬᠠᠨ ᠡᠵᠡᠮᠱᠢᠵᠤ᠂ ᠤᠷᠠᠨ ᠵᠣᠬᠢᠶᠠᠯ ᠰᠤᠳᠤᠯᠭᠠᠨ᠎ᠤ ᠱᠢᠨᠵᠢᠯᠡᠬᠦ ᠤᠬᠠᠭᠠᠨᠴᠢ ᠪᠠᠷᠢᠮᠵᠢᠶ᠎ᠠ᠎ᠪᠠᠷᠳᠡᠭᠡᠵᠢᠪᠣᠯᠬᠤᠢᠴᠠ ᠪᠦᠲᠦᠭᠡᠯ᠎ᠦ᠋ᠳ᠎ᠢ ᠰᠣᠩᠭᠤᠭᠰᠠᠨ ᠪᠠᠢᠨ᠎ᠠ᠃

  ᠬᠤᠶᠠᠷ᠎ᠲᠤ᠂ ᠳᠤᠮᠳᠠᠳᠤ ᠤᠯᠤᠰ᠎ᠤᠨ ᠮᠣᠩᠭᠤᠯ ᠤᠷᠠᠨ ᠵᠣᠬᠢᠶᠠᠯ᠎ᠤᠨ ᠠᠮᠵᠢᠯᠲᠠ᠂ ᠣᠨᠴᠠᠭᠠᠢᠯᠠᠨ ᠱᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ᠎ᠤ ᠳᠠᠷᠠᠭᠠᠬᠢ ᠮᠣᠩᠭᠤᠯ ᠦᠨᠳᠦᠰᠦᠲᠡᠨ᠎ᠤ ᠤᠷᠠᠨ ᠵᠣᠬᠢᠶᠠᠯ᠎ᠤᠨ ᠨᠡᠩ ᠥᠨᠳᠦᠷ ᠠᠮᠵᠢᠯᠲᠠ᠎ᠶᠢ ᠲᠤᠰᠭᠠᠭᠰᠠᠨ ᠪᠠᠢᠨ᠎ᠠ᠃ 20 ᠪᠣᠳᠢ ᠨᠣᠮ᠎ᠳᠤ ᠣᠷᠤᠭᠰᠠᠨ ᠪᠦᠲᠦᠭᠡᠯ᠎ᠦ᠋ᠳ᠎ᠢ ᠦᠵᠡᠪᠡᠯ᠂ ᠤᠯᠤᠰ ᠪᠠᠢᠭᠤᠯᠤᠭᠳᠠᠭᠰᠠᠨ᠎ᠠᠴᠠ ᠨᠠᠭᠠᠱᠢᠬᠢ ᠣᠳᠤ ᠦᠶ᠎ᠡ᠎ᠶᠢᠨ ᠤᠷᠠᠨ ᠵᠣᠬᠢᠶᠠᠯ ᠨᠡᠩ ᠶᠡᠬᠡ ᠬᠤᠪᠢ᠎ᠶᠢᠨ ᠵᠢᠩ᠎ᠢ ᠡᠵᠡᠯᠡᠭᠰᠡᠨ ᠪᠠᠢᠨ᠎ᠠ᠃ ᠡᠨᠡ᠎ᠨᠢ ᠣᠳᠤ ᠦᠶ᠎ᠡ᠎ᠶᠢᠨ ᠤᠷᠠᠨ ᠵᠣᠬᠢᠶᠠᠯ᠎ᠨᠢ ᠪᠦᠲᠦᠭᠡᠯ᠎ᠦᠨ ᠲᠠᠯ᠎ᠠ᠎ᠪᠠᠷ᠂ ᠠᠭᠤᠯᠭ᠎ᠠ᠎ᠶᠢᠨ ᠲᠠᠯ᠎ᠠ᠎ᠪᠠᠷ ᠨᠡᠩ ᠥᠨᠳᠦᠷ ᠠᠮᠵᠢᠯᠲᠠ ᠣᠯᠤᠯ᠎ᠠ ᠭᠡᠳᠡᠭ᠎ᠢ ᠬᠠᠷᠠᠭᠤᠯᠵᠤ ᠪᠠᠢᠨ᠎ᠠ᠃

  ᠭᠤᠷᠪᠠ᠎ᠳᠤ᠂ ᠮᠣᠩᠭᠤᠯ ᠦᠨᠳᠦᠰᠦᠲᠡᠨ᠎ᠤ ᠤᠷᠠᠨ ᠵᠣᠬᠢᠶᠠᠯ᠎ᠤᠨ ᠲᠡᠦᠬᠡ᠎ᠶᠢ ᠱᠢᠨ᠎ᠡ ᠪᠠᠢᠳᠠᠯ ᠳᠣᠤᠷ᠎ᠠ ᠨᠡᠮᠡᠵᠤ ᠪᠢᠴᠢᠬᠦ᠂ ᠵᠠᠰᠠᠵᠤ ᠪᠢᠴᠢᠬᠦ᠂ ᠲᠡᠭᠦᠯᠳᠡᠷᠵᠢᠭᠦᠯᠬᠦ᠂ ᠳᠠᠬᠢᠵᠤ ᠪᠢᠴᠢᠬᠦ᠎ᠳᠤ ᠡᠯᠪᠡᠭ ᠪᠠᠶᠠᠯᠢᠭ ᠮᠠᠲᠧᠷᠢᠶᠠᠯ ᠬᠠᠩᠭᠠᠭᠰᠠᠨ ᠪᠠᠢᠨ᠎ᠠ᠃ ᠶᠡᠷᠦᠩᠬᠡᠢᠯᠡᠭᠡᠳ ᠬᠡᠯᠡᠪᠡᠯ᠂ ᠲᠤᠰ ᠨᠣᠮ᠎ᠨᠢ ᠤᠩᠱᠢᠭᠴᠢᠳ᠂ ᠮᠣᠩᠭᠤᠯ ᠤᠷᠠᠨ ᠵᠣᠬᠢᠶᠠᠯ᠎ᠤᠨ ᠰᠤᠳᠤᠯᠭᠠᠨ᠎ᠤ ᠡᠷᠳᠡᠮᠳᠡᠳ᠎ᠲᠤ ᠮᠠᠱᠢ ᠶᠡᠬᠡ ᠣᠶᠤᠨ᠎ᠤ ᠥᠪ ᠬᠥᠷᠦᠩᠭᠡ᠎ᠶᠢ ᠪᠦᠳᠦᠭᠡᠵᠤ ᠥᠭᠭᠦᠯ᠎ᠡ ᠭᠡᠵᠤ ᠪᠣᠳᠤᠵᠤ ᠪᠠᠢᠨ᠎ᠠ᠃

  ᠎ᠵᠢᠨ ᠬᠠᠢ (ᠥᠪᠦᠷ ᠮᠣᠩᠭᠤᠯ᠎ᠤᠨ ᠨᠡᠢᠭᠡᠮ᠎ᠦᠨ ᠱᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠳᠡᠳ ᠳᠠᠷᠤᠭ᠎ᠠ)᠄

  ᠰᠡᠴᠡᠨᠮᠦ᠋ᠩᠬᠡ ᠫᠷᠤᠹᠧᠰᠰᠤᠷ᠎ᠤᠨ ᠭᠣᠤᠯᠯᠠᠨ ᠨᠠᠢᠷᠠᠭᠤᠯᠤᠭᠰᠠᠨᠮᠣᠩᠭᠤᠯ ᠤᠷᠠᠨ ᠵᠣᠬᠢᠶᠠᠯ᠎ᠤᠨ ᠳᠡᠭᠡᠵᠢ᠎ᠶᠢ ᠤᠷᠪᠠᠭᠤᠯᠤᠨ ᠦᠵᠡᠭᠰᠡᠨ᠎ᠤ ᠳᠠᠷᠠᠭ᠎ᠠ ᠳᠣᠤᠷᠠᠬᠢ ᠬᠡᠳᠦᠨ ᠰᠡᠳᠭᠢᠭᠳᠡᠯ᠎ᠲᠠᠢ᠄

  ᠨᠢᠭᠡ᠎ᠳᠤ᠂ ᠬᠦᠷᠢᠶ᠎ᠠ ᠬᠡᠪᠴᠢᠶ᠎ᠠ᠎ᠪᠠᠷ ᠶᠡᠬᠡ᠃ ᠲᠤᠰ ᠨᠣᠮ᠎ᠨᠢ ᠬᠦᠷᠢᠶ᠎ᠡ ᠬᠡᠪᠴᠢᠶ᠎ᠡ᠂ ᠠᠭᠤᠯᠭ᠎ᠠ᠂ ᠡᠰᠡᠭᠦᠯ᠎ᠡ ᠱᠢᠰᠲᠸᠮᠲᠤ ᠴᠢᠨᠠᠷ᠎ᠤᠨ ᠲᠠᠯ᠎ᠠ᠎ᠪᠡᠷ ᠪᠦᠷ ᠤᠤᠯ᠎ᠤᠨ ᠶᠠᠮᠠᠷᠪᠠ ᠪᠦᠳᠦᠬᠡᠯ᠎ᠡᠴᠡ ᠳᠠᠪᠠᠭᠰᠠᠨ ᠪᠠᠢᠨ᠎ᠠ᠃

  ᠬᠤᠶᠠᠷ᠎ᠲᠤ᠂ ᠠᠭᠤᠯᠭ᠎ᠠ᠎ᠪᠡᠷ ᠪᠦᠷᠢᠨ ᠪᠦᠲᠦᠨ᠃ ᠴᠠᠭ ᠬᠤᠭᠤᠴᠠᠭᠠᠨ᠎ᠤ ᠲᠠᠯ᠎ᠠ᠎ᠪᠠᠷ ᠮᠣᠩᠭᠤᠯ ᠤᠷᠠᠨ ᠵᠣᠬᠢᠶᠠᠯ᠎ᠤᠨ ᠲᠡᠦᠬᠡᠨ ᠬᠦᠭᠵᠢᠯᠲᠠ᠎ᠶᠢ ᠬᠠᠷᠠᠭᠤᠯᠵᠤ᠂ ᠠᠳᠠᠯᠢ ᠪᠤᠰᠤ ᠲᠡᠦᠬᠡᠨ ᠴᠠᠭ ᠦᠶ᠎ᠡ᠎ᠶᠢᠨ ᠪᠦᠲᠦᠭᠡᠯ᠎ᠢ ᠬᠠᠮᠤᠷᠤᠭᠰᠠᠨ ᠪᠠᠢᠨ᠎ᠠ᠃ ᠣᠷᠤᠨ ᠵᠠᠢ᠎ᠶᠢᠨ ᠲᠠᠯ᠎ᠠ᠎ᠪᠠᠷ ᠮᠣᠩᠭᠤᠯ ᠤᠷᠠᠨ ᠵᠣᠬᠢᠶᠠᠯ᠎ᠤᠨ ᠵᠣᠬᠢᠶᠠᠨ ᠪᠦᠲᠦᠭᠡᠯᠭᠡ ᠪᠠ ᠳᠠᠮᠵᠢᠭᠤᠯᠭ᠎ᠠ᠎ᠶᠢᠨ ᠪᠦᠬᠦᠢᠯᠡ ᠣᠷᠤᠨ ᠪᠦᠰᠡ᠎ᠶᠢ ᠬᠠᠮᠤᠷᠴᠠᠢ᠂ ᠣᠨᠴᠠᠭᠠᠢᠯᠠᠨ ᠠᠷᠠᠳ᠎ᠤᠨ ᠤᠳᠭ᠎ᠠ ᠵᠣᠬᠢᠶᠠᠯ᠎ᠤᠨ ᠪᠦᠲᠦᠭᠡᠯ᠎ᠢ ᠰᠤᠩᠭᠤᠬᠤ᠎ᠳᠤ᠎ᠪᠠᠨ ᠳᠤᠮᠳᠠᠳᠤ ᠮᠣᠩᠭᠤᠯ᠂ ᠣᠷᠤᠰ ᠵᠡᠷᠭᠡ ᠳᠡᠯᠡᠬᠡᠢ᠎ᠶᠢᠨ ᠬᠡᠪᠴᠢᠶᠡᠨ᠎ᠳᠡᠬᠢ ᠮᠣᠩᠭᠤᠯ ᠦᠨᠳᠦᠰᠦᠲᠡᠨ ᠲᠥᠪᠯᠡᠷᠡᠨ ᠰᠠᠭᠤᠷᠢᠱᠢᠭᠰᠠᠨ ᠭᠠᠵᠠᠷ ᠣᠷᠤᠨ᠎ᠢ ᠪᠠᠭᠲᠠᠭᠠᠭᠰᠠᠨ ᠪᠠᠢᠨ᠎ᠠ᠃

  ᠭᠤᠷᠪᠠ᠎ᠳᠤ᠂ ᠤᠷᠠᠨ ᠵᠣᠬᠢᠶᠠᠯ᠎ᠤᠨ ᠲᠡᠦᠬᠡ᠎ᠶᠢᠨ ᠤᠬᠠᠮᠰᠠᠷ ᠴᠢᠩᠭ᠎ᠠ᠃ ᠲᠤᠰ ᠨᠣᠮ᠎ᠨᠢ ᠰᠲ᠋ᠢᠯᠢ ᠪᠦᠷᠢ᠎ᠶᠢᠨ ᠠᠳᠠᠯᠢ ᠪᠤᠰᠤ ᠲᠡᠦᠬᠡᠨ ᠱᠠᠲᠤ ᠦᠶ᠎ᠡ᠎ᠳᠡᠬᠢ ᠲᠥᠯᠦᠭᠡᠯᠡᠬᠦ ᠴᠢᠨᠠᠷ᠎ᠲᠠᠢ ᠪᠦᠲᠦᠭᠡᠯ᠎ᠢ ᠰᠣᠩᠭᠤᠨ ᠣᠷᠤᠭᠤᠯᠬᠤ᠎ᠶᠢ ᠣᠨᠴᠠᠭᠠᠢᠯᠠᠨ ᠠᠩᠬᠠᠷᠤᠭᠰᠠᠨ ᠪᠠᠢᠨ᠎ᠠ᠃

  ᠳᠥᠷᠪᠡ᠎ᠳᠤ᠂ ᠰᠣᠩᠭᠤᠨ ᠨᠠᠢᠷᠠᠭᠤᠯᠬᠤ ᠵᠣᠷᠢᠯᠲᠠ᠂ ᠵᠠᠷᠴᠢᠮ᠂ ᠪᠠᠷᠢᠮᠵᠢᠶ᠎ᠠ᠎ᠨᠢ ᠪᠤᠲᠠᠲᠠᠢ᠎ᠲᠠᠢ ᠨᠡᠢᠴᠡᠪᠡ᠃

  ᠭᠡᠪᠡᠴᠦ ᠲᠤᠰ ᠴᠤᠪᠤᠷᠠᠯ ᠨᠣᠮ᠎ᠨᠢ ᠪᠠᠰᠠ ᠵᠠᠷᠢᠮ ᠲᠠᠯ᠎ᠠ᠎ᠪᠠᠷ ᠵᠢᠭᠠᠬᠠᠨ ᠬᠠᠷᠠᠮᠰᠠᠯ ᠦᠯᠡᠳᠡᠭᠰᠡᠨ ᠪᠠᠢᠨ᠎ᠠ᠃

  ᠨᠢᠭᠡ᠎ᠳᠤ᠂ ᠴᠤᠪᠤᠷᠠᠯ ᠨᠣᠮ᠎ᠤᠨ᠎ᠨᠡᠷ᠎ᠡ ᠪᠠ ᠠᠭᠤᠯᠭ᠎ᠠ ᠪᠦᠷᠢᠮᠦᠰᠦᠨ ᠶᠠᠪ ᠴᠠᠪ ᠲᠣᠬᠢᠷᠠᠭᠰᠠᠨ᠎ᠦᠭᠡᠢ᠃ ᠮᠣᠩᠭᠤᠯ ᠤᠷᠠᠨ ᠵᠣᠬᠢᠶᠠᠯ᠎ᠤᠨ ᠪᠦᠷᠢᠯᠳᠦᠴᠡ ᠮᠠᠱᠢ ᠪᠤᠳᠤᠯᠢᠶᠠᠨᠲᠠᠢ ᠪᠠᠢᠳᠠᠭ᠂ ᠡᠬᠡ ᠬᠡᠯᠡᠨ᠎ᠤ ᠤᠷᠠᠨ ᠵᠣᠬᠢᠶᠠᠯ᠎ᠠᠴᠠ ᠭᠠᠳᠠᠨ᠎ᠠ ᠪᠠᠰᠠ ᠡᠷᠲᠡ ᠦᠶ᠎ᠡ᠎ᠶᠢᠨ ᠬᠢᠲᠠᠳ ᠬᠡᠯᠡ᠂ ᠲᠥᠪᠡᠳ ᠬᠡᠯᠡ ᠪᠠ ᠰᠡᠭᠦᠯᠴᠢ᠎ᠶᠢᠨ ᠦᠶ᠎ᠡ᠎ᠶᠢᠨ ᠣᠷᠤᠰ᠂ ᠶᠠᠫᠤᠨ᠂ ᠠᠩᠭ᠌ᠯᠢ ᠬᠡᠯᠡᠨ᠎ᠤ ᠪᠦᠲᠦᠭᠡᠯ᠎ᠢ ᠪᠠᠭᠲᠠᠭᠠᠨ᠎ᠠ᠃ ᠭᠣᠤᠯ ᠨᠠᠢᠷᠠᠭᠤᠯᠤᠭᠴᠢ ᠡᠮᠦᠨᠡᠬᠢ ᠦᠭᠡ᠎ᠳᠤ᠎ᠪᠠᠨ ᠵᠦᠢᠯ ᠵᠦᠢᠯ᠎ᠦᠨ ᠱᠢᠯᠲᠠᠭᠠᠨ᠎ᠠᠴᠠ ᠡᠬᠡ ᠬᠡᠯᠡᠨ᠎ᠤ ᠪᠤᠰᠤ ᠪᠦᠲᠦᠭᠡᠯ᠎ᠢ ᠣᠷᠤᠭᠤᠯᠤᠭᠰᠠᠨ᠎ᠦᠭᠡᠢ ᠬᠡᠰᠡᠨ ᠪᠤᠯᠪᠠᠴᠦ ᠲᠤᠰ ᠴᠤᠪᠤᠷᠠᠯ ᠨᠣᠮ᠎ᠢ ᠬᠠᠷᠢᠨᠮᠣᠩᠭᠤᠯ ᠤᠷᠠᠨ ᠵᠣᠬᠢᠶᠠᠯ᠎ᠤᠨ ᠳᠡᠭᠡᠵᠢᠭᠡᠵᠤ ᠭᠠᠷᠴᠠᠭᠯᠠᠭᠰᠠᠨ ᠪᠠᠢᠨ᠎ᠠ᠃ ᠠᠭᠤᠯᠭ᠎ᠠ᠎ᠶᠢ᠎ᠨᠢ ᠦᠨᠳᠦᠰᠦᠯᠡᠪᠡᠯ ᠲᠤᠰ ᠨᠣᠮ᠎ᠢᠮᠣᠩᠭᠤᠯ ᠬᠡᠯᠡᠨ᠎ᠤ ᠤᠷᠠᠨ ᠵᠣᠬᠢᠶᠠᠯ᠎ᠤᠨ ᠳᠡᠭᠡᠵᠢᠭᠡᠪᠡᠯ ᠵᠣᠬᠢᠰᠲᠠᠢ ᠱᠢᠭ᠋᠃

  ᠬᠤᠶᠠᠷ᠎ᠲᠤ᠂ ᠠᠭᠤᠯᠭ᠎ᠠ᠎ᠶᠢᠨ ᠲᠠᠯ᠎ᠠ᠎ᠪᠠᠷ ᠵᠢᠭᠠᠬᠠᠨ ᠬᠠᠷᠠᠮᠰᠠᠯ᠎ᠲᠠᠢ᠃ ᠵᠢᠱᠢᠶᠡᠯᠡᠪᠡᠯ᠄  ᠥᠭᠦᠯᠡᠯᠭᠡ᠎ᠶᠢᠨ ᠬᠡᠰᠡᠭ᠎ᠲᠤᠮᠣᠩᠭᠤᠯ᠎ᠤᠨ ᠨᠢᠭᠤᠴᠠ ᠲᠣᠪᠴᠢᠶᠠᠨᠪᠠᠬᠠᠮᠠᠷ ᠯᠣᠳᠤᠨᠵᠡᠷᠭᠡ ᠨᠥᠯᠦᠭᠡ ᠶᠡᠬᠡᠲᠡᠢ ᠪᠦᠲᠦᠭᠡᠯ᠎ᠢ ᠣᠷᠤᠭᠤᠯᠤᠭᠰᠠᠨ᠎ᠦᠭᠡᠢ᠃

  ᠭᠤᠷᠪᠠ᠎ᠳᠤ᠂ ᠨᠠᠢᠷᠠᠭᠤᠯᠵᠤ ᠪᠠᠷᠯᠠᠭᠰᠠᠨ ᠲᠠᠯ᠎ᠠ᠎ᠪᠠᠷ ᠵᠢᠭᠠᠬᠠᠨ ᠬᠠᠷᠠᠮᠰᠠᠯ᠎ᠲᠠᠢ᠃ ᠨᠠᠢᠷᠠᠭᠤᠯᠤᠯ᠎ᠢ ᠵᠦᠢᠷ ᠰᠡᠴᠡᠨ ᠦᠭᠡ᠂ ᠣᠨᠢᠰᠤᠭ᠎ᠠ ᠳᠠᠭᠠᠪᠦᠷᠢ᠂ ᠠᠷᠠᠳ᠎ᠤᠨ ᠳᠠᠭᠤᠤ᠎ᠶᠢᠨ ᠦᠭᠡ᠎ᠶᠢᠨ ᠬᠣᠢᠨ᠎ᠠ ᠣᠷᠤᠭᠤᠯᠤᠭᠰᠠᠨ ᠪᠠᠢᠨ᠎ᠠ᠃ ᠭᠡᠪᠡᠴᠤ ᠰᠲ᠋ᠢᠯᠢ᠎ᠶᠢᠨ ᠲᠣᠮᠤ ᠠᠩᠭᠢᠯᠠᠯ᠎ᠠᠴᠠ ᠠᠪᠴᠤ ᠬᠡᠯᠡᠪᠡᠯ ᠨᠠᠢᠷᠠᠭᠤᠯᠤᠯ᠎ᠨᠢ ᠪᠢᠴᠢᠭ᠎ᠤᠨ ᠤᠷᠠᠨ ᠵᠣᠬᠢᠶᠠᠯ᠎ᠳᠤ ᠪᠠᠭᠲᠠᠵᠤ ᠪᠠᠢᠨ᠎ᠠ᠃ ᠡᠢᠮᠦ᠎ᠡᠴᠡ ᠲᠡᠭᠦᠨ᠎ᠢ ᠥᠭᠦᠯᠡᠯᠭᠡ᠎ᠶᠢᠨ ᠬᠣᠢᠨ᠎ᠠ ᠣᠷᠤᠭᠤᠯᠪᠠᠯ ᠵᠣᠬᠢᠰᠲᠠᠢ ᠱᠢᠭ᠋᠃

  ᠰᠡᠴᠡᠨᠪᠠᠲᠤ (ᠳᠤᠮᠳᠠᠳᠤ ᠤᠯᠤᠰ᠎ᠤᠨ ᠨᠡᠢᠭᠡᠮ᠎ᠦᠨ ᠱᠢᠨᠵᠢᠯᠡᠬᠦ ᠤᠬᠠᠭᠠᠨ᠎ᠤ ᠠᠺᠠᠲᠧᠮᠢ᠎ᠶᠢᠨ ᠦᠨᠳᠦᠰᠦᠲᠡᠨ᠎ᠤ ᠤᠳᠭ᠎ᠠ ᠵᠣᠬᠢᠶᠠᠯ ᠰᠤᠳᠤᠯᠬᠤ ᠬᠦᠷᠢᠶᠡᠯᠡᠩ᠎ᠦᠨ ᠮᠣᠩᠭᠤᠯ ᠤᠳᠭ᠎ᠠ ᠵᠣᠬᠢᠶᠠᠯ ᠰᠤᠳᠤᠯᠬᠤ ᠰᠠᠯᠪᠦᠷᠢ᠎ᠶᠢᠨ ᠡᠷᠬᠢᠯᠡᠭᠴᠢ)᠄

   《ᠮᠣᠩᠭᠤᠯ ᠤᠷᠠᠨ ᠵᠣᠬᠢᠶᠠᠯ᠎ᠤᠨ ᠳᠡᠭᠡᠵᠢ᠎ᠨᠢ ᠮᠣᠩᠭᠤᠯ ᠤᠷᠠᠨ ᠵᠣᠬᠢᠶᠠᠯ᠎ᠤᠨ ᠲᠤᠬᠠᠢ ᠦᠵᠡᠯᠲᠡ ᠲᠠᠨᠢᠯᠲᠠ᠂ ᠮᠣᠩᠭᠤᠯ ᠤᠷᠠᠨ ᠵᠣᠬᠢᠶᠠᠯ᠎ᠤᠨ ᠰᠤᠳᠤᠯᠤᠯ᠎ᠤᠨ ᠠᠳᠠᠯᠢ ᠪᠤᠰᠤ ᠦᠶ᠎ᠡ ᠱᠠᠲᠤ᠎ᠶᠢᠨ ᠳᠦᠷᠬᠦ ᠪᠠᠢᠳᠠᠯ᠂ ᠮᠣᠩᠭᠤᠯ ᠤᠷᠠᠨ ᠵᠣᠬᠢᠶᠠᠯ᠎ᠤᠨ ᠰᠤᠳᠤᠯᠤᠯ᠎ᠤᠨ ᠡᠬᠡ ᠬᠡᠷᠡᠭᠯᠡᠭᠳᠡᠬᠦᠨ᠎ᠢ ᠠᠭᠤᠳᠠᠯᠤᠨ ᠢᠯᠡᠷᠡᠬᠦᠯᠵᠤ᠂ ᠤᠯᠠᠨ᠎ᠤ ᠬᠦᠷᠳᠡᠰ ᠪᠣᠯᠭᠠᠨ ᠰᠤᠳᠤᠯᠤᠯ᠎ᠤᠨ ᠬᠦᠷᠢᠶᠡᠨ᠎ᠡ ᠣᠷᠤᠭᠤᠯᠵᠤ ᠢᠷᠡᠭᠰᠡᠨ ᠲᠡᠦᠬᠡᠨ ᠬᠥᠭᠵᠢᠯᠲᠡ᠎ᠶᠢᠨ ᠪᠠᠢᠳᠠᠯ᠎ᠤᠨ ᠶᠡᠷᠦᠩᠬᠡᠢ ᠲᠥᠯᠦᠪ᠎ᠢ ᠬᠠᠷᠠᠭᠤᠯᠤᠭᠰᠠᠨ᠎ᠶᠤᠮ᠃ ᠡᠢᠮᠦ ᠨᠢᠭᠡᠨ ᠬᠥᠭᠵᠢᠯ᠎ᠦᠨ ᠦᠶ᠎ᠡ ᠱᠠᠲᠤ ᠳᠣᠲᠤᠷ᠎ᠠ ᠰᠡᠴᠡᠨᠮᠦ᠋ᠩᠬᠡ ᠫᠷᠤᠹᠧᠰᠰᠤᠷ᠎ᠤᠨ ᠭᠣᠤᠯᠯᠠᠨ ᠨᠠᠢᠷᠠᠭᠤᠯᠤᠭᠰᠠᠨᠮᠣᠩᠭᠤᠯ ᠤᠷᠠᠨ ᠵᠣᠬᠢᠶᠠᠯ᠎ᠤᠨ ᠳᠡᠭᠡᠵᠢ᠎ᠶᠢ ᠲᠠᠯᠪᠢᠵᠤ ᠬᠠᠷᠢᠴᠠᠭᠤᠯᠵᠤ ᠦᠵᠡᠪᠡᠯ ᠲᠡᠭᠦᠨ᠎ᠤ ᠣᠨᠴᠠᠯᠢᠭ ᠱᠢᠨᠵᠢ ᠠᠴᠢ ᠬᠣᠯᠪᠤᠭᠳᠠᠯ ᠪᠠᠢᠷᠢ ᠰᠠᠭᠤᠷᠢ᠎ᠨᠢ ᠲᠤᠲᠤᠷᠬᠠᠢ ᠪᠣᠯᠤᠨ᠎ᠠ᠃ ᠣᠨᠴᠠᠯᠢᠭ᠎ᠢ᠎ᠨᠢ ᠭᠣᠤᠯᠳᠠᠭᠤ ᠳᠥᠷᠪᠡᠨ ᠲᠠᠯ᠎ᠠ᠎ᠪᠠᠷ ᠬᠤᠷᠢᠶᠠᠩᠭᠤᠢᠯᠠᠵᠤ ᠪᠣᠯᠤᠨ᠎ᠠ᠃

  1. ᠨᠡᠢᠲᠡ ᠮᠣᠩᠭᠤᠯ᠎ᠤᠨ ᠵᠢᠩᠬᠢᠨᠢ ᠤᠷᠠᠨ ᠵᠣᠬᠢᠶᠠᠯ᠎ᠤᠨ ᠪᠦᠬᠦᠢᠯᠡ ᠲᠥᠷᠦᠯ ᠵᠦᠢᠯ᠎ᠢ ᠬᠠᠮᠤᠷᠤᠭᠰᠠᠨ ᠪᠠ ᠲᠥᠷᠦᠯ ᠵᠦᠢᠯ᠎ᠢᠶᠡᠷ᠎ᠨᠢ ᠴᠡᠭᠴᠡᠯᠡᠨ ᠦᠵᠡᠭᠦᠯᠦᠭᠰᠡᠨ ᠠᠪᠤᠷᠭᠤ ᠪᠦᠲᠦᠭᠡᠯ ᠪᠣᠯᠵᠠᠢ᠃ 26 ᠲᠣᠮᠤ ᠲᠥᠷᠦᠯ ᠠᠩᠭᠢᠯᠠᠯ᠎ᠠᠴᠠ 1000 ᠭᠠᠷᠤᠢ ᠵᠣᠬᠢᠶᠠᠯ᠎ᠢ ᠰᠣᠩᠭᠤᠨ ᠣᠷᠤᠭᠤᠯᠤᠭᠰᠠᠨ᠎ᠨᠢ ᠵᠠᠭᠤᠨ ᠪᠢᠯᠢᠭ᠎ᠠᠴᠠ ᠬᠡᠮᠵᠢᠶ᠎ᠡ᠎ᠪᠡᠷ ᠨᠡᠩ ᠥᠷᠭᠡᠨ᠂ ᠠᠭᠤᠯᠭ᠎ᠠ ᠪᠠᠭᠲᠠᠭᠠᠮᠵᠢ᠎ᠪᠠᠷ ᠨᠡᠩ ᠶᠡᠬᠡ ᠪᠣᠯᠤᠭᠰᠠᠨ᠎ᠶᠤᠮ᠃

  2.ᠮᠣᠩᠭᠤᠯ ᠤᠷᠠᠨ ᠵᠣᠬᠢᠶᠠᠯ᠎ᠤᠨ ᠳᠡᠭᠡᠵᠢ᠎ᠨᠢ ᠳᠤᠮᠳᠠᠳᠤ ᠤᠯᠤᠰ᠎ᠤᠨ ᠮᠣᠩᠭᠤᠯ ᠤᠷᠠᠨ ᠵᠣᠬᠢᠶᠠᠯ᠎ᠤᠨ ᠪᠠᠢᠳᠠᠯ᠂ ᠢᠯᠠᠩᠭᠤᠶ᠎ᠠ ᠪᠦᠭᠦᠲᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ᠎ᠠᠴᠠ ᠨᠠᠭᠠᠱᠢᠬᠢ ᠳᠤᠮᠳᠠᠳᠤ ᠤᠯᠤᠰ᠎ᠤᠨ ᠮᠣᠩᠭᠤᠯ ᠤᠷᠠᠨ ᠵᠣᠬᠢᠶᠠᠯ᠎ᠤᠨ ᠬᠥᠭᠵᠢᠯ᠎ᠦᠨ ᠳᠦᠷᠢ ᠲᠥᠯᠦᠪ᠎ᠢ ᠭᠦᠢᠴᠡᠳ ᠬᠠᠷᠠᠭᠤᠯᠤᠭᠰᠠᠨ ᠤᠴᠢᠷ᠎ᠠᠴᠠ ᠣᠨᠴᠠᠯᠢᠭ᠎ᠲᠠᠢ ᠪᠣᠯᠵᠤ ᠪᠠᠢᠨ᠎ᠠ᠃

  3. ᠪᠢᠴᠢᠭ᠎ᠤᠨ ᠤᠷᠠᠨ ᠵᠣᠬᠢᠶᠠᠯ ᠪᠣᠯᠤᠨ ᠠᠮᠠᠨ ᠵᠣᠬᠢᠶᠠᠯ᠎ᠤᠨ ᠪᠦᠲᠦᠭᠡᠯ᠎ᠦ᠋ᠳ᠎ᠢ ᠠᠳᠠᠯᠢ ᠬᠡᠮᠵᠢᠶ᠎ᠡ᠎ᠪᠠᠷ ᠣᠷᠤᠭᠤᠯᠤᠭᠰᠠᠨ ᠪᠠᠢᠨ᠎ᠠ᠃

  4. ᠡᠨᠡ᠎ᠬᠦ ᠪᠦᠲᠦᠭᠡᠯ᠎ᠨᠢ ᠤᠷᠢᠳᠤᠬᠢ ᠠᠳᠠᠯᠢ ᠪᠤᠰᠤ ᠤᠯᠤᠰ ᠣᠷᠤᠨ᠂ ᠠᠳᠠᠯᠢ ᠪᠤᠰᠤ ᠴᠠᠭ ᠦᠶ᠎ᠡ᠎ᠳᠤ ᠬᠡᠪᠯᠡᠭᠳᠡᠨ ᠨᠡᠢᠳᠡᠯᠡᠭᠳᠡᠭᠰᠡᠨ ᠵᠣᠬᠢᠶᠠᠯ᠎ᠢ ᠲᠡᠭᠦᠪᠦᠷᠢᠯᠡᠨ ᠠᠪᠴᠦ ᠨᠢᠭᠡᠳᠭᠡᠨ ᠬᠡᠪᠯᠡᠭᠰᠡᠨ᠎ᠢᠶᠡᠷ᠎ᠢᠶᠡᠨ ᠣᠨᠴᠠᠯᠢᠭ᠎ᠲᠠᠢ᠎ᠶᠤᠮ᠃

   《ᠮᠣᠩᠭᠤᠯ ᠤᠷᠠᠨ ᠵᠣᠬᠢᠶᠠᠯ᠎ᠤᠨ ᠳᠡᠭᠡᠵᠢᠶᠢᠨ ᠬᠡᠪᠯᠡᠭᠳᠡᠭᠰᠡᠨ᠎ᠨᠢ ᠮᠠᠱᠢ ᠴᠢᠬᠤᠯᠠ ᠠᠴᠢ ᠬᠣᠯᠪᠤᠭᠳᠠᠯ᠎ᠲᠠᠢ᠃

  1. ᠮᠣᠩᠭᠤᠯ ᠤᠷᠠᠨ ᠵᠣᠬᠢᠶᠠᠯ᠎ᠤᠨ ᠰᠤᠳᠤᠯᠤᠯ᠎ᠢ ᠬᠥᠭᠵᠢᠭᠦᠯᠦᠨ ᠠᠬᠢᠭᠤᠯᠬᠤ ᠦᠢᠯᠡᠳᠦᠯ ᠠᠴᠢ ᠬᠣᠯᠪᠤᠭᠳᠠᠯ᠎ᠲᠠᠢ ᠪᠠᠢᠳᠠᠭ᠃ ᠮᠣᠩᠭᠤᠯ ᠤᠷᠠᠨ ᠵᠣᠬᠢᠶᠠᠯ᠎ᠤᠨ ᠳᠡᠭᠡᠵᠢ᠎ᠨᠢ ᠱᠢᠨ᠎ᠡ ᠴᠠᠭ ᠦᠶ᠎ᠡ ᠱᠢᠨ᠎ᠡ ᠬᠥᠭᠵᠢᠯ᠎ᠦᠨ ᠲᠦᠪᠱᠢᠨ ᠳᠡᠭᠡᠷ᠎ᠡ ᠮᠣᠩᠭᠤᠯ ᠤᠷᠠᠨ ᠵᠣᠬᠢᠶᠠᠯ ᠰᠤᠳᠤᠯᠤᠯ᠎ᠢ ᠤᠯᠠᠨ ᠥᠨᠳᠦᠷ ᠱᠠᠲᠤᠨ᠎ᠳᠤ ᠲᠦᠯᠬᠢᠨ ᠠᠬᠢᠭᠤᠯᠬᠤ ᠪᠣᠯᠤᠨ᠎ᠠ᠃

  2. ᠲᠤᠰ ᠪᠦᠲᠦᠭᠡᠯ᠎ᠨᠢ ᠲᠤᠮᠳᠠᠳᠤ ᠤᠯᠤᠰ᠎ᠲᠤ ᠮᠣᠩᠭᠤᠯ ᠤᠷᠠᠨ ᠵᠣᠬᠢᠶᠠᠯ᠎ᠤᠨ ᠡᠷᠲᠡᠨ ᠡᠳᠦᠭᠡ ᠳᠤᠲᠤᠭᠠᠲᠤ ᠭᠠᠳᠠᠭᠠᠲᠤ᠎ᠶᠢᠨ ᠬᠥᠭᠵᠢᠯ᠎ᠦᠨ ᠲᠡᠦᠬᠡ᠎ᠶᠢ ᠬᠠᠷᠠᠭᠤᠯᠤᠭᠰᠠᠨᠮᠣᠩᠭᠤᠯ ᠤᠷᠠᠨ ᠵᠣᠬᠢᠶᠠᠯ᠎ᠤᠨ ᠳᠡᠭᠡᠵᠢᠶᠡᠷᠦ᠎ᠡᠴᠡ ᠭᠠᠷᠤᠭ᠎ᠠ᠎ᠦᠭᠡᠢ ᠪᠠᠢᠭᠰᠠᠨ ᠬᠣᠭᠤᠰᠤᠨ᠎ᠢ ᠨᠥᠬᠦᠪᠦᠷᠢᠯᠡᠵᠦ᠂ ᠢᠯᠠᠩᠭᠤᠶ᠎ᠠ ᠲᠤᠮᠳᠠᠳᠤ ᠤᠯᠤᠰ᠎ᠤᠨ ᠮᠣᠩᠭᠤᠯ ᠤᠷᠠᠨ ᠵᠣᠬᠢᠶᠠᠯ᠎ᠤᠨ ᠬᠥᠭᠵᠢᠯ᠎ᠦᠨ ᠪᠠᠢᠳᠠᠯ ᠲᠦᠷᠢ ᠳᠦᠷᠬᠦ᠎ᠶᠢ ᠳᠡᠯᠡᠬᠡᠢ ᠳ᠋ᠠᠬᠢᠨ᠎ᠠ ᠬᠠᠷᠠᠭᠤᠯᠤᠭᠰᠠᠨ ᠬᠦᠨᠳᠦ ᠴᠢᠬᠤᠯᠠ ᠠᠴᠢ ᠬᠣᠯᠪᠤᠭᠳᠠᠯ᠎ᠲᠠᠢ᠎ᠶᠤᠮ᠃

  3. ᠲᠤᠰ ᠳᠡᠭᠡᠵᠢ ᠪᠢᠴᠢᠭ᠎ᠨᠢ ᠪᠠᠰᠠ ᠮᠠᠨ᠎ᠤ ᠨᠠᠮ ᠵᠠᠰᠠᠭ᠎ᠤᠨ ᠲᠥᠷᠦ᠎ᠶᠢᠨ ᠪᠣᠳᠤᠯᠭ᠎ᠠ᠎ᠶᠢᠨ ᠦᠷ᠎ᠠ ᠪᠦᠲᠦᠭᠡᠯ᠎ᠢ ᠰᠤᠷᠲᠠᠯᠴᠢᠯᠠᠬᠤ᠂ ᠳᠤᠮᠳᠠᠳᠤ᠎ᠶᠢᠨ ᠦᠨᠳᠦᠰᠦᠲᠡᠨ᠎ᠤ ᠰᠣᠶᠤᠯ᠎ᠤᠨ ᠬᠠᠮᠲᠤ᠎ᠶᠢᠨ ᠲᠠᠨᠢᠯᠲᠠ᠎ᠶᠢ ᠳᠡᠭᠡᠭᠱᠢᠯᠡᠭᠦᠯᠬᠦ᠂ ᠡᠭᠦᠨ᠎ᠤ ᠤᠯᠠᠮ᠎ᠠᠴᠠ ᠶᠡᠷᠦᠩᠬᠡᠢ ᠱᠦᠵᠢ ᠰᠢ᠎ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠪᠤᠳᠠᠳᠤ ᠠᠵᠢᠯᠯᠠᠭ᠎ᠠ᠎ᠪᠠᠷ ᠲᠤᠭᠤᠱᠢᠯᠠᠭᠤᠯᠤᠨ ᠬᠡᠷᠡᠭᠵᠢᠭᠦᠯᠦᠭᠰᠡᠨ ᠬᠦᠨᠳᠦ ᠴᠢᠬᠤᠯᠠ ᠤᠯᠤᠰ ᠲᠥᠷᠦ᠎ᠶᠢᠨ ᠠᠴᠢ ᠬᠣᠯᠪᠤᠭᠳᠠᠯ᠎ᠲᠠᠢ᠎ᠶᠤᠮ᠃

  4.ᠮᠣᠩᠭᠤᠯ ᠤᠷᠠᠨ ᠵᠣᠬᠢᠶᠠᠯ᠎ᠤᠨ ᠳᠡᠭᠡᠵᠢᠠᠷᠠᠳ ᠲᠦᠮᠡᠨ᠎ᠤ ᠬᠡᠷᠡᠭᠴᠡᠭᠡ ᠱᠠᠭᠠᠷᠳᠠᠯᠭ᠎ᠠ᠎ᠶᠢ ᠬᠠᠩᠭᠠᠬᠤ᠂ ᠰᠣᠶᠤᠯ᠎ᠤᠨ ᠬᠢᠷᠢ ᠲᠦᠪᠱᠢᠨ᠎ᠢ ᠳᠡᠭᠡᠭᠱᠢᠯᠡᠭᠦᠯᠬᠦ᠎ᠳᠤ ᠴᠢᠬᠤᠯᠠ ᠠᠴᠢ ᠬᠣᠯᠪᠤᠭᠳᠠᠯ᠎ᠲᠠᠢ᠎ᠶᠤᠮ᠃

                        ᠥᠪᠦᠷ ᠮᠣᠩᠭᠤᠯ᠎ᠤᠨ ᠡᠳᠦᠷ᠎ᠦᠨ ᠰᠣᠨᠢᠨ᠎ᠠᠴᠠ ᠱᠢᠯᠵᠢᠭᠦᠯᠦᠨ ᠨᠡᠢᠳᠡᠯᠡᠪᠡ

                              ᠰᠤᠷᠪᠤᠯᠵᠢᠯᠠᠭᠴᠢ᠄ ᠪᠤᠷᠮ᠎ᠠ

 

 

 

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604