ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠭᠤᠷᠪᠠᠨ ᠲᠥᠷᠦᠯ᠎ᠦᠨ ᠬᠢᠴᠢᠶᠡᠯ᠎ᠦᠨ ᠨᠢᠭᠡᠳᠤᠯᠳᠠᠢ ᠵᠢᠭᠠᠬᠤ ᠮᠠᠲᠧᠷᠢᠶᠠᠯ᠎ᠢ ᠱᠢᠨ᠎ᠡ ᠬᠤᠭᠤᠴᠠᠭ᠎ᠠ᠎ᠡᠴᠡ ᠪᠤᠢ ᠪᠦᠬᠦᠢ ᠣᠨ᠎ᠳᠤ ᠬᠡᠷᠡᠭᠯᠡᠨ᠎ᠠ
2019.09.02

  2019 ᠣᠨ᠎ᠤ 8 ᠰᠠᠷ᠎ᠠ᠎ᠶᠢᠨ 27᠎ᠤ ᠡᠳᠦᠷ ᠰᠤᠷᠭᠠᠨ ᠬᠥᠮᠦᠵᠢᠯ᠎ᠦᠨ ᠶᠠᠮᠤᠨ᠎ᠡᠴᠡ ᠣᠢᠯᠠᠭᠠᠭᠰᠠᠨ᠎ᠢᠶᠠᠷ᠂ 2017 ᠣᠨ᠎ᠤ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠶᠤᠰᠦ ᠰᠤᠷᠳᠠᠬᠤᠨ ᠬᠢᠭᠡᠳ ᠬᠠᠤᠯᠢ᠎ᠪᠠᠷ ᠵᠠᠰᠠᠬᠤᠢ᠂ ᠬᠡᠯᠡ ᠪᠢᠴᠢᠭ᠂ ᠲᠡᠤᠬᠡ᠎ᠶᠢᠨ ᠨᠢᠬᠡᠳᠤᠯᠳᠠᠢ ᠨᠠᠢᠷᠠᠭᠤᠯᠤᠭᠰᠠᠨ ᠵᠢᠭᠠᠬᠤ ᠮᠠᠲᠧᠷᠢᠶᠠᠯ᠎ᠢ ᠪᠥᠬᠦ ᠤᠯᠤᠰ᠎ᠤᠨ ᠪᠠᠭ᠎ᠠ ᠰᠤᠷᠭᠠᠭᠤᠯᠢ ᠪᠠ ᠠᠩᠬ᠎ᠠ ᠵᠡᠷᠭᠡ᠎ᠶᠢᠨ ᠳᠤᠮᠳᠠᠳᠦ ᠰᠤᠷᠭᠠᠭᠤᠯᠢ᠎ᠶᠢᠨ ᠨᠢᠭᠡᠳᠦᠭᠡᠷ ᠣᠨ᠎ᠡᠴᠡ ᠡᠬᠢᠯᠡᠵᠤ ᠨᠢᠭᠡᠳᠤᠯᠳᠠᠢ ᠬᠡᠷᠡᠭᠯᠡᠪᠠ᠂ ᠡᠨᠡ ᠵᠢᠯ᠎ᠦᠨ ᠨᠠᠮᠤᠷ᠎ᠤᠨ ᠰᠤᠷᠤᠯᠭ᠎ᠠ᠎ᠶᠢᠨ ᠬᠤᠭᠤᠴᠠᠭ᠎ᠠ᠎ᠡᠴᠡ ᠪᠤᠢ ᠪᠦᠬᠦᠢ ᠣᠨ᠎ᠳᠤ ᠬᠡᠷᠡᠭᠯᠡᠨ᠎ᠠ᠃

  ᠰᠤᠷᠭᠠᠨ ᠬᠥᠮᠦᠵᠢᠯ᠎ᠦᠨ ᠶᠠᠮᠤᠨ᠎ᠤ ᠵᠢᠭᠠᠬᠤ ᠮᠠᠲᠧᠷᠢᠶᠠᠯ᠎ᠤᠨ ᠲᠣᠪᠴᠢᠶᠠᠨ᠎ᠤ ᠳᠡᠳ ᠳᠠᠷᠤᠭ᠎ᠠ ᠯᠢᠤ ᠬᠣᠩ ᠵᠢᠢᠸ᠎ᠶᠢᠨ ᠲᠠᠨᠢᠯᠴᠠᠭᠤᠯᠤᠭᠰᠠᠨ᠎ᠢᠶᠠᠷ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠭᠤᠷᠪᠠᠨ ᠲᠥᠷᠦᠯ᠎ᠦᠨ ᠬᠢᠴᠢᠶᠡᠯ᠎ᠦᠨ ᠵᠢᠭᠠᠬᠤ ᠮᠠᠲᠧᠷᠢᠶᠠᠯ᠎ᠢ ᠡᠬᠢᠯᠡᠵᠤ ᠬᠡᠷᠡᠭᠵᠢᠭᠦᠯᠦᠭᠰᠡᠨ᠎ᠦ ᠳᠠᠷᠠᠭ᠎ᠠ᠂ ᠰᠤᠷᠭᠠᠨ ᠬᠥᠮᠦᠵᠢᠯ᠎ᠦᠨ ᠶᠠᠮᠤᠨ ᠪᠥᠬᠦ ᠶᠠᠪᠤᠴᠠ᠂ ᠥᠷᠭᠡᠨ ᠬᠡᠪᠴᠢᠶᠡᠨ᠎ᠳᠦ ᠵᠢᠭᠠᠬᠤ ᠮᠠᠲᠧᠷᠢᠶᠠᠯ᠎ᠤᠨ ᠬᠡᠷᠡᠭᠯᠡᠯᠳᠠ᠎ᠶᠢ ᠮᠥᠷᠳᠡᠨ ᠣᠢᠯᠠᠭᠠᠬᠤ ᠳᠤᠭᠳᠠᠴᠠ᠎ᠶᠢ ᠪᠠᠢᠭᠤᠯᠪᠠ᠃ ᠨᠢᠭᠡ ᠲᠠᠯ᠎ᠠ᠎ᠪᠠᠷ᠂ ᠰᠤᠷᠤᠯᠭ᠎ᠠ᠎ᠶᠢᠨ ᠬᠤᠭᠤᠴᠠᠭ᠎ᠠ ᠪᠦᠷᠢ᠎ᠳᠤ ᠨᠠᠢᠷᠠᠭᠤᠯᠤᠨ ᠪᠢᠴᠢᠬᠦ ᠳᠤᠭᠤᠢᠯᠠᠩ᠎ᠢ ᠵᠣᠬᠢᠶᠠᠨ ᠪᠠᠢᠭᠤᠯᠵᠤ ᠡᠮᠦᠨ᠎ᠠ ᠹᠷᠤᠨᠲ᠎ᠲᠤ ᠬᠦᠷᠴᠦ ᠮᠥᠷᠳᠡᠯ ᠰᠤᠷᠪᠤᠯᠵᠢᠯᠠᠭ᠎ᠠ ᠬᠢᠵᠤ᠂ ᠬᠢᠴᠢᠶᠡᠯ᠎ᠦᠨ ᠲᠠᠩᠬᠢᠮ᠎ᠳᠤ ᠬᠢᠴᠢᠶᠡᠯ ᠰᠣᠨᠤᠰᠭᠤ᠂ ᠪᠠᠭᠱᠢ ᠰᠤᠷᠤᠭᠴᠢᠳ᠎ᠲᠠᠢ ᠶᠠᠷᠢᠯᠴᠠᠬᠤ᠂ ᠪᠠᠢᠴᠠᠭᠠᠨ ᠠᠰᠠᠭᠤᠬᠤ ᠵᠡᠷᠭᠡ ᠬᠡᠯᠪᠡᠷᠢ᠎ᠪᠡᠷ ᠵᠢᠭᠠᠬᠤ ᠮᠠᠲᠧᠷᠢᠶᠠᠯ᠎ᠤᠨ ᠬᠡᠷᠡᠭᠯᠡᠯᠲᠡ᠎ᠶᠢᠨ ᠪᠠᠢᠳᠠᠯ᠎ᠢ ᠪᠤᠳᠠᠳᠠᠢ ᠣᠢᠯᠠᠭᠠᠪᠠ; ᠨᠥᠭᠦᠭᠡ ᠲᠠᠯ᠎ᠠ᠎ᠪᠠᠷ᠂ ᠰᠦᠯᠵᠢᠶᠡᠨ ᠳᠡᠭᠡᠷᠡᠬᠢ ᠪᠠ ᠰᠦᠯᠵᠢᠶᠡᠨ᠎ᠡᠴᠡ ᠭᠠᠳᠠᠭᠤᠷᠬᠢ ᠰᠠᠨᠠᠯ ᠬᠤᠷᠢᠶᠠᠬᠤ ᠳᠠᠪᠴᠠᠩ᠎ᠢᠶᠠᠷ ᠳᠠᠮᠵᠢᠭᠤᠯᠵᠤ᠂ ᠡᠯ᠎ᠠ ᠲᠠᠯ᠎ᠠ᠎ᠶᠢᠨ ᠰᠠᠨᠠᠯ ᠰᠠᠨᠠᠭᠤᠯᠭ᠎ᠠ᠎ᠶᠢ ᠬᠦᠯᠢᠶᠡᠨ ᠠᠪᠴᠠᠢ᠃

  ᠮᠥᠷᠳᠡᠨ ᠣᠢᠯᠠᠭᠠᠭᠰᠠᠨ ᠪᠠᠢᠳᠠᠯ᠎ᠡᠴᠡ ᠦᠵᠡᠪᠡᠯ᠂ ᠪᠠᠭᠱᠢ ᠰᠤᠷᠤᠭᠴᠢᠳ ᠵᠢᠭᠠᠬᠤ ᠮᠠᠲᠧᠷᠢᠶᠠᠯ᠎ᠤᠨ ᠪᠦᠬᠦᠯᠢ ᠴᠣᠭᠴᠠ᠎ᠳᠤ ᠨᠠᠯᠢᠶᠡᠳ ᠰᠠᠳᠬᠢᠯ ᠬᠠᠨᠤᠮᠵᠢᠲᠠᠢ ᠪᠠᠢᠨ᠎ᠠ᠂ 90% ᠱᠢᠬᠠᠮ᠎ᠤᠨ ᠰᠤᠷᠤᠭᠴᠢ ᠱᠢᠨ᠎ᠡ ᠵᠢᠭᠠᠬᠤ ᠮᠠᠲᠧᠷᠢᠶᠠᠯ᠎ᠢ ᠬᠦᠷᠢᠶᠡᠯᠡᠵᠤ᠂ ᠵᠢᠭᠠᠬᠤ ᠮᠠᠲᠧᠷᠢᠶᠠᠯ᠎ᠤᠨ ᠠᠭᠤᠯᠭ᠎ᠠ᠎ᠨᠢ ᠪᠠᠶᠠᠯᠢᠭ ᠪᠥᠭᠡᠳ ᠰᠣᠨᠢᠷᠬᠠᠯ᠎ᠲᠠᠢ᠂ ᠬᠡᠯᠡ ᠬᠡᠯᠡᠯᠭᠡ᠎ᠨᠢ ᠢᠷᠠᠭᠤ ᠰᠠᠢᠬᠠᠨ᠂ ᠵᠢᠷᠤᠭ ᠦᠰᠦᠭ᠎ᠢ ᠬᠣᠤᠰᠯᠠᠭᠤᠯᠵᠤ᠂ ᠰᠡᠩᠬᠡᠷᠡᠭᠦᠯᠦᠨ ᠪᠤᠳᠤᠯᠬᠢᠯᠠᠭᠤᠯᠤᠨ᠎ᠠ ᠬᠡᠵᠤ ᠦᠵᠠᠪᠠ; ᠪᠠᠭᠱᠢ᠎ᠨᠠᠷ᠎ᠤᠨ ᠵᠢᠭᠠᠬᠤ ᠮᠠᠲᠧᠷᠢᠶᠠᠯ᠎ᠳᠤ ᠬᠠᠨᠤᠮᠵᠢᠳᠠᠢ ᠪᠠᠢᠬᠤ ᠬᠡᠮᠵᠢᠶ᠎ᠠ᠎ᠨᠢ 92%᠎ᠲᠤ ᠬᠦᠷᠴᠦ᠂ ᠵᠢᠭᠠᠬᠤ ᠮᠠᠲᠧᠷᠢᠶᠠᠯ᠎ᠤᠨ ᠦᠵᠡᠯ ᠰᠠᠨᠠᠭ᠎ᠠ ᠵᠤᠷᠢᠯᠳᠠ᠎ᠨᠢ ᠥᠨᠳᠦᠷ᠂ ᠥᠷᠳᠡᠭ᠎ᠤᠨ ᠵᠢᠯᠤᠭᠤᠳᠤᠮᠵᠢ᠎ᠪᠠᠷ ᠴᠢᠩᠭ᠎ᠠ᠂ ᠠᠭᠤᠯᠭ᠎ᠠ᠎ᠶᠢᠨ ᠱᠢᠯᠢᠯᠳᠠ ᠨᠢᠮᠪᠠᠢ ᠪᠥᠭᠡᠳ ᠵᠤᠬᠢᠰᠳᠠᠢ᠂ ᠢᠯᠡᠷᠡᠭᠦᠯᠬᠦ ᠠᠷᠭ᠎ᠠ ᠬᠡᠯᠪᠡᠷᠢ᠎ᠨᠢ ᠠᠮᠢᠳᠤᠯᠢᠭ᠂ ᠵᠢᠷᠤᠵᠤ ᠲᠥᠯᠦᠪᠯᠡᠭᠰᠡᠨ᠎ᠨᠢ ᠱᠢᠨ᠎ᠡ ᠰᠡᠪᠡᠬᠦᠨ᠂ ᠵᠢᠭᠠᠬᠤ᠎ᠳᠤ ᠳᠤᠬᠢᠷᠠᠮᠵᠢᠳᠠᠢ ᠰᠤᠷᠤᠯᠴᠠᠬᠤ᠎ᠳᠤ ᠠᠱᠢᠭᠲᠠᠢ ᠬᠡᠵᠤ ᠦᠵᠡᠪᠠ᠃

 

 

              ᠥᠪᠤᠷ ᠮᠣᠩᠭᠤᠯ᠎ᠤᠨ ᠡᠳᠦᠷ᠎ᠦᠨ ᠰᠣᠨᠢᠨ᠎ᠡᠴᠡ ᠱᠢᠯᠵᠢᠭᠦᠯᠦᠨ ᠨᠡᠢᠲᠡᠯᠡᠪᠡ

              ᠰᠤᠷᠪᠤᠯᠵᠢᠯᠠᠭᠴᠢ ᠨᠠᠢᠷᠠᠭᠤᠯᠤᠭᠴᠢ᠄ ᠬᠤ ᠬᠤᠤ (ᠥᠪᠤᠷ ᠮᠣᠩᠭᠤᠯ᠎ᠤᠨ ᠡᠳᠦᠷ᠎ᠦᠨ ᠰᠣᠨᠢᠨ)

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604