ᠨᠡᠷᠡᠳᠦ ᠵᠤᠬᠢᠶᠠᠯᠴᠢ ᠪᠦᠷᠢᠨᠪᠠᠶᠠᠷ᠎ᠤᠨ ᠵᠤᠬᠢᠶᠠᠯ ᠪᠦᠳᠦᠬᠡᠯ᠎ᠤᠨ ᠳᠡᠬᠦᠪᠦᠷᠢ᠎ᠶᠢ ᠳᠠᠷᠬᠠᠭᠠᠪᠠ
2019.09.23

  9 ᠰᠠᠷ᠎ᠠ᠎ᠶᠢᠨ 22᠎ᠤᠨ ᠡᠳᠦᠷ᠂ ᠦᠪᠦᠷ ᠮᠤᠩᠭᠤᠯ᠎ᠤᠨ ᠪᠠᠭᠠᠴᠤᠳ ᠬᠡᠤᠬᠡᠳ᠎ᠤᠨ ᠬᠡᠪᠯᠡᠯ ᠬᠤᠷᠢᠶ᠎ᠠ ᠪᠤᠯᠤᠨ ᠱᠢᠨᠬᠤᠧᠠ ᠮᠤᠩᠭᠤᠯ ᠨᠧᠲ᠎ᠡᠴᠡ ᠬᠠᠮᠳᠤᠷᠠᠨ ᠵᠤᠬᠢᠶᠠᠨ ᠪᠠᠢᠭᠤᠯᠤᠭᠰᠠᠨᠪᠦᠷᠢᠨᠪᠠᠶᠠᠷ᠎ᠤᠨ ᠵᠤᠬᠢᠶᠠᠯ ᠪᠦᠳᠦᠬᠡᠯ᠎ᠤᠨ ᠬᠤᠷᠢᠶᠠᠩᠭᠤᠢᠬᠡᠮᠡᠬᠦ ᠠᠷᠪᠠᠨ ᠪᠤᠳᠢ ᠨᠤᠮ᠎ᠤᠨ ᠶᠠᠷᠢᠯᠴᠠᠯᠭ᠎ᠠ ᠵᠢᠴᠢ ᠭᠠᠷ᠎ᠤᠨ ᠦᠰᠦᠭ ᠵᠢᠷᠤᠵᠤ ᠳᠠᠷᠬᠠᠭᠠᠬᠤ ᠶᠤᠰᠤᠯᠠᠯ ᠦᠪᠦᠷ ᠮᠤᠩᠭᠤᠯ᠎ᠤᠨ ᠤᠯᠠᠨ ᠤᠯᠤᠰ᠎ᠤᠨ ᠦᠵᠡᠰᠬᠦᠯᠡᠩ᠎ᠤᠨ ᠳᠦᠪ᠎ᠲᠤ ᠪᠤᠯᠪᠠ᠃

  ᠶᠤᠰᠤᠯᠠᠯ᠎ᠤᠨ ᠦᠶ᠎ᠡ᠎ᠪᠡᠷ᠂ ᠨᠡᠷᠡᠳᠦ ᠮᠡᠳᠡᠬᠡᠯᠡᠯ᠎ᠤᠨ ᠤᠷᠠᠨ ᠵᠤᠬᠢᠶᠠᠯᠴᠢ ᠪᠦᠷᠢᠨᠪᠠᠶᠠᠷ᠎ᠡᠴᠡ ᠡᠨᠡ᠎ᠬᠦ ᠨᠤᠮ᠎ᠤᠨ᠎ᠢᠶᠡᠨ ᠦᠨᠳᠦᠰᠦᠨ ᠪᠠᠢᠳᠠᠯ ᠪᠤᠯᠤᠨ ᠵᠤᠬᠢᠶᠠᠨ ᠪᠦᠳᠦᠬᠡᠯᠬᠡ᠎ᠶᠢᠨ ᠵᠠᠮ ᠮᠦᠷ᠂ ᠦᠯᠢᠬᠡᠷ ᠤᠴᠠᠷᠠᠯ᠂ ᠤᠯᠤᠯᠳᠠ ᠠᠮᠵᠢᠯᠳᠠ᠎ᠪᠡᠨ ᠤᠩᠱᠢᠭᠴᠢᠳ᠎ᠲᠠᠢ ᠬᠤᠪᠢᠶᠠᠯᠴᠠᠪᠠ᠃  ᠦᠪᠦᠷ ᠮᠤᠩᠭ᠋ᠤᠯ᠎ᠤᠨ ᠤᠳᠬ᠎ᠠ ᠤᠷᠠᠯᠢᠭ᠎ᠤᠨ ᠬᠢᠨ᠎ᠤ ᠬᠤᠯᠪᠤᠭ᠎ᠠ᠎ᠶᠢᠨ ᠳᠡᠳ᠋ ᠳᠡᠷᠢᠬᠦᠯᠡᠭᠴᠢ᠂ ᠦᠪᠦᠷ ᠮᠤᠩᠭᠤᠯ᠎ᠤᠨ ᠵᠤᠬᠢᠶᠠᠯᠴᠢᠳ᠎ᠤᠨ ᠨᠡᠢᠬᠡᠮᠯᠢᠭ᠎ᠤᠨ ᠳᠡᠷᠢᠬᠦᠯᠡᠭᠴᠢ᠂ ᠦᠪᠦᠷ ᠮᠤᠩᠭᠤᠯ᠎ᠤᠨ ᠪᠠᠭᠱᠢ᠎ᠶᠢᠨ ᠶᠡᠬᠡ ᠰᠤᠷᠭᠠᠭᠤᠯᠢ᠎ᠶᠢᠨ ᠮᠤᠩᠭᠤᠯ ᠰᠤᠳᠤᠯᠤᠯ᠎ᠤᠨ ᠳᠡᠬᠡᠳᠦ ᠰᠤᠷᠭᠠᠭᠤᠯᠢ᠎ᠶᠢᠨ ᠵᠠᠬᠢᠷᠤᠯ ᠳᠤᠷᠤᠨᠠᠲ᠋ᠡᠭᠷᠢ᠎ᠡᠴᠡ ᠪᠦᠷᠢᠨᠪᠠᠶᠠᠷ᠎ᠤᠨ ᠵᠤᠬᠢᠶᠠᠯ ᠪᠦᠳᠦᠬᠡᠯ᠎ᠤᠨ ᠠᠴᠢ ᠬᠤᠯᠪᠤᠭᠳᠠᠯ᠂ ᠮᠤᠩᠭᠤᠯ ᠤᠷᠠᠨ ᠵᠤᠬᠢᠶᠠᠯ᠎ᠤᠨ ᠳᠡᠤᠬᠡᠨ᠎ᠳᠤ ᠦᠵᠡᠬᠦᠯᠦᠭᠰᠡᠨ ᠭᠠᠪᠢᠶ᠎ᠠ ᠵᠢᠳᠬᠦᠯ᠎ᠤᠨ ᠳᠠᠯ᠎ᠠ᠎ᠪᠡᠷ ᠦᠨᠡᠯᠡᠵᠤ᠂ ᠦᠪᠦᠷ ᠮᠤᠩᠭᠤᠯ᠎ᠤᠨ ᠶᠡᠬᠡ ᠰᠤᠷᠭᠠᠭᠤᠯᠢ᠎ᠶᠢᠨ ᠮᠤᠩᠭᠤᠯ ᠰᠤᠳᠤᠯᠤᠯ᠎ᠤᠨ ᠳᠡᠬᠡᠳᠦ ᠰᠤᠷᠭᠠᠭᠤᠯᠢ᠎ᠶᠢᠨ ᠳᠡᠳ ᠵᠠᠬᠢᠷᠤᠯ ᠡᠷᠳᠡᠨᠢᠬᠠᠳᠠ᠎ᠡᠴᠡ ᠨᠤᠮ᠎ᠳᠤ ᠰᠤᠩᠭᠤᠭᠳᠠᠭᠰᠠᠨ ᠴᠢᠬᠤᠯᠠ ᠪᠦᠳᠦᠬᠡᠯ᠎ᠤᠳ᠎ᠤᠨ ᠨᠦᠯᠦᠬᠡ ᠳᠤᠰᠭᠠᠯ᠂ ᠮᠦᠨ ᠪᠦᠷᠢᠨᠪᠠᠶᠠᠷ ᠭᠤᠧᠠᠢ᠎ᠶᠢᠨ ᠮᠤᠩᠭᠤᠯ ᠦᠨᠳᠦᠰᠦᠳᠡᠨ᠎ᠤ ᠮᠡᠳᠡᠬᠡᠯᠡᠯ᠎ᠤᠨ ᠤᠷᠠᠨ ᠵᠤᠬᠢᠶᠠᠯ᠎ᠤᠨ ᠨᠢᠬᠡᠨ ᠦᠶ᠎ᠡ᠎ᠶᠢᠨ ᠭᠠᠢᠬᠠᠮᠱᠢᠭ᠎ᠢ ᠡᠬᠦᠳᠦᠭᠰᠡᠨ ᠵᠢᠴᠢ ᠵᠠᠯᠠᠭᠤ ᠨᠢᠬᠡ ᠦᠶ᠎ᠡ᠎ᠶᠢᠨ ᠮᠡᠳᠡᠬᠡᠯᠡᠯ᠎ᠤᠨ ᠤᠷᠠᠨ ᠵᠤᠬᠢᠶᠠᠯᠴᠢᠳ᠎ᠤᠨ ᠡᠩᠨᠡᠬᠡ᠎ᠶᠢ ᠪᠠᠢᠭᠤᠯᠤᠭᠰᠠᠨ ᠳᠤᠬᠠᠢ ᠨᠠᠷᠢᠨ ᠳᠠᠨᠢᠯᠴᠠᠭᠤᠯᠵᠠᠢ᠃

  《ᠪᠦᠷᠢᠨᠪᠠᠶᠠᠷ᠎ᠤᠨ ᠵᠤᠬᠢᠶᠠᠯ ᠪᠦᠳᠦᠬᠡᠯ᠎ᠤᠨ ᠬᠤᠷᠢᠶᠠᠩᠭᠤᠢ ᠨᠤᠮ᠎ᠨᠢ ᠨᠢᠩᠵᠢᠨ ᠰᠡᠳᠬᠢᠯᠦᠢᠯᠡᠰ᠎ᠤᠨ ᠳᠤᠤᠯᠢᠦᠵᠦᠬᠦᠷ ᠰᠡᠳᠬᠢᠯ᠎ᠤᠨ ᠳᠡᠮᠡᠤᠯᠡᠯᠬᠤᠷᠴᠢᠨ᠎ᠤ ᠠᠯᠳᠠᠷᠳᠤ ᠬᠦᠮᠦᠰᠨᠠᠷᠠ ᠡᠷᠬᠦᠭᠰᠡᠨ ᠨᠤᠳᠤᠭᠴᠢᠨᠳᠠᠮᠤᠨᠢ ᠬᠡᠯᠬᠢᠶ᠎ᠡ (ᠳᠡᠬᠡᠳᠦ᠂ ᠳᠤᠤᠷᠠᠳᠤ)᠂ ᠪᠢᠯᠢᠭ ᠬᠤᠷᠠᠬᠤᠢᠮᠤᠤᠠᠤᠰᠤ᠎ᠶᠢᠨ ᠨᠤᠮᠢᠨ ᠨᠤᠭᠤᠭᠠᠨ ᠳᠤᠤᠯᠢᠰᠡᠷᠳᠡᠨᠢ᠎ᠶᠢᠨ ᠤᠯᠠ ᠮᠦᠷ ᠵᠡᠷᠬᠡ ᠠᠷᠪᠠᠨ ᠪᠤᠳᠢ᠎ᠪᠡᠷ ᠪᠦᠷᠢᠯᠳᠦᠵᠤ᠂ ᠠᠯᠳᠠᠷᠳᠤ ᠵᠤᠬᠢᠶᠠᠯᠴᠢ ᠪᠦᠷᠢᠨᠪᠠᠶᠠᠷ᠎ᠤᠨ ᠶᠡᠷᠦ᠎ᠶᠢᠨ ᠬᠦᠮᠦᠨ᠎ᠤ ᠶᠡᠷᠦ ᠪᠤᠰᠤ᠎ᠶᠢᠨ ᠦᠢᠯᠡ ᠶᠠᠪᠤᠳᠠᠯ᠎ᠢ ᠬᠦᠤᠷᠨᠢᠨ ᠳᠡᠮᠳᠡᠭᠯᠡᠭᠰᠡᠨ᠂ ᠨᠠᠷᠢᠨ ᠦᠢᠯᠡᠰ ᠨᠢᠳᠦᠨ᠎ᠳᠤ ᠦᠵᠡᠭᠳᠡᠵᠤ ᠭᠠᠷ᠎ᠲᠤ ᠪᠠᠷᠢᠭᠳᠠᠮ᠎ᠠ᠂ ᠵᠠᠩ ᠠᠭᠠᠯᠢ᠎ᠶᠢ ᠦᠩᠬᠡ ᠭᠠᠯᠪᠢᠷ᠎ᠲᠠᠢ ᠳᠤᠳᠤᠷᠠᠭᠤᠯᠤᠨ ᠦᠯᠢᠬᠡᠷ ᠤᠴᠢᠷ᠎ᠢ ᠰᠡᠳᠬᠢᠯ᠎ᠳᠤ ᠬᠠᠳᠠᠩᠱᠢᠭᠤᠯᠤᠮ᠎ᠠ ᠳᠤᠭᠤᠷᠪᠢᠭᠰᠠᠨ ᠤᠯᠠᠨ ᠰᠠᠢᠬᠠᠨ ᠪᠦᠳᠦᠬᠡᠯ᠎ᠤᠳ᠎ᠢ ᠬᠠᠮᠤᠷᠴᠠᠢ᠃

  ᠨᠡᠷᠡᠳᠦ ᠵᠤᠬᠢᠶᠠᠯᠴᠢ ᠪᠦᠷᠢᠨᠪᠠᠶᠠᠷ ᠭᠤᠧᠠᠢ ᠪᠤᠯ ᠦᠪᠦᠷ ᠮᠤᠩᠭᠤᠯ᠎ᠤᠨ ᠵᠠᠷᠤᠳ ᠬᠤᠱᠢᠭᠤᠨ᠎ᠤ ᠤᠤᠭᠠᠯ᠂ ᠤᠯᠤᠰ᠎ᠤᠨ ᠨᠢᠬᠡᠳᠦᠬᠡᠷ ᠳᠡᠰ᠎ᠤᠨ ᠵᠤᠬᠢᠶᠠᠯᠴᠢ᠂ ᠪᠦᠬᠦ ᠤᠯᠤᠰ᠎ᠤᠨ ᠴᠦᠬᠡᠨ ᠳᠤᠭᠠᠳᠤ ᠦᠨᠳᠦᠰᠦᠳᠡᠨ᠎ᠤ ᠤᠳᠬ᠎ᠠ ᠵᠤᠬᠢᠶᠠᠯ᠎ᠤᠨ ᠠᠵᠢᠨᠠᠢ ᠬᠦᠯᠦᠭ ᠱᠠᠩᠨᠠᠯ ᠱᠢᠯᠭᠠᠷᠠᠭᠤᠯᠬᠤ ᠺᠤᠮᠢᠰ᠎ᠤᠨ ᠬᠡᠱᠢᠬᠦᠨ᠂ ᠪᠦᠬᠦ ᠤᠯᠤᠰ᠎ᠤᠨ ᠯᠦ᠍ ᠱᠢᠶᠦ᠋ᠨ ᠤᠳᠬ᠎ᠠ ᠵᠤᠬᠢᠶᠠᠯ᠎ᠤᠨ ᠱᠠᠩᠨᠠᠯ ᠱᠢᠯᠭᠠᠷᠠᠭᠤᠯᠬᠤ ᠺᠤᠮᠢᠰ᠎ᠤᠨ ᠬᠡᠱᠢᠬᠦᠨ᠂ ᠪᠦᠬᠦ ᠤᠯᠤᠰ᠎ᠤᠨ ᠳᠤᠷᠤᠨ᠎ᠠ ᠤᠳᠬ᠎ᠠ ᠵᠤᠬᠢᠶᠠᠯ᠎ᠤᠨ ᠱᠠᠩᠨᠠᠯ ᠱᠢᠯᠭᠠᠷᠠᠭᠤᠯᠬᠤ ᠺᠤᠮᠢᠰ᠎ᠤᠨ ᠬᠡᠱᠢᠬᠦᠨ ᠪᠦᠬᠡᠳ ᠠᠯᠪᠠᠨ ᠬᠡᠷ᠎ᠤᠨ ᠳᠡᠳ᠋ ᠡᠷᠬᠢᠯᠡᠭᠴᠢ᠂ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠰᠤᠯᠤᠩᠭ᠎ᠠ ᠤᠳᠬ᠎ᠠ ᠵᠤᠬᠢᠶᠠᠯ᠎ᠤᠨ ᠱᠠᠩᠨᠠᠯ ᠱᠢᠯᠭᠠᠷᠠᠭᠤᠯᠬᠤ ᠺᠤᠮᠢᠰ᠎ᠤᠨ ᠬᠡᠱᠢᠬᠦᠨ᠃ ᠳᠡᠷᠡ᠎ᠪᠡᠷ ᠦᠪᠦᠷ ᠮᠤᠩᠭᠤᠯ᠎ᠤᠨ ᠵᠤᠬᠢᠶᠠᠯᠴᠢᠳ᠎ᠤᠨ ᠨᠡᠢᠬᠡᠮᠯᠢᠭ᠎ᠤᠨ ᠪᠠᠢᠩᠭᠤ᠎ᠶᠢᠨ ᠳᠡᠳ᠋ ᠳᠡᠷᠢᠬᠦᠯᠡᠭᠴᠢ᠂ ᠵᠢᠷᠢᠮ᠎ᠤᠨ ᠤᠷᠠᠨ ᠵᠤᠬᠢᠶᠠᠯ ᠰᠡᠳᠬᠦᠯ᠎ᠤᠨ ᠶᠡᠷᠦᠩᠬᠡᠢ ᠨᠠᠢᠷᠠᠭᠤᠯᠤᠭᠴᠢ᠂ ᠳᠤᠮᠳᠠᠳᠤ ᠤᠯᠤᠰ᠎ᠤᠨ ᠮᠡᠳᠡᠬᠡᠯᠡᠯ᠎ᠤᠨ ᠤᠷᠠᠨ ᠵᠤᠬᠢᠶᠠᠯ᠎ᠤᠨ ᠨᠡᠢᠬᠡᠮᠯᠢᠭ᠎ᠤᠨ ᠬᠡᠷᠡᠭ ᠡᠷᠬᠢᠯᠡᠭᠴᠢ ᠵᠡᠷᠬᠡ ᠤᠯᠠᠨ ᠡᠬᠦᠷᠬᠡ ᠳᠤᠱᠢᠶᠠᠯ ᠬᠠᠷᠢᠭᠤᠴᠠᠵᠤ ᠶᠠᠪᠤᠵᠠᠢ᠃ 1972᠎ᠣᠨ᠎ᠳᠤ ᠤᠤᠭᠠᠨ ᠪᠦᠳᠦᠬᠡᠯᠳᠡᠤᠬᠡ᠎ᠶᠢ ᠡᠬᠦᠳᠦᠨ ᠪᠦᠳᠦᠬᠡᠭᠴᠢ ᠬᠦᠳᠡᠯᠮᠦᠷᠢᠴᠢᠳ᠎ᠢᠶᠡᠨ ᠵᠢᠷᠢᠮ᠎ᠤᠨ ᠰᠤᠨᠢᠨ᠎ᠳᠤ ᠨᠡᠢᠳᠡᠯᠡᠬᠦᠯᠦᠭᠰᠡᠨ᠎ᠡᠴᠡ ᠨᠠᠭᠠᠱᠢ ᠳᠤᠭ᠎ᠠ ᠳᠤᠮᠱᠢ ᠦᠬᠡᠢ ᠤᠯᠠᠨ ᠪᠦᠳᠦᠬᠡᠯ ᠳᠤᠭᠤᠷᠪᠢᠨ ᠤᠯᠤᠰ᠎ᠤᠨ ᠳᠤᠳᠤᠭᠠᠳᠤ᠎ᠭᠠᠳᠠᠭᠠᠳᠤ᠎ᠶᠢᠨ ᠰᠤᠨᠢᠨ ᠰᠡᠳᠬᠦᠯ᠎ᠤᠳ᠎ᠢᠶᠡᠷ ᠨᠡᠢᠳᠡᠯᠡᠬᠦᠯᠵᠤ᠂ ᠪᠦᠬᠦ ᠤᠯᠤᠰ᠎ᠤᠨ ᠴᠦᠬᠡᠨ ᠳᠤᠭᠠᠳᠤ ᠦᠨᠳᠦᠰᠦᠳᠡᠨ᠎ᠤ ᠤᠳᠬ᠎ᠠ ᠵᠤᠬᠢᠶᠠᠯ᠎ᠤᠨ ᠠᠵᠢᠨᠠᠢ ᠬᠦᠯᠦᠭ ᠱᠠᠩᠨᠠᠯ᠂ ᠪᠦᠬᠦ ᠤᠯᠤᠰ᠎ᠤᠨ ᠳᠠᠪᠤ ᠨᠢᠬᠡ᠎ᠶᠢᠨ ᠢᠨᠵᠧᠨᠧᠷᠢᠩ᠎ᠤᠨ ᠱᠠᠩᠨᠠᠯ᠂ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠰᠤᠯᠤᠩᠭ᠎ᠠ ᠱᠠᠩᠨᠠᠯ ᠵᠡᠷᠬᠡ᠎ᠪᠡᠷ ᠤᠯᠠᠨᠳᠠ ᠮᠢᠯᠢᠶᠠᠯᠭᠠᠵᠤ ᠶᠠᠪᠤᠵᠠᠢ᠃

                                                                                            

 

                ᠱᠢᠨᠬᠤᠧᠠ ᠮᠤᠩᠭᠤᠯ ᠨᠧᠲ᠎ᠡᠴᠡ ᠱᠢᠯᠵᠢᠭᠦᠯᠦᠨ ᠨᠡᠢᠲᠡᠯᠡᠪᠡ

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604