《ᠪᠦᠬᠦᠲᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠤᠮᠤ ᠬᠡᠷᠡᠭ ᠶᠠᠪᠤᠳᠠᠯ᠎ᠤᠳ᠎ᠤᠨ ᠲᠡᠮᠳᠡᠭᠯᠡᠯ (1949᠎ᠣᠨ᠎ᠤ 10 ᠰᠠᠷ᠎ᠠ —— 2019᠎ᠣᠨ᠎ᠤ 9 ᠰᠠᠷ᠎ᠠ) 》᠎ᠢ ᠬᠡᠪᠯᠡᠪᠡ
2019.10.16

  ᠱᠢᠨᠬᠤᠧᠠ ᠬᠤᠷᠢᠶᠠᠨ᠎ᠤ ᠪᠡᠭᠡᠵᠢᠩ᠎ᠤᠨ 10 ᠰᠠᠷ᠎ᠠ᠎ᠶᠢᠨ 10᠎ᠤ ᠴᠠᠬᠢᠯᠭᠠᠨ ᠮᠡᠳᠡᠭᠡ᠎ᠠᠴᠠ (ᠰᠤᠷᠪᠤᠯᠵᠢᠯᠠᠭᠴᠢ ᠱᠢ ᠵᠢᠩ ᠨᠠᠨ) ᠨᠠᠮ᠎ᠤᠨ ᠲᠦᠪ ᠬᠤᠷᠢᠶᠠᠨ᠎ᠤ ᠨᠠᠮ᠎ᠤᠨ ᠲᠡᠤᠬᠡ ᠪᠠ ᠲᠤᠯᠭᠤᠷ ᠪᠢᠴᠢᠭ᠎ᠤᠨ ᠰᠤᠳᠤᠯᠭᠠᠨ᠎ᠤ ᠬᠦᠷᠢᠶᠡᠯᠡᠩ᠎ᠤᠨ ᠨᠠᠢᠷᠠᠭᠤᠯᠤᠨ ᠪᠢᠴᠢᠭᠰᠡᠡ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠤᠮᠤ ᠬᠡᠷᠡᠭ ᠶᠠᠪᠤᠳᠠᠯ᠎ᠤᠳ᠎ᠤᠨ ᠲᠡᠮᠳᠡᠭᠯᠡᠯ (1949᠎ᠣᠨ᠎ᠤ 10 ᠰᠠᠷ᠎ᠠ —— 2019᠎ᠣᠨ᠎ᠤ 9 ᠰᠠᠷ᠎ᠠ) 》᠎ᠢ ᠲᠦᠷᠦᠭᠦᠬᠡᠨ ᠠᠷᠠᠳ᠎ᠤᠨ ᠬᠡᠪᠯᠡᠯ᠎ᠤᠨ ᠬᠤᠷᠢᠶ᠎ᠠ᠎ᠠᠴᠠ ᠬᠡᠪᠯᠡᠪᠡ᠃
  ᠲᠠᠨᠢᠯᠴᠠᠭᠤᠯᠤᠭᠰᠠᠨ᠎ᠢᠶᠠᠷ᠂ ᠲᠤᠰ ᠨᠤᠮ᠎ᠨᠢ ᠰᠢ᠎ᠶᠢᠨ ᠫᠢᠩ᠎ᠤᠨ ᠱᠢᠨ᠎ᠠ ᠴᠠᠭ ᠦᠶ᠎ᠠ᠎ᠶᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠬᠤ᠎ᠶᠢ ᠪᠠᠷᠢᠮᠳᠠᠯᠠᠵᠤ᠂ ᠱᠢᠨ᠎ᠠ ᠴᠠᠭ ᠦᠶ᠎ᠠ᠎ᠳᠤ ᠰᠠᠭᠤᠷᠢᠯᠠᠵᠤ᠂ ᠨᠠᠮ᠎ᠠᠴᠠ ᠠᠷᠠᠳ ᠲᠦᠮᠡᠨ᠎ᠢ ᠤᠳᠤᠷᠢᠳᠤᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢᠭᠡᠮ ᠵᠢᠷᠤᠮ᠎ᠢ ᠬᠠᠢᠨ ᠰᠦᠪᠡᠭᠴᠢᠯᠡᠵᠤ᠂ ᠡᠭᠦᠳᠦᠨ ᠨᠡᠬᠡᠬᠡᠵᠤ᠂ ᠪᠠᠷᠢᠮᠳᠠᠯᠠᠨ ᠬᠦᠭᠵᠢᠭᠦᠯᠦᠭᠰᠡᠨ ᠠᠭᠤᠤ ᠶᠡᠬᠡ ᠦᠢᠯᠡᠳᠦᠯᠭᠡ ᠵᠢᠴᠢ ᠴᠢᠬᠤᠯᠠ ᠶᠡᠬ ᠤᠨᠤᠯ᠂ ᠲᠦᠷᠢᠮ᠎ᠤᠨ ᠱᠢᠨ᠎ᠠ ᠡᠭᠦᠳᠦᠯᠳᠡ᠎ᠶᠢᠨ ᠦᠷ᠎ᠠ ᠪᠦᠲᠦᠭᠡᠯ᠎ᠢ ᠳᠤᠪᠤᠢᠮ᠎ᠠ ᠳᠤᠰᠭᠠᠵᠤ᠂ ᠱᠢᠨ᠎ᠠ ᠳᠤᠮᠳᠠᠳᠤ ᠤᠯᠤᠰ ᠪᠠᠢᠭᠤᠯᠤᠭᠳᠠᠭᠰᠠᠨ 70 ᠵᠢᠯ᠎ᠤᠨ ᠲᠤᠷᠱᠢᠬᠢ ᠢᠯᠠᠩᠭᠤᠶ᠎ᠠ ᠨᠠᠮ᠎ᠤᠨ ᠠᠷᠪᠠᠨ ᠨᠠᠢᠮᠠᠳᠤᠭᠠᠷ ᠶᠡᠬᠡ ᠬᠤᠷᠠᠯ᠎ᠠᠴᠠ ᠨᠠᠭᠠᠱᠢᠬᠢ ᠠᠵᠤ ᠠᠬᠤᠢ᠂ ᠤᠯᠤᠰ ᠲᠦᠷᠦ᠂ ᠰᠤᠶᠤᠯ᠂ ᠨᠡᠢᠭᠡᠮ᠂ ᠠᠮᠢ ᠠᠬᠤᠢ᠎ᠶᠢᠨ ᠪᠤᠯᠪᠠᠰᠤᠨ᠂ ᠴᠡᠷᠢᠭ ᠠᠩᠭᠢ ᠪᠤᠯᠤᠨ ᠤᠯᠤᠰ᠎ᠤᠨ ᠪᠠᠳᠤᠯᠠᠨ ᠬᠠᠮᠠᠭᠠᠯᠠᠯᠳᠠ᠂ 《ᠨᠢᠭᠡ ᠤᠯᠤᠰ ᠬᠤᠶᠠᠷ ᠪᠠᠢᠭᠤᠯᠤᠯ》 ᠪᠠ ᠡᠬᠡ ᠤᠯᠤᠰ᠎ᠤᠨ ᠨᠢᠭᠡᠳᠦᠯ᠂ ᠭᠠᠳᠠᠭᠠᠳᠤ ᠬᠠᠷᠢᠯᠴᠠᠭ᠎ᠠ᠂ ᠨᠠᠮ᠎ᠤᠨ ᠪᠠᠢᠭᠤᠯᠤᠯᠳᠠ ᠵᠡᠷᠭᠡ ᠲᠠᠯ᠎ᠠ᠎ᠪᠠᠷ ᠤᠯᠤᠭᠰᠠᠨ ᠲᠡᠤᠬᠡᠳᠤ ᠴᠢᠨᠠᠷᠳᠠᠢ ᠠᠮᠵᠢᠯᠳᠠ᠂ ᠡᠭᠦᠰᠦᠭᠰᠡᠨ ᠲᠡᠤᠬᠡᠳᠤ ᠴᠢᠨᠠᠷᠳᠠᠢ ᠬᠤᠪᠢᠰᠤᠯᠳᠠ᠎ᠶᠢ ᠪᠦᠬᠦ ᠲᠠᠯ᠎ᠠ᠎ᠪᠠᠷ ᠳᠤᠰᠭᠠᠪᠠ᠃
  10᠎ᠤ ᠡᠳᠦᠷ ᠪᠡᠭᠡᠵᠢᠩ᠎ᠳᠤ ᠬᠤᠷᠠᠯᠳᠤᠭᠰᠠᠨ ᠲᠤᠰ ᠨᠤᠮ᠎ᠢ ᠬᠡᠪᠯᠡᠭᠰᠡᠨ ᠶᠠᠷᠢᠯᠴᠠᠬᠤ ᠬᠤᠷᠠᠯ ᠲᠡᠭᠡᠷ᠎ᠠ᠂ ᠨᠠᠮ᠎ᠤᠨ ᠲᠦᠪ ᠬᠤᠷᠢᠶᠠᠨ᠎ᠤ ᠨᠠᠮ᠎ᠤᠨ ᠲᠡᠤᠬᠡ ᠪᠠ ᠲᠤᠯᠭᠤᠷ ᠪᠢᠴᠢᠭ᠎ᠤᠨ ᠰᠤᠳᠤᠯᠭᠠᠨ᠎ᠤ ᠬᠦᠷᠢᠶᠡᠯᠡᠩ᠎ᠤᠨ ᠲᠠᠷᠤᠭ᠎ᠠ ᠴᠢᠤᠢ ᠴᠢᠩ ᠱᠠᠨ᠄ ᠲᠤᠮᠤ ᠬᠡᠷᠡᠭ ᠶᠠᠪᠤᠳᠠᠯ᠎ᠤᠳ᠎ᠤᠨ ᠲᠡᠮᠳᠡᠭᠯᠡᠯ᠎ᠳᠤ ᠱᠢᠨ᠎ᠠ ᠳᠤᠮᠳᠠᠳᠤ ᠤᠯᠤᠰ ᠪᠠᠢᠭᠤᠯᠤᠭᠳᠠᠭᠰᠠᠨ 70 ᠵᠢᠯ᠎ᠳᠤ ᠡᠭᠦᠰᠦᠭᠰᠡᠨ ᠲᠡᠭᠷᠢ ᠭᠠᠵᠠᠷ᠎ᠢ ᠳᠤᠩᠰᠤᠯᠭᠠᠮ᠎ᠠ ᠶᠡᠬᠡ ᠬᠤᠪᠢᠷᠠᠯᠳᠠ ᠪᠠ ᠤᠯᠤᠭᠰᠠᠨ ᠭᠢᠯᠠᠯᠵᠠᠮ᠎ᠠ ᠠᠮᠵᠢᠯᠳᠠ᠎ᠶᠢ ᠪᠤᠰᠤᠳᠴᠢ᠂ ᠤᠨᠤᠪᠴᠢᠳᠠᠢ᠂ ᠠᠮᠢᠳᠤᠯᠢᠭ᠎ᠢᠶᠠᠷ ᠬᠠᠷᠠᠭᠤᠯᠵᠤ᠂ ᠤᠳᠤᠬᠠᠨ᠎ᠳᠤ ᠪᠦᠬᠦ ᠨᠠᠮ᠎ᠳᠤ ᠶᠠᠪᠤᠭᠳᠠᠭᠤᠯᠵᠤ ᠪᠠᠢᠭ᠎ᠠ 《ᠤᠭ ᠰᠠᠨᠠᠭ᠎ᠠ᠎ᠪᠠᠨ ᠦᠯᠦ ᠮᠠᠷᠲᠠᠨ ᠡᠭᠦᠷᠭᠡ ᠬᠠᠷᠢᠭᠤᠴᠠᠯᠭ᠎ᠠ᠎ᠪᠠᠨ ᠪᠠᠳᠤ ᠴᠡᠭᠡᠵᠢᠯᠡᠬᠦ》 ᠭᠤᠤᠯ ᠰᠡᠳᠦᠪᠳᠤ ᠬᠦᠮᠦᠵᠢᠯ᠎ᠳᠤ ᠨᠠᠮ᠎ᠤᠨ ᠲᠡᠤᠬᠡ᠂ ᠱᠢᠨ᠎ᠠ ᠳᠤᠮᠳᠠᠳᠤ ᠤᠯᠤᠰ᠎ᠤᠨ ᠲᠡᠤᠬᠡ᠎ᠶᠢ ᠰᠤᠷᠤᠯᠴᠠᠬᠤ ᠴᠢᠬᠤᠯᠠ ᠲᠤᠰᠠᠯᠠᠮᠵᠢ ᠮᠠᠲᠧᠷᠢᠶᠠᠯ ᠬᠠᠩᠭᠠᠵᠠᠢ ᠭᠡᠵᠤ ᠵᠢᠭᠠᠵᠤ ᠭᠠᠷᠭᠠᠪᠠ᠃

 

              ᠳᠤᠮᠳᠠᠳᠤ ᠤᠯᠤᠰ᠎ᠤᠨ ᠮᠣᠩᠭᠤᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶᠡᠨ᠎ᠡᠴᠡ ᠱᠢᠯᠵᠢᠭᠦᠯᠦᠨ ᠨᠡᠢᠲᠡᠯᠡᠪᠡ

              ᠬᠠᠷᠢᠭᠤᠴᠠᠭᠰᠠᠨ ᠨᠠᠢᠷᠠᠭᠤᠯᠤᠭᠴᠢ᠄ ᠰᠤᠪᠤᠳ

 

(ᠬᠠᠷᠢᠭᠤᠴᠠᠭᠰᠠᠨ ᠨᠠᠢᠷᠠᠭᠤᠯᠤᠭᠴᠢ : ᠱᠦ᠍ ᠭᠤᠸᠠᠩ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604