ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠠᠴᠠ ᠨᠠᠮ ᠪᠠᠢᠭᠤᠯᠤᠭᠳᠠᠭᠰᠠᠨ 98 ᠵᠢᠯ᠎ᠦᠨ ᠣᠢ᠎ᠶᠢ ᠪᠡᠯᠭᠡᠯᠡᠬᠦ ᠠᠵᠢᠯᠯᠠᠭ᠎ᠠ ᠶᠠᠪᠤᠭᠳᠠᠭᠤᠯᠪᠠ
2019.07.03

  7 ᠰᠠᠷ᠎ᠠ᠎ᠶᠢᠨ 2᠎ᠦᠨ ᠡᠳᠦᠷ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ ᠳᠣᠯᠤᠭᠠᠨ ᠰᠠᠷ᠎ᠠ᠎ᠶᠢᠨ ᠨᠢᠭᠡᠨ᠎ᠢ ᠪᠡᠯᠭᠡᠯᠡᠬᠦ 《ᠬᠣᠶᠠᠷ ᠰᠢᠯᠢᠳᠡᠭ ᠨᠢᠭᠡ ᠲᠡᠷᠢᠭᠦᠨ》᠎ᠢ ᠬᠥᠬᠢᠭᠦᠯᠦᠨ ᠰᠠᠢᠰᠢᠶᠠᠬᠤ ᠶᠡᠬᠡ ᠬᠤᠷᠠᠯ ᠵᠢᠴᠢ《ᠤᠭ ᠰᠠᠨᠠᠭ᠎ᠠ᠎ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠭᠣᠤᠯ ᠰᠡᠳᠦᠪᠲᠦ ᠬᠥᠮᠦᠵᠢᠯ᠎ᠦᠨ ᠮᠡᠳᠡᠯᠭᠡ᠎ᠶᠢᠨ ᠥᠷᠢᠰᠦᠯᠳᠦᠭᠡᠨ᠎ᠢ ᠬᠤᠷᠠᠯᠳᠤᠭᠤᠯᠤᠭᠠᠳ ᠨᠠᠮ ᠪᠠᠢᠭᠤᠯᠤᠭᠳᠠᠭᠰᠠᠨ 98 ᠵᠢᠯ᠎ᠦᠨ ᠣᠢ᠎ᠶᠢ ᠳᠤᠷᠠᠰᠭᠠᠨ ᠲᠡᠮᠳᠡᠭᠯᠡᠪᠡ᠃

  ᠥᠩᠭᠡᠷᠡᠭᠰᠡᠨ ᠨᠢᠭᠡ ᠵᠢᠯ᠎ᠳᠦ᠂ ᠪᠦᠯᠦᠭᠯᠡᠯ᠎ᠦᠨ ᠨᠠᠮ᠎ᠤᠨ ᠬᠣᠷᠢᠶ᠎ᠠ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ ᠪᠣᠯᠤᠨ ᠱ᠋ᠢ᠎ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠴᠢᠳᠠᠪᠬᠢ᠎ᠪᠠᠨ ᠴᠢᠩᠭᠠᠳᠭᠠᠬᠤ᠂ ᠦᠨᠳᠦᠰᠦᠨ ᠱᠠᠲᠤ᠎ᠶᠢ ᠠᠳᠭᠤᠬᠤ᠂ ᠳᠤᠲᠠᠭᠤ᠎ᠪᠠᠨ ᠨᠥᠬᠦᠪᠦᠷᠢᠯᠡᠬᠦ᠂ ᠨᠠᠢᠳᠠᠪᠤᠷᠢᠵᠢᠭᠤᠯᠬᠤ᠎ᠶᠢ ᠠᠳᠭᠤᠬᠤ᠎ᠶᠢᠨ ᠲᠣᠭᠤᠷᠢᠨ᠎ᠳᠤ《ᠤᠮᠠᠷᠠᠲᠤ ᠬᠢᠯᠢ᠎ᠶᠢᠨ  ᠬᠤᠰᠢᠭᠤᠴᠢ》 ᠢᠨᠵᠧᠨᠧᠷᠢᠩ᠎ᠢ ᠬᠦᠴᠦᠯᠡᠨ ᠬᠡᠷᠡᠭᠵᠢᠭᠦᠯᠵᠦ᠂ 《ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠴᠢᠨᠰᠠᠭ᠎ᠠ᠎ᠪᠠᠨ  ᠳᠡᠭᠡᠭᠰᠢᠯᠡᠭᠦᠯᠦᠨ ᠪᠦᠲᠦᠮᠵᠢ᠎ᠪᠡᠨ ᠨᠡᠮᠡᠭᠳᠡᠭᠦᠯᠬᠦ ᠣᠨ᠎ᠤ ᠠᠵᠢᠯᠯᠠᠭ᠎ᠠ》᠎ᠶᠢ ᠭᠦᠨᠵᠡᠭᠡᠢ ᠥᠷᠨᠢᠭᠦᠯᠦᠭᠡᠳ ᠨᠠᠮ᠎ᠤᠨ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶᠢᠨ ᠪᠦᠷᠬᠦᠯᠲᠡ ᠪᠣᠯᠤᠨ ᠠᠵᠢᠯ᠎ᠤᠨ ᠪᠦᠷᠬᠦᠯᠲᠡ ᠨᠡᠩ ᠦᠷ᠎ᠡ ᠪᠦᠲᠦᠮᠵᠢᠲᠡᠢ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠭᠣᠤᠯᠯᠠᠭᠴᠢ ᠦᠢᠯᠡᠳᠦᠯ ᠨᠡᠩ ᠡᠷᠡᠰ ᠴᠢᠩᠭ᠎ᠠ᠂ ᠤᠯᠤᠰ ᠲᠥᠷᠦ᠎ᠶᠢᠨ ᠵᠢᠯᠤᠭᠤᠳᠤᠮᠵᠢ ᠨᠡᠩ ᠳᠣᠪᠤᠢᠮ᠎ᠠ᠂ ᠨᠠᠮ᠎ᠤᠨ ᠡᠭᠦᠷ᠎ᠦᠨ ᠪᠠᠢᠭᠤᠯᠤᠯᠲᠠ ᠨᠡᠩ ᠳᠦᠷᠢᠮᠴᠢ᠂ ᠨᠠᠮ᠎ᠤᠨ  ᠭᠡᠰᠢᠭᠦᠨ᠎ᠦ  ᠬᠤᠰᠢᠭᠤᠴᠢ ᠵᠢᠱᠢᠶᠡᠴᠢ ᠦᠢᠯᠡᠳᠦᠯ᠎ᠢᠶᠡᠨ ᠪᠠᠳᠠᠷᠠᠭᠤᠯᠬᠤ᠎ᠨᠢ ᠨᠡᠩ ᠲᠡᠭᠦᠯᠳᠡᠷ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠪᠠᠲᠤᠯᠠᠬᠤ᠎ᠨᠢ ᠨᠡᠩ ᠢᠳᠡᠯᠢᠭ ᠪᠠᠢᠬᠤ᠎ᠶᠢ ᠤᠯᠠᠮ  ᠴᠢᠨᠠᠭᠰᠢᠲᠠ ᠲᠦᠯᠬᠢᠨ ᠠᠬᠢᠭᠤᠯᠤᠭᠠᠳ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠡᠭᠦᠷᠭᠡ᠎ᠶᠢ ᠨᠡᠯᠢᠶᠡᠳ ᠰᠠᠢᠲᠤᠷ ᠪᠡᠶᠡᠯᠡᠭᠦᠯᠵᠦ ᠪᠦᠯᠦᠭᠯᠡᠯ᠎ᠦᠨ ᠡᠯ᠎ᠡ ᠲᠥᠷᠦᠯ᠎ᠦᠨ ᠠᠵᠢᠯ ᠡᠭᠦᠷᠭᠡ᠎ᠳᠦ ᠡᠷᠡᠰ ᠴᠢᠩᠭ᠎ᠠ ᠤᠯᠤᠰ ᠲᠥᠷᠦ᠎ᠶᠢᠨ ᠪᠠᠲᠤᠯᠠᠭ᠎ᠠ ᠪᠣᠯᠤᠨ ᠵᠣᠬᠢᠶᠠᠨ ᠪᠠᠢᠭᠤᠯᠤᠯᠲᠠ᠎ᠶᠢᠨ ᠰᠠᠭᠤᠷᠢ᠎ᠶᠢ ᠬᠠᠩᠭᠠᠭᠰᠠᠨ ᠪᠠᠢᠨ᠎ᠠ᠃

  ᠪᠦᠯᠦᠭᠯᠡᠯ᠎ᠦᠨ ᠨᠠᠮ᠎ᠤᠨ ᠭᠡᠰᠢᠭᠦᠨ ᠪᠦᠬᠦᠨ᠎ᠢᠶᠡᠷ᠎ᠢᠶᠡᠨ ᠭᠣᠤᠯ ᠰᠡᠳᠦᠪᠲᠦ ᠬᠥᠮᠦᠵᠢᠯ ᠥᠷᠨᠢᠭᠦᠯᠬᠦ᠎ᠶᠢᠨ ᠴᠢᠬᠤᠯᠠ ᠶᠡᠬᠡ ᠠᠴᠢ ᠬᠣᠯᠪᠤᠭᠳᠠᠯ᠎ᠢ ᠭᠦᠢᠴᠡᠳ ᠲᠠᠨᠢᠵᠤ᠂ ᠭᠣᠤᠯ ᠰᠡᠳᠦᠪᠲᠦ ᠬᠥᠮᠦᠵᠢᠯ᠎ᠦᠨ ᠬᠠᠷᠠᠯᠲᠠ ᠱᠠᠭᠠᠷᠳᠠᠯᠭ᠎ᠠ᠎ᠶᠢ ᠣᠨᠤᠪᠴᠢᠲᠠᠢ  ᠡᠵᠡᠮᠱᠢᠭᠡᠳ ᠣᠷᠭᠢᠯᠤᠮ᠎ᠠ ᠬᠠᠯᠠᠭᠤᠨ ᠲᠡᠮᠡᠴᠡᠯ᠎ᠦᠨ ᠵᠣᠷᠢᠭ ᠪᠣᠯᠤᠨ ᠦᠨᠡᠨ ᠪᠣᠳᠠᠲᠠᠢ ᠣᠪᠤᠷ ᠰᠤᠷᠲᠠᠯ᠎ᠢᠶᠠᠷ᠎ᠢᠶᠠᠨ ᠬᠡᠪᠯᠡᠯ᠎ᠦᠨ ᠪᠦᠯᠦᠭᠯᠡᠯ᠎ᠦᠨ ᠴᠢᠨᠠᠷᠯᠢᠭ ᠰᠠᠢᠲᠠᠢ ᠬᠥᠭᠵᠢᠯᠲᠡ᠎ᠶᠢᠨ  ᠰᠢᠨ᠎ᠡ ᠬᠠᠭᠤᠳᠠᠰᠤ᠎ᠶᠢ ᠪᠢᠴᠢᠭᠯᠡᠬᠦ᠎ᠪᠡᠷ ᠴᠢᠷᠮᠠᠢᠨ ᠠᠵᠢᠯᠯᠠᠲᠤᠭᠠᠢ ᠬᠡᠮᠡᠨ ᠪᠦᠯᠦᠭᠯᠡᠯ᠎ᠦᠨ ᠨᠠᠮ᠎ᠤᠨ ᠬᠣᠷᠢᠶᠠᠨ᠎ᠤ ᠳᠡᠳ᠋ ᠱᠦᠵᠢ ᠰᠦᠨ ᠱᠦ᠍ ᠹᠠᠨ ᠬᠤᠷᠠᠯ ᠡᠷᠬᠢᠯᠡᠬᠦ᠎ᠳᠤ᠎ᠪᠠᠨ ᠱᠠᠭᠠᠷᠳᠠᠨ ᠳᠤᠷᠠᠳᠤᠭᠰᠠᠨ᠎ᠶᠤᠮ᠃    

  

  ᠬᠤᠷᠠᠯ ᠳᠡᠭᠡᠷ᠎ᠡ᠂ ᠨᠠᠮ᠎ᠤᠨ ᠭᠡᠱ᠌ᠢᠭᠦᠨ ᠪᠦᠭᠦᠳᠡᠭᠡᠷ᠎ᠢᠶᠡᠨ ᠤᠯᠤᠰ᠎ᠤᠨ ᠰᠦᠯᠳᠡ ᠳᠠᠭᠤᠤ᠎ᠶᠢ ᠬᠠᠮᠲᠤ᠎ᠪᠠᠷ ᠳᠠᠭᠤᠯᠠᠵᠤ ᠨᠠᠮ᠎ᠳᠤ ᠣᠷᠤᠬᠤ ᠠᠨᠳᠠᠭᠠᠢ ᠲᠠᠩᠭᠠᠷᠢᠭ᠎ᠢᠶᠠᠨ ᠳᠠᠬᠢᠨᠲᠠ ᠠᠮᠠᠯᠳᠤᠭᠰᠡᠨ ᠪᠥᠭᠡᠳ ᠪᠦᠯᠦᠭᠯᠡᠯ᠎ᠦᠨ ᠨᠠᠮ᠎ᠤᠨ ᠬᠣᠷᠢᠶ᠎ᠠ᠎ᠠᠴᠠ ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠂ ᠰᠢᠯᠢᠳᠡᠭ ᠨᠠᠮ᠎ᠤᠨ ᠭᠡᠰᠢᠭᠦᠨ ᠪᠣᠯᠤᠨ ᠰᠢᠯᠢᠳᠡᠭ ᠨᠠᠮ᠎ᠤᠨ ᠠᠵᠢᠯᠲᠠᠨ᠎ᠨᠠᠷ᠎ᠢ ᠬᠥᠬᠢᠭᠦᠯᠦᠨ ᠰᠠᠢᠰᠢᠶᠠᠪᠠ᠃ ᠪᠠᠰᠠ《ᠤᠭ ᠰᠠᠨᠠᠭ᠎ᠠ᠎ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠭᠣᠤᠯ ᠰᠡᠳᠦᠪᠲᠦ ᠬᠥᠮᠦᠵᠢᠯ᠎ᠦᠨ ᠲᠤᠬᠠᠢ ᠮᠡᠳᠡᠯᠭᠡ᠎ᠶᠢᠨ ᠥᠷᠢᠰᠦᠯᠳᠦᠭᠡᠨ᠎ᠢ ᠵᠣᠬᠢᠶᠠᠨ ᠪᠠᠢᠭᠤᠯᠤᠨ ᠶᠠᠪᠤᠭᠳᠠᠭᠤᠯᠪᠠ᠃

 

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604