ᠱᠦᠵᠢ ᠱᠤᠸᠠᠩ ᠯᠦᠩ ᠨᠠᠮ᠎ᠤᠨ ᠬᠢᠴᠢᠶᠡᠯ ᠣᠷᠤᠪᠠ
2019.07.17

  

 

  ᠱᠦᠵᠢ ᠱᠤᠸᠠᠩ ᠯᠦᠩ ᠨᠠᠮ᠎ᠤᠨ ᠬᠢᠴᠢᠶᠡᠯ ᠣᠷᠤᠪᠠ -

   《ᠤᠭ ᠰᠠᠨᠠᠭ᠎ᠠ᠎ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》

  ᠭᠣᠤᠯ ᠰᠡᠳᠦᠪᠲᠦ ᠬᠥᠮᠦᠵᠢᠯ᠎ᠦᠨ ᠠᠵᠢᠯᠯᠠᠭ᠎ᠠ᠎ᠪᠠᠨ ᠥᠪᠦᠷ ᠮᠣᠩᠭᠤᠯ᠎ᠤᠨ ᠬᠡᠪᠯᠡᠯ᠎ᠦᠨ

  ᠪᠦᠯᠦᠭᠯᠡᠯ ᠦᠷᠭᠦᠯᠵᠢᠯᠡᠨ ᠥᠷᠨᠢᠭᠦᠯᠵᠦ ᠪᠠᠢᠨ᠎ᠠ

 

 

 

   《ᠤᠭ ᠰᠠᠨᠠᠭ᠎ᠠ᠎ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠭᠣᠤᠯ ᠰᠡᠳᠦᠪᠲᠦ ᠬᠥᠮᠦᠵᠢᠯ᠎ᠦᠨ ᠠᠵᠢᠯᠯᠠᠭ᠎ᠠ ᠥᠷᠨᠢᠭᠦᠯᠬᠦ᠎ᠪᠡᠨ ᠤᠯᠠᠮ ᠴᠢᠨᠠᠭᠰᠢᠲᠠ ᠠᠬᠢᠭᠤᠯᠤᠨ ᠨᠠᠮ᠎ᠤᠨ ᠭᠡᠰᠢᠭᠦᠨ ᠺᠠᠲᠷᠴᠤᠳ᠎ᠤᠨ᠎ᠢᠶᠠᠨ ᠨᠠᠮ᠎ᠤᠨ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠣᠷᠢᠶ᠎ᠠ᠎ᠶᠢᠨ ᠲᠣᠬᠢᠷᠠᠭᠤᠯᠤᠭᠰᠠᠨ ᠱᠠᠭᠠᠷᠳᠠᠯᠭ᠎ᠠ᠎ᠶᠢ ᠨᠠᠷᠢᠨ ᠬᠢᠨᠠᠮᠠᠭᠠᠢ ᠲᠣᠭᠤᠱᠢᠯᠠᠭᠤᠯᠬᠤ᠎ᠶᠢᠨ ᠲᠥᠯᠦᠭᠡ᠂ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ ᠭᠣᠤᠯ ᠰᠡᠳᠦᠪᠲᠦ ᠬᠥᠮᠦᠵᠢᠯ᠎ᠦᠨ᠎ᠢᠶᠡᠨ ᠳᠤᠮᠳᠠ ᠤᠳᠤᠷᠢᠳᠭᠤ ᠪᠠᠭ᠎ᠤᠨ ᠬᠢᠨ᠎ᠡᠴᠡ ᠨᠠᠮ᠎ᠤᠨ ᠬᠢᠴᠢᠶᠡᠯ ᠣᠷᠤᠬᠤ ᠠᠵᠢᠯᠯᠠᠭ᠎ᠠ ᠥᠷᠨᠢᠭᠦᠯᠪᠡ᠃ 7 ᠰᠠᠷ᠎ᠠ᠎ᠶᠢᠨ 16᠎ᠤ ᠦᠳᠡ᠎ᠶᠢᠨ ᠬᠣᠢᠨ᠎ᠠ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ ᠬᠤᠷᠠᠯᠳᠤᠭᠠᠨ ᠡᠷᠬᠢᠯᠡᠵᠦ᠂ ᠨᠠᠮ᠎ᠤᠨ ᠬᠣᠷᠢᠶᠠᠨ᠎ᠤ ᠱᠦᠵᠢ ᠪᠥᠭᠡᠳ ᠬᠡᠷᠡᠭ ᠮᠡᠳᠡᠭᠴᠢᠳ᠎ᠤᠨ ᠳᠠᠷᠤᠭ᠎ᠠ ᠱᠤᠸᠠᠩ ᠯᠦᠩ ᠨᠠᠮ᠎ᠤᠨ ᠬᠢᠴᠢᠶᠡᠯ ᠣᠷᠤᠪᠠ᠃ ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠣᠷᠢᠶᠠᠨ᠎ᠤ ᠭᠣᠤᠯ ᠰᠡᠳᠦᠪᠲᠦ ᠬᠥᠮᠦᠵᠢᠯ᠎ᠦᠨ ᠠᠷᠪᠠᠨ ᠨᠢᠭᠡᠳᠦᠭᠡᠷ ᠲᠣᠭᠤᠷᠢᠨ ᠵᠢᠯᠤᠭᠤᠳᠭᠤ ᠳᠤᠭᠤᠢᠯᠠᠩ᠎ᠤᠨ ᠹᠧᠩ ᠷᠦᠢ ᠱ᠌ᠢᠶᠠᠨ ᠬᠤᠷᠠᠯ᠎ᠳᠤ ᠰᠠᠭᠠᠲᠠᠨ ᠵᠢᠯᠤᠭᠤᠳᠪᠠ᠂ ᠪᠦᠯᠦᠭᠯᠡᠯ᠎ᠦᠨ ᠨᠠᠮ᠎ᠤᠨ ᠬᠣᠷᠢᠶᠠᠨ᠎ᠤ ᠳᠡᠳ ᠱᠦᠵᠢ ᠪᠥᠭᠡᠳ ᠳᠡᠳ ᠶᠡᠷᠦᠩᠬᠡᠢ ᠵᠠᠬᠢᠷᠤᠯ ᠽᠧᠩ ᠬᠠᠨ ᠬᠤᠷᠠᠯ ᠡᠷᠬᠢᠯᠡᠪᠡ᠃

  ᠱᠦᠵᠢ ᠱᠤᠸᠠᠩ ᠯᠦᠩ᠎ᠦᠨ ᠣᠷᠤᠭᠰᠠᠨ ᠨᠠᠮ᠎ᠤᠨ ᠬᠢᠴᠢᠶᠡᠯ᠎ᠨᠢ 《ᠤᠭ ᠰᠠᠨᠠᠭ᠎ᠠ᠎ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ - ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠴᠢᠨᠠᠷᠯᠢᠭ ᠰᠠᠢᠲᠠᠢ ᠬᠥᠭᠵᠢᠯᠲᠡ᠎ᠶᠢᠨ ᠰᠢᠨ᠎ᠡ ᠬᠠᠭᠤᠳᠠᠰᠤ᠎ᠶᠢ ᠡᠷᠴᠢᠯᠡᠨ ᠪᠢᠴᠢᠭᠯᠡᠰᠦᠭᠡᠢ》 ᠬᠡᠮᠡᠨ ᠰᠡᠳᠦᠪᠯᠡᠵᠦ᠂ ᠤᠭ ᠰᠠᠨᠠᠭ᠎ᠠ᠎ᠪᠠᠨ ᠪᠠᠷᠢᠮᠲᠠᠯᠠᠨ ᠡᠭᠦᠷᠭᠡ ᠬᠠᠷᠢᠭᠤᠴᠠᠯᠭ᠎ᠠ ᠡᠭᠦᠷᠭᠡᠯᠡᠬᠦ᠂ ᠵᠥᠷᠢᠶ᠎ᠡ᠎ᠪᠡᠨ ᠡᠷᠢᠵᠦ ᠨᠠᠢᠳᠠᠪᠤᠷᠢᠵᠢᠭᠤᠯᠬᠤ᠎ᠶᠢ ᠠᠳᠭᠤᠬᠤ ᠭᠣᠤᠯ ᠰᠡᠳᠦᠪᠲᠦ ᠬᠥᠮᠦᠵᠢᠯ᠎ᠦᠨ ᠶᠡᠷᠦᠩᠬᠡᠢ ᠱᠠᠭᠠᠷᠳᠠᠯᠭ᠎ᠠ᠎ᠶᠢ ᠵᠢᠷᠤᠮᠯᠠᠵᠤ᠂ ᠱ᠋ᠢ᠎ᠵᠢᠨ ᠫᠢᠩ᠎ᠦᠨ ᠰᠢᠨ᠎ᠡ ᠴᠠᠭ ᠡᠷᠡᠨ᠎ᠦ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠂ ᠦᠨᠡᠨᠴᠢ ᠰᠢᠳᠤᠷᠭᠤ ᠴᠡᠪᠡᠷ ᠠᠷᠢᠭᠤᠨ ᠬᠠᠷᠢᠭᠤᠴᠠᠨ ᠳᠠᠭᠠᠭᠠᠬᠤ ᠤᠯᠤᠰ ᠲᠥᠷᠦ᠎ᠶᠢᠨ ᠵᠠᠩ ᠴᠢᠨᠠᠷ᠎ᠢ ᠳᠠᠪᠲᠠᠬᠤ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠲᠡᠢ ᠪᠦᠯᠬᠦᠮᠳᠡᠨ ᠳᠠᠢᠴᠢᠯᠠᠵᠤ ᠪᠠᠢᠭᠠᠳ ᠠᠭᠤᠤ ᠶᠡᠬᠡ ᠬᠦᠰᠡᠯ᠎ᠢᠶᠡᠨ ᠪᠡᠶᠡᠯᠡᠭᠦᠯᠬᠦ᠎ᠪᠡᠷ ᠬᠠᠮᠲᠤ᠎ᠪᠠᠷ᠎ᠢᠶᠠᠨ ᠲᠡᠮᠡᠴᠡᠬᠦ ᠦᠨᠳᠦᠰᠦᠨ ᠡᠭᠦᠷᠭᠡ᠎ᠶᠢ ᠭᠦᠨᠵᠡᠭᠡᠢ ᠰᠤᠷᠤᠯᠴᠠᠨ ᠲᠣᠭᠤᠱᠢᠯᠠᠭᠤᠯᠵᠤ᠂ ᠣᠨᠤᠯ ᠰᠤᠷᠤᠯᠴᠠᠬᠤ᠎ᠳᠤ᠎ᠪᠠᠨ ᠣᠯᠤᠯᠲᠠ᠎ᠲᠠᠢ᠂ ᠦᠵᠡᠯ ᠰᠠᠨᠠᠭ᠎ᠠ ᠤᠯᠤᠰ ᠲᠥᠷᠦ  ᠰᠢᠷᠭᠠᠭᠠᠯᠲᠠ᠎ᠲᠠᠢ᠂ ᠠᠵᠢᠯ ᠬᠡᠷᠡᠭ ᠠᠳᠠᠯ ᠦᠢᠯᠡᠰ᠎ᠲᠦ ᠬᠠᠷᠢᠭᠤᠴᠠᠯᠭ᠎ᠠ᠎ᠲᠠᠢ᠂ ᠠᠷᠠᠳ ᠲᠦᠮᠡᠨ᠎ᠳᠦ ᠦᠢᠯᠡᠴᠢᠯᠡᠬᠦ ᠬᠦᠨᠳᠦ ᠠᠰᠠᠭᠤᠳᠠᠯ ᠰᠢᠢᠳᠪᠦᠷᠢᠯᠡᠯ᠎ᠲᠡᠢ᠂ ᠠᠷᠢᠭᠤᠨ ᠴᠢᠬᠡᠴᠢ ᠲᠥᠪ ᠰᠤᠷᠲᠠᠯ ᠵᠢᠱᠢᠶᠡᠴᠢ᠎ᠲᠡᠢ ᠪᠣᠯᠬᠤ ᠪᠣᠳᠠᠲᠤ ᠬᠠᠷᠠᠯᠲᠠ᠎ᠶᠢ ᠴᠢᠷᠮᠠᠢᠨ ᠪᠡᠶᠡᠯᠡᠭᠦᠯᠬᠦ ᠣᠯᠠᠨ ᠲᠠᠯ᠎ᠠ᠎ᠶᠢᠨ ᠠᠭᠤᠯᠭ᠎ᠠ᠎ᠶᠢ ᠬᠠᠮᠤᠷᠤᠭᠰᠠᠨ ᠪᠠᠢᠨ᠎ᠠ᠃ ᠲᠡᠭᠡᠭᠡᠳ ᠦᠵᠡᠯ ᠰᠠᠨᠠᠭ᠎ᠠ ᠰᠣᠶᠤᠯ ᠤᠬᠠᠭᠤᠯᠭ᠎ᠠ᠎ᠶᠢᠨ ᠠᠵᠢᠯ᠎ᠤᠨ 《ᠲᠤᠭ ᠳᠠᠯᠪᠠᠭ᠎ᠠ᠎ᠪᠠᠨ ᠮᠠᠨᠳᠤᠭᠤᠯᠤᠨ᠂ ᠠᠷᠠᠳ᠎ᠤᠨ ᠰᠡᠳᠭᠢᠯ᠎ᠢ ᠨᠢᠭᠲᠠᠷᠠᠭᠤᠯᠵᠤ᠂ ᠰᠢᠨ᠎ᠡ ᠬᠥᠮᠦᠰ᠎ᠢ ᠬᠥᠮᠦᠵᠢᠭᠦᠯᠦᠨ᠂ ᠤᠳᠭ᠎ᠠ ᠰᠣᠶᠤᠯ᠎ᠢᠶᠠᠨ ᠬᠥᠭᠵᠢᠭᠦᠯᠵᠦ᠂ ᠳᠦᠷᠢ ᠲᠥᠷᠬᠦ᠎ᠪᠡᠨ ᠴᠣᠭᠴᠠᠯᠠᠨ ᠦᠵᠡᠭᠦᠯᠬᠦ》 ᠳᠠᠷᠬᠠᠨ ᠡᠭᠦᠷᠭᠡ᠎ᠲᠡᠢ ᠤᠶᠠᠯᠳᠤᠭᠤᠯᠤᠨ ᠬᠡᠪᠯᠡᠯ᠎ᠦᠨ ᠪᠦᠯᠦᠭᠯᠡᠯ᠎ᠦᠨ ᠪᠣᠳᠠᠲᠤ ᠪᠠᠢᠳᠠᠯ᠎ᠲᠠᠢ ᠤᠶᠠᠯᠳᠤᠭᠤᠯᠵᠤ ᠪᠠᠢᠭᠠᠳ ᠣᠳᠤᠬᠠᠨ᠎ᠤ ᠪᠦᠯᠦᠭᠯᠡᠯ᠎ᠦᠨ ᠨᠠᠮ᠎ᠤᠨ ᠭᠡᠰᠢᠭᠦᠨ ᠺᠠᠲᠷᠴᠤᠳ᠎ᠤᠨ ᠪᠦᠬᠦᠢᠯᠡ ᠠᠵᠢᠯ᠎ᠤᠨ ᠳᠤᠮᠳᠠ  ᠤᠷᠤᠰᠢᠵᠤ ᠪᠠᠢᠭ᠎ᠠ ᠠᠰᠠᠭᠤᠳᠠᠯ ᠪᠣᠯᠤᠨ ᠵᠥᠷᠢᠶ᠎ᠡ᠎ᠶᠢ ᠭᠦᠨᠵᠡᠭᠡᠢ ᠪᠠᠢᠴᠠᠭᠠᠨ ᠳᠡᠯᠭᠡᠵᠦ ᠠᠰᠠᠭᠤᠳᠠᠯ  ᠤᠷᠤᠰᠢᠵᠤ ᠪᠠᠢᠭ᠎ᠠ ᠦᠨᠳᠦᠰᠦ ᠰᠤᠷᠪᠤᠯᠵᠢ᠎ᠶᠢ ᠭᠦᠨ ᠨᠡᠪᠲᠡ ᠵᠠᠳᠠᠯᠤᠭᠠᠳ ᠠᠵᠢᠯ ᠦᠢᠯᠡᠰ᠎ᠢᠶᠡᠨ ᠬᠠᠯᠠᠨ ᠰᠠᠢᠵᠢᠷᠠᠭᠤᠯᠬᠤ᠎ᠶᠢ ᠲᠦᠯᠬᠢᠨ ᠠᠬᠢᠭᠤᠯᠬᠤ ᠪᠣᠳᠤᠯ ᠰᠡᠳᠭᠢᠬᠦᠢ ᠠᠷᠭ᠎ᠠ ᠤᠬᠠᠭᠠᠨ᠎ᠢ ᠳᠤᠷᠠᠳᠤᠨ ᠭᠠᠷᠭᠠᠭᠰᠠᠨ᠎ᠶᠤᠮ᠃

  ᠪᠦᠯᠦᠭᠯᠡᠯ᠎ᠦᠨ ᠪᠦᠬᠦ ᠨᠠᠮ᠎ᠤᠨ ᠭᠡᠰᠢᠭᠦᠨ ᠺᠠᠲᠷᠴᠤᠳ ᠭᠣᠤᠯ ᠰᠡᠳᠦᠪᠲᠦ ᠬᠥᠮᠦᠵᠢᠯ ᠥᠷᠨᠢᠭᠦᠯᠵᠦ ᠪᠠᠢᠭ᠎ᠠ᠎ᠶᠢᠨ ᠬᠦᠨᠳᠦ ᠴᠢᠬᠤᠯᠠ ᠠᠴᠢ ᠬᠣᠯᠪᠤᠭᠳᠠᠯ᠂ ᠬᠠᠷᠠᠯᠲᠠ ᠱᠠᠭᠠᠷᠳᠠᠯᠭ᠎ᠠ᠎ᠶᠢ ᠳᠡᠭᠡᠳᠦ ᠬᠡᠮᠵᠢᠶ᠎ᠡ᠎ᠪᠡᠷ ᠬᠦᠨᠳᠦᠳᠭᠡᠨ ᠦᠵᠡᠵᠦ ᠦᠵᠡᠯ ᠰᠠᠨᠠᠭ᠎ᠠ᠎ᠪᠠᠨ ᠨᠢᠭᠡᠳᠭᠡᠨ ᠲᠠᠨᠢᠯᠲᠠ᠎ᠪᠠᠨ  ᠳᠡᠭᠡᠭᠰᠢᠯᠡᠭᠦᠯᠵᠤ᠂ ᠶᠡᠷᠦᠩᠬᠡᠢ ᠱᠦᠵᠢ ᠱ᠋ᠢ᠎ᠵᠢᠨ ᠫᠢᠩ᠎ᠦᠨ 《ᠤᠭ ᠰᠠᠨᠠᠭ᠎ᠠ᠎ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠭᠣᠤᠯ ᠰᠡᠳᠦᠪᠲᠦ ᠬᠥᠮᠦᠵᠢᠯ᠎ᠦᠨ ᠠᠵᠢᠯ᠎ᠤᠨ ᠬᠤᠷᠠᠯᠳᠤᠭᠠᠨ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ ᠪᠣᠯᠤᠨ ᠨᠠᠮ᠎ᠤᠨ ᠲᠥᠪ ᠬᠣᠷᠢᠶᠠᠨ᠎ᠤ ᠤᠯᠤᠰ ᠲᠥᠷᠦ᠎ᠶᠢᠨ ᠲᠣᠪᠴᠢᠶᠠᠨ᠎ᠤ ᠠᠷᠪᠠᠨ ᠲᠠᠪᠤᠳᠤᠭᠠᠷ ᠤᠳᠠᠭᠠᠨ᠎ᠤ ᠬᠠᠮᠲᠤ᠎ᠪᠠᠷ ᠰᠤᠷᠤᠯᠴᠠᠬᠤ ᠦᠶ᠎ᠡ᠎ᠳᠦ ᠲᠠᠯᠪᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠭᠦᠨᠵᠡᠭᠡᠢ ᠰᠤᠷᠤᠯᠴᠠᠨ ᠲᠣᠭᠤᠱᠢᠯᠠᠭᠤᠯᠵᠤ ᠴᠡᠭᠴᠡᠯᠡᠨ ᠰᠠᠢᠵᠢᠷᠠᠭᠤᠯᠬᠤ᠎ᠶᠢᠨ ᠨᠠᠢᠳᠠᠪᠤᠷᠢᠵᠢᠯᠲᠠ᠎ᠶᠢ ᠰᠠᠢᠲᠤᠷ ᠠᠳᠭᠤᠬᠤ᠎ᠪᠠᠷ ᠲᠤᠰ ᠤᠳᠠᠭᠠᠨ᠎ᠤ ᠭᠣᠤᠯ ᠰᠡᠳᠦᠪᠲᠦ ᠬᠥᠮᠦᠵᠢᠯ᠎ᠦᠨ ᠴᠢᠬᠤᠯᠠ᠎ᠠᠴᠠ ᠴᠢᠬᠤᠯᠠ ᠵᠦᠢᠯ ᠪᠣᠯᠭᠠᠵᠤ ᠪᠠᠢᠭᠠᠳ ᠬᠡᠪᠯᠡᠯ᠎ᠦᠨ ᠪᠦᠯᠦᠭᠯᠡᠯ᠎ᠦᠨ ᠴᠢᠨᠠᠷᠯᠢᠭ ᠰᠠᠢᠲᠠᠢ ᠬᠥᠭᠵᠢᠯᠲᠡ᠎ᠶᠢ ᠠᠬᠢᠭᠤᠯᠬᠤ ᠳᠤᠮᠳᠠ ᠤᠭ ᠰᠠᠨᠠᠭ᠎ᠠ ᠪᠣᠯᠤᠨ ᠳᠠᠷᠬᠠᠨ ᠡᠭᠦᠷᠭᠡ᠎ᠪᠡᠨ ᠦᠢᠯᠡᠳᠦᠯᠭᠡᠵᠢᠭᠦᠯᠰᠦᠭᠡᠢ ᠬᠡᠮᠡᠨ ᠳᠡᠳ᠋ ᠱᠦᠵᠢ ᠽᠧᠩ ᠬᠠᠨ ᠬᠤᠷᠠᠯ ᠡᠷᠬᠢᠯᠡᠬᠦ ᠦᠶ᠎ᠡ᠎ᠳᠤ᠎ᠪᠠᠨ ᠱᠠᠭᠠᠷᠳᠠᠨ ᠳᠤᠷᠠᠳᠪᠠ᠃

  ᠪᠦᠯᠦᠭᠯᠡᠯ᠎ᠦᠨ ᠶᠡᠷᠦᠩᠬᠡᠢ ᠭᠠᠵᠠᠷ᠎ᠤᠨ ᠪᠦᠬᠦ ᠨᠠᠮ᠎ᠤᠨ ᠭᠡᠰᠢᠭᠦᠳ᠂ ᠬᠥᠬᠡᠬᠤᠲᠠ᠎ᠳᠤ ᠪᠠᠢᠭ᠎ᠠ ᠨᠢᠭᠡᠴᠢ᠎ᠨᠦᠭᠦᠳ᠎ᠦᠨ ᠨᠠᠮ᠎ᠤᠨ ᠭᠡᠰᠢᠭᠦᠳ ᠤᠳᠤᠷᠢᠳᠭᠤ ᠪᠠᠭ᠎ᠤᠨ ᠪᠦᠷᠢᠯᠳᠦᠬᠦᠨ ᠪᠣᠯᠤᠨ ᠡᠯ᠎ᠡ ᠨᠠᠮ᠎ᠤᠨ ᠡᠭᠦᠷ᠎ᠦᠨ ᠭᠡᠰᠢᠭᠦᠳ ᠪᠦᠭᠦᠳᠡᠭᠡᠷ ᠨᠠᠮ᠎ᠤᠨ ᠬᠢᠴᠢᠶᠡᠯ ᠰᠣᠨᠤᠰᠴᠤ ᠬᠥᠮᠦᠵᠢᠯ ᠬᠦᠷᠲᠡᠪᠡ᠃

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604