ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠬᠢᠨ ᠱᠢᠯᠢ᠎ᠶᠢᠨ ᠭᠣᠤᠯ ᠠᠢᠮᠠᠭ᠎ᠤᠨ 6 ᠦᠨᠳᠦᠰᠦᠲᠡᠨ᠎ᠦ ᠰᠤᠷᠭᠠᠭᠤᠯᠢ᠎ᠳᠤ 15 ᠲᠦᠮᠡᠨ ᠲᠥᠭᠦᠷᠢᠭ᠎ᠦᠨ ᠮᠣᠩᠭᠤᠯ ᠨᠣᠮ ᠪᠢᠴᠢᠭ ᠬᠠᠨᠳᠢᠪᠯᠠᠪᠠ
2019.10.21

  2019 ᠣᠨ 10 ᠰᠠᠷ᠎ᠠ᠎ᠶᠢᠨ 18᠎ᠦ ᠡᠳᠦᠷ᠂ ᠨᠠᠢ᠍ᠮᠠᠨ ᠮᠣᠵᠢ ᠣᠷᠤᠨ᠎ᠤ ᠮᠣᠩᠭᠤᠯ ᠬᠡᠯᠡ ᠪᠢᠴᠢᠭ᠎ᠦᠨ ᠠᠵᠢᠯ᠎ᠤᠨ ᠬᠠᠮᠵᠢᠯᠴᠠᠬᠤ ᠳᠤᠭᠤᠢᠯᠠᠩ᠎ᠤᠨ ᠠᠯᠪᠠᠨ ᠭᠡᠷ᠂ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠂ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠱᠢᠨᠬᠤᠧᠠ ᠲᠠᠷᠬᠠᠭᠠᠬᠤ ᠪᠦᠯᠦᠭᠯᠡᠯ ᠭᠣᠣᠯᠯᠠᠨ ᠡᠷᠬᠢᠯᠡᠵᠦ᠂ ᠱᠢᠯᠢ᠎ᠶᠢᠨ ᠭᠣᠤᠯ ᠠᠢᠮᠠᠭ᠎ᠤᠨ ᠦᠨᠳᠦᠰᠦᠲᠡᠨ᠎ᠦ ᠬᠡᠷᠡᠭ ᠡᠷᠬᠢᠯᠡᠬᠦ ᠵᠥᠪᠯᠡᠯ᠂ ᠱᠢᠯᠢ᠎ᠶᠢᠨ ᠭᠣᠤᠯ ᠠᠢᠮᠠᠭ᠎ᠤᠨ ᠰᠣᠶᠤᠯ ᠪᠡᠶ᠎ᠡ᠎ᠶᠢᠨ ᠲᠠᠮᠢᠷ ᠵᠢᠭᠤᠯᠴᠢᠯᠠᠯ ᠷᠠᠳᠢᠣ᠋ ᠺᠢᠨᠤ ᠲᠸᠯᠸᠢᠰ᠎ᠦᠨ ᠶᠡᠷᠦᠩᠬᠡᠢ ᠲᠣᠪᠴᠢᠶ᠎ᠠ᠂ ᠱᠢᠯᠢ᠎ᠶᠢᠨ ᠭᠣᠣᠯ ᠠᠵᠢᠯ ᠮᠡᠷᠭᠡᠵᠢᠯ᠎ᠦᠨ ᠲᠡᠭᠡᠳᠦ ᠰᠤᠷᠭᠠᠭᠤᠯᠢ᠂ ᠱᠢᠯᠢ᠎ᠶᠢᠨ ᠭᠣᠤᠯ ᠠᠢᠮᠠᠭ᠎ᠤᠨ ᠱᠢᠨᠬᠤᠧᠠ ᠨᠣᠮ᠎ᠤᠨ ᠲᠡᠯᠭᠡᠭᠦᠷ᠎ᠡᠴᠡ ᠲᠠᠭᠠᠭᠠᠴᠢᠯᠠᠨ ᠡᠷᠬᠢᠯᠡᠵᠦ᠂ ᠵᠣᠬᠢᠶᠠᠯᠴᠢᠳ᠎ᠤᠨ ᠨᠡᠢᠭᠡᠮᠯᠢᠭ᠎ᠡᠴᠡ ᠬᠠᠮᠵᠢᠨ ᠡᠷᠬᠢᠯᠡᠭᠰᠡᠨ ᠨᠠᠢ᠍ᠮᠠᠨ ᠮᠣᠵᠢ ᠣᠷᠤᠨ᠎ᠤ ᠲᠠᠪᠤᠳᠤᠭᠠᠷ ᠬᠤᠭᠤᠴᠠᠭᠠᠨ᠎ᠤ ᠮᠣᠩᠭᠤᠯ ᠨᠣᠮ᠎ᠦᠨ ᠦᠵᠡᠭᠦᠯᠭᠡ ᠱᠢᠯᠢ᠎ᠶᠢᠨ ᠭᠣᠣᠯ ᠠᠵᠢᠯ ᠮᠡᠷᠭᠡᠵᠢᠯ᠎ᠦᠨ ᠲᠡᠭᠡᠳᠦ ᠰᠤᠷᠭᠠᠭᠤᠯᠢ᠎ᠶᠢᠨ ᠨᠣᠮ᠎ᠤᠨ ᠰᠠᠩ᠎ᠳᠤ ᠡᠬᠢᠯᠡᠪᠡ᠃ ᠥᠪᠡᠷᠲᠡᠭᠡᠨ ᠵᠠᠰᠠᠬᠤ ᠣᠷᠤᠨ᠎ᠤ ᠦᠨᠳᠦᠰᠦᠲᠡᠨ᠎ᠦ ᠬᠡᠷᠡᠭ ᠡᠷᠬᠢᠯᠡᠬᠦ ᠵᠥᠪᠯᠡᠯ᠎ᠦᠨ  ᠳᠡᠳ᠋ ᠡᠷᠬᠢᠯᠡᠭᠴᠢ ᠶᠦᠨ ᠭᠦᠧᠧ ᠱᠧᠩ᠂ ᠠᠢᠮᠠᠭ᠎ᠤᠨ ᠨᠠᠮ᠎ᠤᠨ ᠬᠣᠷᠢᠶᠠᠨ᠎ᠤ ᠭᠡᠱᠢᠭᠦᠨ᠂ ᠵᠠᠬᠢᠷᠭ᠎ᠠ᠎ᠶᠢᠨ  ᠳᠡᠳ᠋ ᠲᠠᠷᠤᠭ᠎ᠠ ᠴᠢᠦᠢ ᠸᠧᠢ ᠭᠦᠧᠧ᠂ ᠦᠨᠳᠦᠰᠦᠲᠡᠨ᠎ᠦ ᠬᠡᠪᠯᠡᠯ᠎ᠦᠨ ᠬᠣᠷᠢᠶᠠᠨ᠎ᠤ  ᠳᠡᠳ᠋ ᠲᠠᠷᠤᠭ᠎ᠠ ᠴᠡᠷᠡᠩᠵᠡᠪ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶᠠᠨ᠎ᠤ ᠱᠦᠵᠢ᠂ ᠬᠡᠷᠡᠭ ᠮᠡᠳᠡᠭᠴᠢᠳ᠎ᠦᠨ ᠲᠠᠷᠤᠭ᠎ᠠ ᠪᠤᠤ ᠱᠤᠧᠠᠩ ᠯᠦᠩ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶᠠᠨ᠎ᠤ ᠭᠡᠱᠢᠭᠦᠨ᠂ ᠶᠡᠷᠦᠩᠬᠡᠢ ᠨᠠᠢᠷᠠᠭᠤᠯᠤᠭᠴᠢ ᠴᠡᠴᠡᠭ᠂ ᠥᠪᠦᠷ ᠮᠣᠩᠭᠤᠯ᠎ᠤᠨ ᠲᠠᠷᠬᠠᠭᠠᠯᠲᠠ᠎ᠶᠢᠨ ᠪᠦᠯᠦᠭᠯᠡᠯ᠎ᠦᠨ ᠨᠠᠮ᠎ᠤᠨ ᠬᠣᠷᠢᠶᠠᠨ᠎ᠤ  ᠳᠡᠳ᠋ ᠱᠦᠵᠢ ᠭᠤᠤ ᠷᠦᠢ ᠮᠧᠢ᠂ ᠱᠢᠯᠢ᠎ᠶᠢᠨ ᠭᠣᠣᠯ ᠠᠵᠢᠯ ᠮᠡᠷᠭᠡᠵᠢᠯ᠎ᠦᠨ ᠲᠡᠭᠡᠳᠦ ᠰᠤᠷᠭᠠᠭᠤᠯᠢ᠎ᠶᠢᠨ ᠨᠠᠮ᠎ᠤᠨ ᠬᠣᠷᠢᠶᠠᠨ᠎ᠤ ᠱᠦᠵᠢ ᠴᠣᠯᠮᠤᠨ᠂ ᠱᠢᠯᠢ᠎ᠶᠢᠨ ᠭᠣᠣᠯ ᠠᠵᠢᠯ ᠮᠡᠷᠭᠡᠵᠢᠯ᠎ᠦᠨ ᠲᠡᠭᠡᠳᠦ ᠰᠤᠷᠭᠠᠭᠤᠯᠢ᠎ᠶᠢᠨ ᠵᠠᠬᠢᠷᠤᠯ ᠶᠠᠩ ᠹᠦ ᠶᠢᠦ᠂ ᠱᠢᠯᠢ᠎ᠶᠢᠨ ᠭᠣᠤᠯ ᠠᠢᠮᠠᠭ᠎ᠤᠨ ᠰᠤᠷᠭᠠᠨ ᠬᠥᠮᠦᠵᠢᠯ᠎ᠤᠨ ᠨᠠᠮ᠎ᠤᠨ ᠠᠵᠢᠯ᠎ᠤᠨ ᠵᠥᠪᠯᠡᠯ᠎ᠦᠨ ᠱᠦᠵᠢ᠂ ᠠᠢᠮᠠᠭ᠎ᠤᠨ ᠰᠤᠷᠭᠠᠨ ᠬᠥᠮᠦᠵᠢᠯ᠎ᠦᠨ ᠲᠣᠪᠴᠢᠶᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠲᠠᠷᠤᠭ᠎ᠠ ᠪᠥᠬᠡᠴᠢᠯᠠᠭᠤ ᠵᠡᠷᠭᠡ ᠤᠳᠤᠷᠢᠳᠤᠯᠭ᠎ᠠ ᠡᠬᠢᠯᠡᠯᠲᠡ᠎ᠶᠢᠨ ᠶᠣᠰᠤᠯᠠᠯ᠎ᠳᠤ ᠣᠷᠤᠯᠴᠠᠵᠠᠢ᠃

  ᠡᠬᠢᠯᠡᠯᠲᠡ᠎ᠶᠢᠨ ᠶᠣᠰᠤᠯᠠᠯ ᠲᠡᠭᠡᠷ᠎ᠡ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ ᠱᠢᠯᠢ᠎ᠶᠢᠨ ᠭᠣᠣᠯ ᠠᠢᠮᠠᠭ᠎ᠤᠨ 6 ᠦᠨᠳᠦᠰᠦᠲᠡᠨ᠎ᠦ ᠰᠤᠷᠭᠠᠭᠤᠯᠢ᠎ᠳᠤ 15 ᠲᠦᠮᠡᠨ ᠲᠥᠭᠦᠷᠢᠭ᠎ᠦᠨ ᠥᠷᠲᠡᠭ᠎ᠲᠡᠢ ᠮᠣᠩᠭᠤᠯ ᠨᠣᠮ ᠪᠢᠴᠢᠭ ᠬᠠᠨᠳᠢᠪᠯᠠᠵᠤ᠂ ᠪᠥᠬᠡᠴᠢᠯᠠᠭᠤ ᠵᠢᠴᠢ 6 ᠰᠤᠷᠭᠠᠭᠤᠯᠢ (ᠱᠢᠯᠢ᠎ᠶᠢᠨ ᠬᠤᠳᠠ᠎ᠶᠢᠨ ᠮᠣᠩᠭᠤᠯ ᠦᠨᠳᠦᠰᠦᠲᠡᠨ᠎ᠦ ᠪᠠᠭ᠎ᠠ ᠰᠤᠷᠭᠠᠭᠤᠯᠢ᠂ ᠱᠢᠯᠢ᠎ᠶᠢᠨ ᠬᠤᠳᠠ᠎ᠶᠢᠨ ᠮᠣᠩᠭᠤᠯ ᠦᠨᠳᠦᠰᠦᠲᠡᠨ᠎ᠦ ᠬᠣᠶᠠᠳᠤᠭᠠᠷ ᠪᠠᠭ᠎ᠠ ᠰᠤᠷᠭᠠᠭᠤᠯᠢ᠂ ᠱᠢᠯᠢ᠎ᠶᠢᠨ ᠬᠤᠳᠠ᠎ᠶᠢᠨ ᠮᠣᠩᠭᠤᠯ ᠦᠨᠳᠦᠰᠦᠲᠡᠨ᠎ᠦ ᠳᠤᠮᠳᠠᠳᠤ ᠰᠤᠷᠭᠠᠭᠤᠯᠢ᠂ ᠰᠥᠨᠢᠳ ᠪᠠᠷᠠᠭᠤᠨ ᠬᠣᠱᠢᠭᠤᠨ᠎ᠤ ᠮᠣᠩᠭᠤᠯ ᠦᠨᠳᠦᠰᠦᠲᠡᠨ᠎ᠦ ᠳᠤᠮᠳᠠᠳᠤ ᠰᠤᠷᠭᠠᠭᠤᠯᠢ᠂ ᠬᠥᠪᠡᠭᠡᠲᠦ ᠱᠢᠷ᠎ᠠ ᠬᠣᠱᠢᠭᠤᠨ᠎ᠤ ᠮᠣᠩᠭᠤᠯ ᠦᠨᠳᠦᠰᠦᠲᠡᠨ᠎ᠦ ᠳᠤᠮᠳᠠᠳᠤ ᠰᠤᠷᠭᠠᠭᠤᠯᠢ᠂ ᠤᠯᠠᠭᠠᠢ ᠬᠠᠮᠢᠶᠠᠷᠤᠯᠲᠠ᠎ᠶᠢᠨ ᠣᠷᠤᠨ᠎ᠤ ᠮᠣᠩᠭᠤᠯ ᠦᠨᠳᠦᠰᠦᠲᠡᠨ᠎ᠦ ᠰᠤᠷᠭᠠᠭᠤᠯᠢ)᠎ᠶᠢᠨ ᠲᠥᠯᠦᠭᠡᠯᠡᠭᠴᠢ ᠲᠠᠢᠰᠠᠨ᠎ᠳᠤ ᠭᠠᠷᠴᠤ ᠬᠠᠨᠳᠢᠪ ᠬᠦᠷᠳᠡᠭᠰᠡᠨ ᠪᠠᠢᠨ᠎ᠠ᠃

  ᠲᠣᠰ ᠤᠳᠠᠭᠠᠨ᠎ᠤ ᠬᠠᠨᠳᠢᠪᠯᠠᠨ ᠬᠦᠷᠭᠡᠬᠦ ᠠᠵᠢᠯᠯᠠᠭ᠎ᠠ᠎ᠨᠢ ᠬᠦᠯᠢᠶᠡᠨ ᠠᠪᠤᠭᠰᠠᠨ ᠦᠨᠳᠦᠰᠦᠲᠡᠨ᠎ᠦ ᠰᠤᠷᠭᠠᠭᠤᠯᠢ᠎ᠶᠢᠨ ᠮᠣᠩᠭᠤᠯ ᠨᠣᠮ ᠪᠢᠴᠢᠭ᠎ᠦᠨ ᠲᠥᠷᠦᠯ ᠵᠦᠢᠯ᠎ᠢ ᠪᠠᠶᠠᠯᠢᠭᠵᠢᠭᠤᠯᠵᠤ᠂ ᠪᠠᠭᠱᠢ ᠰᠤᠷᠤᠭᠴᠢᠳ᠎ᠤᠨ ᠤᠩᠱᠢᠯᠭ᠎ᠠ᠎ᠶᠢᠨ ᠡᠬᠢ ᠪᠠᠶᠠᠯᠢᠭ᠎ᠢ ᠡᠯᠪᠡᠭᠵᠢᠭᠦᠯᠦᠭᠰᠡᠨ᠎ᠢᠶᠠᠷ ᠪᠠᠷᠠᠬᠤ ᠥᠬᠡᠢ ᠪᠠᠰᠠ ᠬᠠᠨᠳᠢᠪ ᠬᠦᠷᠳᠡᠭᠰᠡᠨ ᠦᠨᠳᠦᠰᠦᠲᠡᠨ᠎ᠦ ᠰᠤᠷᠭᠠᠭᠤᠯᠢ᠎ᠶᠢᠨ ᠰᠤᠷᠭᠠᠭᠤᠯᠢ᠎ᠶᠢᠨ ᠬᠦᠷᠢᠶᠡᠨ᠎ᠦ ᠨᠣᠮ ᠤᠩᠱᠢᠬᠤ ᠠᠵᠢᠯᠯᠠᠭ᠎ᠠ᠎ᠶᠢ ᠢᠳᠡᠪᠬᠢᠲᠡᠢ ᠥᠷᠨᠢᠭᠦᠯᠬᠦ᠎ᠳᠦ ᠴᠢᠨᠠᠷᠯᠢᠭ ᠪᠠᠲᠤᠯᠠᠭ᠎ᠠ ᠬᠠᠩᠭᠠᠵᠠᠢ᠃

 

 

    ᠣᠷᠴᠢᠭᠤᠯᠤᠭᠴᠢ᠄ ᠰᠠᠢᠬᠠᠨ᠎ᠠ

    ᠱᠢᠯᠢ᠎ᠶᠢᠨ ᠭᠣᠤᠯ ᠠᠢᠮᠠᠭ᠎ᠤᠨ ᠰᠤᠷᠭᠠᠨ ᠬᠥᠮᠦᠵᠢᠯ᠎ᠦᠨ ᠸᠢᠴᠠᠲ᠎ᠤᠨ ᠨᠡᠢᠳᠠ᠎ᠶᠢᠨ ᠨᠤᠮᠸᠷ᠎ᠡᠴᠡ ᠣᠷᠴᠢᠭᠤᠯᠤᠨ ᠨᠡᠢᠲᠡᠯᠡᠪᠡ

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604