《ᠠᠭᠤᠤ ᠶᠡᠬᠡ ᠡᠬᠡ ᠤᠯᠤᠰ᠎ᠢᠶᠠᠨ ᠮᠠᠭᠳᠠᠨ ᠳᠠᠭᠤᠯᠠᠵᠦ᠂ ᠤᠮᠠᠷᠠᠳᠤ ᠬᠢᠯᠢ᠎ᠶᠢᠨ ᠬᠡᠪᠯᠡᠯ᠎ᠦᠨ ᠦᠢᠯᠡᠰ᠎ᠲᠦ ᠬᠦᠴᠦᠨ ᠡᠷᠬᠦᠰᠦ》 —— ᠠᠵᠢᠯᠳᠠᠳ᠎ᠤᠨ ᠶᠠᠷᠢᠶ᠎ᠠ ᠢᠯᠡᠳᠭᠡᠯ᠎ᠦᠨ ᠤᠷᠤᠯᠳᠤᠭᠠᠨ
2019.12.24

  ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ 70 ᠵᠢᠯ᠎ᠤᠨ ᠤᠢ᠎ᠶᠢ ᠪᠡᠯᠭᠡᠯᠡᠨ᠂ ᠪᠦᠯᠦᠭᠯᠡᠯ᠎ᠤᠨ ᠥᠷᠭᠡᠨ ᠤᠯᠠᠨ ᠺᠠᠳ᠋ᠷ ᠠᠵᠢᠯᠳᠠᠨ᠎ᠢ ᠬᠦᠳᠦᠯᠦᠨ ᠵᠢᠯᠤᠭᠤᠳᠴᠤ ᠳᠤᠮᠳᠠᠳᠤ᠎ᠶᠢᠨ ᠬᠦᠰᠡᠯ᠎ᠢᠶᠠᠨ ᠪᠡᠶᠡᠯᠡᠭᠦᠯᠬᠦ᠎ᠳᠤ ᠬᠤᠪᠢ ᠨᠡᠮᠡᠷᠢ ᠦᠵᠡᠭᠦᠯᠬᠦ ᠵᠣᠷᠢᠯᠭ᠎ᠠ᠎ᠪᠡᠷ 9 ᠰᠠᠷ᠎ᠠ᠎ᠶᠢᠨ 29᠎ᠤ ᠡᠳᠦᠷ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ 《ᠠᠭᠤᠤ ᠶᠡᠬᠡ ᠡᠬᠡ ᠤᠯᠤᠰ᠎ᠢᠶᠠᠨ ᠮᠠᠭᠳᠠᠨ ᠳᠠᠭᠤᠯᠠᠵᠦ᠂ ᠤᠮᠠᠷᠠᠳᠤ ᠬᠢᠯᠢ᠎ᠶᠢᠨ ᠬᠡᠪᠯᠡᠯ᠎ᠦᠨ ᠦᠢᠯᠡᠰ᠎ᠲᠦ ᠬᠦᠴᠦᠨ ᠡᠷᠬᠦᠰᠦ》 ᠬᠡᠮᠡᠬᠦ ᠠᠵᠢᠯᠳᠠᠳ᠎ᠤᠨ ᠶᠠᠷᠢᠶ᠎ᠠ ᠢᠯᠡᠳᠭᠡᠯ᠎ᠤᠨ ᠤᠷᠤᠯᠳᠤᠭᠠᠨ᠎ᠢ ᠡᠷᠬᠢᠯᠡᠨ ᠶᠠᠪᠤᠭᠳᠠᠭᠤᠯᠤᠭᠰᠠᠨ ᠪᠠᠢᠨ᠎ᠠ᠃ ᠤᠷᠤᠯᠳᠤᠭᠠᠨ᠎ᠳᠤ ᠪᠦᠯᠦᠭᠯᠡᠯ᠎ᠦᠨ ᠬᠠᠷᠢᠶᠠᠳᠤ ᠡᠯ᠎ᠡ ᠨᠢᠭᠡᠴᠢ᠎ᠡᠴᠡ ᠱᠢᠯᠭᠠᠷᠠᠭᠤᠯᠤᠨ ᠳᠤᠮᠢᠯᠠᠭᠰᠠᠨ 12 ᠣᠷᠤᠯᠳᠤᠭᠴᠢ ᠤᠷᠤᠯᠴᠠᠵᠦ᠂ ᠪᠦᠯᠦᠭᠯᠡᠯ᠎ᠦᠨ ᠬᠠᠮᠢᠶ᠎ᠠ ᠪᠦᠬᠦᠢ ᠤᠳᠤᠷᠢᠳᠤᠯᠭ᠎ᠠ ᠤᠷᠤᠯᠳᠤᠭᠠᠨ᠎ᠤ ᠳᠤᠬᠠᠢ᠎ᠶᠢᠨ ᠳᠠᠯᠠᠪᠤᠷ᠎ᠲᠤ ᠬᠦᠷᠦᠯᠴᠡᠨ ᠰᠠᠭᠠᠳᠠᠪᠠ᠃

  ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ 70 ᠵᠢᠯ᠎ᠤᠨ ᠤᠢ ᠵᠢᠴᠢ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ ᠪᠠᠢᠭᠤᠯᠤᠭᠳᠠᠭᠰᠠᠨ 10 ᠵᠢᠯ᠎ᠤᠨ ᠤᠢ᠎ᠶᠢ ᠪᠡᠯᠭᠡᠯᠡᠬᠦ ᠱᠢᠷᠢᠰ ᠠᠵᠢᠯᠯᠠᠭᠠᠨ᠎ᠤ ᠨᠢᠭᠡᠨ ᠪᠣᠯᠤᠭᠰᠠᠨ ᠡᠨᠡ ᠤᠳᠠᠭᠠᠨ᠎ᠤ ᠤᠷᠤᠯᠳᠤᠭᠠᠨ᠎ᠨᠢ 《ᠡᠬᠡ ᠤᠯᠤᠰ᠎ᠲᠠᠢ᠎ᠪᠠᠨ ᠪᠢ ᠬᠠᠮᠳᠤ ᠬᠡᠭᠦ ᠭᠣᠤᠯ ᠰᠡᠳᠦᠪ᠎ᠢᠶᠡᠷ ᠱᠢᠵᠢᠮᠯᠡᠵᠦ᠂ ᠪᠦᠯᠬᠦᠮᠳᠡᠨ ᠳᠠᠪᠱᠢᠬᠤ ᠵᠥᠪ ᠡᠨᠧᠷᠬᠢ᠎ᠶᠢ ᠰᠠᠨᠠᠭᠠᠴᠢᠯᠠᠨ᠂ ᠡᠬᠡ ᠣᠷᠤᠨᠴᠢ ᠦᠵᠡᠯ ᠪᠠ ᠢᠳᠡᠪᠬᠢ ᠥᠭᠡᠳᠡᠷᠬᠡᠭ ᠴᠠᠭ ᠦᠶ᠎ᠡ᠎ᠶᠢᠨ ᠵᠣᠷᠢᠭ ᠰᠠᠨᠠᠭ᠎ᠠ᠎ᠶᠢ ᠪᠠᠳᠠᠷᠠᠭᠠᠵᠠᠢ᠃ ᠤᠷᠤᠯᠳᠤᠭᠠᠨ᠎ᠳᠤ ᠣᠷᠤᠯᠴᠠᠭᠰᠠᠳᠡᠬᠡ ᠤᠯᠤᠰ᠎ᠲᠠᠢ᠎ᠪᠠᠨ ᠪᠢ ᠬᠠᠮᠳᠤᠡᠬᠡ ᠤᠯᠤᠰ᠎ᠤᠨ ᠮᠠᠭᠳᠠᠭᠤ》 《ᠱᠢᠨ᠎ᠡ ᠴᠠᠭ ᠦᠶ᠎ᠡ᠎ᠶᠢᠨ ᠪᠣᠰᠤᠭ᠎ᠠ᠎ᠶᠢ ᠠᠯᠬᠤᠭᠰᠠᠨ ᠪᠢᠳᠡ᠎ᠨᠠᠷ》 ᠭᠡᠬᠦ ᠵᠡᠷᠭᠡ ᠤᠯᠠᠨ ᠰᠡᠳᠦᠪ᠎ᠢᠶᠡᠷ ᠠᠵᠢᠯ᠎ᠤᠨ ᠪᠠᠢᠷᠢ᠎ᠶᠢᠨ ᠪᠤᠳᠠᠳᠠᠢ ᠪᠠᠢᠳᠠᠯ᠎ᠳᠤ᠎ᠪᠠᠨ ᠰᠠᠭᠤᠷᠢᠯᠠᠨ᠂ ᠠᠮᠢᠳᠤᠯᠢᠭ ᠵᠢᠱ᠌ᠢᠶ᠎ᠡ ᠦᠨᠡᠨᠴᠢ ᠰᠡᠳᠭᠢᠯᠭᠡ ᠪᠣᠷᠤᠭᠵᠢᠭᠤᠨ ᠬᠡᠯᠡᠯᠭᠡ᠎ᠪᠡᠷ ᠡᠬᠡ ᠣᠷᠤᠨᠴᠢ ᠬᠠᠢᠷ᠎ᠠ ᠰᠡᠳᠭᠢᠯᠭᠡ᠎ᠪᠠᠨ ᠢᠯᠡᠳᠭᠡᠵᠦ᠂ ᠬᠡᠪᠯᠡᠯ᠎ᠤᠨ ᠠᠵᠢᠯᠳᠠᠨ ᠪᠤᠯᠤᠭᠰᠳ᠎ᠤᠨ ᠡᠭᠦᠷᠭᠡ ᠬᠠᠷᠢᠭᠤᠴᠠᠯᠭ᠎ᠠ᠎ᠪᠠᠨ ᠳᠤᠳᠤᠷᠬᠠᠢᠯᠠᠨ ᠥᠭᠦᠯᠡᠭᠰᠡᠨ ᠪᠠᠢᠨ᠎ᠠ᠃

   ᠡᠭᠦᠨ᠎ᠡᠴᠡ ᠬᠣᠢᠱᠢᠳᠠ ᠰᠢ᠎ᠵᠢᠨ ᠫᠢᠩ ᠨᠥᠬᠦᠷ᠎ᠢᠶᠠᠷ ᠭᠣᠤᠯᠯᠠᠭᠤᠯᠤᠭᠰᠠᠨ ᠨᠠᠮ᠎ᠤᠨ ᠲᠥᠪ ᠬᠣᠷᠢᠶᠠᠨ᠎ᠤ ᠳᠤᠭᠤᠷᠢᠨ᠎ᠳᠤ ᠨᠡᠩ ᠢᠯᠡᠭᠦᠦ ᠨᠢᠭᠳᠠᠷᠠᠨ ᠪᠦᠯᠬᠦᠮᠳᠡᠵᠦ᠂ ᠮᠣᠩᠭᠤᠯ ᠮᠣᠷᠢᠨ᠎ᠤ ᠵᠣᠷᠢᠭ ᠰᠠᠨᠠᠭ᠎ᠠ᠎ᠶᠢ ᠮᠠᠨᠳᠤᠭᠤᠯᠤᠨ᠂ ᠳᠦᠮᠡᠨ᠎ᠦ ᠰᠡᠳᠭᠢᠯ ᠨᠢᠭᠡᠳᠦᠨ ᠳᠡᠮᠦᠷ ᠬᠡᠷᠡᠮ ᠪᠣᠯᠤᠨ ᠪᠦᠷᠢᠯᠳᠦᠵᠦ᠂ ᠡᠭᠦᠷᠭᠡ ᠬᠠᠷᠢᠭᠤᠴᠠᠯᠭ᠎ᠠ᠎ᠪᠠᠨ ᠲᠣᠳᠤᠷᠬᠠᠢ ᠳᠠᠨᠢᠵᠦ ᠵᠤᠷᠢᠭᠳᠠᠢ ᠡᠭᠦᠷᠭᠡᠯᠡᠨ᠂ ᠬᠠᠳᠠᠭᠤᠵᠢᠯᠳᠠᠢ ᠳᠡᠮᠡᠴᠡᠨ ᠱᠢᠷᠭᠠᠭᠤ ᠠᠵᠢᠯᠯᠠᠵᠦ᠂ ᠡᠬᠡ ᠣᠷᠤᠨ᠎ᠤ ᠤᠮᠠᠷᠠᠳᠤ ᠬᠢᠯᠢ᠎ᠶᠢᠨ ᠦᠵᠡᠮᠵᠢ᠎ᠶᠢᠨ ᠪᠦᠰᠡ ᠪᠣᠯᠤᠭᠰᠠᠨ ᠥᠪᠦᠷ ᠮᠣᠩᠭᠤᠯ᠎ᠪᠠᠨ ᠨᠡᠩ ᠦᠵᠡᠰᠭᠦᠯᠡᠩ ᠰᠠᠢᠬᠠᠨ ᠪᠦᠲᠦᠭᠡᠨ ᠪᠠᠢᠭᠤᠯᠵᠦ᠂ ᠱᠢᠨ᠎ᠡ ᠴᠠᠭ ᠦᠶ᠎ᠡ᠎ᠶᠢᠨ ᠢᠯᠠᠭᠤᠭᠰᠠᠨ ᠬᠠᠭᠤᠳᠠᠰᠤ᠎ᠶᠢ ᠪᠢᠴᠢᠭᠯᠡᠰᠦᠭᠡᠢ ᠭᠡᠵᠦ ᠤᠷᠤᠯᠳᠤᠭᠠᠨ᠎ᠳᠤ ᠣᠷᠤᠯᠴᠠᠭᠰᠠᠳ ᠢᠯᠡᠷᠬᠡᠢᠯᠡᠪᠡ᠃

  ᠣᠷᠴᠢᠭᠤᠯᠤᠭᠴᠢ᠄ ᠲᠡᠷᠭᠡᠯ

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604