ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ 2019——2020 ᠣᠨ᠎ᠤ 《ᠬᠤᠶᠠᠷ ᠱᠢᠯᠢᠳᠡᠭ ᠨᠢᠭᠡ ᠳᠡᠷᠢᠬᠦᠨ》᠎ᠢ ᠰᠠᠢᠱᠢᠶᠠᠨ ᠬᠥᠬᠢᠭᠦᠯᠬᠦ ᠪᠠ ᠨᠠᠮ᠎ᠤᠨ ᠪᠠᠢᠭᠤᠯᠤᠯᠳᠠ᠎ᠶᠢᠨ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
2020.07.02

  ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 99 ᠵᠢᠯ᠎ᠤᠨ ᠤᠢ᠎ᠶᠢ ᠳᠤᠷᠠᠰᠭᠠᠬᠤ ᠳᠠᠱᠢᠷᠠᠮ᠎ᠢᠶᠠᠷ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ 《ᠬᠤᠶᠠᠷ ᠱᠢᠯᠢᠳᠡᠭ ᠨᠢᠭᠡ ᠳᠡᠷᠢᠬᠦᠨ》᠎ᠢ ᠰᠠᠢᠱᠢᠶᠠᠨ ᠬᠥᠬᠢᠭᠦᠯᠬᠦ ᠪᠠ ᠨᠠᠮ᠎ᠤᠨ ᠪᠠᠢᠭᠤᠯᠤᠯᠳᠠ᠎ᠶᠢᠨ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠵᠦ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 99 ᠵᠢᠯ᠎ᠤᠨ ᠤᠢ᠎ᠶᠢ ᠦᠪᠡᠳᠡᠭᠱᠢ ᠶᠡᠬᠡ᠎ᠪᠡᠷ ᠪᠡᠯᠭᠡᠯᠡᠬᠦ᠎ᠶᠢᠨ ᠳᠠᠭᠠᠤ ᠥᠩᠭᠡᠷᠡᠭᠰᠡᠨ ᠨᠢᠭᠡ ᠵᠢᠯ᠎ᠳᠤ ᠴᠣᠯᠭᠤᠷᠠᠨ ᠭᠠᠷᠤᠭᠰᠠᠨ ᠲᠡᠷᠢᠭᠦᠨ᠎ᠤ ᠦᠨᠳᠦᠰᠦᠨ ᠱᠠᠳᠤᠨ᠎ᠤ ᠨᠠᠮ᠎ᠤᠨ ᠵᠣᠬᠢᠶᠠᠨ ᠪᠠᠢᠭᠤᠯᠤᠯᠳᠠ᠂ ᠱᠢᠯᠢᠳᠡᠭ ᠨᠠᠮ᠎ᠤᠨ ᠠᠵᠢᠯᠳᠠᠨ ᠪᠣᠯᠤᠨ ᠱᠢᠯᠢᠳᠡᠭ ᠡᠪ ᠬᠠᠮᠲᠤ ᠨᠠᠮ᠎ᠤᠨ ᠬᠡᠱᠢᠬᠦᠨ᠎ᠢ ᠰᠠᠢᠱᠢᠶᠠᠨ ᠬᠥᠬᠢᠭᠦᠯᠪᠡ᠃ ᠪᠦᠯᠦᠭᠯᠡᠯ᠎ᠦᠨ ᠪᠦᠬᠦ ᠨᠠᠮ᠎ᠤᠨ ᠭᠡᠱᠢᠭᠦᠨ ᠬᠤᠷᠠᠯ᠎ᠳᠤ ᠤᠷᠤᠯᠴᠠᠵᠦ᠂ ᠨᠠᠮ᠎ᠤᠨ ᠬᠣᠷᠢᠶᠠᠨ᠎ᠤ ᠱᠦᠵᠢ᠂ ᠬᠡᠷᠡᠭ ᠮᠡᠳᠡᠭᠴᠢᠦᠨ᠎ᠤᠨ ᠳᠠᠷᠤᠭ᠎ᠠ ᠱᠤᠸᠠᠩ ᠯᠦᠩ ᠨᠥᠬᠦᠷ ᠶᠠᠷᠢᠶ᠎ᠠ ᠳᠠᠯᠪᠢᠪᠠ᠃

  ᠪᠦᠯᠦᠭᠯᠡᠯ᠎ᠦᠨ ᠨᠠᠮ᠎ᠤᠨ ᠬᠣᠷᠢᠶᠠᠨ᠎ᠤ ᠱᠦᠵᠢ᠂ ᠬᠡᠷᠡᠭ ᠮᠡᠳᠡᠭᠴᠢᠦᠨ᠎ᠤᠨ ᠳᠠᠷᠤᠭ᠎ᠠ ᠱᠤᠸᠠᠩ ᠯᠦᠩ ᠪᠦᠯᠦᠭᠯᠡᠯ᠎ᠦᠨ ᠨᠠᠮ᠎ᠤᠨ ᠬᠣᠷᠢᠶ᠎ᠠ᠎ᠶᠢ ᠳᠦᠯᠦᠬᠡᠯᠡᠨ ᠪᠦᠬᠦ ᠨᠠᠮ᠎ᠦᠨ ᠬᠡᠱᠢᠬᠦᠨ᠎ᠳᠤ ᠮᠡᠨᠳᠦ ᠬᠦᠷᠭᠡᠨ᠂ ᠬᠥᠬᠢᠭᠦᠯᠦᠭᠳᠡᠭᠰᠡᠨ ᠨᠥᠬᠦᠳ᠎ᠲᠦ ᠪᠠᠶᠠᠷ ᠬᠦᠷᠭᠡᠪᠡ᠃ ᠱᠤᠸᠠᠩ ᠯᠦᠩ ᠵᠢᠭᠠᠵᠦ ᠭᠠᠷᠭᠠᠭᠰᠠᠨ᠎ᠨᠢ᠂ ᠣᠢᠷ᠎ᠠ᠎ᠶᠢᠨ ᠬᠡᠳᠦᠨ ᠰᠠᠷ᠎ᠠ᠎ᠳᠤ ᠱᠢᠨ᠎ᠡ ᠬᠡᠯᠪᠡᠷᠢ᠎ᠶᠢᠨ ᠲᠢᠲᠢᠮᠯᠢᠭ ᠠᠭᠤᠰᠭᠢᠨ ᠦᠷᠪᠢᠰᠦᠯ᠎ᠦᠨ ᠴᠢᠩᠭ᠎ᠠ ᠳᠠᠭᠠᠷᠢᠯᠳᠠ ᠳᠣᠤᠷ᠎ᠠ ᠪᠦᠯᠦᠭᠯᠡᠯ᠎ᠦᠨ ᠬᠠᠷᠢᠶᠠᠳᠤ ᠡᠯ᠎ᠡ ᠨᠢᠭᠡᠴᠢ ᠡᠯ᠎ᠡ ᠰᠠᠯᠠᠭ᠎ᠠ ᠮᠥᠴᠢᠷ ᠡᠷᠡᠰ ᠳᠡᠮᠡᠴᠡᠨ ᠠᠵᠢᠯᠯᠠᠭ᠎ᠠ᠎ᠪᠠᠨ ᠳᠦᠷᠬᠡᠳᠬᠡᠵᠦ᠂ ᠪᠦᠬᠦ ᠨᠠᠮ᠎ᠤᠨ ᠬᠡᠱᠢᠬᠦᠨ ᠺᠠᠳ᠋ᠷᠴᠤᠳ ᠶᠡᠬᠡ ᠪᠠᠢᠳᠠᠯ᠎ᠢ ᠳᠡᠷᠢᠬᠦᠨ ᠪᠠᠢᠷᠢᠨ᠎ᠳᠤ ᠳᠠᠯᠪᠢᠵᠦ ᠬᠢᠵᠢᠭ᠎ᠤᠨ ᠪᠠᠢᠳᠠᠯ᠎ᠢ ᠡᠷᠴᠢᠮᠳᠡᠢ ᠰᠡᠷᠭᠡᠢᠯᠡᠨ ᠡᠵᠡᠮᠳᠡᠭᠰᠡᠨ᠎ᠢᠶᠠᠷ ᠪᠦᠯᠦᠭᠯᠡᠯ᠎ᠦᠨ ᠠᠵᠢᠯ ᠦᠢᠯᠡᠳᠪᠦᠷᠢᠯᠡᠯ ᠮᠠᠱᠢ ᠳᠦᠷᠬᠡᠨ᠎ᠢᠶᠡᠷ ᠡᠵᠡᠩᠨᠡᠯᠳᠡ᠎ᠶᠢᠨ ᠱᠠᠳᠤᠨ᠎ᠳᠤ᠎ᠪᠠᠨ ᠣᠷᠤᠪᠠ᠃ ᠪᠦᠯᠦᠭᠯᠡᠯ᠎ᠦᠨ ᠪᠦᠬᠦ ᠬᠥᠮᠦᠰ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠪᠠ ᠡᠵᠡᠩᠨᠡᠯᠳᠡ᠎ᠶᠢᠨ ᠠᠵᠢᠯ᠎ᠢ ᠥᠷᠨᠢᠭᠦᠯᠬᠦ᠎ᠳᠤ ᠢᠳᠡᠪᠬᠢᠳᠡᠢ ᠴᠢᠷᠮᠠᠢᠯᠭ᠎ᠠ ᠭᠠᠷᠭᠠᠭᠰᠠᠨ ᠪᠠᠢᠨ᠎ᠠ᠃

  ᠱᠤᠸᠠᠩ ᠯᠦᠩ ᠴᠢᠬᠤᠯᠠᠴᠢᠯᠠᠬᠤ᠎ᠳᠤ᠎ᠪᠠᠨ᠂ ᠣᠳᠤᠬᠠᠨ᠎ᠳᠤ ᠮᠠᠨ᠎ᠤ ᠪᠦᠯᠦᠭᠯᠡᠯ ᠮᠦᠨ ᠬᠠᠲᠠᠭᠤ ᠪᠡᠷᠬᠡ ᠪᠠᠢᠳᠠᠯ᠎ᠳᠤ ᠳᠤᠯᠭᠠᠷᠠᠵᠦ ᠪᠠᠢᠨ᠎ᠠ᠂ ᠡᠨᠡ ᠦᠶ᠎ᠡ᠎ᠳᠤ ᠪᠢᠳᠡ ᠵᠠᠪᠠᠯ ᠨᠠᠮ᠎ᠤᠨ ᠤᠳᠤᠷᠢᠳᠤᠯᠭ᠎ᠠ᠎ᠶᠢ ᠴᠢᠩᠭ᠎ᠠ ᠪᠠᠷᠢᠮᠳᠠᠯᠠᠬᠤ ᠬᠡᠷᠡᠭᠳᠡᠢ᠃ ᠪᠦᠯᠦᠭᠯᠡᠯ᠎ᠦᠨ ᠪᠦᠬᠦ ᠬᠥᠮᠦᠰ ᠰᠢ᠎ᠵᠢᠨ ᠫᠢᠩ᠎ᠤᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠦᠷᠭᠦᠯᠵᠢᠯᠡᠨ ᠬᠦᠨᠵᠡᠬᠡᠢ ᠰᠤᠷᠤᠯᠴᠠᠵᠦ᠂ ᠱᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠳᠠ᠎ᠶᠢᠨ ᠶᠡᠷᠦᠩᠬᠡᠢ ᠱᠠᠭᠠᠷᠳᠠᠯᠭ᠎ᠠ᠎ᠶᠢ ᠪᠦᠬᠦ ᠲᠠᠯ᠎ᠠ᠎ᠪᠡᠷ ᠨᠠᠢᠳᠠᠪᠤᠷᠢᠵᠢᠭᠤᠯᠤᠨ ᠳᠤᠭᠤᠱᠢᠯᠠᠭᠤᠯᠵᠦ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠪᠠ ᠡᠵᠡᠩᠨᠡᠯᠳᠡ᠎ᠶᠢᠨ ᠠᠵᠢᠯ᠎ᠤᠨ 《ᠬᠣᠤᠰ ᠢᠯᠠᠯᠳᠠ》᠎ᠶᠢ ᠤᠯᠬᠤ᠎ᠳᠤ ᠪᠠᠳᠤ ᠴᠢᠩᠭ᠎ᠠ ᠤᠯᠤᠰ ᠳᠦᠷᠦ᠎ᠶᠢᠨ ᠪᠠᠳᠤᠯᠠᠭ᠎ᠠ ᠣᠯᠭᠤᠬᠤ ᠬᠡᠷᠡᠭᠳᠡᠢ᠃

  ᠱᠤᠸᠠᠩ ᠯᠦᠩ ᠨᠥᠬᠦᠷ ᠪᠦᠯᠦᠭᠯᠡᠯ᠎ᠦᠨ ᠳᠡᠭᠡᠷ᠎ᠡ ᠬᠠᠭᠠᠰ ᠵᠢᠯ᠎ᠤᠨ ᠨᠠᠮ᠎ᠤᠨ ᠪᠠᠢᠭᠤᠯᠤᠯᠳᠠ᠎ᠶᠢᠨ ᠠᠵᠢᠯ᠎ᠢ ᠡᠷᠭᠢᠴᠡᠭᠦᠯᠵᠦ᠂ ᠳᠣᠤᠷ᠎ᠠ ᠬᠠᠭᠠᠰ ᠵᠢᠯ᠎ᠤᠨ ᠨᠠᠮ᠎ᠤᠨ ᠪᠠᠢᠭᠤᠯᠤᠯᠳᠠ᠎ᠶᠢᠨ ᠠᠵᠢᠯ᠎ᠳᠤ ᠪᠠᠢᠷᠢᠯᠠᠭᠤᠯᠤᠯᠳᠠ ᠬᠢᠬᠦ᠎ᠳᠤ᠎ᠪᠠᠨ ᠱᠠᠭᠠᠷᠳᠠᠭᠰᠠᠨ᠎ᠨᠢ᠂ ᠪᠦᠯᠦᠭᠯᠡᠯ᠎ᠦᠨ ᠬᠠᠷᠢᠶᠠᠳᠤ ᠡᠯ᠎ᠡ ᠱᠠᠳᠤᠨ᠎ᠤ ᠨᠠᠮ᠎ᠤᠨ ᠵᠣᠬᠢᠶᠠᠨ ᠪᠠᠢᠭᠤᠯᠤᠯᠳᠠ᠎ᠡᠴᠡ ᠲᠥᠪ ᠬᠣᠷᠢᠶ᠎ᠠ ᠪᠠ ᠦᠪᠡᠷᠳᠡᠬᠡᠨ ᠵᠠᠰᠠᠬᠤ ᠣᠷᠤᠨ᠎ᠤ ᠨᠠᠮ᠎ᠤᠨ ᠬᠣᠷᠢᠶᠠᠨ᠎ᠤ ᠬᠠᠮᠢᠶ᠎ᠠ ᠪᠦᠬᠦᠢ ᠪᠠᠢᠷᠢᠯᠠᠭᠤᠯᠤᠯᠳᠠ ᠪᠣᠯᠤᠨ ᠱᠠᠭᠠᠷᠳᠠᠯᠭ᠎ᠠ ᠶᠣᠰᠤᠭᠠᠷ ᠭᠣᠤᠯ ᠡᠭᠦᠷᠭᠡ᠎ᠶᠢᠨ ᠳᠤᠭᠤᠷᠢᠨ᠎ᠳᠤ ᠨᠢᠭᠳᠠᠷᠠᠵᠦ᠂ ᠡᠬᠢ ᠡᠭᠦᠰᠦᠯ᠎ᠡᠴᠡ ᠵᠠᠰᠠᠯᠳᠠ ᠬᠢᠵᠦ᠂ ᠬᠡᠪ ᠰᠤᠷᠳᠠᠯ᠎ᠢᠶᠠᠨ ᠦᠷᠭᠦᠯᠵᠢᠯᠡᠨ ᠰᠠᠢᠵᠢᠷᠠᠭᠤᠯᠵᠦ᠂ ᠡᠩᠨᠡᠬᠡᠨ᠎ᠦ ᠪᠠᠢᠭᠤᠯᠤᠯᠳᠠ᠎ᠶᠢ ᠴᠢᠩᠭᠠᠳᠭᠠᠵᠤ᠂ ᠤᠯᠤᠰ ᠳᠦᠷᠦ᠎ᠶᠢᠨ ᠵᠣᠭᠰᠤᠴᠠ᠎ᠪᠠᠨ ᠤᠯᠠᠮ ᠨᠢᠭᠡ ᠠᠯᠬᠤᠮ ᠳᠡᠭᠡᠭᠱᠢᠯᠡᠭᠦᠯᠵᠦ᠂ ᠦᠢᠯᠡᠰ ᠪᠣᠰᠭᠠᠬᠤ ᠡᠷᠴᠢ ᠵᠣᠷᠢᠭ᠎ᠢᠶᠠᠨ ᠬᠥᠪᠴᠢᠯᠡᠵᠤ᠂ ᠣᠨᠤᠯ᠎ᠤᠨ ᠬᠢᠷᠢ ᠬᠡᠮᠵᠢᠶ᠎ᠡ᠎ᠪᠠᠨ ᠳᠡᠭᠡᠭᠱᠢᠯᠡᠭᠦᠯᠵᠦ᠂ ᠰᠤᠷᠤᠯᠴᠠᠯᠭ᠎ᠠ᠎ᠶᠢᠨ ᠬᠥᠮᠦᠵᠢᠯ᠎ᠢ ᠦᠨᠡᠨ ᠪᠤᠳᠠᠳᠠᠢ ᠠᠬᠢᠭᠤᠯᠵᠤ᠂ ᠦᠨᠳᠦᠰᠦᠨ ᠱᠠᠳᠤᠨ᠎ᠤ ᠨᠠᠮ᠎ᠤᠨ ᠡᠭᠦᠷ᠎ᠦᠨ ᠪᠠᠷᠢᠮᠵᠢᠶᠠᠵᠢᠭᠰᠠᠨ ᠳᠦᠷᠢᠮᠵᠢᠭᠰᠡᠨ ᠪᠠᠢᠭᠤᠯᠤᠯᠳᠠ᠎ᠶᠢ ᠴᠢᠩᠭ᠋ᠠᠳᠭᠠᠵᠦ᠂ ᠨᠠᠮ᠎ᠤᠨ ᠡᠭᠦᠷ᠎ᠦᠨ ᠪᠡᠬᠢᠯᠡᠯᠳᠡ᠎ᠶᠢᠨ ᠦᠢᠯᠡᠳᠦᠯ᠎ᠢ ᠬᠦᠢᠴᠡᠳ ᠪᠠᠳᠠᠷᠠᠭᠤᠯᠬᠤ ᠬᠡᠷᠡᠭᠳᠡᠢ ᠬᠡᠵᠠᠢ᠃

  ᠪᠦᠯᠦᠭᠯᠡᠯ᠎ᠦᠨ ᠨᠠᠮ᠎ᠤᠨ ᠬᠣᠷᠢᠶᠠᠨ᠎ᠤ ᠳᠡᠳ᠋ ᠱᠦᠵᠢ᠂ ᠶᠡᠷᠦᠩᠬᠡᠢ ᠳᠠᠭᠠᠭᠠᠮᠠᠯ ᠽᠸᠩ ᠬᠠᠨ ᠨᠥᠬᠦᠷ 《ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶᠠᠨ᠎ᠤ ᠳᠡᠷᠢᠬᠦᠨ᠎ᠦ ᠦᠨᠳᠦᠰᠦᠨ ᠱᠠᠳᠤᠨ᠎ᠤ ᠨᠠᠮ᠎ᠤᠨ ᠵᠣᠬᠢᠶᠠᠨ ᠪᠠᠢᠭᠤᠯᠤᠯᠳᠠ᠂ ᠱᠢᠯᠢᠳᠡᠭ ᠡᠪ ᠬᠠᠮᠲᠤ ᠨᠠᠮ᠎ᠤᠨ ᠬᠡᠱᠢᠬᠦᠨ᠂ ᠱᠢᠯᠢᠳᠡᠭ ᠨᠠᠮ᠎ᠤᠨ ᠠᠵᠢᠯᠳᠠᠨ᠎ᠢ ᠰᠠᠢᠱᠢᠶᠠᠨ ᠬᠥᠬᠢᠭᠦᠯᠬᠦ ᠳᠤᠬᠠᠢ ᠱᠢᠢᠳᠪᠦᠷᠢ》᠎ᠶᠢ ᠨᠡᠢᠳᠡᠯᠡᠵᠦ᠂ ᠬᠥᠬᠢᠭᠦᠯᠦᠭᠳᠡᠭᠰᠡᠨ ᠨᠥᠬᠦᠳ᠎ᠦᠨ ᠦᠷᠭᠦᠯᠵᠢᠯᠡᠨ ᠴᠢᠷᠮᠠᠢᠵᠦ ᠱᠢᠨ᠎ᠡ ᠬᠢᠷᠢ ᠪᠦᠳᠦᠮᠵᠢ ᠭᠠᠷᠭᠠᠬᠤ᠎ᠶᠢ ᠬᠦᠰᠡᠬᠦ᠎ᠶᠢᠨ ᠬᠠᠮᠲᠤ ᠦᠨᠳᠦᠰᠦᠨ ᠱᠠᠳᠤᠨ᠎ᠤ ᠡᠯ᠎ᠡ ᠨᠠᠮ᠎ᠤᠨ ᠵᠣᠬᠢᠶᠠᠨ ᠪᠠᠢᠭᠤᠯᠤᠯᠳᠠ ᠪᠣᠯᠤᠨ ᠥᠷᠭᠡᠨ ᠤᠯᠠᠨ ᠨᠠᠮ᠎ᠤᠨ ᠬᠡᠱᠢᠬᠦᠨ᠂ ᠨᠠᠮ᠎ᠤᠨ ᠠᠵᠢᠯᠳᠠᠨ ᠪᠤᠳᠠᠳᠠᠢ ᠠᠵᠢᠯ᠎ᠳᠤ᠎ᠪᠠᠨ ᠡᠳᠡᠭᠡᠷ ᠳᠡᠷᠢᠬᠦᠨ᠎ᠦ ᠬᠠᠮᠲᠤ ᠪᠣᠯᠤᠨ ᠱᠢᠯᠢᠳᠡᠭ ᠬᠤᠪᠢ ᠬᠥᠮᠦᠨ᠎ᠢᠶᠡᠷ ᠳᠠᠭᠤᠷᠢᠶᠠᠯ ᠪᠤᠯᠭᠠᠵᠦ᠂ ᠳᠤᠬᠠᠢᠯᠠᠭᠰᠠᠨ ᠠᠵᠢᠯ᠎ᠳᠤ᠎ᠪᠠᠨ ᠱᠢᠮᠳᠠᠨ ᠠᠵᠢᠯᠯᠠᠵᠦ᠂ ᠪᠦᠯᠦᠭᠯᠡᠯ᠎ᠦᠨ ᠡᠯ᠎ᠡ ᠠᠵᠢᠯ ᠦᠢᠯᠡᠰ᠎ᠦᠨ ᠨᠡᠩ ᠴᠢᠨᠠᠷᠯᠢᠭ ᠬᠦᠭᠵᠢᠯᠳᠠ᠎ᠳᠤ ᠬᠤᠪᠢ ᠨᠡᠮᠡᠷᠢ ᠦᠵᠡᠭᠦᠯᠬᠦ᠎ᠶᠢ ᠤᠷᠢᠶᠠᠯᠠᠪᠠ᠃

  ᠬᠤᠷᠠᠯ᠎ᠡᠴᠡ ᠥᠪᠦᠷ ᠮᠣᠩᠭᠤᠯ᠎ᠤᠨ ᠠᠷᠠᠳ᠎ᠤᠨ ᠬᠡᠪᠯᠡᠯ᠎ᠦᠨ ᠬᠣᠷᠢᠶ᠎ᠠ᠎ᠶᠢᠨ ᠬᠣᠶᠠᠳᠤᠭᠠᠷ ᠨᠠᠮ᠎ᠤᠨ ᠡᠭᠦᠷ ᠵᠡᠷᠭᠡ 4 ᠦᠨᠳᠦᠰᠦᠨ ᠱᠠᠳᠤᠨ᠎ᠤ ᠨᠠᠮ᠎ᠤᠨ ᠵᠣᠬᠢᠶᠠᠨ ᠪᠠᠢᠭᠤᠯᠤᠯᠳᠠ᠂ ᠵᠠᠢ ᠽᠢ ᠢ ᠵᠡᠷᠭᠡ 22 ᠡᠪ ᠬᠠᠮᠳᠤ ᠨᠠᠮ᠎ᠤᠨ ᠬᠡᠱᠢᠬᠦᠨ᠂ ᠪᠤᠷᠭᠢᠯ ᠵᠡᠷᠭᠡ 15 ᠨᠠᠮ᠎ᠤᠨ ᠠᠵᠢᠯᠳᠠᠨ᠎ᠢ ᠰᠠᠢᠱᠢᠶᠠᠨ ᠬᠥᠬᠢᠭᠦᠯᠵᠦ᠂ ᠳᠣᠰ ᠳᠣᠰ 《ᠳᠡᠷᠢᠬᠦᠨ᠎ᠦ ᠦᠨᠳᠦᠰᠦᠨ ᠱᠠᠳᠤᠨ᠎ᠤ ᠨᠠᠮ᠎ᠤᠨ ᠵᠣᠬᠢᠶᠠᠨ ᠪᠠᠢᠭᠤᠯᠤᠯᠳᠠ》 《ᠱᠢᠯᠢᠳᠡᠭ ᠡᠪ ᠬᠠᠮᠲᠤ ᠨᠠᠮ᠎ᠤᠨ ᠬᠡᠱᠢᠬᠦᠨ》 《ᠱᠢᠯᠢᠳᠡᠭ ᠨᠠᠮ᠎ᠤᠨ ᠠᠵᠢᠯᠳᠠᠨ》᠎ᠤ ᠢᠷᠠᠭᠤ ᠠᠯᠳᠠᠷ ᠬᠦᠷᠳᠡᠭᠡᠵᠦ᠂ ᠪᠦᠯᠦᠭᠯᠡᠯ᠎ᠦᠨ ᠤᠳᠤᠷᠢᠳᠭᠤ ᠪᠠᠭ᠎ᠤᠨ ᠬᠡᠱᠢᠬᠦᠳ᠎ᠡᠴᠡ ᠡᠳᠡᠭᠡᠷ 41 ᠨᠡᠷᠡᠰ ᠱᠠᠩᠨᠠᠯ ᠬᠦᠷᠳᠡᠭᠰᠡᠨ ᠳᠦᠯᠦᠬᠡᠯᠡᠭᠴᠢᠳ᠎ᠲᠦ ᠢᠷᠠᠭᠤ ᠠᠯᠳᠠᠷ᠎ᠤᠨ ᠪᠢᠴᠢᠭ ᠪᠣᠯᠤᠨ ᠱᠠᠩᠨᠠᠯ᠎ᠤᠨ ᠳᠡᠮᠳᠡᠭ ᠣᠯᠭᠤᠪᠠ᠃

  ᠬᠤᠷᠠᠯ ᠳᠡᠭᠡᠷ᠎ᠡ ᠱᠢᠯᠢᠳᠡᠭ ᠡᠪ ᠬᠠᠮᠲᠤ ᠨᠠᠮ᠎ᠤᠨ ᠬᠡᠱᠢᠬᠦᠨ᠎ᠦ ᠳᠦᠯᠦᠭᠡᠯᠡᠭᠴᠢ ᠥᠪᠦᠷ ᠮᠣᠩᠭᠤᠯ᠎ᠤᠨ ᠠᠷᠠᠳ᠎ᠤᠨ ᠬᠡᠪᠯᠡᠯ᠎ᠦᠨ ᠬᠣᠷᠢᠶᠠᠨ᠎ᠤ ᠬᠠᠯᠢᠶ᠎ᠠ᠂ ᠨᠠᠮ᠎ᠳᠤ ᠡᠷᠡᠮᠡᠯᠵᠡᠭᠰᠡᠨ ᠢᠳᠡᠪᠬᠢᠳᠡᠨ᠎ᠦ ᠳᠦᠯᠦᠬᠡᠯᠡᠭᠴᠢ ᠥᠪᠦᠷ ᠮᠣᠩᠭᠤᠯ᠎ᠤᠨ ᠰᠤᠷᠭᠠᠨ ᠬᠥᠮᠦᠵᠢᠯ᠎ᠦᠨ ᠬᠡᠪᠯᠡᠯ᠎ᠦᠨ ᠬᠣᠷᠢᠶᠠᠨ᠎ᠤ ᠢᠳᠡᠷᠡᠬᠦᠨ ᠲᠤᠰ ᠲᠤᠰ ᠳᠠᠢᠰᠠᠨ᠎ᠳᠤ ᠭᠠᠷᠴᠤ ᠳᠦᠷᠦᠭᠳᠡᠯ᠎ᠢᠶᠡᠨ ᠶᠠᠷᠢᠪᠠ᠃

  ᠡᠨᠡ ᠤᠳᠠᠭᠠᠨ᠎ᠤ ᠬᠤᠷᠠᠯ ᠪᠣᠯ ᠨᠢᠭᠡᠨ ᠤᠳᠠᠭᠠᠨ᠎ᠤ ᠦᠵᠡᠯ ᠰᠠᠨᠠᠭ᠎ᠠ᠎ᠪᠠᠨ ᠨᠢᠭᠡᠳᠭᠡᠵᠦ᠂ ᠡᠷᠴᠢ ᠬᠦᠴᠦᠨ᠎ᠢᠶᠡᠨ ᠴᠢᠩᠭᠠᠳᠭᠠᠨ᠂ ᠬᠥᠮᠦᠰ᠎ᠦᠨ ᠰᠡᠳᠭᠢᠯ᠎ᠢ ᠵᠣᠷᠢᠭᠵᠢᠭᠤᠯᠤᠭᠰᠠᠨ ᠶᠡᠬᠡ ᠬᠤᠷᠠᠯ᠂ ᠬᠣᠵᠢᠮ᠎ᠤᠨ ᠠᠵᠢᠯ᠎ᠳᠤ᠎ᠪᠠᠨ ᠡᠨᠡ᠎ᠬᠦ ᠬᠤᠷᠠᠯ ᠳᠡᠭᠡᠷᠡᠬᠢ ᠠᠵᠢᠯ᠎ᠤᠨ ᠪᠠᠢᠷᠢᠯᠠᠭᠤᠯᠤᠯᠳᠠ᠎ᠪᠡᠷ ᠵᠥᠭᠯᠡᠭᠦᠷ ᠪᠤᠯᠭᠠᠵᠦ᠂ ᠬᠦᠰᠡᠯ ᠢᠳᠡᠭᠡᠯ᠎ᠢᠶᠡᠨ ᠪᠠᠳᠤᠳᠭᠠᠵᠦ᠂ ᠬᠡᠪᠯᠡᠯ᠎ᠦᠨ ᠪᠦᠯᠦᠭᠯᠡᠯ᠎ᠦᠨ ᠦᠬᠡᠷᠡᠴᠢᠯᠡᠯᠳᠡ ᠬᠦᠭᠵᠢᠯᠳᠠ᠎ᠶᠢᠨ ᠱᠢᠨ᠎ᠡ ᠪᠠᠢᠳᠠᠯ᠎ᠢ ᠨᠡᠭᠡᠭᠡᠬᠦ᠎ᠳᠤ ᠬᠦᠴᠦᠨ ᠵᠢᠳᠭᠦᠯ ᠭᠠᠷᠭᠠᠨ᠎ᠠ ᠬᠡᠵᠦ ᠬᠤᠷᠠᠯ᠎ᠳᠤ ᠣᠷᠤᠯᠴᠠᠭᠰᠠᠳ ᠢᠯᠡᠳᠭᠡᠵᠡᠭᠡᠵᠦ ᠪᠠᠢᠯ᠎ᠠ᠃

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604