ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠮᠣᠩᠭᠤᠯ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠳᠦᠷᠢᠮ (ᠭᠤᠷᠪᠠᠳᠤᠭᠠᠷ ᠪᠦᠯᠦᠭ)
2019.11.04

   (2014 ᠣᠨ᠎ᠤ 11 ᠳ᠋ᠦᠭᠡᠷ ᠰᠠᠷ᠎ᠠ᠎ᠶᠢᠨ 26᠎ᠤ ᠡᠳᠦᠷ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠠᠷᠪᠠᠳᠤᠭᠠᠷ ᠬᠤᠭᠤᠴᠠᠭᠠᠨ᠎ᠤ

  ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠬᠣᠶᠠᠳᠤᠭᠠᠷ ᠬᠤᠷᠠᠯᠳᠤᠭᠠᠨ᠎ᠢᠶᠠᠷ ᠪᠠᠲᠤᠯᠠᠪᠠ)

 

    ᠭᠤᠷᠪᠠᠳᠤᠭᠠᠷ ᠪᠦᠯᠦᠭ   ᠬᠡᠷᠡᠭᠯᠡᠯᠲᠡ ᠪᠠ ᠬᠠᠮᠢᠶᠠᠷᠤᠯᠲᠠ

 

  ᠠᠷᠪᠠᠨ ᠵᠢᠷᠭᠤᠳᠤᠭᠠᠷ ᠵᠦᠢᠯ   ᠡᠯ᠎ᠡ ᠱᠠᠲᠤᠨ᠎ᠤ ᠲᠥᠷᠦ᠎ᠶᠢᠨ ᠪᠠᠢᠭᠤᠯᠭ᠎ᠠ᠂ ᠠᠷᠠᠳ᠎ᠤᠨ ᠪᠦᠯᠬᠦᠮ᠎ᠦᠨ ᠠᠯᠪᠠᠨ ᠪᠢᠴᠢᠭ᠎ᠲᠤ ᠮᠣᠩᠭᠤᠯ ᠬᠢᠲᠠᠳ ᠬᠤᠶᠠᠷ ᠲᠥᠷᠦᠯ᠎ᠦᠨ ᠦᠰᠦᠭ ᠪᠢᠴᠢᠭ᠎ᠢ ᠬᠡᠷᠡᠭᠯᠡᠬᠦ ᠬᠡᠷᠡᠭᠲᠡᠢ᠃

  ᠥᠪᠡᠷᠲᠡᠭᠡᠨ ᠵᠠᠰᠠᠬᠤ ᠣᠷᠤᠨ᠎ᠳᠤ ᠰᠠᠭᠤᠭ᠎ᠠ ᠲᠥᠷᠦ᠎ᠶᠢᠨ ᠪᠠᠢᠭᠤᠯᠭ᠎ᠠ᠂ ᠠᠷᠠᠳ᠎ᠤᠨ ᠪᠦᠯᠬᠦᠮ᠎ᠦ᠋ᠳ ᠡᠮᠦᠨᠡᠬᠢ ᠪᠠᠳᠠᠭ᠎ᠤᠨ ᠲᠣᠭᠲᠠᠭᠠᠯ᠎ᠢ ᠵᠢᠷᠤᠮᠯᠠᠵᠤ ᠬᠡᠷᠡᠭᠵᠢᠭᠦᠯᠦᠨ᠎ᠡ᠃

  ᠠᠷᠪᠠᠨ ᠳᠣᠯᠤᠳᠤᠭᠠᠷ ᠵᠦᠢᠯ   ᠡᠯ᠎ᠡ ᠱᠠᠲᠤᠨ᠎ᠤ ᠲᠥᠷᠦ᠎ᠶᠢᠨ ᠪᠠᠢᠭᠤᠯᠭ᠎ᠠ᠂ ᠠᠷᠠᠳ᠎ᠤᠨ ᠪᠦᠯᠬᠦᠮ ᠪᠣᠯᠤᠨ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠎ᠶᠢᠨ ᠮᠣᠩᠭᠤᠯ ᠬᠢᠲᠠᠳ ᠬᠤᠶᠠᠷ ᠲᠥᠷᠦᠯ᠎ᠦᠨ ᠦᠭᠡ ᠬᠡᠯᠡ ᠦᠰᠦᠭ ᠪᠢᠴᠢᠭ᠎ᠢᠶᠡᠷ ᠠᠵᠢᠯᠯᠠᠳᠠᠭ ᠮᠥᠷᠲᠡᠭᠡᠨ ᠥᠪᠡᠷᠲᠡᠭᠡᠨ ᠵᠠᠰᠠᠬᠤ ᠣᠷᠤᠨ᠎ᠤ ᠲᠣᠭᠲᠠᠭᠠᠭᠰᠠᠨ ᠪᠠᠷᠢᠮᠵᠢᠶᠠᠨ᠎ᠳᠤ ᠬᠦᠷᠦᠭᠰᠡᠨ ᠠᠵᠢᠯᠲᠠᠳ᠎ᠲᠤ ᠮᠣᠩᠭᠤᠯ ᠦᠭᠡ ᠬᠡᠯᠡ ᠦᠰᠦᠭ ᠪᠢᠴᠢᠭ᠎ᠦᠨ ᠨᠡᠮᠡᠯᠭᠡ ᠮᠥᠩᠭᠦ ᠣᠯᠭᠤᠨ᠎ᠠ᠃ ᠪᠤᠲᠠᠲᠠᠢ ᠠᠷᠭ᠎ᠠ᠎ᠶᠢ ᠥᠪᠡᠷᠲᠡᠭᠡᠨ ᠵᠠᠰᠠᠬᠤ ᠣᠷᠤᠨ᠎ᠤ ᠠᠷᠠᠳ᠎ᠤᠨ ᠵᠠᠰᠠᠭ᠎ᠤᠨ ᠣᠷᠳᠤᠨ ᠲᠣᠭᠲᠠᠭᠠᠨ᠎ᠠ᠃

  ᠠᠷᠪᠠᠨ ᠨᠠᠢ᠍ᠮᠠᠳᠤᠭᠠᠷ ᠵᠦᠢᠯ   ᠡᠯ᠎ᠡ ᠱᠠᠲᠤᠨ᠎ᠤ ᠲᠥᠷᠦ᠎ᠶᠢᠨ ᠪᠠᠢᠭᠤᠯᠭ᠎ᠠ᠂ ᠠᠷᠠᠳ᠎ᠤᠨ ᠪᠦᠯᠬᠦᠮ ᠪᠣᠯᠤᠨ ᠠᠵᠢᠯ ᠦᠢᠯᠡᠰ᠎ᠦᠨ ᠨᠢᠭᠡᠴᠢ᠎ᠨᠦᠭᠦᠳ ᠮᠣᠩᠭᠤᠯ ᠬᠡᠯᠡ ᠪᠢᠴᠢᠭ᠎ᠦᠨ ᠣᠷᠴᠢᠭᠤᠯᠭ᠎ᠠ᠎ᠶᠢᠨ ᠪᠠᠢᠭᠤᠯᠤᠮᠵᠢ ᠪᠣᠯᠤᠨ ᠣᠷᠴᠢᠭᠤᠯᠤᠭᠴᠢ᠎ᠶᠢᠨ ᠡᠩᠨᠡᠭᠡᠨ᠎ᠤ ᠪᠠᠢᠭᠤᠯᠤᠯᠲᠠ᠎ᠪᠠᠨ ᠴᠢᠩᠭᠠᠳᠭᠠᠵᠤ᠂ ᠣᠷᠴᠢᠭᠤᠯᠤᠭᠴᠢ ᠲᠣᠬᠢᠷᠠᠭᠤᠯᠬᠤ ᠬᠡᠷᠡᠭᠲᠡᠢ᠃

  ᠡᠯ᠎ᠡ ᠱᠠᠲᠤᠨ᠎ᠤ ᠲᠥᠷᠦ᠎ᠶᠢᠨ ᠪᠠᠢᠭᠤᠯᠭ᠎ᠠ᠂ ᠠᠷᠠᠳ᠎ᠤᠨ ᠪᠦᠯᠬᠦᠮ ᠪᠣᠯᠤᠨ ᠠᠵᠢᠯ ᠦᠢᠯᠡᠰ᠎ᠦᠨ ᠨᠢᠭᠡᠴᠢ᠎ᠶᠢᠨ ᠮᠣᠩᠭᠤᠯ ᠬᠡᠯᠡ ᠪᠢᠴᠢᠭ᠎ᠦᠨ ᠣᠷᠴᠢᠭᠤᠯᠭ᠎ᠠ᠎ᠶᠢᠨ ᠠᠵᠢᠯᠲᠠᠨ ᠮᠣᠩᠭᠤᠯ ᠬᠡᠯᠡ ᠪᠢᠴᠢᠭ᠎ᠦᠨ ᠣᠷᠴᠢᠭᠤᠯᠭ᠎ᠠ᠎ᠶᠢᠨ ᠠᠵᠢᠯ᠎ᠤᠨ ᠪᠠᠢᠷᠢ᠎ᠶᠢᠨ ᠨᠡᠮᠡᠯᠭᠡ ᠮᠥᠩᠭᠦ ᠬᠦᠷᠲᠡᠨ᠎ᠡ᠃

  ᠡᠯ᠎ᠡ ᠱᠠᠲᠤᠨ᠎ᠤ ᠲᠥᠷᠦ᠎ᠶᠢᠨ ᠪᠠᠢᠭᠤᠯᠭ᠎ᠠ᠂ ᠠᠷᠠᠳ᠎ᠤᠨ ᠪᠦᠯᠬᠦᠮ᠎ᠳᠤ ᠮᠣᠩᠭᠤᠯ ᠬᠡᠯᠡ ᠪᠢᠴᠢᠭ᠎ᠦᠨ ᠣᠷᠴᠢᠭᠤᠯᠭ᠎ᠠ᠎ᠶᠢᠨ ᠠᠵᠢᠯ ᠬᠢᠵᠤ ᠪᠠᠢᠭ᠎ᠠ ᠬᠥᠮᠦᠰ ᠲᠤᠰᠭᠠᠢ ᠮᠡᠷᠭᠡᠵᠢᠯ᠎ᠦᠨ ᠲᠤᠱᠢᠶᠠᠯ᠎ᠤᠨ ᠴᠣᠯᠠ ᠣᠯᠪᠠᠯ ᠡᠮᠨᠡᠯᠭᠡ᠎ᠶᠢᠨ ᠳᠠᠭᠠᠳᠭᠠᠯ᠂ ᠣᠷᠤᠨ ᠰᠠᠭᠤᠴᠠ ᠪᠣᠯᠤᠨ ᠵᠠᠮ᠎ᠤᠨ ᠵᠠᠷᠤᠳᠠᠯ ᠵᠡᠷᠭᠡ ᠲᠠᠯ᠎ᠠ᠎ᠪᠡᠷ ᠠᠳᠠᠯᠢ ᠳᠡᠰ᠎ᠦᠨ ᠲᠤᠰᠭᠠᠢ ᠮᠡᠷᠭᠡᠵᠢᠯ᠎ᠦᠨ ᠲᠤᠱᠢᠶᠠᠯ᠎ᠤᠨ ᠴᠣᠯᠠ ᠪᠦᠬᠦᠢ ᠠᠵᠢᠯᠲᠠᠨ᠎ᠤ ᠣᠯᠭᠤᠮᠵᠢ ᠬᠦᠷᠲᠡᠨ᠎ᠡ᠃

  ᠠᠷᠪᠠᠨ ᠶᠢᠰᠦᠳᠦᠭᠡᠷ ᠵᠦᠢᠯ   ᠡᠯ᠎ᠡ ᠱᠠᠲᠤᠨ᠎ᠤ ᠲᠥᠷᠦ᠎ᠶᠢᠨ ᠪᠠᠢᠭᠤᠯᠭ᠎ᠠ᠂ ᠠᠷᠠᠳ᠎ᠤᠨ ᠪᠦᠯᠬᠦᠮ ᠪᠣᠯᠤᠨ ᠠᠵᠢᠯ ᠦᠢᠯᠡᠰ᠎ᠦᠨ ᠨᠢᠭᠡᠴᠢ᠎ᠨᠦᠭᠦᠳ ᠲᠣᠮᠤ ᠴᠢᠬᠤᠯᠠ ᠬᠤᠷᠠᠯ ᠴᠤᠭᠯᠠᠭᠠᠨ᠎ᠳᠤ᠎ᠪᠠᠨ ᠮᠣᠩᠭᠤᠯ ᠬᠢᠲᠠᠳ ᠬᠤᠶᠠᠷ ᠲᠥᠷᠦᠯ᠎ᠦᠨ ᠦᠭᠡ ᠬᠡᠯᠡ ᠦᠰᠦᠭ ᠪᠢᠴᠢᠭ᠎ᠢ ᠬᠡᠷᠡᠭᠯᠡᠬᠦ ᠬᠡᠷᠡᠭᠲᠡᠢ; ᠡᠩ᠎ᠦᠨ ᠬᠤᠷᠠᠯ ᠴᠤᠭᠯᠠᠭᠠᠨ᠎ᠳᠤ ᠣᠷᠤᠯᠴᠠᠭᠴᠢᠳ᠎ᠤᠨ ᠪᠠᠢᠳᠠᠯ᠎ᠳᠤ ᠦᠨᠳᠦᠰᠦᠯᠡᠵᠦ ᠮᠣᠩᠭᠤᠯ ᠬᠢᠲᠠᠳ ᠬᠤᠶᠠᠷ ᠲᠥᠷᠦᠯ᠎ᠦᠨ ᠦᠭᠡ ᠬᠡᠯᠡ ᠦᠰᠦᠭ ᠪᠢᠴᠢᠭ᠎ᠢ ᠬᠡᠷᠡᠭᠯᠡᠬᠦ ᠬᠡᠷᠡᠭᠲᠡᠢ᠃

  ᠬᠣᠷᠢᠳᠤᠭᠠᠷ ᠵᠦᠢᠯ   ᠡᠯ᠎ᠡ ᠱᠠᠲᠤᠨ᠎ᠤ ᠬᠠᠤᠯᠢ ᠴᠠᠭᠠᠵᠠ᠎ᠶᠢᠨ ᠠᠵᠢᠯᠯᠠᠭᠠᠨ᠎ᠳᠤ᠎ᠪᠠᠨ ᠦᠨᠳᠦᠰᠦᠲᠡᠨ᠎ᠨᠦᠭᠦᠳ᠎ᠦᠨ ᠠᠷᠠᠳ ᠢᠷᠭᠡᠳ᠎ᠦᠨ ᠮᠣᠩᠭᠤᠯ ᠦᠭᠡ ᠬᠡᠯᠡ ᠦᠰᠦᠭ ᠪᠢᠴᠢᠭ᠎ᠢᠶᠡᠷ ᠵᠠᠷᠭᠤᠯᠳᠤᠬᠤ ᠡᠷᠬᠡ ᠮᠡᠳᠡᠯ᠎ᠢ ᠪᠠᠲᠤᠯᠠᠬᠤ ᠬᠡᠷᠡᠭᠲᠡᠢ᠃

  ᠬᠣᠷᠢᠨ ᠨᠢᠭᠡᠳᠦᠭᠡᠷ ᠵᠦᠢᠯ   ᠡᠯ᠎ᠡ ᠱᠠᠲᠤᠨ᠎ᠤ ᠵᠠᠬᠢᠳᠠᠯ ᠰᠤᠷᠪᠤᠯᠵᠢᠯᠠᠭ᠎ᠠ᠎ᠶᠢᠨ ᠰᠠᠯᠠᠭ᠎ᠠ ᠮᠥᠴᠢᠷ ᠮᠣᠩᠭᠤᠯ ᠦᠭᠡ ᠬᠡᠯᠡ ᠦᠰᠦᠭ ᠪᠢᠴᠢᠭ ᠬᠡᠷᠡᠭᠯᠡᠭᠴᠢ ᠤᠯᠠᠨ ᠲᠦᠮᠡᠨ᠎ᠤ ᠵᠠᠬᠢᠳᠠᠯ ᠰᠤᠷᠪᠤᠯᠵᠢᠯᠠᠭ᠎ᠠ᠎ᠶᠢ ᠮᠣᠩᠭᠤᠯ ᠦᠭᠡ ᠬᠡᠯᠡ ᠦᠰᠦᠭ ᠪᠢᠴᠢᠭ᠎ᠢᠶᠡᠷ ᠬᠦᠯᠢᠶᠡᠨ ᠠᠪᠴᠤ ᠱᠢᠢᠳᠪᠦᠷᠢᠯᠡᠬᠦ ᠬᠡᠷᠡᠭᠲᠡᠢ᠃

  ᠬᠣᠷᠢᠨ ᠬᠣᠶᠠᠳᠤᠭᠠᠷ ᠵᠦᠢᠯ   ᠥᠪᠡᠷᠲᠡᠭᠡᠨ ᠵᠠᠰᠠᠬᠤ ᠣᠷᠤᠨ᠎ᠤ ᠵᠠᠰᠠᠭ ᠵᠠᠬᠢᠷᠭᠠᠨ᠎ᠤ ᠣᠷᠤᠨ᠎ᠤ ᠬᠡᠪᠴᠢᠶᠡᠨ᠎ᠳᠡᠬᠢ ᠨᠡᠢᠭᠡᠮ᠎ᠦᠨ ᠥᠩᠭᠡᠨ ᠬᠡᠷᠡᠭᠯᠡᠭᠡᠨ᠎ᠤ ᠦᠰᠦᠭ ᠪᠢᠴᠢᠭ᠎ᠲᠤ ᠮᠣᠩᠭᠤᠯ ᠬᠢᠲᠠᠳ ᠬᠤᠶᠠᠷ ᠲᠥᠷᠦᠯ᠎ᠦᠨ ᠦᠰᠦᠭ ᠪᠢᠴᠢᠭ᠎ᠢ ᠵᠡᠷᠭᠡ᠎ᠪᠡᠷ ᠬᠡᠷᠡᠭᠯᠡᠬᠦ ᠬᠡᠷᠡᠭᠲᠡᠢ᠃

  ᠨᠡᠢᠭᠡᠮ᠎ᠦᠨ ᠥᠩᠭᠡᠨ ᠬᠡᠷᠡᠭᠯᠡᠭᠡᠨ᠎ᠤ ᠦᠰᠦᠭ ᠪᠢᠴᠢᠭ᠎ᠦᠨ ᠪᠤᠲᠠᠲᠠᠢ ᠬᠠᠮᠢᠶᠠᠷᠤᠯᠲᠠ᠎ᠶᠢᠨ ᠠᠷᠭ᠎ᠠ᠎ᠶᠢ ᠥᠪᠡᠷᠲᠡᠭᠡᠨ ᠵᠠᠰᠠᠬᠤ ᠣᠷᠤᠨ᠎ᠤ ᠠᠷᠠᠳ᠎ᠤᠨ ᠵᠠᠰᠠᠭ᠎ᠤᠨ ᠣᠷᠳᠤᠨ ᠲᠣᠭᠲᠠᠭᠠᠨ᠎ᠠ᠃

  ᠬᠣᠷᠢᠨ ᠭᠤᠷᠪᠠᠳᠤᠭᠠᠷ ᠵᠦᠢᠯ   ᠨᠡᠢᠲᠡ᠎ᠶᠢᠨ ᠦᠢᠯᠡᠴᠢᠯᠡᠭᠡᠨ᠎ᠤ ᠠᠵᠢᠯ ᠲᠥᠷᠦᠯ᠎ᠦᠨ ᠬᠢᠨ ᠮᠣᠩᠭᠤᠯ ᠦᠭᠡ ᠬᠡᠯᠡ ᠦᠰᠦᠭ ᠪᠢᠴᠢᠭ ᠬᠡᠷᠡᠭᠯᠡᠭᠴᠢ ᠠᠷᠠᠳ ᠢᠷᠭᠡᠳ᠎ᠲᠤ ᠦᠢᠯᠡᠴᠢᠯᠡᠬᠦ᠎ᠳᠤ᠎ᠪᠠᠨ ᠮᠣᠩᠭᠤᠯ ᠦᠭᠡ ᠬᠡᠯᠡ ᠦᠰᠦᠭ ᠪᠢᠴᠢᠭ ᠬᠡᠷᠡᠭᠯᠡᠬᠦ ᠬᠡᠷᠡᠭᠲᠡᠢ᠃

  ᠬᠣᠷᠢᠨ ᠳᠥᠷᠪᠡᠳᠦᠭᠡᠷ ᠵᠦᠢᠯ   ᠡᠯ᠎ᠡ ᠱᠠᠲᠤᠨ᠎ᠤ ᠲᠥᠷᠦ᠎ᠶᠢᠨ ᠪᠠᠢᠭᠤᠯᠭ᠎ᠠ᠂ ᠠᠷᠠᠳ᠎ᠤᠨ ᠪᠦᠯᠬᠦᠮ ᠪᠣᠯᠤᠨ ᠠᠵᠢᠯ ᠦᠢᠯᠡᠰ᠎ᠦᠨ ᠨᠢᠭᠡᠴᠢ᠎ᠨᠦᠭᠦᠳ ᠮᠣᠩᠭᠤᠯ ᠬᠢᠲᠠᠳ ᠬᠤᠶᠠᠷ ᠲᠥᠷᠦᠯ᠎ᠦᠨ ᠦᠭᠡ ᠬᠡᠯᠡ ᠦᠰᠦᠭ᠎ᠢ ᠵᠡᠷᠭᠡ᠎ᠪᠡᠷ ᠡᠵᠡᠮᠱᠢᠭᠰᠡᠨ ᠠᠵᠢᠯᠲᠠᠨ᠎ᠢ ᠵᠣᠬᠢᠰᠲᠠᠢ ᠲᠣᠬᠢᠷᠠᠭᠤᠯᠬᠤ ᠬᠡᠷᠡᠭᠲᠡᠢ᠃

  ᠬᠣᠷᠢᠨ ᠲᠠᠪᠤᠳᠤᠭᠠᠷ ᠵᠦᠢᠯ   ᠡᠯ᠎ᠡ ᠱᠠᠲᠤᠨ᠎ᠤ ᠲᠥᠷᠦ᠎ᠶᠢᠨ ᠪᠠᠢᠭᠤᠯᠭ᠎ᠠ᠂ ᠠᠷᠠᠳ᠎ᠤᠨ ᠪᠦᠯᠬᠦᠮ ᠪᠣᠯᠤᠨ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠎ᠨᠦᠭᠦᠳ ᠲᠥᠷᠦ᠎ᠶᠢᠨ ᠠᠯᠪᠠᠲᠠᠨ ᠡᠯᠰᠡᠬᠦ᠂ ᠱᠢᠯᠢᠵᠤ ᠳᠡᠪᠱᠢᠭᠦᠯᠬᠦ ᠪᠣᠯᠤᠨ ᠠᠵᠢᠯᠲᠠᠨ ᠤᠷᠢᠵᠤ ᠬᠡᠷᠡᠭᠯᠡᠬᠦ᠂ ᠲᠤᠰᠭᠠᠢ ᠮᠡᠷᠭᠡᠵᠢᠯ᠎ᠦᠨ ᠲᠤᠱᠢᠶᠠᠯ᠎ᠤᠨ ᠴᠣᠯᠠ ᠳᠡᠪᠱᠢᠬᠦ ᠵᠡᠷᠭᠡ ᠡᠯ᠎ᠡ ᠵᠦᠢᠯ᠎ᠦᠨ ᠱᠢᠯᠭᠠᠯᠲᠠ᠎ᠳᠤ ᠮᠣᠩᠭᠤᠯ᠎ᠢᠶᠠᠷ ᠱᠢᠯᠭᠠᠯᠲᠠ᠎ᠶᠢᠨ ᠰᠡᠳᠦᠪ ᠬᠠᠩᠭᠠᠬᠤ ᠬᠡᠷᠡᠭᠲᠡᠢ ᠪᠥᠭᠡᠳ ᠱᠢᠯᠭᠠᠭᠤᠯᠤᠭᠴᠢ ᠮᠣᠩᠭᠤᠯ ᠦᠭᠡ ᠬᠡᠯᠡ ᠦᠰᠦᠭ ᠪᠢᠴᠢᠭ᠎ᠢᠶᠡᠷ ᠠᠮᠠᠨ ᠱᠢᠯᠭᠠᠯᠲᠠ ᠪᠣᠯᠤᠨ ᠪᠢᠴᠢᠭ᠎ᠤᠨ ᠱᠢᠯᠭᠠᠯᠲᠠ ᠥᠭᠴᠦ ᠪᠣᠯᠤᠨ᠎ᠠ᠃ ᠠᠳᠠᠯᠢ ᠨᠥᠬᠦᠴᠡᠯ᠎ᠳᠤ ᠮᠣᠩᠭᠤᠯ ᠬᠢᠲᠠᠳ ᠬᠤᠶᠠᠷ ᠲᠥᠷᠦᠯ᠎ᠦᠨ ᠦᠭᠡ ᠬᠡᠯᠡ ᠦᠰᠦᠭ ᠪᠢᠴᠢᠭ᠎ᠢ ᠵᠡᠷᠭᠡ᠎ᠪᠡᠷ ᠡᠵᠡᠮᠱᠢᠭᠰᠡᠳ᠎ᠢ ᠬᠠᠷᠠᠭᠠᠯᠵᠠᠨ ᠡᠯᠰᠡᠨ᠎ᠡ᠃

  ᠬᠣᠷᠢᠨ ᠵᠢᠷᠭᠤᠳᠤᠭᠠᠷ ᠵᠦᠢᠯ   ᠷᠠᠳᠢᠤ᠋᠂ ᠲᠸᠯᠸᠢᠰ᠂ ᠺᠢᠨᠤ᠋᠎ᠶᠢᠨ ᠪᠠᠢᠭᠤᠯᠤᠮᠵᠢ᠎ᠨᠤᠭᠤᠳ ᠮᠣᠩᠭᠤᠯ ᠬᠡᠯᠡ᠎ᠪᠡᠷ ᠠᠵᠢᠯᠯᠠᠬᠤ ᠠᠵᠢᠯᠳᠠᠨ᠎ᠤ ᠡᠩᠨᠡᠭᠡᠨ᠎ᠤ ᠪᠠᠢᠭᠤᠯᠤᠯᠲᠠ᠎ᠶᠢ ᠴᠢᠩᠭᠠᠳᠭᠠᠵᠤ᠂ ᠤᠯᠠᠨ ᠲᠦᠮᠡᠨ᠎ᠤ ᠱᠠᠭᠠᠷᠳᠠᠯᠭ᠎ᠠ᠎ᠶᠢ ᠬᠠᠩᠭᠠᠭᠰᠠᠨ ᠡᠯᠪᠡᠭ ᠪᠠᠶᠠᠯᠢᠭ ᠠᠭᠤᠯᠭ᠎ᠠ ᠪᠦᠬᠦᠢ ᠮᠣᠩᠭᠤᠯ ᠬᠡᠯᠡᠨ᠎ᠤ ᠫᠷᠤᠭ᠌ᠷᠠᠮ ᠪᠣᠯᠤᠨ ᠺᠢᠨᠤ ᠲᠸᠯᠸᠢᠰ ᠪᠦᠲᠦᠭᠡᠯ ᠨᠠᠢᠷᠠᠭᠤᠯᠤᠨ ᠦᠢᠯᠡᠳᠬᠦ ᠬᠡᠷᠡᠭᠲᠡᠢ ᠪᠥᠭᠡᠳ ᠨᠡᠪᠲᠡᠷᠡᠭᠦᠯᠬᠦ ᠴᠠᠭ ᠪᠣᠯᠤᠨ ᠤᠳᠠᠭ᠎ᠠ᠎ᠶᠢ ᠨᠡᠮᠡᠭᠳᠡᠭᠦᠯᠬᠦ ᠬᠡᠷᠡᠭᠲᠡᠢ᠃

  ᠡᠯ᠎ᠡ ᠱᠠᠲᠤᠨ᠎ᠤ ᠤᠷᠠᠯᠢᠭ᠎ᠤᠨ ᠪᠦᠯᠬᠦᠮ ᠮᠣᠩᠭᠤᠯ ᠬᠡᠯᠡᠨ᠎ᠤ ᠤᠷᠠᠨ ᠰᠠᠢᠬᠠᠨ᠎ᠤ ᠫᠷᠤᠭ᠌ᠷᠠᠮ᠎ᠢ ᠨᠡᠮᠡᠭᠳᠡᠭᠦᠯᠬᠦ ᠬᠡᠷᠡᠭᠲᠡᠢ᠃

  ᠬᠣᠷᠢᠨ ᠳᠣᠯᠤᠳᠤᠭᠠᠷ ᠵᠦᠢᠯ   ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠮᠣᠩᠭᠤᠯ ᠵᠢᠭᠠᠬᠤ ᠮᠠᠲᠧᠷᠢᠶᠠᠯ᠂ ᠬᠢᠴᠢᠶᠡᠯ᠎ᠦᠨ ᠭᠠᠳᠠᠨᠠᠬᠢ ᠤᠩᠱᠢᠬᠤ ᠪᠢᠴᠢᠭ᠂ ᠳᠠᠭᠤ ᠳᠦᠷᠰᠦ ᠱᠢᠩᠭᠡᠯᠲᠡ᠎ᠶᠢᠨ ᠦᠢᠯᠡᠳᠬᠦᠨ᠂ ᠮᠣᠩᠭᠤᠯ ᠰᠣᠨᠢᠨ ᠰᠡᠳᠭᠦᠯ ᠬᠡᠪᠯᠡᠭᠦᠯᠦᠨ ᠲᠠᠷᠬᠠᠭᠠᠬᠤ ᠠᠵᠢᠯ ᠪᠣᠯᠤᠨ ᠮᠣᠩᠭᠤᠯ ᠨᠸᠲ ᠥᠷᠲᠡᠭᠡᠨ᠎ᠤ ᠪᠠᠢᠭᠤᠯᠤᠯᠲᠠ᠎ᠶᠢ ᠳᠡᠳᠭᠦᠨ ᠳᠡᠮᠵᠢᠬᠦ ᠬᠡᠷᠡᠭᠲᠡᠢ᠃

  ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠤᠯᠠᠨ ᠵᠦᠢᠯ᠎ᠦᠨ ᠲᠠᠷᠬᠠᠭᠠᠯᠲᠠ᠎ᠶᠢᠨ ᠵᠠᠮ ᠨᠡᠬᠡᠬᠡᠵᠤ᠂ ᠬᠤᠳᠠᠯᠳᠤᠭᠠᠨ᠎ᠤ ᠪᠣᠯᠤᠨ ᠬᠠᠩᠭᠠᠨ ᠪᠣᠷᠤᠯᠠᠭᠤᠯᠬᠤ ᠵᠡᠷᠭᠡ ᠪᠠᠢᠭᠤᠯᠤᠮᠵᠢ ᠮᠣᠩᠭᠤᠯ ᠨᠣᠮ ᠪᠢᠴᠢᠭ ᠣᠷᠤᠯᠠᠨ ᠪᠣᠷᠤᠯᠠᠭᠤᠯᠬᠤ᠎ᠶᠢ ᠬᠥᠬᠢᠭᠦᠯᠦᠨ ᠵᠣᠷᠢᠭᠵᠢᠭᠤᠯᠵᠤ᠂ ᠬᠠᠮᠲᠤ ᠨᠡᠢᠲᠡ ᠪᠣᠯᠤᠨ ᠬᠤᠪᠢ ᠬᠥᠮᠦᠨ ᠮᠣᠩᠭᠤᠯ ᠨᠣᠮ᠎ᠤᠨ ᠳᠡᠯᠭᠡᠭᠦᠷ ᠡᠷᠬᠢᠯᠡᠬᠦ᠎ᠶᠢ ᠰᠠᠨᠠᠭᠠᠴᠢᠯᠠᠬᠤ᠎ᠶᠢᠨ ᠬᠠᠮᠲᠤ ᠲᠥᠷᠦ᠎ᠶᠢᠨ ᠪᠣᠳᠤᠯᠭ᠎ᠠ᠎ᠶᠢᠨ ᠬᠠᠷᠠᠭᠠᠯᠵᠠᠯ ᠦᠵᠡᠭᠦᠯᠬᠦ ᠬᠡᠷᠡᠭᠲᠡᠢ᠃

  ᠡᠯ᠎ᠡ ᠱᠠᠲᠤᠨ᠎ᠤ ᠱᠢᠨᠬᠤᠸᠠ ᠨᠣᠮ᠎ᠤᠨ ᠳᠡᠯᠭᠡᠭᠦᠷ ᠨᠣᠮ ᠪᠢᠴᠢᠭ ᠲᠠᠷᠬᠠᠭᠠᠬᠤ ᠠᠵᠢᠯ᠎ᠢ ᠰᠠᠢᠲᠤᠷ ᠬᠢᠬᠦ ᠬᠡᠷᠡᠭᠲᠡᠢ ᠪᠥᠭᠡᠳ ᠮᠣᠩᠭᠤᠯ ᠨᠣᠮ ᠬᠤᠳᠠᠯᠳᠤᠬᠤ ᠲᠤᠰᠭᠠᠢ ᠯᠠᠩᠭᠦᠢ ᠭᠠᠷᠭᠠᠬᠤ ᠬᠡᠷᠡᠭᠲᠡᠢ᠃

  ᠬᠣᠷᠢᠨ ᠨᠠᠢ᠍ᠮᠠᠳᠤᠭᠠᠷ ᠵᠦᠢᠯ   ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠮᠣᠩᠭᠤᠯ ᠷᠠᠳᠢᠤ᠋᠂ ᠲᠸᠯᠸᠢᠰ᠂ ᠺᠢᠨᠤ᠋᠂ ᠰᠣᠨᠢᠨ ᠰᠡᠳᠭᠦᠯ᠂ ᠨᠣᠮ ᠪᠢᠴᠢᠭ᠎ᠤᠨ ᠬᠡᠪᠯᠡᠯ᠂ ᠨᠸᠲ ᠥᠷᠲᠡᠭᠡᠨ᠎ᠤ ᠪᠡᠯᠡ ᠣᠷᠤᠭᠤᠯᠤᠯᠲᠠ ᠪᠣᠯᠤᠨ ᠨᠥᠬᠦᠪᠦᠷᠢ ᠮᠥᠩᠭᠦ᠎ᠪᠠᠨ ᠵᠢᠯ ᠳᠠᠷᠠᠭᠠᠯᠠᠨ ᠨᠡᠮᠡᠭᠳᠡᠭᠦᠯᠬᠦ ᠬᠡᠷᠡᠭᠲᠡᠢ᠃

  ᠬᠣᠷᠢ ᠶᠢᠰᠦᠳᠦᠭᠡᠷ ᠵᠦᠢᠯ   ᠮᠣᠩᠭᠤᠯᠴᠤᠳ ᠲᠥᠪᠯᠡᠷᠡᠨ ᠰᠠᠭᠤᠷᠢᠱᠢᠭᠰᠠᠨ ᠭᠠᠵᠠᠷ ᠣᠷᠤᠨ᠎ᠤ ᠦᠨᠳᠦᠰᠦᠨ ᠱᠠᠲᠤᠨ᠎ᠤ ᠰᠣᠶᠤᠯ᠎ᠤᠨ ᠥᠷᠲᠡᠭᠡ ᠪᠣᠯᠤᠨ ᠨᠣᠮ᠎ᠤᠨ ᠥᠷᠦᠭᠡ ᠮᠣᠩᠭᠤᠯ ᠨᠣᠮ ᠪᠢᠴᠢᠭ᠂ ᠰᠣᠨᠢᠨ ᠰᠡᠳᠭᠦᠯ ᠬᠠᠩᠭᠠᠵᠤ᠂ ᠮᠣᠩᠭᠤᠯ ᠺᠢᠨᠤ ᠲᠸᠯᠸᠢᠰ᠎ᠤᠨ ᠪᠦᠲᠦᠭᠡᠯ ᠲᠠᠯᠪᠢᠵᠦ ᠰᠣᠨᠢᠷᠬᠠᠭᠤᠯᠬᠤ ᠬᠡᠷᠡᠭᠲᠡᠢ᠃

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604