ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠮᠣᠩᠭᠤᠯ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠳᠦᠷᠢᠮ (ᠳᠥᠷᠪᠡᠳᠦᠭᠡᠷ ᠪᠦᠯᠦᠭ)
2019.11.04

   (2014 ᠣᠨ᠎ᠤ 11 ᠳ᠋ᠦᠭᠡᠷ ᠰᠠᠷ᠎ᠠ᠎ᠶᠢᠨ 26᠎ᠤ ᠡᠳᠦᠷ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠠᠷᠪᠠᠳᠤᠭᠠᠷ ᠬᠤᠭᠤᠴᠠᠭᠠᠨ᠎ᠤ

  ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠬᠣᠶᠠᠳᠤᠭᠠᠷ ᠬᠤᠷᠠᠯᠳᠤᠭᠠᠨ᠎ᠢᠶᠠᠷ ᠪᠠᠲᠤᠯᠠᠪᠠ)

 

    ᠳᠥᠷᠪᠡᠳᠦᠭᠡᠷ ᠪᠦᠯᠦᠭ   ᠱᠢᠨᠵᠢᠯᠡᠬᠦ ᠤᠬᠠᠭᠠᠨ᠎ᠤ ᠰᠤᠳᠤᠯᠤᠯᠲᠠ ᠪᠠ ᠳᠦᠷᠢᠮᠵᠢᠯ᠂ ᠪᠠᠷᠢᠮᠵᠢᠶᠠᠵᠢᠯ

 

  ᠭᠤᠴᠢᠳᠤᠭᠠᠷ ᠵᠦᠢᠯ   ᠮᠣᠩᠭᠤᠯ ᠦᠭᠡ ᠬᠡᠯᠡ ᠪᠢᠴᠢᠭ᠎ᠦᠨ ᠱᠢᠨᠵᠢᠯᠡᠬᠦ ᠤᠬᠠᠭᠠᠨ᠎ᠤ ᠰᠤᠳᠤᠯᠤᠯ᠎ᠳᠤ ᠦᠨᠳᠦᠰᠦᠨ ᠣᠨᠤᠯ᠎ᠤᠨ ᠰᠤᠳᠤᠯᠤᠯ ᠪᠣᠯᠤᠨ ᠬᠡᠷᠡᠭᠯᠡᠭᠡᠨ᠎ᠤ ᠣᠨᠤᠯ᠎ᠤᠨ ᠰᠤᠳᠤᠯᠤᠯ᠎ᠢ ᠵᠡᠷᠭᠡ᠎ᠪᠡᠷ ᠴᠢᠬᠤᠯᠠᠴᠢᠯᠠᠬᠤ ᠵᠠᠷᠴᠢᠮ᠎ᠢ ᠪᠠᠷᠢᠮᠳᠠᠯᠠᠵᠤ᠂ ᠮᠣᠩᠭᠤᠯ ᠦᠭᠡ ᠬᠡᠯᠡ ᠦᠰᠦᠭ ᠪᠢᠴᠢᠭ᠎ᠦᠨ ᠰᠤᠷᠤᠯᠴᠠᠯᠭ᠎ᠠ ᠬᠡᠷᠡᠭᠯᠡᠭᠡ ᠪᠣᠯᠤᠨ ᠬᠥᠭᠵᠢᠯᠲᠡ᠎ᠶᠢ ᠠᠬᠢᠭᠤᠯᠬᠤ ᠬᠡᠷᠡᠭᠲᠡᠢ᠃

  ᠭᠤᠴᠢᠨ ᠨᠢᠭᠡᠳᠦᠭᠡᠷ ᠵᠦᠢᠯ   ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠮᠣᠩᠭᠤᠯ ᠬᠡᠯᠡ ᠪᠢᠴᠢᠭ᠎ᠦᠨ ᠱᠢᠨᠵᠢᠯᠡᠬᠦ ᠤᠬᠠᠭᠠᠨ᠎ᠤ ᠰᠤᠳᠤᠯᠤᠯ᠎ᠤᠨ ᠠᠵᠢᠯ᠎ᠳᠡᠬᠢ ᠤᠳᠤᠷᠢᠳᠤᠯᠭ᠎ᠠ᠎ᠪᠠᠨ ᠴᠢᠩᠭᠠᠳᠭᠠᠵᠤ᠂ ᠭᠣᠤᠯᠳᠠᠯᠭ᠎ᠠ᠎ᠲᠠᠢ ᠰᠤᠳᠤᠯᠭᠠᠨ᠎ᠤ ᠲᠥᠷᠦᠯ ᠵᠦᠢᠯ᠎ᠢ ᠨᠢᠬᠡᠳᠦᠯᠳᠡᠢ ᠲᠣᠬᠢᠷᠠᠭᠤᠯᠵᠤ᠂ ᠨᠢᠬᠡᠳᠦᠯᠳᠡᠢ ᠬᠠᠮᠢᠶᠠᠷᠬᠤ ᠬᠡᠷᠡᠭᠲᠡᠢ ᠪᠥᠭᠡᠳ ᠥᠪᠡᠷᠲᠡᠭᠡᠨ ᠵᠠᠰᠠᠬᠤ ᠣᠷᠤᠨ᠎ᠤ ᠱᠢᠨᠵᠢᠯᠡᠬᠦ ᠤᠬᠠᠭᠠᠨ᠎ᠤ ᠰᠤᠳᠤᠯᠭᠠᠨ᠎ᠤ ᠲᠥᠯᠦᠪᠵᠢᠭᠦᠯᠭᠡ᠎ᠳᠤ ᠣᠷᠤᠭᠤᠯᠵᠤ᠂ ᠲᠤᠰᠭᠠᠢ ᠵᠠᠷᠤᠳᠠᠯ ᠥᠭᠴᠦ ᠳᠡᠮᠵᠢᠬᠦ ᠬᠡᠷᠡᠭᠲᠡᠢ᠃

  ᠮᠣᠩᠭᠤᠯ ᠦᠭᠡ ᠬᠡᠯᠡ ᠦᠰᠦᠭ ᠪᠢᠴᠢᠭ᠎ᠦᠨ ᠡᠷᠳᠡᠮ ᠱᠢᠨᠵᠢᠯᠡᠭᠡᠨ᠎ᠤ ᠪᠠᠢᠭᠤᠯᠤᠮᠵᠢ ᠪᠣᠯᠤᠨ ᠬᠣᠯᠪᠤᠭᠳᠠᠯ ᠪᠦᠬᠦᠢ ᠳᠡᠭᠡᠲᠦ ᠰᠤᠷᠭᠠᠭᠤᠯᠢ᠎ᠨᠤᠭᠤᠳ ᠮᠣᠩᠭᠤᠯ ᠦᠭᠡ ᠬᠡᠯᠡ ᠦᠰᠦᠭ ᠪᠢᠴᠢᠭ᠎ᠦᠨ ᠡᠷᠳᠡᠮ ᠱᠢᠨᠵᠢᠯᠡᠭᠡᠨ᠎ᠤ ᠠᠵᠢᠯᠲᠠᠨ᠎ᠢ ᠲᠥᠯᠦᠪᠯᠡᠭᠡ᠎ᠲᠠᠢ ᠬᠥᠮᠦᠵᠢᠭᠦᠯᠵᠦ᠂ ᠮᠣᠩᠭᠤᠯ ᠬᠡᠯᠡ ᠪᠢᠴᠢᠭ᠎ᠦᠨ ᠡᠷᠳᠡᠮ ᠱᠢᠨᠵᠢᠯᠡᠭᠡᠨ᠎ᠤ ᠠᠵᠢᠯᠲᠠᠨ᠎ᠤ ᠡᠩᠨᠡᠭᠡ᠎ᠶᠢ ᠲᠠᠰᠤᠷᠠᠯᠲᠠ᠎ᠦᠭᠡᠢ ᠥᠷᠭᠡᠵᠢᠭᠦᠯᠬᠦ ᠬᠡᠷᠡᠭᠲᠡᠢ᠃

  ᠭᠤᠴᠢᠨ ᠬᠣᠶᠠᠳᠤᠭᠠᠷ ᠵᠦᠢᠯ   ᠦᠪᠡᠷᠳᠡᠬᠡᠨ ᠵᠠᠰᠠᠬᠤ ᠣᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠮᠣᠩᠭᠤᠯ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠪᠠᠢᠭᠤᠯᠤᠮᠵᠢ ᠮᠣᠩᠭᠤᠯ ᠬᠡᠯᠡ ᠪᠢᠴᠢᠭ᠎ᠦᠨ ᠳᠦᠷᠢᠮᠵᠢᠯ᠂ ᠪᠠᠷᠢᠮᠵᠢᠶᠠᠵᠢᠯ ᠪᠣᠯᠤᠨ ᠮᠡᠳᠡᠭᠡ ᠵᠠᠩᠭᠢᠴᠢᠯᠠᠯᠲᠠ᠎ᠶᠢᠨ ᠠᠵᠢᠯ᠎ᠢ ᠴᠢᠩᠭᠠᠳᠭᠠᠬᠤ ᠬᠡᠷᠡᠭᠲᠡᠢ᠃

  ᠥᠪᠡᠷᠲᠡᠭᠡᠨ ᠵᠠᠰᠠᠬᠤ ᠣᠷᠤᠨ᠎ᠤ ᠠᠷᠠᠳ᠎ᠤᠨ ᠵᠠᠰᠠᠭ᠎ᠤᠨ ᠣᠷᠳᠤᠨ ᠮᠣᠩᠭᠤᠯ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠪᠠᠢᠭᠤᠯᠤᠮᠵᠢ ᠮᠣᠩᠭᠤᠯ ᠬᠡᠯᠡᠨ᠎ᠤ ᠬᠢᠷᠢ ᠬᠡᠮ᠎ᠦᠨ ᠱᠢᠯᠭᠠᠯᠲᠠ᠎ᠶᠢ ᠵᠣᠬᠢᠶᠠᠨ ᠪᠠᠢᠭᠤᠯᠵᠤ᠂ ᠮᠣᠩᠭᠤᠯ ᠬᠡᠯᠡ᠎ᠪᠡᠷ ᠠᠵᠢᠯᠯᠠᠳᠠᠭ ᠠᠵᠢᠯᠲᠠᠳ᠎ᠲᠤ ᠮᠣᠩᠭᠤᠯ ᠬᠡᠯᠡᠨ᠎ᠤ ᠪᠠᠷᠢᠮᠵᠢᠶ᠎ᠠ ᠠᠪᠢᠶᠠᠨ᠎ᠤ ᠪᠣᠯᠪᠠᠰᠤᠷᠠᠯ ᠪᠣᠯᠤᠨ ᠱᠢᠯᠭᠠᠯᠲᠠ ᠬᠢᠬᠦ ᠬᠡᠷᠡᠭᠲᠡᠢ᠃

  ᠭᠤᠴᠢᠨ ᠭᠤᠷᠪᠠᠳᠤᠭᠠᠷ ᠵᠦᠢᠯ   ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠮᠣᠩᠭᠤᠯ ᠦᠭᠡ ᠬᠡᠯᠡ ᠦᠰᠦᠭ ᠪᠢᠴᠢᠭ᠎ᠦᠨ ᠰᠣᠶᠤᠯ᠎ᠤᠨ ᠥᠪ᠎ᠢ ᠬᠠᠮᠠᠭᠠᠯᠠᠬᠤ ᠠᠵᠢᠯ᠎ᠢ ᠴᠢᠩᠭᠠᠳᠭᠠᠵᠤ᠂ ᠮᠣᠩᠭᠤᠯ ᠡᠷᠲᠡᠨ᠎ᠤ ᠨᠣᠮ ᠪᠢᠴᠢᠭ᠎ᠢ ᠠᠪᠤᠷᠠᠬᠤ᠂ ᠴᠤᠭᠯᠠᠭᠤᠯᠬᠤ᠂ ᠡᠮᠬᠢᠯᠡᠬᠦ᠂ ᠬᠡᠪᠯᠡᠭᠦᠯᠬᠦ ᠠᠵᠢᠯ᠎ᠢ ᠰᠠᠢᠲᠤᠷ ᠬᠢᠬᠦ ᠬᠡᠷᠡᠭᠲᠡᠢ᠃

  ᠭᠤᠴᠢᠨ ᠳᠥᠷᠪᠡᠳᠦᠭᠡᠷ ᠵᠦᠢᠯ   ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠮᠣᠩᠭᠤᠯ ᠦᠭᠡ ᠬᠡᠯᠡ ᠦᠰᠦᠭ ᠪᠢᠴᠢᠭ᠎ᠦᠨ ᠭᠠᠵᠠᠷ ᠣᠷᠤᠨ ᠰᠤᠨᠳᠠᠯᠠᠭᠰᠠᠨ ᠬᠠᠮᠵᠢᠯᠴᠠᠭ᠎ᠠ ᠪᠣᠯᠤᠨ ᠤᠯᠤᠰ ᠬᠣᠭᠤᠷᠤᠨᠳᠤ᠎ᠶᠢᠨ ᠰᠣᠯᠢᠯᠴᠠᠭ᠎ᠠ᠎ᠪᠠᠨ ᠴᠢᠩᠭᠠᠳᠭᠠᠬᠤ ᠬᠡᠷᠡᠭᠲᠡᠢ᠃

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604