(2014 ᠣᠨ᠎ᠤ 11 ᠳ᠋ᠦᠭᠡᠷ ᠰᠠᠷ᠎ᠠ᠎ᠶᠢᠨ 26᠎ᠤ ᠡᠳᠦᠷ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠠᠷᠪᠠᠳᠤᠭᠠᠷ ᠬᠤᠭᠤᠴᠠᠭᠠᠨ᠎ᠤ
ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠬᠣᠶᠠᠳᠤᠭᠠᠷ ᠬᠤᠷᠠᠯᠳᠤᠭᠠᠨ᠎ᠢᠶᠠᠷ ᠪᠠᠲᠤᠯᠠᠪᠠ)
ᠲᠠᠪᠤᠳᠤᠭᠠᠷ ᠪᠦᠯᠦᠭ ᠬᠠᠤᠯᠢ ᠴᠠᠭᠠᠵᠠ᠎ᠶᠢᠨ ᠬᠠᠷᠢᠭᠤᠴᠠᠯᠭ᠎ᠠ
ᠭᠤᠴᠢᠨ ᠲᠠᠪᠤᠳᠤᠭᠠᠷ ᠵᠦᠢᠯ ᠲᠤᠰ ᠳᠦᠷᠢᠮ᠎ᠦᠨ ᠠᠷᠪᠠᠨ ᠵᠢᠷᠭᠤᠳᠤᠭᠠᠷ ᠵᠦᠢᠯ᠎ᠦᠨ ᠲᠣᠭᠲᠠᠭᠠᠯ᠎ᠢ ᠵᠥᠷᠢᠴᠡᠪᠡᠯ ᠬᠣᠯᠪᠤᠭᠳᠠᠯ ᠪᠦᠬᠦᠢ ᠰᠠᠯᠠᠭ᠎ᠠ ᠮᠥᠴᠢᠷ᠎ᠡᠴᠡ ᠱᠢᠭᠤᠳ ᠬᠠᠷᠢᠭᠤᠴᠠᠯᠭ᠎ᠠ ᠪᠦᠬᠦᠢ ᠭᠣᠤᠯ ᠬᠠᠮᠢᠶᠠᠷᠤᠭᠴᠢ ᠪᠣᠯᠤᠨ ᠱᠢᠭᠤᠳ ᠬᠠᠷᠢᠭᠤᠴᠠᠯᠭ᠎ᠠ ᠪᠦᠬᠦᠢ ᠪᠤᠰᠤᠳ ᠬᠥᠮᠦᠰ᠎ᠲᠤ ᠬᠠᠤᠯᠢ ᠶᠣᠰᠤ᠎ᠪᠠᠷ ᠵᠠᠰᠠᠭ ᠵᠠᠬᠢᠷᠭᠠᠨ᠎ᠤ ᠱᠢᠢᠳᠭᠡᠯ ᠣᠯᠭᠤᠨ᠎ᠠ᠃
ᠭᠤᠴᠢᠨ ᠵᠢᠷᠭᠤᠳᠤᠭᠠᠷ ᠵᠦᠢᠯ ᠲᠤᠰ ᠳᠦᠷᠢᠮ᠎ᠦᠨ ᠬᠣᠷᠢᠨ ᠬᠣᠶᠠᠳᠤᠭᠠᠷ ᠵᠦᠢᠯ᠎ᠦᠨ ᠨᠢᠭᠡᠳᠦᠭᠡᠷ ᠪᠠᠳᠠᠭ᠎ᠤᠨ ᠲᠣᠭᠲᠠᠭᠠᠯ᠎ᠢ ᠵᠥᠷᠢᠴᠡᠪᠡᠯ ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠤ ᠮᠣᠩᠭᠤᠯ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠵᠠᠰᠠᠭ ᠵᠠᠬᠢᠷᠭᠠᠨ᠎ᠤ ᠭᠣᠤᠯᠯᠠᠨ ᠬᠠᠮᠢᠶᠠᠷᠬᠤ ᠰᠠᠯᠠᠭ᠎ᠠ ᠮᠥᠴᠢᠷ ᠵᠠᠷᠯᠢᠭᠳᠠᠵᠤ ᠪᠠᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ᠃ ᠬᠢᠵᠠᠭᠠᠷᠯᠠᠭᠰᠠᠨ ᠬᠤᠭᠤᠴᠠᠭᠠᠨ᠎ᠳᠤ ᠦᠯᠦ ᠵᠠᠯᠠᠷᠠᠭᠤᠯᠤᠭᠴᠢᠳᠢ 300 ᠲᠥᠭᠦᠷᠢᠭ᠎ᠡᠴᠡ ᠲᠤᠷᠤᠭᠱᠢᠬᠢ ᠵᠣᠭᠤᠰ᠎ᠢᠶᠠᠷ ᠲᠣᠷᠭᠤᠨᠠ᠃
ᠭᠤᠴᠢᠨ ᠳᠣᠯᠤᠳᠤᠭᠠᠷ ᠵᠦᠢᠯ ᠲᠤᠰ ᠳᠦᠷᠢᠮ᠎ᠦᠨ ᠪᠤᠰᠤᠳ ᠵᠦᠢᠯ ᠪᠠᠳᠠᠭ᠎ᠤᠨ ᠲᠣᠭᠲᠠᠭᠠᠯᠤ᠋ᠳᠢ ᠵᠥᠷᠢᠴᠡᠪᠡᠯ ᠳᠡᠭᠡᠲᠤ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠵᠠᠷᠯᠢᠭᠳᠠᠨ ᠵᠠᠯᠠᠷᠠᠭᠤᠯᠤᠨ᠎ᠠ; ᠵᠠᠯᠠᠷᠠᠭᠤᠯᠬᠤ᠎ᠶᠢ ᠲᠡᠪᠴᠢᠭᠰᠡᠳᠢ ᠡᠷᠬᠡᠪᠱᠢ ᠵᠠᠯᠬᠠᠭᠠᠨ ᠱᠢᠢᠳᠪᠦᠷᠢᠯᠡᠬᠦ ᠬᠡᠷᠡᠭᠲᠡᠢ᠃
ᠭᠤᠴᠢᠨ ᠨᠠᠢ᠍ᠮᠠᠳᠤᠭᠠᠷ ᠵᠦᠢᠯ ᠲᠥᠷᠦ᠎ᠶᠢᠨ ᠪᠠᠢᠭᠤᠯᠭ᠎ᠠ᠎ᠶᠢᠨ ᠠᠵᠢᠯᠲᠠᠨ ᠡᠷᠬᠡ ᠲᠤᠱᠢᠶᠠᠯ᠎ᠢᠶᠠᠨ ᠭᠦᠢᠴᠡᠳᠬᠡᠬᠦ ᠦᠶᠡᠰ ᠮᠣᠩᠭᠤᠯ ᠦᠭᠡ ᠬᠡᠯᠡ ᠦᠰᠦᠭ ᠪᠢᠴᠢᠭ ᠬᠡᠷᠡᠭᠯᠡᠬᠦ ᠬᠡᠷᠡᠭᠲᠡᠢ ᠪᠠᠢᠳᠠᠯ᠎ᠠ ᠬᠡᠷᠡᠭᠯᠡᠭᠰᠡᠨ᠎ᠦᠭᠡᠢ ᠪᠤᠶᠤ ᠠᠷᠠᠳ ᠢᠷᠭᠡᠳ᠎ᠦᠨ ᠮᠣᠩᠭᠤᠯ ᠦᠭᠡ ᠬᠡᠯᠡ ᠦᠰᠦᠭ ᠪᠢᠴᠢᠭ ᠬᠡᠷᠡᠭᠯᠡᠬᠦ᠎ᠶᠢ ᠬᠠᠷᠱᠢᠯᠠᠵᠤ᠂ ᠬᠦᠨᠳᠦ ᠨᠤᠴᠢᠳᠠᠢ ᠦᠷ᠎ᠡ ᠳ᠋ᠦᠩ ᠭᠠᠷᠭᠠᠭᠰᠠᠨ ᠪᠠᠢᠪᠠᠯ ᠬᠣᠯᠪᠤᠭᠳᠠᠯ ᠪᠦᠬᠦᠢ ᠰᠠᠯᠠᠭ᠎ᠠ ᠮᠥᠴᠢᠷ᠎ᠡᠴᠡ ᠵᠠᠰᠠᠭ ᠵᠠᠬᠢᠷᠭᠠᠨ᠎ᠤ ᠱᠢᠢᠳᠭᠡᠯ ᠣᠯᠭᠤᠨ᠎ᠠ᠃
ᠭᠤᠴᠢ ᠶᠢᠰᠦᠳᠦᠭᠡᠷ ᠵᠦᠢᠯ ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠤ ᠮᠣᠩᠭᠤᠯ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠪᠠᠢᠭᠤᠯᠤᠮᠵᠢ᠎ᠶᠢᠨ ᠠᠵᠢᠯᠲᠠᠨ ᠬᠢᠨᠠᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ᠎ᠪᠠᠨ ᠬᠠᠤᠯᠢ ᠶᠣᠰᠤ᠎ᠪᠠᠷ ᠭᠦᠢᠴᠡᠳᠬᠡᠬᠦ᠎ᠦᠭᠡᠢ ᠪᠤᠶᠤ ᠬᠠᠤᠯᠢ ᠪᠤᠰᠤ ᠠᠵᠢᠯᠯᠠᠭ᠎ᠠ᠎ᠶᠢ ᠪᠠᠢᠴᠠᠭᠠᠵᠤ ᠱᠢᠢᠳᠪᠦᠷᠢᠯᠡᠬᠦ᠎ᠦᠭᠡᠢ ᠪᠣᠯ ᠬᠣᠯᠪᠤᠭᠳᠠᠯ ᠪᠦᠬᠦᠢ ᠰᠠᠯᠠᠭ᠎ᠠ ᠮᠥᠴᠢᠷ᠎ᠡᠴᠡ ᠱᠢᠭᠤᠳ ᠬᠠᠷᠢᠭᠤᠴᠠᠯᠭ᠎ᠠ ᠪᠦᠬᠦᠢ ᠭᠣᠤᠯ ᠬᠠᠮᠢᠶᠠᠷᠤᠭᠴᠢ ᠪᠣᠯᠤᠨ ᠱᠢᠭᠤᠳ ᠬᠠᠷᠢᠭᠤᠴᠠᠯᠭ᠎ᠠ ᠪᠦᠬᠦᠢ ᠪᠤᠰᠤᠳ ᠬᠥᠮᠦᠰ᠎ᠲᠤ ᠬᠠᠤᠯᠢ ᠶᠣᠰᠤ᠎ᠪᠠᠷ ᠵᠠᠰᠠᠭ ᠵᠠᠬᠢᠷᠭᠠᠨ᠎ᠤ ᠱᠢᠢᠳᠭᠡᠯ ᠣᠯᠭᠤᠨ᠎ᠠ᠃
ᠵᠢᠷᠭᠤᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ
ᠳᠥᠴᠢᠳᠦᠭᠡᠷ ᠵᠦᠢᠯ ᠲᠤᠰ ᠳᠦᠷᠢᠮ᠎ᠢ 2005 ᠤᠨ᠎ᠤ 5 ᠰᠠᠷ᠎ᠠ᠎ᠶᠢᠨ 1 ᠤ ᠡᠳᠦᠷ᠎ᠡᠴᠡ ᠡᠬᠢᠯᠡᠨ ᠬᠡᠷᠡᠭᠵᠢᠭᠦᠯᠦᠨ᠎ᠡ᠃