ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠦᠨᠳᠦᠰᠦᠲᠡᠨ᠎ᠤ ᠰᠤᠷᠭᠠᠨ ᠬᠥᠮᠦᠵᠢᠯ᠎ᠦᠨ ᠳᠦᠷᠢᠮ (ᠨᠢᠭᠡᠳᠦᠭᠡᠷ ᠪᠦᠯᠦᠭ)
2019.11.04

   (2016 ᠣᠨ᠎ᠤ 9 ᠰᠠᠷ᠎ᠠ᠎ᠶᠢᠨ 29᠎ᠤ ᠡᠳᠦᠷ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠠᠷᠪᠠᠨ ᠬᠣᠶᠠᠳᠤᠭᠠᠷ ᠬᠤᠭᠤᠴᠠᠭᠠᠨ᠎ᠤ

  ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠬᠣᠷᠢᠨ ᠵᠢᠷᠭᠤᠳᠤᠭᠠᠷ ᠬᠤᠷᠠᠯᠳᠤᠭᠠᠨ᠎ᠢᠶᠠᠷ ᠪᠠᠲᠤᠯᠠᠪᠠ)

 

 

    ᠨᠢᠭᠡᠳᠦᠭᠡᠷ ᠪᠦᠯᠦᠭ   ᠶᠡᠷᠦᠩᠬᠡᠢ ᠳᠦᠷᠢᠮ

 

  ᠨᠢᠭᠡᠳᠦᠭᠡᠷ ᠵᠦᠢᠯ   ᠦᠨᠳᠦᠰᠦᠲᠡᠨ᠎ᠤ ᠰᠤᠷᠭᠠᠨ ᠬᠥᠮᠦᠵᠢᠯ᠎ᠦᠨ ᠦᠢᠯᠡᠰ᠎ᠢ ᠪᠠᠲᠤᠯᠠᠬᠤ ᠪᠠ ᠬᠥᠭᠵᠢᠭᠦᠯᠬᠦ᠎ᠶᠢᠨ ᠲᠥᠯᠦᠭᠡ᠂ 《ᠪᠦᠭᠦᠲᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠤ ᠣᠷᠤᠨ᠎ᠤ ᠥᠪᠡᠷᠲᠡᠭᠡᠨ ᠵᠠᠰᠠᠬᠤ ᠬᠠᠤᠯᠢ》 《ᠪᠦᠭᠦᠲᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠰᠤᠷᠭᠠᠨ ᠬᠥᠮᠦᠵᠢᠯ᠎ᠦᠨ ᠬᠠᠤᠯᠢ》 ᠪᠣᠯᠤᠨ ᠤᠯᠤᠰ᠎ᠤᠨ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠤᠨ᠎ᠤ ᠪᠤᠲᠠᠲᠠᠢ᠎ᠲᠠᠢ ᠤᠶᠠᠯᠳᠤᠭᠤᠯᠵᠤ᠂ ᠲᠤᠰ ᠳᠦᠷᠢᠮ᠎ᠢ ᠲᠣᠭᠲᠠᠭᠠᠪᠠ᠃

  ᠬᠣᠶᠠᠳᠤᠭᠠᠷ ᠵᠦᠢᠯ   ᠲᠤᠰ ᠳᠦᠷᠢᠮ᠎ᠳᠤ ᠬᠡᠯᠡᠵᠤ ᠪᠠᠢᠭ᠎ᠠ ᠦᠨᠳᠦᠰᠦᠲᠡᠨ᠎ᠤ ᠰᠤᠷᠭᠠᠨ ᠬᠥᠮᠦᠵᠢᠯ ᠭᠡᠳᠡᠭ᠎ᠨᠢ ᠥᠪᠡᠷᠲᠡᠭᠡᠨ ᠵᠠᠰᠠᠬᠤ ᠣᠷᠤᠨ᠎ᠤ ᠵᠠᠰᠠᠭ ᠵᠠᠬᠢᠷᠭᠠᠨ᠎ᠤ ᠣᠷᠤᠨ ᠳᠣᠲᠤᠷᠠᠬᠢ ᠮᠣᠩᠭᠤᠯ ᠦᠨᠳᠦᠰᠦᠲᠡᠨ ᠵᠢᠴᠢ ᠪᠤᠰᠤᠳ ᠴᠦ᠋ᠬᠡᠨ ᠲᠤᠭᠠᠳᠤ ᠦᠨᠳᠦᠰᠦᠲᠡᠨ᠎ᠤ ᠡᠷᠭᠡᠲᠤ ᠠᠷᠠᠳ᠎ᠲᠤ ᠬᠡᠷᠡᠭᠵᠢᠭᠦᠯᠵᠦ ᠪᠠᠢᠭ᠎ᠠ ᠰᠤᠷᠭᠠᠭᠤᠯᠢ᠎ᠶᠢᠨ ᠰᠤᠷᠭᠠᠨ ᠬᠥᠮᠦᠵᠢᠯ᠎ᠢᠶᠡᠷ ᠭᠣᠤᠯ ᠪᠣᠯᠭᠠᠭᠰᠠᠨ᠂ ᠲᠤᠰ ᠦᠨᠳᠦᠰᠦᠲᠡᠨ᠎ᠤ᠎ᠪᠠᠨ ᠦᠭᠡ ᠬᠡᠯᠡ ᠦᠰᠦᠭ ᠪᠢᠴᠢᠭ ᠪᠣᠯᠤᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢᠶᠡᠷ ᠵᠢᠭᠠᠨ ᠰᠤᠷᠭᠠᠬᠤ᠎ᠪᠠᠷ ᠭᠣᠤᠯᠳᠠᠯᠭ᠎ᠠ ᠪᠣᠯᠭᠠᠭᠰᠠᠨ᠂ ᠱᠢᠨᠵᠢᠯᠡᠬᠦ ᠤᠬᠠᠭᠠᠨ ᠰᠣᠶᠤᠯ ᠮᠡᠳᠡᠯᠭᠡ᠎ᠶᠢ ᠤᠯᠠᠮᠵᠢᠯᠠᠬᠤ ᠪᠠ ᠲᠤᠰ ᠦᠨᠳᠦᠰᠦᠲᠡᠨ᠎ᠤ ᠱᠢᠯᠢᠳᠡᠭ ᠥᠪ ᠰᠣᠶᠤᠯ᠎ᠢ ᠤᠯᠠᠮᠵᠢᠯᠠᠨ ᠬᠥᠭᠵᠢᠭᠦᠯᠬᠦ᠎ᠪᠠᠷ ᠦᠨᠳᠦᠰᠦᠨ ᠠᠭᠤᠯᠭ᠎ᠠ᠎ᠪᠠᠨ ᠪᠣᠯᠭᠠᠭᠰᠠᠨ ᠡᠯ᠎ᠡ ᠱᠠᠲᠤᠨ᠎ᠤ ᠡᠯ᠎ᠡ ᠲᠥᠷᠦᠯ᠎ᠦᠨ ᠰᠤᠷᠭᠠᠨ ᠬᠥᠮᠦᠵᠢᠯ᠎ᠢ ᠵᠢᠭᠠᠵᠤ ᠪᠤᠢ᠃

  ᠭᠤᠷᠪᠠᠳᠤᠭᠠᠷ ᠵᠦᠢᠯ   ᠥᠪᠡᠷᠲᠡᠭᠡᠨ ᠵᠠᠰᠠᠬᠤ ᠣᠷᠤᠨ᠎ᠤ ᠵᠠᠰᠠᠭ ᠵᠠᠬᠢᠷᠭᠠᠨ᠎ᠤ ᠣᠷᠤᠨ ᠳᠣᠲᠤᠷᠠᠬᠢ ᠡᠯ᠎ᠡ ᠱᠠᠲᠤᠨ᠎ᠤ ᠡᠯ᠎ᠡ ᠲᠥᠷᠦᠯ᠎ᠦᠨ ᠦᠨᠳᠦᠰᠦᠲᠡᠨ᠎ᠤ ᠰᠤᠷᠭᠠᠭᠤᠯᠢ᠂ ᠦᠨᠳᠦᠰᠦᠲᠡᠨ᠎ᠤ ᠰᠤᠷᠭᠠᠨ ᠬᠥᠮᠦᠵᠢᠯ᠎ᠦᠨ ᠪᠠᠢᠭᠤᠯᠤᠮᠵᠢ ᠪᠠ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠦᠨ ᠵᠢᠭᠠᠨ ᠰᠤᠷᠭᠠᠯᠲᠠ᠎ᠶᠢᠨ ᠠᠩᠭᠢ᠎ᠶᠢ ᠡᠷᠬᠢᠯᠡᠭᠰᠡᠨ ᠡᠯ᠎ᠡ ᠱᠠᠲᠤᠨ᠎ᠤ ᠡᠯ᠎ᠡ ᠲᠥᠷᠦᠯ᠎ᠦᠨ ᠡᠩ᠎ᠦᠨ ᠰᠤᠷᠭᠠᠭᠤᠯᠢ᠎ᠨᠢ ᠦᠨᠳᠦᠰᠦᠲᠡᠨ᠎ᠤ ᠰᠤᠷᠭᠠᠨ ᠬᠥᠮᠦᠵᠢᠯ᠎ᠦᠨ ᠠᠵᠢᠯᠯᠠᠭ᠎ᠠ᠎ᠶᠢ ᠥᠷᠨᠢᠭᠦᠯᠬᠦ᠎ᠳᠤ ᠲᠤᠰ ᠳᠦᠷᠢᠮ᠎ᠢ ᠬᠡᠷᠡᠭᠵᠢᠭᠦᠯᠦᠨ᠎ᠡ᠃

  ᠡᠯ᠎ᠡ ᠱᠠᠲᠤᠨ᠎ᠤ ᠡᠯ᠎ᠡ ᠲᠥᠷᠦᠯ᠎ᠦᠨ ᠦᠨᠳᠦᠰᠦᠲᠡᠨ᠎ᠤ ᠰᠤᠷᠭᠠᠭᠤᠯᠢ ᠭᠡᠳᠡᠭ᠎ᠨᠢ ᠴᠦ᠋ᠬᠡᠨ ᠲᠣᠭᠠᠲᠤ ᠦᠨᠳᠦᠰᠦᠲᠡᠨ᠎ᠤ ᠡᠷᠬᠡᠲᠤ ᠠᠷᠠᠳ᠎ᠢᠶᠠᠷ ᠭᠣᠤᠯ ᠰᠤᠷᠭᠠᠨ ᠬᠦᠮᠦᠵᠢᠬᠦᠯᠦᠭᠳᠡᠭᠴᠢ ᠪᠣᠯᠭᠠᠭᠰᠠᠨ ᠦᠨᠳᠦᠰᠦᠲᠡᠨ᠎ᠤ ᠬᠡᠤᠬᠡᠳ᠎ᠦᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ᠂ ᠲᠤᠮᠳᠠᠳᠤ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠂ ᠳᠡᠭᠡᠲᠤ ᠵᠡᠷᠭᠡ᠎ᠶᠢᠨ ᠰᠤᠷᠭᠠᠭᠤᠯᠢ ᠵᠡᠷᠭᠡ ᠰᠤᠷᠭᠠᠭᠤᠯᠢ᠎ᠨᠤᠭᠤᠳ᠎ᠢ ᠵᠢᠭᠠᠵᠤ ᠪᠤᠢ᠃

  ᠦᠨᠳᠦᠰᠦᠲᠡᠨ᠎ᠤ ᠰᠤᠷᠭᠠᠨ ᠬᠥᠮᠦᠵᠢᠯ᠎ᠦᠨ ᠪᠠᠢᠭᠤᠯᠤᠮᠵᠢ ᠭᠡᠳᠡᠭ᠎ᠨᠢ ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠠᠴᠠ ᠵᠥᠪᠱᠢᠶᠡᠷᠡᠨ ᠪᠠᠢᠭᠤᠯᠤᠭᠰᠠᠨ ᠦᠨᠳᠦᠰᠦᠲᠡᠨ᠎ᠤ ᠰᠤᠷᠭᠠᠨ ᠬᠥᠮᠦᠵᠢᠯ᠎ᠦᠨ ᠱᠢᠨᠵᠢᠯᠡᠬᠦ ᠤᠬᠠᠭᠠᠨ᠎ᠤ ᠰᠤᠳᠤᠯᠭᠠᠨ᠂ ᠵᠢᠭᠠᠨ ᠰᠤᠷᠭᠠᠯᠲᠠ᠎ᠶᠢᠨ ᠰᠤᠳᠤᠯᠭᠠᠨ ᠵᠡᠷᠭᠡ ᠪᠠᠢᠭᠤᠯᠤᠮᠵᠢ᠎ᠶᠢ ᠵᠢᠭᠠᠵᠤ ᠪᠤᠢ᠃

  ᠳᠥᠷᠪᠡᠳᠦᠭᠡᠷ ᠵᠦᠢᠯ   ᠥᠪᠡᠷᠲᠡᠭᠡᠨ ᠵᠠᠰᠠᠬᠤ ᠣᠷᠤᠨ᠎ᠠᠴᠠ ᠤᠯᠤᠰ᠎ᠤᠨ ᠰᠤᠷᠭᠠᠨ ᠬᠥᠮᠦᠵᠢᠯ᠎ᠦᠨ ᠴᠢᠭᠯᠡᠯᠲᠡ᠎ᠶᠢ ᠦᠨᠳᠦᠰᠦᠲᠡᠨ᠎ᠤ ᠲᠥᠷᠦ᠎ᠶᠢᠨ ᠪᠣᠳᠤᠯᠭ᠎ᠠ᠎ᠲᠠᠢ ᠤᠶᠠᠯᠳᠤᠭᠤᠯᠬᠤ᠎ᠶᠢ ᠪᠠᠷᠢᠮᠳᠠᠯᠠᠵᠤ᠂ ᠦᠨᠳᠦᠰᠦᠲᠡᠨ᠎ᠤ ᠰᠤᠷᠭᠠᠨ ᠬᠥᠮᠦᠵᠢᠯ᠎ᠢ ᠤᠷᠢᠳ᠎ᠢᠶᠠᠷ ᠬᠥᠭᠵᠢᠭᠦᠯᠬᠦ ᠪᠠ ᠭᠣᠤᠯᠴᠢᠯᠠᠨ ᠳᠡᠳᠬᠦᠵᠤ᠂ ᠶᠣᠰᠤ ᠰᠤᠷᠲᠠᠬᠤᠨ᠎ᠤ ᠬᠥᠮᠦᠵᠢᠯ᠎ᠢᠶᠡᠷ ᠦᠨᠳᠦᠰᠦ ᠪᠣᠯᠭᠠᠵᠤ᠂ ᠨᠡᠢᠭᠡᠮ ᠵᠢᠷᠤᠮᠲᠤ ᠭᠣᠤᠯᠯᠠᠭᠴᠢ ᠦᠷᠳᠡᠭ᠎ᠦᠨ ᠦᠵᠡᠯᠲᠡ᠎ᠶᠢᠨ ᠰᠤᠷᠭᠠᠨ ᠬᠥᠮᠦᠵᠢᠯ᠎ᠢ ᠴᠢᠩᠭᠠᠳᠭᠠᠨ᠂ ᠡᠬᠡ ᠣᠷᠤᠨᠴᠢ ᠦᠵᠡᠯ᠎ᠢᠶᠡᠷ ᠭᠣᠤᠯ ᠪᠣᠯᠭᠠᠭᠰᠠᠨ ᠦᠨᠳᠦᠰᠦᠲᠡᠨ᠎ᠤ ᠵᠣᠷᠢᠭ ᠰᠠᠨᠠᠭ᠎ᠠ᠎ᠶᠢ ᠪᠠᠳᠠᠷᠠᠭᠤᠯᠵᠤ᠂ ᠳᠤᠮᠳᠠᠳᠤ᠎ᠶᠢᠨ ᠦᠨᠳᠦᠰᠦᠲᠡᠨ᠎ᠤ ᠨᠢᠭᠡᠲᠦᠮᠡᠯ ᠴᠣᠭᠴᠠᠲᠤ ᠦᠵᠡᠯ ᠰᠠᠨᠠᠭᠠᠨ᠎ᠤ ᠰᠤᠷᠭᠠᠨ ᠬᠥᠮᠦᠵᠢᠯ᠎ᠢ ᠥᠷᠨᠢᠭᠦᠯᠦᠨ᠎ᠡ᠃

  ᠲᠠᠪᠤᠳᠤᠭᠠᠷ ᠵᠦᠢᠯ   ᠦᠨᠳᠦᠰᠦᠲᠡᠨ᠎ᠤ ᠰᠤᠷᠭᠠᠨ ᠬᠥᠮᠦᠵᠢᠯ᠎ᠨᠢ ᠰᠤᠷᠭᠠᠨ ᠬᠥᠮᠦᠵᠢᠯ ᠬᠢᠭᠡᠳ ᠱᠠᠱᠢᠨ ᠰᠤᠷᠲᠠᠬᠤᠨ᠎ᠢ ᠰᠠᠯᠭᠠᠬᠤ ᠵᠠᠷᠴᠢᠮ᠎ᠢ ᠪᠠᠷᠢᠮᠳᠠᠯᠠᠬᠤ ᠬᠡᠷᠡᠭᠲᠡᠢ᠂ ᠶᠠᠮᠠᠷᠪᠠ ᠵᠣᠬᠢᠶᠠᠨ ᠪᠠᠢᠭᠤᠯᠤᠯᠲᠠ ᠪᠠ ᠬᠤᠪᠢ ᠬᠥᠮᠦᠨ ᠱᠠᠱᠢᠨ ᠰᠤᠷᠲᠠᠬᠤᠨ᠎ᠢ ᠠᠱᠢᠭᠯᠠᠨ ᠦᠨᠳᠦᠰᠦᠲᠡᠨ᠎ᠤ ᠰᠤᠷᠭᠠᠭᠤᠯᠢ᠎ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠠᠵᠢᠯ᠎ᠢ ᠬᠠᠷᠱᠢᠯᠠᠵᠤ ᠪᠣᠯᠬᠤ᠎ᠦᠭᠡᠢ᠃

  ᠵᠢᠷᠭᠤᠳᠤᠭᠠᠷ ᠵᠦᠢᠯ   ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠨᠢ ᠦᠨᠳᠦᠰᠦᠲᠡᠨ᠎ᠤ ᠰᠤᠷᠭᠠᠨ ᠬᠥᠮᠦᠵᠢᠯ᠎ᠤᠨ ᠦᠢᠯᠡᠰ᠎ᠢ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠶᠡᠷᠦᠩᠬᠡᠢ ᠲᠥᠯᠦᠪᠵᠢᠭᠦᠯᠭᠡ᠎ᠳᠤ᠎ᠪᠠᠨ ᠣᠷᠤᠭᠤᠯᠵᠤ᠂ ᠦᠨᠳᠦᠰᠦᠲᠡᠨ᠎ᠤ ᠰᠤᠷᠭᠠᠨ ᠬᠥᠮᠦᠵᠢᠯ᠎ᠦᠨ ᠱᠢᠨ᠎ᠡ᠎ᠶᠢ ᠡᠭᠦᠳᠴᠦ ᠬᠦᠭᠵᠢᠬᠦ᠎ᠶᠢ ᠢᠳᠡᠪᠬᠢᠲᠡᠢ ᠲᠦᠯᠬᠢᠨ ᠠᠬᠢᠭᠤᠯᠬᠤ ᠬᠡᠷᠡᠭᠲᠡᠢ᠃

  ᠳᠣᠯᠤᠳᠤᠭᠠᠷ ᠵᠦᠢᠯ   ᠥᠪᠡᠷᠲᠡᠭᠡᠨ ᠵᠠᠰᠠᠬᠤ ᠣᠷᠤᠨ ᠦᠨᠳᠦᠰᠦᠲᠡᠨ᠎ᠤ ᠰᠤᠷᠭᠠᠨ ᠬᠥᠮᠦᠵᠢᠯ᠎ᠳᠡᠬᠢ ᠡᠳ᠋᠎ᠦᠨ ᠵᠠᠰᠠᠭ᠎ᠢ ᠤᠷᠢᠳ᠎ᠢᠶᠠᠷ ᠪᠠᠲᠤᠯᠠᠬᠤ ᠳᠦᠷᠢᠮ᠎ᠢ ᠬᠡᠷᠡᠭᠵᠢᠭᠦᠯᠵᠦ᠂ ᠡᠯ᠎ᠡ ᠱᠠᠲᠤᠨ᠎ᠤ ᠡᠯ᠎ᠡ ᠲᠥᠷᠦᠯ᠎ᠦᠨ ᠦᠨᠳᠦᠰᠦᠲᠡᠨ᠎ᠤ ᠰᠤᠷᠭᠠᠭᠤᠯᠢ ᠪᠠ ᠦᠨᠳᠦᠰᠦᠲᠡᠨ᠎ᠤ ᠰᠤᠷᠭᠠᠨ ᠬᠥᠮᠦᠵᠢᠯ᠎ᠦᠨ ᠪᠠᠢᠭᠤᠯᠤᠮᠵᠢ᠎ᠶᠢᠨ ᠬᠥᠭᠵᠢᠯᠲᠡ᠎ᠶᠢᠨ ᠱᠠᠭᠠᠷᠳᠠᠯᠭ᠎ᠠ ᠵᠢᠴᠢ ᠰᠤᠷᠭᠠᠭᠤᠯᠢ ᠡᠷᠬᠢᠯᠡᠬᠦ ᠪᠡᠯᠡ ᠮᠥᠩᠭᠦ᠎ᠶᠢ ᠲᠤᠭᠳᠠᠭᠤᠨ᠎ᠢᠶᠠᠷ ᠨᠡᠮᠡᠭᠳᠡᠭᠦᠯᠬᠦ᠎ᠶᠢ ᠦᠨᠡᠨ᠎ᠬᠦ ᠪᠠᠲᠤᠯᠠᠨ᠎ᠠ᠃

  ᠨᠠᠢ᠍ᠮᠠᠳᠤᠭᠠᠷ ᠵᠦᠢᠯ   ᠥᠪᠡᠷᠲᠡᠭᠡᠨ ᠵᠠᠰᠠᠬᠤ ᠣᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ ᠪᠦᠬᠦ ᠣᠷᠤᠨ᠎ᠤ ᠦᠨᠳᠦᠰᠦᠲᠡᠨ᠎ᠤ ᠰᠤᠷᠭᠠᠨ ᠬᠥᠮᠦᠵᠢᠯ᠎ᠦᠨ ᠠᠵᠢᠯ᠎ᠤᠨ ᠨᠢᠭᠡᠲᠦᠯᠳᠡᠢ ᠲᠥᠯᠦᠪᠵᠢᠭᠦᠯᠭᠡ᠂ ᠶᠡᠷᠦᠩᠬᠡᠢ ᠵᠣᠬᠢᠴᠠᠭᠤᠯᠤᠯᠲᠠ ᠪᠠ ᠪᠦᠬᠦ ᠲᠠᠯ᠎ᠠ᠎ᠶᠢᠨ ᠬᠠᠮᠢᠶᠠᠷᠤᠯᠲᠠ᠎ᠶᠢ ᠬᠠᠷᠢᠭᠤᠴᠠᠨ᠎ᠠ᠃

  ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠤ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠨᠢ ᠲᠤᠬᠠᠢ᠎ᠶᠢᠨ ᠭᠠᠵᠠᠷ ᠣᠷᠤᠨ᠎ᠤ ᠪᠤᠲᠠᠲᠠᠢ ᠪᠠᠢᠳᠠᠯ᠎ᠢᠶᠠᠨ ᠦᠨᠳᠦᠰᠦᠯᠡᠨ᠂ ᠦᠨᠳᠦᠰᠦᠲᠡᠨ᠎ᠤ ᠰᠤᠷᠭᠠᠨ ᠬᠥᠮᠦᠵᠢᠯ᠎ᠦᠨ ᠠᠵᠢᠯ᠎ᠤᠨ ᠪᠠᠢᠭᠤᠯᠤᠮᠵᠢ᠎ᠶᠢ ᠪᠠᠢᠭᠤᠯᠬᠤ ᠪᠤᠶᠤ ᠲᠤᠰᠭᠠᠢ ᠲᠤᠱᠢᠶᠠᠯᠲᠤ ᠠᠵᠢᠯᠲᠠᠨ᠎ᠢ ᠲᠣᠬᠢᠷᠠᠭᠤᠯᠵᠤ᠂ ᠦᠨᠳᠦᠰᠦᠲᠡᠨ᠎ᠤ ᠰᠤᠷᠭᠠᠨ ᠬᠥᠮᠦᠵᠢᠯ᠎ᠦᠨ ᠠᠵᠢᠯ᠎ᠢ ᠬᠠᠷᠢᠭᠤᠴᠠᠭᠤᠯᠬᠤ ᠬᠡᠷᠡᠭᠲᠡᠢ᠃

  ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠤ ᠪᠤᠰᠤᠳ ᠬᠠᠮᠢᠶ᠎ᠠ ᠪᠦᠬᠦᠢ ᠰᠠᠯᠠᠭ᠎ᠠ ᠮᠥᠴᠢᠷ᠎ᠨᠢ ᠲᠤᠰ ᠲᠤᠰ᠎ᠤᠨ ᠲᠤᠱᠢᠶᠠᠯ ᠬᠠᠷᠢᠭᠤᠴᠠᠯᠭ᠎ᠠ᠎ᠶᠢᠨ ᠬᠡᠪᠴᠢᠶᠡᠨ ᠳᠣᠲᠤᠷ᠎ᠠ᠎ᠪᠠᠨ ᠬᠠᠮᠢᠶ᠎ᠠ ᠪᠦᠬᠦᠢ ᠦᠨᠳᠦᠰᠦᠲᠡᠨ᠎ᠤ ᠰᠤᠷᠭᠠᠨ ᠬᠥᠮᠦᠵᠢᠯ᠎ᠦᠨ ᠠᠵᠢᠯ᠎ᠢ ᠲᠤᠰ ᠲᠤᠰ ᠬᠠᠷᠢᠭᠤᠴᠠᠬᠤ ᠬᠡᠷᠡᠭᠲᠡᠢ᠃

  ᠶᠢᠰᠦᠳᠦᠭᠡᠷ ᠵᠦᠢᠯ   ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠠᠴᠠ ᠦᠨᠳᠦᠰᠦᠲᠡᠨ᠎ᠤ ᠰᠤᠷᠭᠠᠨ ᠬᠥᠮᠦᠵᠢᠯ᠎ᠦᠨ ᠦᠢᠯᠡᠰ᠎ᠦᠨ ᠬᠥᠭᠵᠢᠯᠲᠡ ᠳᠤᠮᠳᠠ ᠲᠣᠪᠤᠢᠮ᠎ᠠ ᠠᠮᠵᠢᠯᠲᠠ ᠭᠠᠷᠭᠠᠭᠰᠠᠨ ᠨᠢᠭᠡᠴᠢ ᠪᠠ ᠬᠤᠪᠢ ᠬᠥᠮᠦᠨ᠎ᠢ ᠰᠠᠢᠱᠢᠶᠠᠨ ᠬᠥᠬᠢᠭᠦᠯᠦᠨ᠎ᠡ᠃

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604