(2016 ᠣᠨ᠎ᠤ 9 ᠰᠠᠷ᠎ᠠ᠎ᠶᠢᠨ 29᠎ᠤ ᠡᠳᠦᠷ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠠᠷᠪᠠᠨ ᠬᠣᠶᠠᠳᠤᠭᠠᠷ ᠬᠤᠭᠤᠴᠠᠭᠠᠨ᠎ᠤ
ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠬᠣᠷᠢᠨ ᠵᠢᠷᠭᠤᠳᠤᠭᠠᠷ ᠬᠤᠷᠠᠯᠳᠤᠭᠠᠨ᠎ᠢᠶᠠᠷ ᠪᠠᠲᠤᠯᠠᠪᠠ)
ᠲᠠᠪᠤᠳᠤᠭᠠᠷ ᠪᠦᠯᠦᠭ ᠱᠢᠨᠵᠢᠯᠡᠬᠦ ᠤᠬᠠᠭᠠᠨ᠎ᠤ ᠰᠤᠳᠤᠯᠭᠠᠨ ᠪᠣᠯᠤᠨ ᠬᠠᠮᠵᠢᠯᠴᠠᠭ᠎ᠠ ᠰᠣᠯᠢᠯᠴᠠᠭ᠎ᠠ
ᠭᠤᠴᠢᠨ ᠬᠣᠶᠠᠳᠤᠭᠠᠷ ᠵᠦᠢᠯ ᠡᠯ᠎ᠡ ᠱᠠᠲᠤᠨ᠎ᠤ ᠰᠤᠷᠭᠠᠨ ᠬᠥᠮᠦᠵᠢᠯ᠎ᠦᠨ ᠱᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠨᠢ ᠵᠣᠬᠢᠬᠤ ᠬᠠᠷᠢᠴᠠᠯᠲᠠᠢᠪᠡᠷ ᠦᠨᠳᠦᠰᠦᠲᠡᠨ᠎ᠤ ᠰᠤᠷᠭᠠᠨ ᠬᠥᠮᠦᠵᠢᠯ᠎ᠦᠨ ᠰᠤᠳᠤᠯᠤᠭᠴᠢᠳᠢ ᠲᠣᠬᠢᠷᠠᠭᠤᠯᠬᠤ ᠬᠡᠷᠡᠭᠲᠡᠢ᠃ ᠡᠯ᠎ᠡ ᠱᠠᠲᠤᠨ᠎ᠤ ᠵᠢᠭᠠᠨ ᠰᠤᠷᠭᠠᠯᠲᠠ᠎ᠶᠢᠨ ᠰᠤᠳᠤᠯᠭᠠᠨ᠎ᠤ ᠪᠠᠢᠭᠤᠯᠤᠮᠵᠢ᠎ᠨᠢ ᠮᠣᠩᠭᠤᠯ ᠬᠡᠯᠡ᠎ᠪᠡᠷ ᠬᠢᠴᠢᠶᠡᠯᠯᠡᠬᠦ ᠭᠣᠤᠯ ᠪᠣᠯᠬᠤ ᠱᠢᠨᠵᠢᠯᠡᠭᠡᠨ᠎ᠤ ᠲᠥᠷᠦᠯ᠎ᠦᠨ ᠰᠤᠳᠤᠯᠤᠭᠴᠢᠳᠢ ᠬᠦᠢᠴᠡᠳ ᠲᠣᠬᠢᠷᠠᠭᠤᠯᠬᠤ ᠬᠡᠷᠡᠭᠲᠡᠢ᠃
ᠭᠤᠴᠢᠨ ᠭᠤᠷᠪᠠᠳᠤᠭᠠᠷ ᠵᠦᠢᠯ ᠦᠪᠡᠷᠲᠡᠭᠨ ᠵᠠᠰᠠᠬᠤ ᠣᠷᠤᠨ᠎ᠨᠢ ᠮᠣᠩᠭᠤᠯ ᠬᠡᠯᠡᠨ᠎ᠤ ᠬᠠᠮᠵᠢᠯᠴᠠᠭᠠᠨ᠎ᠤ ᠮᠤᠵᠢ᠂ ᠣᠷᠤᠨᠯᠤᠭᠠᠶᠢᠨ ᠮᠣᠩᠭᠤᠯ᠎ᠢᠶᠠᠷ ᠬᠢᠴᠢᠶᠡᠯᠯᠡᠬᠦ ᠰᠤᠷᠭᠠᠨ ᠬᠥᠮᠦᠵᠢᠯ᠎ᠦᠨ ᠬᠦᠷᠢᠶ᠎ᠡ ᠬᠡᠪᠴᠢᠶᠡᠨ᠎ᠳᠡᠬᠢ ᠬᠠᠮᠵᠢᠯᠴᠠᠭ᠎ᠠ᠎ᠪᠠᠨ ᠴᠢᠩᠭᠠᠳᠭᠠᠵᠤ᠂ ᠠᠳᠠᠯᠢ ᠪᠤᠰᠤ ᠵᠠᠰᠠᠭ ᠵᠠᠬᠢᠷᠭᠠᠨ᠎ᠤ ᠣᠷᠤᠨ᠎ᠤ ᠮᠣᠩᠭᠤᠯ ᠬᠡᠯᠡ᠎ᠪᠡᠷ ᠬᠢᠴᠢᠶᠡᠯᠯᠡᠬᠦ ᠰᠤᠷᠭᠠᠨ ᠬᠥᠮᠦᠵᠢᠯ᠎ᠦᠨ ᠰᠤᠷᠤᠯᠴᠠᠬᠤ ᠴᠠᠭ ᠬᠤᠭᠤᠴᠠᠭ᠎ᠠ᠂ ᠬᠢᠴᠢᠶᠡᠯ᠎ᠦᠨ ᠲᠥᠯᠦᠪᠯᠡᠭᠡ᠂ ᠵᠢᠭᠠᠬᠤ ᠮᠠᠲᠧᠷᠢᠶᠠᠯ᠎ᠤᠨ ᠪᠠᠢᠭᠤᠯᠤᠯᠲᠠ᠂ ᠰᠤᠷᠭᠠᠨ ᠬᠥᠮᠦᠵᠢᠯ ᠱᠢᠨᠵᠢᠯᠡᠬᠦ ᠤᠬᠠᠭᠠᠨ᠎ᠤ ᠰᠤᠳᠤᠯᠭᠠᠨ᠂ ᠰᠤᠷᠤᠭᠴᠢ ᠬᠥᠮᠦᠵᠢᠭᠦᠯᠬᠦ ᠬᠠᠮᠵᠢᠯᠴᠠᠭ᠎ᠠ᠂ ᠪᠠᠭᠱᠢ᠎ᠶᠢᠨ ᠪᠣᠯᠪᠠᠰᠤᠷᠠᠯ ᠵᠡᠷᠭᠡ ᠵᠦᠢᠯᠡᠰ᠎ᠢ ᠬᠠᠮᠲᠤ᠎ᠪᠠᠷ ᠵᠥᠪᠳᠡᠯᠴᠡᠨ᠎ᠡ᠃
ᠭᠤᠴᠢᠨ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠤᠨ᠎ᠠᠴᠠ ᠬᠥᠳᠡᠭᠡ ᠲᠣᠰᠭᠤᠨ ᠮᠠᠯᠵᠢᠬᠤ ᠣᠷᠤᠨ ᠵᠢᠴᠢ ᠬᠢᠯᠢ ᠬᠢᠵᠠᠭᠠᠷ᠎ᠤᠨ ᠬᠣᠱᠢᠭᠤ ᠪᠠ ᠬᠤᠳᠠ᠎ᠶᠢᠨ ᠦᠨᠳᠦᠰᠦᠲᠡᠨ᠎ᠤ ᠰᠤᠷᠭᠠᠭᠤᠯᠢ᠎ᠳᠤ ᠠᠵᠢᠯ ᠲᠥᠷᠦᠯ᠎ᠢᠶᠡᠷ ᠳᠡᠮᠵᠢᠯᠭᠡ ᠦᠵᠡᠭᠦᠯᠬᠦ᠎ᠶᠢ ᠵᠣᠷᠢᠭᠵᠢᠭᠤᠯᠤᠨ᠎ᠠ᠃
ᠭᠤᠴᠢᠨ ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠤᠨ᠎ᠨᠢ ᠤᠯᠤᠰ᠎ᠤᠨ ᠲᠣᠭᠲᠠᠭᠠᠯ ᠶᠣᠰᠤᠭᠠᠷ ᠤᠯᠠᠨ ᠤᠯᠤᠰ᠎ᠤᠨ ᠰᠤᠷᠭᠠᠨ ᠬᠥᠮᠦᠵᠢᠯ᠎ᠦᠨ ᠰᠣᠯᠢᠯᠴᠠᠭ᠎ᠠ ᠪᠣᠯᠤᠨ ᠬᠠᠮᠲᠤᠷᠠᠯᠴᠠᠭ᠎ᠠ᠎ᠶᠢ ᠢᠳᠡᠪᠬᠢᠲᠡᠢ ᠬᠥᠭᠵᠢᠭᠦᠯᠦᠨ᠎ᠡ᠃ ᠦᠨᠳᠦᠰᠦᠲᠡᠨ᠎ᠤ ᠰᠤᠷᠭᠠᠭᠤᠯᠢ᠎ᠶᠢᠨ ᠭᠠᠵᠠᠷ ᠣᠷᠤᠨ᠎ᠤ ᠳᠠᠪᠠᠭᠤᠯᠢᠭ ᠪᠠ ᠦᠭᠡ ᠬᠡᠯᠡ ᠦᠰᠦᠭ ᠪᠢᠴᠢᠭ᠎ᠦᠨ ᠨᠥᠬᠦᠴᠡᠯ᠎ᠢᠶᠡᠨ ᠠᠱᠢᠭᠯᠠᠵᠤ ᠬᠠᠮᠢᠶ᠎ᠠ ᠪᠦᠬᠦᠢ ᠠᠵᠢᠯᠯᠠᠭ᠎ᠠ ᠥᠷᠨᠢᠭᠦᠯᠬᠦ᠎ᠶᠢ ᠵᠣᠷᠢᠭᠵᠢᠭᠤᠯᠤᠨ ᠳᠡᠮᠵᠢᠨ᠎ᠡ᠃