ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠦᠨᠳᠦᠰᠦᠲᠡᠨ᠎ᠤ ᠰᠤᠷᠭᠠᠨ ᠬᠥᠮᠦᠵᠢᠯ᠎ᠦᠨ ᠳᠦᠷᠢᠮ (ᠳᠣᠯᠤᠳᠤᠭᠠᠷ ᠪᠦᠯᠦᠭ᠂ ᠨᠠᠢ᠍ᠮᠠᠳᠤᠭᠠᠷ ᠪᠦᠯᠦᠭ)
2019.11.04

   (2016 ᠣᠨ᠎ᠤ 9 ᠰᠠᠷ᠎ᠠ᠎ᠶᠢᠨ 29 ᠎ᠤ ᠡᠳᠦᠷ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠠᠷᠪᠠᠨ ᠬᠣᠶᠠᠳᠤᠭᠠᠷ ᠬᠤᠭᠤᠴᠠᠭᠠᠨ᠎ᠤ

  ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠬᠣᠷᠢᠨ ᠵᠢᠷᠭᠤᠳᠤᠭᠠᠷ ᠬᠤᠷᠠᠯᠳᠤᠭᠠᠨ᠎ᠢᠶᠠᠷ ᠪᠠᠲᠤᠯᠠᠪᠠ)

 

    ᠳᠣᠯᠤᠳᠤᠭᠠᠷ ᠪᠦᠯᠦᠭ  ᠬᠠᠤᠯᠢ ᠴᠠᠭᠠᠵᠠ᠎ᠶᠢᠨ ᠬᠠᠷᠢᠭᠤᠴᠠᠯᠭ᠎ᠠ

 

  ᠳᠥᠴᠢᠨ ᠨᠠᠢ᠍ᠮᠠᠳᠤᠭᠠᠷ ᠵᠦᠢᠯ   ᠲᠤᠰ ᠳᠦᠷᠢᠮ᠎ᠦᠨ ᠲᠣᠭᠲᠠᠭᠠᠯ᠎ᠢ ᠵᠥᠷᠢᠴᠡᠭᠰᠡᠨ ᠦᠢᠯᠡ ᠠᠵᠢᠯᠯᠠᠭ᠎ᠠ᠎ᠶᠢᠨ ᠲᠤᠬᠠᠢ 《ᠪᠦᠭᠦᠲᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠰᠤᠷᠭᠠᠨ ᠬᠥᠮᠦᠵᠢᠯ᠎ᠦᠨ ᠬᠠᠤᠯᠢ》 ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ᠎ᠳᠤ ᠨᠢᠭᠡᠨᠲᠡ ᠱᠢᠢᠳᠭᠡᠨ ᠲᠤᠷᠭᠠᠬᠤ ᠲᠣᠭᠲᠠᠭᠠᠯ᠎ᠲᠠᠢ ᠪᠤᠯ ᠲᠡᠷᠡ ᠲᠣᠭᠲᠠᠭᠠᠯ ᠶᠣᠰᠤᠭᠠᠷ ᠬᠡᠷᠡᠭᠵᠢᠭᠦᠯᠦᠨ᠎ᠡ᠃

  ᠳᠥᠴᠢ ᠶᠢᠰᠦᠳᠦᠭᠡᠷ ᠵᠦᠢᠯ   ᠲᠤᠰ ᠳᠦᠷᠢᠮ᠎ᠦᠨ ᠲᠣᠭᠲᠠᠭᠠᠯ᠎ᠠᠴᠠ ᠵᠦᠷᠢᠴᠠᠵᠦ᠂ ᠳᠣᠤᠷᠠᠬᠢ ᠦᠢᠯᠡ ᠠᠵᠢᠯᠯᠠᠭ᠎ᠠ᠎ᠶᠢᠨ ᠨᠢᠭᠡ᠎ᠨᠢ ᠪᠠᠢᠪᠠᠯ᠂ ᠱᠢᠭᠤᠳ ᠬᠠᠷᠢᠭᠤᠴᠠᠵᠤ ᠪᠠᠢᠭ᠎ᠠ ᠭᠣᠤᠯ ᠬᠠᠷᠢᠭᠤᠴᠠᠯᠭᠠᠲᠠᠨ ᠪᠠ ᠪᠤᠰᠤᠳ ᠱᠢᠭᠤᠳ ᠬᠠᠷᠢᠭᠤᠴᠠᠯᠭᠠᠲᠠᠨ᠎ᠳᠤ ᠬᠠᠤᠯᠢ ᠶᠣᠰᠤᠭᠠᠷ ᠱᠢᠢᠳᠭᠡᠯ ᠣᠯᠭᠤᠨ᠎ᠠ; ᠶᠠᠯ᠎ᠠ᠎ᠳᠤ ᠬᠦᠷᠦᠭᠰᠡᠨ  ᠪᠤᠯ᠂ ᠬᠠᠤᠯᠢ ᠶᠣᠰᠤᠭᠠᠷ ᠡᠷᠡᠬᠦᠤ᠎ᠶᠢᠨ ᠬᠡᠷᠡᠭ᠎ᠦᠨ ᠬᠠᠷᠢᠭᠤᠴᠠᠯᠭ᠎ᠠ ᠨᠡᠬᠡᠮᠵᠢᠯᠡᠨ᠎ᠡ᠄

   (ᠨᠢᠭᠡ) ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠤ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠦᠨ ᠬᠢᠨᠠᠨ ᠵᠥᠪᠱᠢᠶᠡᠷᠡᠯ᠎ᠦᠭᠡᠢ᠎ᠪᠡᠷ ᠲᠤᠷ᠎ᠠ᠎ᠪᠡᠷ᠎ᠢᠶᠡᠨ ᠡᠯ᠎ᠡ ᠱᠠᠲᠤᠨ᠎ᠤ ᠡᠯ᠎ᠡ ᠲᠥᠷᠦᠯ᠎ᠦᠨ ᠦᠨᠳᠦᠰᠦᠲᠡᠨ᠎ᠤ ᠰᠤᠷᠭᠠᠭᠤᠯᠢ᠎ᠶᠢ ᠪᠠᠢᠭᠤᠯᠤᠭᠰᠠᠨ᠂ ᠬᠤᠪᠢᠷᠭᠠᠭᠰᠠᠨ ᠪᠤᠶᠤ ᠰᠤᠷᠭᠠᠭᠤᠯᠢ ᠡᠷᠬᠢᠯᠡᠬᠦ᠎ᠪᠠᠨ ᠪᠣᠯᠢᠭᠰᠠᠨ;

   (ᠬᠤᠶᠠᠷ) ᠦᠨᠳᠦᠰᠦᠲᠡᠨ᠎ᠤ ᠰᠤᠷᠭᠠᠨ ᠬᠥᠮᠦᠵᠢᠯ᠎ᠦᠨ ᠵᠠᠷᠤᠳᠠᠯ᠎ᠢ ᠱᠢᠬᠠᠨ ᠡᠵᠡᠯᠡᠭᠰᠡᠨ᠂ ᠦᠯᠡᠳᠡᠭᠡᠭᠰᠡᠨ᠂ ᠱᠢᠯᠵᠢᠭᠦᠯᠦᠨ ᠬᠡᠷᠡᠭᠯᠡᠭᠰᠡᠨ;

   (ᠭᠤᠷᠪᠠ) ᠦᠨᠳᠦᠰᠦᠲᠡᠨ᠎ᠤ ᠰᠤᠷᠭᠠᠨ ᠬᠦᠮᠦᠵᠯ ᠵᠢᠭᠠᠨ ᠰᠤᠷᠭᠠᠯᠲᠠ᠎ᠶᠢᠨ ᠡᠮᠬᠢ ᠲᠢᠭᠯᠢᠮ᠎ᠢ ᠬᠠᠷᠱᠢᠯᠠᠭᠰᠠᠨ;

   (ᠳᠥᠷᠪᠡ) ᠦᠨᠳᠦᠰᠦᠲᠡᠨ᠎ᠤ ᠰᠤᠷᠭᠠᠨ ᠬᠥᠮᠦᠵᠢᠯ᠎ᠢ ᠬᠣᠬᠢᠷᠠᠭᠤᠯᠤᠭᠰᠠᠨ ᠪᠤᠰᠤᠳ ᠦᠢᠯᠡ ᠠᠵᠢᠯᠯᠠᠭ᠎ᠠ᠃

 

    ᠨᠠᠢ᠍ᠮᠠᠳᠤᠭᠠᠷ ᠪᠦᠯᠦᠭ  ᠳᠠᠭᠠᠯᠳᠤᠭᠤᠯᠤᠭᠰᠠᠨ ᠳᠦᠷᠢᠮ 

 

  ᠲᠠᠪᠢᠳᠤᠭᠠᠷ ᠵᠦᠢᠯ   ᠲᠤᠰ ᠳᠦᠷᠢᠮ᠎ᠢ 2016᠎ᠤᠨ᠎ᠤ 11 ᠰᠠᠷ᠎ᠠ᠎ᠶᠢᠨ 1 ᠎ᠤ ᠡᠳᠦᠷ᠎ᠡᠴᠡ ᠡᠬᠢᠯᠡᠨ ᠬᠡᠷᠡᠭᠵᠢᠭᠦᠯᠦᠨ᠎ᠡ᠃

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604