ᠪᠦᠬᠦᠲᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠬᠠᠤᠯᠢ (ᠨᠢᠭᠡᠳᠦᠭᠡᠷ ᠪᠦᠯᠦᠭ)
2019.11.04

   (1986 ᠣᠨ᠎ᠤ 4 ᠰᠠᠷ᠎ᠠ᠎ᠶᠢᠨ 12 ᠎ᠤ ᠡᠳᠦᠷ ᠵᠢᠷᠭᠤᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯᠳᠤᠭᠠᠨ᠎ᠠᠴᠠ ᠪᠠᠲᠤᠯᠠᠪᠠ

  2006 ᠣᠨ᠎ᠤ 6 ᠰᠠᠷ᠎ᠠ᠎ᠶᠢᠨ 29᠎ᠦ ᠡᠳᠦᠷ ᠠᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠬᠣᠷᠢᠨ ᠬᠣᠶᠠᠳᠤᠭᠠᠷ ᠬᠤᠷᠠᠯᠳᠤᠭᠠᠨ᠎ᠠᠴᠠ ᠵᠠᠰᠠᠵᠤ ᠲᠣᠭᠲᠠᠭᠠᠪᠠ

  2015 ᠣᠨ᠎ᠤ 4 ᠰᠠᠷ᠎ᠠ᠎ᠶᠢᠨ 24 ᠎ᠦ ᠡᠳᠦᠷ᠎ᠦᠨ ᠠᠷᠪᠠᠨ ᠬᠣᠶᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠳᠥᠷᠪᠡᠳᠦᠭᠡᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠬᠠᠤᠯᠢ〉ᠵᠡᠷᠭᠡ ᠲᠠᠪᠤᠨ ᠬᠠᠤᠯᠢ᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠵᠠᠰᠠᠪᠠ)

 

 

    ᠨᠢᠭᠡᠳᠦᠭᠡᠷ ᠪᠦᠯᠦᠭ   ᠶᠡᠷᠦᠩᠬᠡᠢ ᠳᠦᠷᠢᠮ

 

  ᠨᠢᠭᠡᠳᠦᠭᠡᠷ ᠵᠦᠢᠯ   ᠰᠤᠷᠭᠠᠭᠤᠯᠢ᠎ᠳᠤ ᠣᠷᠤᠬᠤ ᠨᠠᠰᠤᠨ᠎ᠤ ᠬᠡᠦᠬᠡᠳ᠂ ᠪᠠᠭᠠᠴᠤᠳ᠎ᠤᠨ ᠠᠯᠪᠠᠨ ᠵᠢᠷᠤᠮ᠎ᠤᠨ ᠰᠤᠷᠭᠠᠨ ᠬᠥᠮᠦᠵᠢᠯ ᠬᠦᠷᠲᠡᠬᠦ ᠡᠷᠬᠡ᠎ᠶᠢ ᠪᠠᠲᠤᠯᠠᠵᠤ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠬᠡᠷᠡᠭᠵᠢᠭᠦᠯᠦᠭᠳᠡᠬᠦ᠎ᠶᠢ ᠪᠠᠲᠤᠯᠠᠵᠤ᠂ ᠪᠦᠬᠦ ᠦᠨᠳᠦᠰᠦᠲᠡᠨ᠎ᠦ ᠬᠡᠪ ᠴᠢᠨᠠᠷ᠎ᠢ ᠳᠡᠭᠡᠭᠱᠢᠯᠡᠭᠦᠯᠬᠦ᠎ᠶᠢᠨ ᠲᠥᠯᠦᠭᠡ᠂ ᠦᠨᠳᠦᠰᠦᠨ ᠬᠠᠤᠯᠢ ᠪᠠ ᠰᠤᠷᠭᠠᠨ ᠬᠥᠮᠦᠵᠢᠯ᠎ᠦᠨ ᠬᠠᠤᠯᠢ᠎ᠶᠢ ᠦᠨᠳᠦᠰᠦᠯᠡᠨ ᠲᠤᠰ ᠬᠠᠤᠯᠢ᠎ᠶᠢ ᠲᠣᠭᠲᠠᠭᠠᠪᠠ᠃

  ᠬᠣᠶᠠᠳᠤᠭᠠᠷ ᠵᠦᠢᠯ   ᠤᠯᠤᠰ᠎ᠠᠴᠠ ᠶᠢᠰᠦᠨ ᠵᠢᠯ᠎ᠦᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠳᠦᠷᠢᠮ᠎ᠢ ᠬᠡᠷᠡᠭᠵᠢᠭᠦᠯᠦᠨ᠎ᠡ᠃

  ᠠᠯᠪᠠᠨ ᠵᠢᠷᠤᠮ᠎ᠤᠨ ᠰᠤᠷᠭᠠᠨ ᠬᠥᠮᠦᠵᠢᠯ ᠪᠣᠯ ᠤᠯᠤᠰ᠎ᠠᠴᠠ ᠨᠢᠭᠡᠳᠦᠯᠲᠡᠢ ᠬᠡᠷᠡᠭᠵᠢᠭᠦᠯᠵᠦ ᠪᠠᠢᠭ᠎ᠠ ᠪᠣᠢ ᠪᠦᠬᠦᠢ ᠰᠤᠷᠭᠠᠭᠤᠯᠢ᠎ᠳᠤ ᠣᠷᠤᠬᠤ ᠨᠠᠰᠤᠨ᠎ᠤ ᠬᠡᠦᠬᠡᠳ᠂ ᠪᠠᠭᠠᠴᠤᠳ᠎ᠤᠨ ᠡᠷᠬᠡᠪᠱᠢ ᠬᠦᠷᠲᠡᠬᠦ ᠬᠡᠷᠡᠭᠲᠡᠢ ᠰᠤᠷᠭᠠᠨ ᠬᠥᠮᠦᠵᠢᠯ ᠮᠥᠨ᠂ ᠤᠯᠤᠰ᠎ᠠᠴᠠ ᠡᠷᠬᠡᠪᠱᠢ ᠪᠠᠲᠤᠯᠠᠬᠤ ᠬᠡᠷᠡᠭᠲᠡᠢ ᠨᠡᠢᠲᠡ᠎ᠶᠢᠨ ᠠᠰᠠᠷᠠᠮᠵᠢ᠎ᠶᠢᠨ ᠴᠢᠨᠠᠷᠲᠠᠢ ᠦᠢᠯᠡᠰ ᠮᠥᠨ᠃

  ᠠᠯᠪᠠᠨ ᠵᠢᠷᠤᠮ᠎ᠤᠨ ᠰᠤᠷᠭᠠᠨ ᠬᠥᠮᠦᠵᠢᠯ᠎ᠢ ᠬᠡᠷᠡᠭᠵᠢᠭᠦᠯᠬᠦ᠎ᠳᠦ ᠰᠤᠷᠤᠯᠭ᠎ᠠ᠎ᠶᠢᠨ ᠵᠠᠷᠤᠳᠠᠯ ᠪᠠ ᠰᠤᠯᠠ ᠵᠠᠷᠤᠳᠠᠯ ᠬᠤᠷᠢᠶᠠᠬᠤ᠎ᠦᠭᠡᠢ᠃

  ᠤᠯᠤᠰ᠎ᠠᠴᠠ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠵᠠᠷᠤᠳᠠᠯ᠎ᠤᠨ ᠪᠠᠲᠤᠯᠠᠭ᠎ᠠ᠎ᠶᠢᠨ ᠲᠣᠭᠲᠠᠴᠠ᠎ᠶᠢ ᠪᠠᠢᠭᠤᠯᠵᠤ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠳᠦᠷᠢᠮ᠎ᠦᠨ ᠬᠡᠷᠡᠭᠵᠢᠭᠦᠯᠦᠭᠳᠡᠬᠦ᠎ᠶᠢ ᠪᠠᠲᠤᠯᠠᠨ᠎ᠠ᠃

  ᠭᠤᠷᠪᠠᠳᠤᠭᠠᠷ ᠵᠦᠢᠯ   ᠠᠯᠪᠠᠨ ᠵᠢᠷᠤᠮ᠎ᠤᠨ ᠰᠤᠷᠭᠠᠨ ᠬᠥᠮᠦᠵᠢᠯ ᠡᠷᠬᠡᠪᠱᠢ ᠤᠯᠤᠰ᠎ᠤᠨ ᠰᠤᠷᠭᠠᠨ ᠬᠥᠮᠦᠵᠢᠯ᠎ᠦᠨ ᠴᠢᠭᠯᠡᠯᠲᠡ᠎ᠶᠢ ᠲᠤᠭᠤᠱᠢᠯᠠᠭᠤᠯᠤᠨ᠂ ᠬᠡᠪ ᠴᠢᠨᠠᠷ᠎ᠤᠨ ᠰᠤᠷᠭᠠᠨ ᠬᠥᠮᠦᠵᠢᠯ᠎ᠢ ᠬᠡᠷᠡᠭᠵᠢᠭᠦᠯᠵᠦ᠂ ᠰᠤᠷᠭᠠᠨ ᠬᠥᠮᠦᠵᠢᠯ᠎ᠦᠨ ᠶᠠᠰᠤ ᠴᠢᠨᠠᠷ᠎ᠢ ᠳᠡᠭᠡᠭᠱᠢᠯᠡᠭᠦᠯᠦᠨ᠂ ᠰᠤᠷᠭᠠᠭᠤᠯᠢ᠎ᠳᠤ ᠣᠷᠤᠬᠤ ᠨᠠᠰᠤᠨ᠎ᠤ ᠬᠡᠦᠬᠡᠳ᠂ ᠪᠠᠭᠠᠴᠤᠳ᠎ᠢ ᠵᠠᠩ ᠮᠣᠷᠠᠯ᠂ ᠣᠶᠤᠨ ᠮᠡᠳᠡᠯᠭᠡ᠂ ᠪᠡᠶ᠎ᠡ ᠮᠠᠬᠠᠪᠤᠳ ᠵᠡᠷᠭᠡ ᠪᠦᠬᠦ ᠲᠠᠯ᠎ᠠ᠎ᠪᠠᠷ ᠬᠥᠭᠵᠢᠭᠦᠯᠵᠦ᠂ ᠬᠦᠰᠡᠯᠡᠩ᠎ᠲᠡᠢ᠂ ᠶᠣᠰᠤ ᠮᠣᠷᠠᠯ᠎ᠲᠠᠢ᠂ ᠰᠣᠶᠤᠯ ᠪᠣᠯᠪᠠᠰᠤᠷᠠᠯ᠎ᠲᠠᠢ᠂ ᠰᠠᠬᠢᠯᠭ᠎ᠠ ᠪᠠᠲᠤ᠎ᠲᠠᠢ ᠨᠡᠢᠭᠡᠮ ᠵᠢᠷᠤᠮ᠎ᠤᠨ ᠪᠦᠲᠦᠭᠡᠨ ᠪᠠᠢᠭᠤᠯᠤᠭᠴᠢᠳ ᠪᠠ ᠵᠠᠯᠭᠠᠮᠵᠢᠯᠠᠭᠴᠢᠳ᠎ᠢ ᠬᠥᠮᠦᠵᠢᠭᠦᠯᠬᠦ᠎ᠳᠦ ᠰᠠᠭᠤᠷᠢ ᠲᠠᠯᠪᠢᠵᠤ ᠥᠭᠬᠦ ᠬᠡᠷᠡᠭᠲᠡᠢ᠃

  ᠳᠥᠷᠪᠡᠳᠦᠭᠡᠷ ᠵᠦᠢᠯ   ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠬᠠᠷᠢᠶ᠎ᠠ᠎ᠲᠠᠢ ᠰᠤᠷᠭᠠᠭᠤᠯᠢ᠎ᠳᠤ ᠣᠷᠤᠬᠤ ᠨᠠᠰᠤᠨ᠎ᠤ ᠬᠡᠦᠬᠡᠳ᠂ ᠪᠠᠭᠠᠴᠤᠳ ᠪᠦᠬᠦᠨ ᠬᠦᠢᠰᠦ᠂ ᠦᠨᠳᠦᠰᠦᠲᠡᠨ᠂ ᠠᠷᠠᠰᠤᠲᠠᠨ᠂ ᠭᠡᠷ ᠪᠦᠯᠢ᠎ᠶᠢᠨ ᠡᠳ ᠬᠥᠷᠦᠩᠭᠡ᠎ᠶᠢᠨ ᠪᠠᠢᠳᠠᠯ᠂ ᠱᠠᠱᠢᠨ ᠱᠢᠲᠦᠯᠭᠡ ᠵᠡᠷᠭᠡ᠎ᠶᠢᠨ ᠢᠯᠭᠠᠯ᠎ᠦᠭᠡᠢ᠎ᠪᠡᠷ ᠬᠠᠤᠯᠢ ᠶᠣᠰᠤᠭᠠᠷ ᠠᠯᠪᠠᠨ ᠵᠢᠷᠤᠮ᠎ᠤᠨ ᠰᠤᠷᠭᠠᠨ ᠬᠥᠮᠦᠵᠢᠯ᠎ᠢ ᠡᠷᠬᠡ ᠲᠡᠭᠱᠢ᠎ᠪᠡᠷ ᠬᠦᠷᠲᠡᠬᠦ ᠡᠷᠬᠡ᠎ᠲᠡᠢ ᠪᠥᠭᠡᠳ ᠠᠯᠪᠠᠨ ᠵᠢᠷᠤᠮ᠎ᠤᠨ ᠰᠤᠷᠭᠠᠨ ᠬᠥᠮᠦᠵᠢᠯ᠎ᠢ ᠬᠦᠷᠲᠡᠬᠦ ᠡᠭᠦᠷᠭᠡ᠎ᠪᠡᠨ ᠭᠦᠢᠴᠡᠳᠭᠡᠨ᠎ᠡ᠃

  ᠲᠠᠪᠤᠳᠤᠭᠠᠷ ᠵᠦᠢᠯ   ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠵᠢᠴᠢ ᠲᠡᠭᠦᠨ᠎ᠦ ᠬᠣᠯᠪᠤᠭᠳᠠᠯ ᠪᠦᠬᠦᠢ ᠰᠠᠯᠠᠭ᠎ᠠ ᠮᠥᠴᠢᠷ᠎ᠡᠴᠡ ᠲᠤᠰ ᠬᠠᠤᠯᠢ᠎ᠳᠤ ᠲᠣᠭᠲᠠᠭᠠᠭᠰᠠᠨ ᠡᠯ᠎ᠡ ᠵᠦᠢᠯ᠎ᠦᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠂ ᠰᠤᠷᠭᠠᠭᠤᠯᠢ᠎ᠳᠤ ᠣᠷᠤᠬᠤ ᠨᠠᠰᠤᠨ᠎ᠤ ᠬᠡᠦᠬᠡᠳ᠂ ᠪᠠᠭᠠᠴᠤᠳ᠎ᠤᠨ ᠠᠯᠪᠠᠨ ᠵᠢᠷᠤᠮ᠎ᠤᠨ ᠰᠤᠷᠭᠠᠨ ᠬᠥᠮᠦᠵᠢᠯ ᠬᠦᠷᠲᠡᠬᠦ ᠡᠷᠬᠡ᠎ᠶᠢ ᠪᠠᠲᠤᠯᠠᠬᠤ ᠬᠡᠷᠡᠭᠲᠡᠢ᠃

  ᠰᠤᠷᠭᠠᠭᠤᠯᠢ᠎ᠳᠤ ᠣᠷᠤᠬᠤ ᠨᠠᠰᠤᠨ᠎ᠤ ᠬᠡᠦᠬᠡᠳ᠂ ᠪᠠᠭᠠᠴᠤᠳ᠎ᠤᠨ ᠡᠴᠢᠭᠡ ᠡᠬᠡ ᠪᠤᠶᠤ ᠬᠠᠤᠯᠢ᠎ᠪᠠᠷ ᠲᠣᠭᠲᠠᠭᠠᠭᠰᠠᠨ ᠪᠤᠰᠤᠳ ᠬᠢᠨᠠᠨ ᠬᠠᠮᠠᠭᠠᠯᠠᠭᠴᠢ᠎ᠨᠢ ᠲᠡᠳᠡᠨ᠎ᠦ ᠴᠠᠭ᠎ᠲᠤ᠎ᠪᠠᠨ ᠰᠤᠷᠭᠠᠭᠤᠯᠢ᠎ᠳᠤ ᠣᠷᠤᠵᠤ ᠠᠯᠪᠠᠨ ᠵᠢᠷᠤᠮ᠎ᠤᠨ ᠰᠤᠷᠭᠠᠨ ᠬᠥᠮᠦᠵᠢᠯ ᠬᠦᠷᠲᠡᠬᠦ ᠪᠠ ᠲᠡᠭᠦᠰᠭᠡᠬᠦ᠎ᠶᠢ ᠬᠠᠤᠯᠢ ᠶᠣᠰᠤᠭᠠᠷ ᠪᠠᠲᠤᠯᠠᠬᠤ ᠬᠡᠷᠡᠭᠲᠡᠢ᠃

  ᠬᠠᠤᠯᠢ ᠶᠣᠰᠤᠭᠠᠷ ᠠᠯᠪᠠᠨ ᠵᠢᠷᠤᠮ᠎ᠤᠨ ᠰᠤᠷᠭᠠᠨ ᠬᠥᠮᠦᠵᠢᠯ᠎ᠢ ᠬᠡᠷᠡᠭᠵᠢᠭᠦᠯᠵᠦ ᠪᠠᠢᠭ᠎ᠠ ᠰᠤᠷᠭᠠᠭᠤᠯᠢ ᠲᠣᠭᠲᠠᠭᠠᠭᠰᠠᠨ ᠪᠠᠷᠢᠮᠵᠢᠶ᠎ᠠ ᠶᠣᠰᠤᠭᠠᠷ ᠰᠤᠷᠭᠠᠨ ᠬᠥᠮᠦᠵᠢᠭᠦᠯᠬᠦ᠂ ᠵᠢᠭᠠᠨ ᠰᠤᠷᠭᠠᠬᠤ ᠡᠭᠦᠷᠭᠡ᠎ᠪᠡᠨ ᠪᠡᠶᠡᠯᠡᠭᠦᠯᠵᠦ᠂ ᠰᠤᠷᠭᠠᠨ ᠬᠥᠮᠦᠵᠢᠭᠦᠯᠬᠦ ᠪᠠ ᠵᠢᠭᠠᠨ ᠰᠤᠷᠭᠠᠬᠤ ᠶᠠᠰᠤ ᠴᠢᠨᠠᠷ᠎ᠢ ᠪᠠᠲᠤᠯᠠᠬᠤ ᠬᠡᠷᠡᠭᠲᠡᠢ᠃

  ᠨᠡᠢᠭᠡᠮ᠎ᠦᠨ ᠵᠣᠬᠢᠶᠠᠨ ᠪᠠᠢᠭᠤᠯᠤᠯᠲᠠ ᠪᠠ ᠬᠤᠪᠢ ᠬᠥᠮᠦᠨ ᠰᠤᠷᠭᠠᠭᠤᠯᠢ᠎ᠳᠤ ᠣᠷᠤᠬᠤ ᠨᠠᠰᠤᠨ᠎ᠤ ᠬᠡᠦᠬᠡᠳ᠂ ᠪᠠᠭᠠᠴᠤᠳ᠎ᠤᠨ ᠠᠯᠪᠠᠨ ᠵᠢᠷᠤᠮ᠎ᠤᠨ ᠰᠤᠷᠭᠠᠨ ᠬᠥᠮᠦᠵᠢᠯ ᠬᠦᠷᠲᠡᠬᠦ᠎ᠳᠦ ᠰᠠᠢᠨ ᠰᠠᠢᠬᠠᠨ ᠣᠷᠴᠢᠨ ᠨᠥᠬᠦᠴᠡᠯ᠎ᠢ ᠪᠦᠷᠢᠯᠳᠦᠭᠦᠯᠵᠦ ᠥᠭᠬᠦ ᠬᠡᠷᠡᠭᠲᠡᠢ᠃

  ᠵᠢᠷᠭᠤᠳᠤᠭᠠᠷ ᠵᠦᠢᠯ   ᠲᠥᠷᠦ᠎ᠶᠢᠨ ᠶᠠᠪᠤᠳᠠᠯ᠎ᠤᠨ ᠬᠣᠷᠢᠶ᠎ᠠ ᠪᠣᠯᠤᠨ ᠱᠢᠶᠠᠨ᠎ᠤ ᠱᠠᠲᠤᠨ᠎ᠠᠴᠠ ᠳᠡᠭᠡᠭᠱᠢᠬᠢ ᠣᠷᠤᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠤᠨ᠎ᠠᠴᠠ ᠰᠤᠷᠭᠠᠨ ᠬᠥᠮᠦᠵᠢᠯ᠎ᠦᠨ ᠡᠬᠢ ᠪᠠᠶᠠᠯᠢᠭ᠎ᠢ ᠵᠦᠢ ᠵᠣᠬᠢᠰᠲᠠᠢ ᠲᠣᠬᠢᠷᠠᠭᠤᠯᠵᠤ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠲᠡᠩᠴᠡᠭᠦᠷᠢᠲᠡᠢ ᠬᠥᠭᠵᠢᠯᠲᠡ᠎ᠶᠢ ᠠᠬᠢᠭᠤᠯᠵᠤ᠂ ᠪᠠᠭᠤᠷᠠᠢ ᠰᠤᠷᠭᠠᠭᠤᠯᠢ᠎ᠶᠢᠨ ᠰᠤᠷᠭᠠᠭᠤᠯᠢ ᠡᠷᠬᠢᠯᠡᠬᠦ ᠨᠥᠬᠦᠴᠡᠯ᠎ᠢ ᠰᠠᠢᠵᠢᠷᠠᠭᠤᠯᠬᠤ᠎ᠶᠢᠨ ᠬᠠᠮᠲᠤ ᠠᠷᠭ᠎ᠠ ᠬᠡᠮᠵᠢᠶ᠎ᠡ ᠠᠪᠴᠤ ᠪᠠᠢᠭᠠᠳ ᠬᠥᠳᠡᠭᠡ ᠲᠣᠰᠭᠤᠨ᠎ᠤ ᠭᠠᠵᠠᠷ ᠣᠷᠤᠨ᠂ ᠦᠨᠳᠦᠰᠦᠲᠡᠨ᠎ᠦ ᠭᠠᠵᠠᠷ ᠣᠷᠤᠨ᠎ᠳᠤ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠬᠡᠷᠡᠭᠵᠢᠭᠦᠯᠦᠭᠳᠡᠬᠦ᠎ᠶᠢ ᠪᠠᠲᠤᠯᠠᠵᠤ᠂ ᠰᠤᠷᠭᠠᠭᠤᠯᠢ᠎ᠳᠤ ᠣᠷᠤᠬᠤ ᠨᠠᠰᠤᠨ᠎ᠤ ᠭᠡᠷ᠎ᠦᠨ ᠠᠮᠢᠳᠤᠷᠠᠯ᠎ᠨᠢ ᠬᠦᠴᠢᠷᠲᠡᠢ ᠪᠠ ᠵᠡᠮᠳᠡᠭ ᠬᠡᠦᠬᠡᠳ᠂ ᠪᠠᠭᠠᠴᠤᠳ᠎ᠤᠨ ᠠᠯᠪᠠᠨ ᠵᠢᠷᠤᠮ᠎ᠤᠨ ᠰᠤᠷᠭᠠᠨ ᠬᠥᠮᠦᠵᠢᠯ ᠬᠦᠷᠲᠡᠬᠦ᠎ᠶᠢ ᠪᠠᠲᠤᠯᠠᠬᠤ ᠬᠡᠷᠡᠭᠲᠡᠢ᠃

  ᠠᠵᠤ ᠠᠬᠤᠢ ᠬᠥᠭᠵᠢᠭᠰᠡᠨ ᠭᠠᠵᠠᠷ ᠣᠷᠤᠨ᠎ᠠᠴᠠ ᠠᠵᠤ ᠠᠬᠤᠢ ᠳᠡᠮᠡᠢ ᠬᠥᠭᠵᠢᠭᠡᠳᠦᠢ ᠭᠠᠵᠠᠷ ᠣᠷᠤᠨ᠎ᠤ ᠠᠯᠪᠠᠨ ᠵᠢᠷᠤᠮ᠎ᠤᠨ ᠰᠤᠷᠭᠠᠨ ᠬᠥᠮᠦᠵᠢᠯ᠎ᠢ ᠬᠡᠷᠡᠭᠵᠢᠭᠦᠯᠬᠦ᠎ᠶᠢ ᠳᠠᠮᠵᠢᠨ ᠲᠤᠰᠠᠯᠠᠬᠤ᠎ᠶᠢ ᠤᠯᠤᠰ᠎ᠠᠴᠠ ᠵᠣᠬᠢᠶᠠᠨ ᠪᠠᠢᠭᠤᠯᠤᠨ ᠵᠣᠷᠢᠭᠵᠢᠭᠤᠯᠤᠨ᠎ᠠ᠃

  ᠳᠣᠯᠤᠳᠤᠭᠠᠷ ᠵᠦᠢᠯ   ᠠᠯᠪᠠᠨ ᠵᠢᠷᠤᠮ᠎ᠤᠨ ᠰᠤᠷᠭᠠᠨ ᠬᠥᠮᠦᠵᠢᠯ᠎ᠳᠦ ᠲᠥᠷᠦ᠎ᠶᠢᠨ ᠶᠠᠪᠤᠳᠠᠯ᠎ᠤᠨ ᠬᠣᠷᠢᠶ᠎ᠠ᠎ᠠᠴᠠ ᠤᠳᠤᠷᠢᠳᠭᠤ᠂ ᠮᠣᠵᠢ᠂ ᠥᠪᠡᠷᠲᠡᠭᠡᠨ ᠵᠠᠰᠠᠬᠤ ᠣᠷᠤᠨ᠂ ᠱᠢᠭᠤᠳ ᠬᠠᠷᠢᠶ᠎ᠠ ᠬᠣᠲᠠ᠎ᠶᠢᠨ ᠠᠷᠠᠳ᠎ᠤᠨ ᠵᠠᠰᠠᠭ᠎ᠤᠨ ᠣᠷᠳᠤᠨ᠎ᠠᠴᠠ ᠨᠢᠭᠡᠳᠦᠯᠲᠡᠢ ᠲᠥᠯᠦᠪᠵᠢᠭᠦᠯᠵᠦ ᠬᠡᠷᠡᠭᠵᠢᠭᠦᠯᠬᠦ᠂ ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ᠎ᠢᠶᠠᠷ ᠭᠣᠣᠯᠯᠠᠨ ᠬᠠᠮᠢᠶᠠᠷᠤᠭᠤᠯᠬᠤ ᠪᠠᠢᠭᠤᠯᠤᠯ᠎ᠢ ᠬᠡᠷᠡᠭᠵᠢᠭᠦᠯᠦᠨ᠎ᠡ᠃

  ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠤ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠬᠡᠷᠡᠭᠵᠢᠭᠦᠯᠦᠭᠳᠡᠬᠦ ᠠᠵᠢᠯ᠎ᠢ ᠪᠣᠳᠠᠲᠠᠢ ᠬᠠᠷᠢᠭᠤᠴᠠᠨ᠎ᠠ; ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠤ ᠪᠤᠰᠤᠳ ᠬᠣᠯᠪᠤᠭᠳᠠᠯ ᠪᠦᠬᠦᠢ ᠰᠠᠯᠠᠭ᠎ᠠ ᠮᠥᠴᠢᠷ᠎ᠦ᠋ᠳ ᠲᠤᠰ ᠲᠤᠰ᠎ᠤᠨ᠎ᠢᠶᠠᠨ ᠲᠤᠱᠢᠶᠠᠯ ᠬᠠᠷᠢᠭᠤᠴᠠᠯᠭ᠎ᠠ᠎ᠶᠢᠨ ᠬᠡᠪᠴᠢᠶᠡᠨ᠎ᠳᠦ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠬᠡᠷᠡᠭᠵᠢᠭᠦᠯᠦᠭᠳᠡᠬᠦ ᠠᠵᠢᠯ᠎ᠢ ᠬᠠᠷᠢᠭᠤᠴᠠᠨ᠎ᠠ᠃

  ᠨᠠᠢ᠍ᠮᠠᠳᠤᠭᠠᠷ ᠵᠦᠢᠯ   ᠠᠷᠠᠳ᠎ᠤᠨ ᠵᠠᠰᠠᠭ᠎ᠤᠨ ᠣᠷᠳᠤᠨ᠎ᠤ ᠰᠤᠷᠭᠠᠨ ᠬᠥᠮᠦᠵᠢᠯ᠎ᠦᠨ ᠬᠢᠨᠠᠨ ᠵᠢᠯᠤᠭᠤᠳᠭᠤ ᠪᠠᠢᠭᠤᠯᠤᠮᠵᠢ᠎ᠠᠴᠠ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠠᠵᠢᠯ᠎ᠤᠨ ᠬᠠᠤᠯᠢ ᠴᠠᠭᠠᠵᠠ ᠬᠠᠤᠯᠢ ᠲᠣᠭᠲᠠᠭᠠᠯ᠎ᠢ ᠬᠡᠷᠡᠭᠵᠢᠭᠦᠯᠵᠦ ᠪᠠᠢᠭ᠎ᠠ ᠪᠠᠢᠳᠠᠯ᠂ ᠰᠤᠷᠭᠠᠨ ᠬᠥᠮᠦᠵᠢᠭᠦᠯᠬᠦ ᠪᠠ ᠵᠢᠭᠠᠨ ᠰᠤᠷᠭᠠᠬᠤ ᠶᠠᠰᠤ ᠴᠢᠨᠠᠷ ᠵᠢᠴᠢ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠲᠡᠩᠴᠡᠭᠦᠷᠢᠲᠡᠢ ᠬᠥᠭᠵᠢᠯᠲᠡ᠎ᠶᠢᠨ ᠪᠠᠢᠳᠠᠯ ᠵᠡᠷᠭᠡ᠎ᠶᠢ ᠬᠢᠨᠠᠨ ᠵᠢᠯᠤᠭᠤᠳᠴᠤ᠂ ᠬᠢᠨᠠᠨ ᠵᠢᠯᠤᠭᠤᠳᠤᠭᠰᠠᠨ ᠮᠡᠳᠡᠭᠦᠯᠦᠯᠲᠡ᠎ᠪᠡᠨ ᠨᠡᠢᠭᠡᠮ᠎ᠳᠦ ᠨᠡᠢᠲᠡᠯᠡᠨ᠎ᠡ᠃

  ᠶᠢᠰᠦᠳᠦᠭᠡᠷ ᠵᠦᠢᠯ   ᠶᠠᠮᠠᠷᠪᠠ ᠨᠡᠢᠭᠡᠮ᠎ᠦᠨ ᠵᠣᠬᠢᠶᠠᠨ ᠪᠠᠢᠭᠤᠯᠤᠯᠲᠠ ᠪᠤᠶᠤ ᠬᠤᠪᠢ ᠬᠥᠮᠦᠨ ᠲᠤᠰ ᠬᠠᠤᠯᠢ᠎ᠶᠢ ᠵᠥᠷᠢᠴᠡᠭᠰᠡᠨ ᠦᠢᠯᠡ ᠠᠵᠢᠯᠯᠠᠭ᠎ᠠ᠎ᠶᠢ ᠬᠣᠯᠪᠤᠭᠳᠠᠯ ᠪᠦᠬᠦᠢ ᠲᠥᠷᠦ᠎ᠶᠢᠨ ᠪᠠᠢᠭᠤᠯᠭ᠎ᠠ᠎ᠳᠤ ᠢᠯᠡᠴᠢᠯᠡᠬᠦ ᠪᠤᠶᠤ ᠵᠠᠭᠠᠯᠳᠤᠬᠤ ᠡᠷᠬᠡ᠎ᠲᠡᠢ᠃

  ᠲᠤᠰ ᠬᠠᠤᠯᠢ᠎ᠶᠢ ᠵᠥᠷᠢᠴᠡᠭᠰᠡᠨ ᠬᠦᠨᠳᠦ ᠶᠡᠬᠡ ᠬᠡᠷᠡᠭ ᠶᠠᠪᠤᠳᠠᠯ ᠡᠭᠦᠰᠦᠭᠡᠳ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠬᠡᠷᠡᠭᠵᠢᠭᠦᠯᠦᠭᠳᠡᠬᠦ᠎ᠶᠢ ᠬᠠᠷᠱᠢᠯᠠᠵᠤ᠂ ᠨᠡᠢᠭᠡᠮ᠎ᠳᠦ ᠴᠢᠬᠤᠯᠠ ᠶᠡᠬᠡ ᠨᠥᠯᠦᠭᠡ ᠭᠠᠷᠭᠠᠭᠰᠠᠨ ᠪᠠᠢᠪᠠᠯ᠂ ᠤᠳᠤᠷᠢᠳᠭᠤ ᠬᠠᠷᠢᠭᠤᠴᠠᠯᠭ᠎ᠠ᠎ᠲᠠᠢ ᠠᠷᠠᠳ᠎ᠤᠨ ᠵᠠᠰᠠᠭ᠎ᠤᠨ ᠣᠷᠳᠤᠨ ᠪᠤᠶᠤ ᠠᠷᠠᠳ᠎ᠤᠨ ᠵᠠᠰᠠᠭ᠎ᠤᠨ ᠣᠷᠳᠤᠨ᠎ᠤ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠠᠯᠳᠠᠭ᠎ᠠ ᠪᠤᠷᠤᠭᠤ᠎ᠪᠠᠨ ᠬᠦᠯᠢᠶᠡᠵᠦ ᠲᠤᠱᠢᠶᠠᠯ᠎ᠠᠴᠠ᠎ᠪᠠᠨ ᠪᠠᠭᠤᠬᠤ ᠬᠡᠷᠡᠭᠲᠡᠢ᠃

  ᠠᠷᠪᠠᠳᠤᠭᠠᠷ ᠵᠦᠢᠯ   ᠠᠯᠪᠠᠨ ᠵᠢᠷᠤᠮ᠎ᠤᠨ ᠰᠤᠷᠭᠠᠨ ᠬᠥᠮᠦᠵᠢᠯ᠎ᠢ ᠬᠡᠷᠡᠭᠵᠢᠭᠦᠯᠬᠦ ᠠᠵᠢᠯ᠎ᠤᠨ ᠳᠤᠮᠳᠠ ᠳᠣᠪᠤᠢᠮ᠎ᠠ ᠬᠤᠪᠢ ᠨᠡᠮᠡᠷᠢ ᠦᠵᠡᠭᠦᠯᠦᠭᠰᠡᠨ ᠨᠡᠢᠭᠡᠮ᠎ᠦᠨ ᠵᠣᠬᠢᠶᠠᠨ ᠪᠠᠢᠭᠤᠯᠤᠯᠲᠠ ᠪᠠ ᠬᠤᠪᠢ ᠬᠥᠮᠦᠨ᠎ᠢ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠵᠢᠴᠢ ᠲᠡᠭᠦᠨ᠎ᠦ ᠬᠣᠯᠪᠤᠭᠳᠠᠯ ᠪᠦᠬᠦᠢ ᠰᠠᠯᠠᠭ᠎ᠠ ᠮᠥᠴᠢᠷ᠎ᠡᠴᠡ ᠬᠣᠯᠪᠤᠭᠳᠠᠯ ᠪᠦᠬᠦᠢ ᠲᠣᠭᠲᠠᠭᠠᠯ ᠶᠣᠰᠤᠭᠠᠷ ᠬᠥᠬᠢᠭᠦᠯᠦᠨ ᠱᠠᠩᠨᠠᠨ᠎ᠠ᠃

 

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604