ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠬᠠᠤᠯᠢ (ᠭᠤᠷᠪᠠᠳᠤᠭᠠᠷ ᠪᠦᠯᠦᠭ)
2019.11.04

   (1986 ᠣᠨ᠎ᠤ 4 ᠰᠠᠷ᠎ᠠ᠎ᠶᠢᠨ 12᠎ᠤ ᠡᠳᠦᠷ ᠵᠢᠷᠭᠤᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯᠳᠤᠭᠠᠨ᠎ᠠᠴᠠ ᠪᠠᠲᠤᠯᠠᠪᠠ

  2006 ᠣᠨ᠎ᠤ 6 ᠰᠠᠷ᠎ᠠ᠎ᠶᠢᠨ 29᠎ᠦ ᠡᠳᠦᠷ ᠠᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠬᠣᠷᠢᠨ ᠬᠣᠶᠠᠳᠤᠭᠠᠷ ᠬᠤᠷᠠᠯᠳᠤᠭᠠᠨ᠎ᠠᠴᠠ ᠵᠠᠰᠠᠵᠤ ᠲᠣᠭᠲᠠᠭᠠᠪᠠ

  2015 ᠣᠨ᠎ᠤ 4 ᠰᠠᠷ᠎ᠠ᠎ᠶᠢᠨ 24 ᠎ᠦ ᠡᠳᠦᠷ᠎ᠦᠨ ᠠᠷᠪᠠᠨ ᠬᠣᠶᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠳᠥᠷᠪᠡᠳᠦᠭᠡᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠬᠠᠤᠯᠢ〉 ᠵᠡᠷᠭᠡ ᠲᠠᠪᠤᠨ ᠬᠠᠤᠯᠢ᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠵᠠᠰᠠᠪᠠ)

 

    ᠭᠤᠷᠪᠠᠳᠤᠭᠠᠷ ᠪᠦᠯᠦᠭ   ᠰᠤᠷᠭᠠᠭᠤᠯᠢ

 

  ᠠᠷᠪᠠᠨ ᠲᠠᠪᠤᠳᠤᠭᠠᠷ ᠵᠦᠢᠯ   ᠱᠢᠶᠠᠨ᠎ᠤ ᠱᠠᠲᠤᠨ᠎ᠠᠴᠠ ᠳᠡᠭᠡᠭᠱᠢᠬᠢ ᠣᠷᠤᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠤᠨ᠎ᠠᠴᠠ ᠲᠤᠰ ᠵᠠᠰᠠᠭ ᠵᠠᠬᠢᠷᠭᠠᠨ᠎ᠤ ᠣᠷᠤᠨ᠎ᠳᠤ ᠰᠠᠭᠤᠭ᠎ᠠ ᠰᠤᠷᠭᠠᠭᠤᠯᠢ᠎ᠳᠤ ᠣᠷᠤᠬᠤ ᠨᠠᠰᠤᠨ᠎ᠤ ᠬᠡᠦᠬᠡᠳ᠂ ᠪᠠᠭᠠᠴᠤᠳ᠎ᠤᠨ ᠲᠣᠭ᠎ᠠ ᠪᠠ ᠲᠠᠷᠬᠠᠯᠲᠠ᠎ᠶᠢᠨ ᠪᠠᠢᠳᠠᠯ ᠵᠡᠷᠭᠡ ᠡᠯᠧᠮᠧᠨ᠋ᠲ᠎ᠢ ᠦᠨᠳᠦᠰᠦᠯᠡᠨ᠂ ᠤᠯᠤᠰ᠎ᠤᠨ ᠬᠣᠯᠪᠤᠭᠳᠠᠯ ᠪᠦᠬᠦᠢ ᠲᠣᠭᠲᠠᠭᠠᠯ ᠶᠣᠰᠤᠭᠠᠷ ᠰᠤᠷᠭᠠᠭᠤᠯᠢ ᠪᠠᠢᠭᠤᠯᠬᠤ ᠲᠥᠯᠦᠪᠵᠢᠭᠦᠯᠭᠡ᠎ᠪᠡᠨ ᠲᠣᠭᠲᠠᠭᠠᠨ ᠲᠣᠬᠢᠷᠠᠭᠤᠯᠤᠨ᠎ᠠ᠃ ᠱᠢᠨ᠎ᠡ᠎ᠪᠡᠷ ᠪᠠᠢᠭᠤᠯᠤᠭᠰᠠᠨ ᠰᠠᠭᠤᠭᠠᠯᠢ ᠠᠷᠠᠳ᠎ᠤᠨ ᠲᠣᠭᠤᠷᠢᠭ᠎ᠲᠤ ᠰᠤᠷᠭᠠᠭᠤᠯᠢ ᠪᠠᠢᠭᠤᠯᠬᠤ ᠴᠢᠬᠤᠯᠠᠲᠠᠢ ᠪᠠᠢᠪᠠᠯ᠂ ᠲᠡᠭᠦᠨ᠎ᠢ ᠰᠠᠭᠤᠭᠠᠯᠢ ᠠᠷᠠᠳ᠎ᠤᠨ ᠲᠣᠭᠤᠷᠢᠭ᠎ᠤᠨ ᠪᠦᠲᠦᠭᠡᠨ ᠪᠠᠢᠭᠤᠯᠤᠯᠲᠠ᠎ᠯᠤᠭ᠎ᠠ ᠵᠡᠷᠭᠡ᠎ᠪᠡᠷ ᠶᠠᠪᠤᠭᠳᠠᠭᠤᠯᠬᠤ ᠬᠡᠷᠡᠭᠲᠡᠢ᠃

  ᠠᠷᠪᠠᠨ ᠵᠢᠷᠭᠤᠳᠤᠭᠠᠷ ᠵᠦᠢᠯ   ᠰᠤᠷᠭᠠᠭᠤᠯᠢ᠎ᠶᠢᠨ ᠪᠦᠲᠦᠭᠡᠨ ᠪᠠᠢᠭᠤᠯᠤᠯᠲᠠ᠎ᠶᠢ ᠤᠯᠤᠰ᠎ᠠᠴᠠ ᠲᠣᠭᠲᠠᠭᠠᠭᠰᠠᠨ ᠰᠤᠷᠭᠠᠭᠤᠯᠢ ᠡᠷᠬᠢᠯᠡᠬᠦ ᠪᠠᠷᠢᠮᠵᠢᠶ᠎ᠠ᠎ᠳᠤ ᠨᠡᠢᠴᠡᠭᠦᠯᠵᠦ᠂ ᠰᠤᠷᠭᠠᠨ ᠬᠥᠮᠦᠵᠢᠭᠦᠯᠬᠦ ᠪᠠ ᠵᠢᠭᠠᠨ ᠰᠤᠷᠭᠠᠬᠤ ᠬᠡᠷᠡᠭᠴᠡᠭᠡ᠎ᠳᠦ ᠵᠣᠬᠢᠴᠠᠭᠤᠯᠬᠤ ᠬᠡᠷᠡᠭᠲᠡᠢ; ᠤᠯᠤᠰ᠎ᠠᠴᠠ ᠲᠣᠭᠲᠠᠭᠠᠭᠰᠠᠨ ᠭᠠᠵᠠᠷ ᠰᠣᠩᠭᠤᠬᠤ ᠱᠠᠭᠠᠷᠳᠠᠯᠭ᠎ᠠ ᠪᠠ ᠪᠦᠲᠦᠭᠡᠨ ᠪᠠᠢᠭᠤᠯᠬᠤ ᠪᠠᠷᠢᠮᠵᠢᠶ᠎ᠠ᠎ᠳᠤ ᠨᠡᠢᠴᠡᠭᠦᠯᠵᠦ᠂ ᠰᠤᠷᠤᠭᠴᠢ ᠪᠠ ᠪᠠᠭᠱᠢ ᠠᠵᠢᠯᠲᠠᠨ᠎ᠤ ᠠᠮᠤᠷ ᠲᠦᠪᠱᠢᠨ᠎ᠢ ᠦᠨᠡᠨ᠎ᠬᠦ ᠪᠠᠲᠤᠯᠠᠬᠤ ᠬᠡᠷᠡᠭᠲᠡᠢ᠃

  ᠠᠷᠪᠠᠨ ᠳᠣᠯᠤᠳᠤᠭᠠᠷ ᠵᠦᠢᠯ   ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ᠎ᠠᠴᠠ ᠬᠡᠷᠡᠭᠴᠡᠭᠡ᠎ᠪᠡᠨ ᠦᠨᠳᠦᠰᠦᠯᠡᠨ ᠪᠠᠢᠷᠢ᠎ᠳᠤ ᠰᠠᠭᠤᠬᠤ ᠳᠦᠷᠢᠮᠲᠦ ᠰᠤᠷᠭᠠᠭᠤᠯᠢ ᠪᠠᠢᠭᠤᠯᠵᠤ᠂ ᠲᠠᠷᠠᠬᠠᠢ ᠪᠤᠲᠠᠷᠬᠠᠢ ᠰᠠᠭᠤᠵᠤ ᠪᠠᠢᠭ᠎ᠠ ᠰᠤᠷᠭᠠᠭᠤᠯᠢ᠎ᠳᠤ ᠣᠷᠤᠬᠤ ᠨᠠᠰᠤᠨ᠎ᠤ ᠬᠡᠦᠬᠡᠳ᠂ ᠪᠠᠭᠠᠴᠤᠳ᠎ᠤᠨ ᠰᠤᠷᠭᠠᠭᠤᠯᠢ᠎ᠳᠤ ᠣᠷᠤᠵᠤ ᠠᠯᠪᠠᠨ ᠵᠢᠷᠤᠮ᠎ᠤᠨ ᠰᠤᠷᠭᠠᠨ ᠬᠥᠮᠦᠵᠢᠯ ᠬᠦᠷᠲᠡᠬᠦ᠎ᠶᠢ ᠪᠠᠲᠤᠯᠠᠨ᠎ᠠ᠃

  ᠠᠷᠪᠠᠨ ᠨᠠᠢ᠍ᠮᠠᠳᠤᠭᠠᠷ ᠵᠦᠢᠯ   ᠲᠥᠷᠦ᠎ᠶᠢᠨ ᠶᠠᠪᠤᠳᠠᠯ᠎ᠤᠨ ᠬᠣᠷᠢᠶᠠᠨ᠎ᠤ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ ᠪᠣᠯᠤᠨ ᠮᠣᠵᠢ᠂ ᠥᠪᠡᠷᠲᠡᠭᠡᠨ ᠵᠠᠰᠠᠬᠤ ᠣᠷᠤᠨ᠂ ᠱᠢᠭᠤᠳ ᠬᠠᠷᠢᠶ᠎ᠠ ᠬᠣᠲᠠ᠎ᠶᠢᠨ ᠠᠷᠠᠳ᠎ᠤᠨ ᠵᠠᠰᠠᠭ᠎ᠤᠨ ᠣᠷᠳᠤᠨ ᠬᠡᠷᠡᠭᠴᠡᠭᠡ᠎ᠪᠡᠨ ᠦᠨᠳᠦᠰᠦᠯᠡᠨ᠂ ᠠᠵᠤ ᠠᠬᠤᠢ ᠬᠥᠭᠵᠢᠭᠰᠡᠨ ᠭᠠᠵᠠᠷ ᠣᠷᠤᠨ᠎ᠳᠤ ᠴᠥᠭᠡᠨ ᠲᠣᠭᠠᠲᠤ ᠦᠨᠳᠦᠰᠦᠲᠡᠨ᠎ᠦ ᠰᠤᠷᠭᠠᠭᠤᠯᠢ᠎ᠳᠤ ᠣᠷᠤᠬᠤ ᠨᠠᠰᠤᠨ᠎ᠤ ᠬᠡᠦᠬᠡᠳ᠂ ᠪᠠᠭᠠᠴᠤᠳ᠎ᠢ ᠬᠦᠯᠢᠶᠡᠨ ᠠᠪᠬᠤ ᠰᠤᠷᠭᠠᠭᠤᠯᠢ (ᠠᠩᠭᠢ) ᠪᠠᠢᠭᠤᠯᠤᠨ᠎ᠠ᠃

  ᠠᠷᠪᠠ ᠶᠢᠰᠦᠳᠦᠭᠡᠷ ᠵᠦᠢᠯ   ᠱᠢᠶᠠᠨ᠎ᠤ ᠱᠠᠲᠤᠨ᠎ᠠᠴᠠ ᠳᠡᠭᠡᠭᠱᠢᠬᠢ ᠣᠷᠤᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠤᠨ ᠬᠡᠷᠡᠭᠴᠡᠭᠡ᠎ᠪᠡᠨ ᠦᠨᠳᠦᠰᠦᠯᠡᠨ᠂ ᠣᠨᠴᠠᠭᠠᠢ ᠰᠤᠷᠭᠠᠨ ᠬᠥᠮᠦᠵᠢᠯ᠎ᠢ ᠬᠡᠷᠡᠭᠵᠢᠭᠦᠯᠬᠦ ᠵᠣᠬᠢᠴᠠᠩᠭᠤᠢ ᠰᠤᠷᠭᠠᠭᠤᠯᠢ (ᠠᠩᠭᠢ) ᠪᠠᠢᠭᠤᠯᠵᠤ᠂ ᠬᠠᠷᠠᠭ᠎ᠠ ᠵᠡᠮᠳᠡᠭ᠂ ᠰᠣᠨᠤᠷ ᠪᠠ ᠦᠭᠡ ᠬᠡᠯᠡ᠎ᠨᠢ ᠵᠡᠮᠳᠡᠭ ᠪᠣᠯᠤᠨ ᠣᠶᠤᠨ ᠤᠬᠠᠭᠠᠨ᠎ᠨᠢ ᠵᠡᠮᠳᠡᠭ ᠰᠤᠷᠭᠠᠭᠤᠯᠢ᠎ᠳᠤ ᠣᠷᠤᠬᠤ ᠨᠠᠰᠤᠨ᠎ᠤ ᠬᠡᠦᠬᠡᠳ᠂ ᠪᠠᠭᠠᠴᠤᠳ᠎ᠲᠤ ᠠᠯᠪᠠᠨ ᠵᠢᠷᠤᠮ᠎ᠤᠨ ᠰᠤᠷᠭᠠᠨ ᠬᠥᠮᠦᠵᠢᠯ᠎ᠢ ᠬᠡᠷᠡᠭᠵᠢᠭᠦᠯᠦᠨ᠎ᠡ᠃ ᠣᠨᠴᠠᠭᠠᠢ ᠰᠤᠷᠭᠠᠨ ᠬᠥᠮᠦᠵᠢᠯ᠎ᠦᠨ ᠰᠤᠷᠭᠠᠭᠤᠯᠢ (ᠠᠩᠭᠢ)᠎ᠨᠢ ᠵᠡᠮᠳᠡᠭ ᠬᠡᠦᠬᠡᠳ᠂ ᠪᠠᠭᠠᠴᠤᠳ᠎ᠤᠨ ᠰᠤᠷᠤᠯᠴᠠᠨ᠂ ᠡᠷᠡᠭᠦᠯᠵᠢᠵᠦ᠂ ᠠᠮᠢᠳᠤᠷᠠᠬᠤ ᠣᠨᠴᠠᠯᠢᠭ᠎ᠲᠤ ᠲᠣᠬᠢᠷᠠᠭᠰᠠᠨ ᠲᠠᠯᠠᠪᠤᠷ ᠭᠠᠵᠠᠷ ᠪᠠ ᠲᠣᠨᠤᠭ ᠲᠥᠬᠦᠭᠡᠷᠦᠮᠵᠢ᠎ᠶᠢ ᠪᠦᠷᠢᠯᠳᠦᠭᠦᠯᠬᠦ ᠬᠡᠷᠡᠭᠲᠡᠢ᠃

  ᠡᠩ᠎ᠦᠨ ᠰᠤᠷᠭᠠᠭᠤᠯᠢ᠎ᠨᠢ ᠰᠤᠷᠭᠠᠭᠤᠯᠢ᠎ᠳᠤ ᠣᠷᠤᠬᠤ ᠨᠠᠰᠤᠨ᠎ᠤ ᠡᠩ᠎ᠦᠨ ᠰᠤᠷᠭᠠᠨ ᠬᠥᠮᠦᠵᠢᠯ᠎ᠢ ᠬᠦᠷᠲᠡᠬᠦ ᠴᠢᠳᠠᠪᠤᠷᠢ᠎ᠲᠠᠢ ᠵᠡᠮᠳᠡᠭ ᠬᠡᠦᠬᠡᠳ᠂ ᠪᠠᠭᠠᠴᠤᠳ᠎ᠤᠨ ᠠᠩᠭᠢ ᠳᠠᠭᠠᠵᠤ ᠰᠤᠷᠤᠯᠴᠠᠬᠤ᠎ᠶᠢ ᠬᠦᠯᠢᠶᠡᠵᠦ ᠠᠪᠬᠤ ᠬᠡᠷᠡᠭᠲᠡᠢ ᠪᠥᠭᠡᠳ ᠲᠡᠳᠡ᠎ᠨᠡᠷ᠎ᠦᠨ ᠰᠤᠷᠤᠯᠴᠠᠵᠤ᠂ ᠡᠷᠡᠭᠦᠯᠵᠢᠬᠦ᠎ᠳᠦ ᠳᠡᠮᠵᠢᠯᠭᠡ ᠬᠠᠩᠭᠠᠬᠤ ᠬᠡᠷᠡᠭᠲᠡᠢ᠃

  ᠬᠣᠷᠢᠳᠤᠭᠠᠷ ᠵᠦᠢᠯ   ᠱᠢᠶᠠᠨ᠎ᠤ ᠱᠠᠲᠤᠨ᠎ᠠᠴᠠ ᠳᠡᠭᠡᠭᠱᠢᠬᠢ ᠣᠷᠤᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠤᠨ ᠬᠡᠷᠡᠭᠴᠡᠭᠡ᠎ᠪᠡᠨ ᠦᠨᠳᠦᠰᠦᠯᠡᠨ᠂ ᠨᠠᠰᠤᠨ᠎ᠳᠤ ᠦᠯᠦ ᠬᠦᠷᠦᠭᠰᠡᠳ᠎ᠦᠨ ᠶᠠᠯ᠎ᠠ ᠬᠢᠬᠦ᠎ᠶᠢ ᠰᠡᠷᠭᠡᠢᠯᠡᠬᠦ ᠬᠠᠤᠯᠢ᠎ᠳᠤ ᠲᠣᠭᠲᠠᠭᠠᠭᠰᠠᠨ ᠬᠦᠨᠳᠦ ᠨᠣᠴᠢᠲᠠᠢ ᠮᠠᠭᠤ ᠦᠢᠯᠡ ᠠᠵᠢᠯᠯᠠᠭ᠎ᠠ᠎ᠲᠠᠢ ᠰᠤᠷᠭᠠᠭᠤᠯᠢ᠎ᠳᠤ ᠣᠷᠤᠬᠤ ᠨᠠᠰᠤᠨ᠎ᠤ ᠪᠠᠭᠠᠴᠤᠳ᠎ᠲᠤ ᠲᠤᠰᠭᠠᠢ ᠰᠤᠷᠭᠠᠭᠤᠯᠢ ᠭᠠᠷᠭᠠᠵᠤ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠢ ᠬᠡᠷᠡᠭᠵᠢᠭᠦᠯᠦᠨ᠎ᠡ᠃

  ᠬᠣᠷᠢᠨ ᠨᠢᠭᠡᠳᠦᠭᠡᠷ ᠵᠦᠢᠯ   ᠠᠯᠪᠠᠨ ᠵᠢᠷᠤᠮ᠎ᠤᠨ ᠰᠤᠷᠭᠠᠨ ᠬᠥᠮᠦᠵᠢᠯ ᠲᠡᠭᠦᠰᠭᠡᠭᠰᠡᠨ᠎ᠦᠭᠡᠢ ᠨᠠᠰᠤᠨ᠎ᠳᠤ ᠦᠯᠦ ᠬᠦᠷᠦᠭᠰᠡᠨ ᠶᠠᠯᠠᠲᠠᠨ ᠪᠠ ᠠᠯᠪᠠᠳᠠᠯᠭ᠎ᠠ᠎ᠶᠢᠨ ᠴᠢᠨᠠᠷᠲᠠᠢ ᠰᠤᠷᠭᠠᠨ ᠬᠥᠮᠦᠵᠢᠭᠦᠯᠬᠦ ᠠᠷᠭ᠎ᠠ ᠬᠡᠮᠵᠢᠶ᠎ᠡ ᠠᠪᠤᠭᠤᠯᠵᠤ ᠪᠠᠢᠭ᠎ᠠ ᠨᠠᠰᠤᠨ᠎ᠳᠤ ᠦᠯᠦ ᠬᠦᠷᠦᠭᠰᠡᠳ᠎ᠲᠦ ᠠᠯᠪᠠᠨ ᠵᠢᠷᠤᠮ᠎ᠤᠨ ᠰᠤᠷᠭᠠᠨ ᠬᠥᠮᠦᠵᠢᠯ ᠬᠦᠷᠲᠡᠭᠡᠬᠦ ᠬᠡᠷᠡᠭᠲᠡᠢ᠂ ᠬᠡᠷᠡᠭᠰᠡᠬᠦ ᠵᠠᠷᠤᠳᠠᠯ᠎ᠢ᠎ᠨᠢ ᠠᠷᠠᠳ᠎ᠤᠨ ᠵᠠᠰᠠᠭ᠎ᠤᠨ ᠣᠷᠳᠤᠨ᠎ᠠᠴᠠ ᠪᠠᠲᠤᠯᠠᠨ᠎ᠠ᠃

  ᠬᠣᠷᠢᠨ ᠬᠣᠶᠠᠳᠤᠭᠠᠷ ᠵᠦᠢᠯ   ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ ᠵᠢᠴᠢ ᠲᠡᠭᠦᠨ᠎ᠦ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ ᠰᠤᠷᠭᠠᠭᠤᠯᠢ᠎ᠶᠢᠨ ᠲᠡᠩᠴᠡᠭᠦᠷᠢᠲᠡᠢ ᠬᠥᠭᠵᠢᠯᠲᠡ᠎ᠶᠢ ᠠᠬᠢᠭᠤᠯᠵᠤ᠂ ᠰᠤᠷᠭᠠᠭᠤᠯᠢ᠎ᠶᠢᠨ ᠬᠣᠭᠤᠷᠤᠨᠳᠤᠬᠢ ᠰᠤᠷᠭᠠᠭᠤᠯᠢ ᠡᠷᠬᠢᠯᠡᠬᠦ ᠨᠥᠬᠦᠴᠡᠯ᠎ᠦᠨ ᠵᠥᠷᠢᠶ᠎ᠡ᠎ᠶᠢ ᠪᠠᠭᠠᠰᠭᠠᠬᠤ ᠬᠡᠷᠡᠭᠲᠡᠢ᠂ ᠰᠤᠷᠭᠠᠭᠤᠯᠢ᠎ᠶᠢ ᠭᠣᠣᠯᠳᠠᠯᠭᠠᠲᠤ ᠰᠤᠷᠭᠠᠭᠤᠯᠢ ᠪᠠ ᠭᠣᠣᠯᠳᠠᠯᠭᠠᠲᠤ ᠪᠤᠰᠤ ᠰᠤᠷᠭᠠᠭᠤᠯᠢ ᠭᠡᠵᠦ ᠬᠤᠪᠢᠶᠠᠵᠤ ᠪᠣᠯᠬᠤ᠎ᠦᠭᠡᠢ᠃ ᠰᠤᠷᠭᠠᠭᠤᠯᠢ ᠭᠣᠣᠯᠳᠠᠯᠭᠠᠲᠤ ᠠᠩᠭᠢ ᠪᠠ ᠭᠣᠣᠯᠳᠠᠯᠭᠠᠲᠤ ᠪᠤᠰᠤ ᠠᠩᠭᠢ ᠭᠡᠵᠦ ᠲᠤᠰ᠎ᠲᠤ᠎ᠨᠢ ᠬᠤᠪᠢᠶᠠᠵᠤ ᠪᠣᠯᠬᠤ᠎ᠦᠭᠡᠢ᠃

  ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ ᠵᠢᠴᠢ ᠲᠡᠭᠦᠨ᠎ᠦ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠨᠢ ᠠᠯᠪᠠᠨ᠎ᠠᠴᠠ ᠡᠷᠬᠢᠯᠡᠭᠰᠡᠨ ᠰᠤᠷᠭᠠᠭᠤᠯᠢ᠎ᠶᠢᠨ ᠱᠢᠨᠵᠢ ᠴᠢᠨᠠᠷ᠎ᠢ ᠶᠠᠮᠠᠷᠪᠠ᠎ᠨᠡᠷ᠎ᠡ᠎ᠪᠡᠷ ᠬᠤᠪᠢᠷᠠᠭᠤᠯᠬᠤ ᠪᠤᠶᠤ ᠬᠡᠯᠪᠡᠷᠢ᠎ᠶᠢ᠎ᠨᠢ ᠥᠭᠡᠷᠡᠲᠦᠭᠦᠯᠦᠨ ᠬᠤᠪᠢᠷᠠᠭᠤᠯᠵᠤ ᠪᠣᠯᠬᠤ᠎ᠦᠭᠡᠢ᠃

  ᠬᠣᠷᠢᠨ ᠭᠤᠷᠪᠠᠳᠤᠭᠠᠷ ᠵᠦᠢᠯ   ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠵᠢᠴᠢ ᠲᠡᠭᠦᠨ᠎ᠦ ᠬᠣᠯᠪᠤᠭᠳᠠᠯ ᠪᠦᠬᠦᠢ ᠰᠠᠯᠠᠭ᠎ᠠ ᠮᠥᠴᠢᠷ᠎ᠨᠢ ᠬᠠᠤᠯᠢ ᠶᠣᠰᠤᠭᠠᠷ ᠰᠤᠷᠭᠠᠭᠤᠯᠢ᠎ᠶᠢᠨ ᠡᠷᠭᠢᠨ ᠲᠣᠭᠤᠷᠢᠨ᠎ᠤ ᠡᠮᠬᠢ ᠵᠢᠷᠤᠮ᠎ᠢ ᠬᠠᠮᠠᠭᠠᠯᠠᠵᠤ᠂ ᠰᠤᠷᠤᠭᠴᠢ᠂ ᠪᠠᠭᠱ᠌ᠢ᠂ ᠰᠤᠷᠭᠠᠭᠤᠯᠢ᠎ᠶᠢᠨ ᠬᠠᠤᠯᠢ ᠶᠣᠰᠤᠨ᠎ᠤ ᠡᠷᠬᠡ ᠠᠱᠢᠭ᠎ᠢ ᠬᠠᠮᠠᠭᠠᠯᠠᠵᠤ᠂ ᠰᠤᠷᠭᠠᠭᠤᠯᠢ᠎ᠳᠤ ᠠᠶᠤᠯᠭᠦᠢ᠎ᠶᠢᠨ ᠪᠠᠲᠤᠯᠠᠭ᠎ᠠ ᠬᠠᠩᠭᠠᠨ᠎ᠠ᠃

  ᠬᠣᠷᠢᠨ ᠳᠥᠷᠪᠡᠳᠦᠭᠡᠷ ᠵᠦᠢᠯ   ᠰᠤᠷᠭᠠᠭᠤᠯᠢ᠎ᠠᠴᠠ ᠠᠶᠤᠯᠭᠦᠢ᠎ᠶᠢᠨ ᠳᠦᠷᠢᠮ ᠪᠠ ᠪᠠᠴᠢᠮ ᠪᠠᠢᠳᠠᠯ᠎ᠢ ᠠᠷᠭᠠᠴᠠᠬᠤ ᠲᠣᠭᠲᠠᠴᠠ᠎ᠶᠢ ᠪᠠᠢᠭᠤᠯᠤᠨ ᠲᠡᠭᠦᠯᠳᠡᠷᠵᠢᠭᠦᠯᠵᠦ᠂ ᠰᠤᠷᠤᠭᠴᠢᠳ᠎ᠲᠤ ᠠᠶᠤᠯᠭᠦᠢ᠎ᠶᠢᠨ ᠬᠥᠮᠦᠵᠢᠯ ᠬᠢᠵᠦ᠂ ᠬᠠᠮᠢᠶᠠᠷᠤᠯᠲᠠ᠎ᠪᠠᠨ ᠴᠢᠩᠭᠠᠳᠭᠠᠵᠤ᠂ ᠳᠠᠯᠳᠠ ᠭᠡᠮ᠎ᠢ ᠴᠠᠭ ᠲᠤᠬᠠᠢ᠎ᠳᠤ᠎ᠨᠢ ᠠᠷᠢᠯᠭᠠᠵᠤ᠂ ᠡᠨᠳᠡᠯ ᠭᠠᠷᠬᠤ᠎ᠶᠢ ᠤᠷᠢᠳᠴᠢᠯᠠᠨ ᠰᠡᠷᠭᠡᠢᠯᠡᠬᠦ ᠬᠡᠷᠡᠭᠲᠡᠢ᠃

  ᠱᠢᠶᠠᠨ᠎ᠤ ᠱᠠᠲᠤᠨ᠎ᠠᠴᠠ ᠳᠡᠭᠡᠭᠱᠢᠬᠢ ᠣᠷᠤᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠤᠨ᠎ᠠᠴᠠ ᠰᠤᠷᠭᠠᠭᠤᠯᠢ᠎ᠶᠢᠨ ᠭᠡᠷ ᠪᠠᠢᠱᠢᠩ᠎ᠤᠨ ᠠᠶᠤᠯᠭᠦᠢ᠎ᠶᠢ ᠲᠣᠭᠲᠠᠮᠠᠯ ᠬᠤᠭᠤᠴᠠᠭ᠎ᠠ᠎ᠲᠠᠢ᠎ᠪᠠᠷ ᠪᠠᠢᠴᠠᠭᠠᠨ᠎ᠠ; ᠰᠡᠯᠪᠢᠨ ᠵᠠᠰᠠᠵᠤ᠂ ᠥᠭᠡᠷᠡᠴᠢᠯᠡᠬᠦ ᠴᠢᠬᠤᠯᠠᠲᠠᠢ ᠪᠠᠢᠪᠠᠯ ᠴᠠᠭ ᠲᠤᠬᠠᠢ᠎ᠳᠤ᠎ᠨᠢ ᠰᠡᠯᠪᠢᠨ ᠵᠠᠰᠠᠵᠤ᠂ ᠥᠭᠡᠷᠡᠴᠢᠯᠡᠬᠦ ᠬᠡᠷᠡᠭᠲᠡᠢ᠃

  ᠰᠤᠷᠭᠠᠭᠤᠯᠢ᠎ᠨᠢ ᠵᠣᠷᠢᠭᠤᠳᠠ ᠶᠠᠯ᠎ᠠ ᠬᠢᠵᠦ ᠬᠠᠤᠯᠢ ᠶᠣᠰᠤᠭᠠᠷ ᠤᠯᠤᠰ ᠲᠥᠷᠦ᠎ᠶᠢᠨ ᠡᠷᠬᠡ᠎ᠪᠡᠨ ᠬᠠᠰᠤᠭᠤᠯᠤᠭᠰᠠᠨ ᠬᠥᠮᠦᠨ ᠪᠤᠶᠤ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠠᠵᠢᠯ᠎ᠢ ᠬᠢᠬᠦ᠎ᠳᠦ ᠲᠣᠬᠢᠷᠠᠬᠤ᠎ᠦᠭᠡᠢ ᠪᠤᠰᠤᠳ ᠬᠥᠮᠦᠨ᠎ᠢ ᠤᠷᠢᠨ ᠬᠡᠷᠡᠭᠯᠡᠵᠦ ᠰᠤᠷᠭᠠᠭᠤᠯᠢ᠎ᠶᠢᠨ ᠠᠵᠢᠯᠲᠠᠨ ᠪᠣᠯᠭᠠᠵᠤ ᠪᠣᠯᠬᠤ᠎ᠦᠭᠡᠢ᠃

  ᠬᠣᠷᠢᠨ ᠲᠠᠪᠤᠳᠤᠭᠠᠷ ᠵᠦᠢᠯ   ᠰᠤᠷᠭᠠᠭᠤᠯᠢ᠎ᠨᠢ ᠤᠯᠤᠰ᠎ᠤᠨ ᠲᠣᠭᠲᠠᠭᠠᠯ᠎ᠢ ᠵᠥᠷᠢᠴᠡᠵᠦ ᠰᠦᠢᠳᠭᠡᠯ ᠬᠤᠷᠢᠶᠠᠵᠤ ᠪᠣᠯᠬᠤ᠎ᠦᠭᠡᠢ᠂ ᠰᠤᠷᠤᠭᠴᠢᠳ᠎ᠲᠤ ᠲᠠᠸᠠᠷ᠂ ᠦᠢᠯᠡᠴᠢᠯᠡᠭᠡ᠎ᠶᠢ ᠪᠣᠷᠤᠯᠠᠭᠤᠯᠬᠤ ᠪᠤᠶᠤ ᠬᠡᠯᠪᠡᠷᠢ᠎ᠶᠢ᠎ᠨᠢ ᠥᠭᠡᠷᠡᠲᠦᠭᠦᠯᠦᠨ ᠪᠣᠷᠤᠯᠠᠭᠤᠯᠬᠤ ᠵᠡᠷᠭᠡ ᠠᠷᠭ᠎ᠠ ᠬᠡᠯᠪᠡᠷᠢ᠎ᠪᠡᠷ ᠠᠱᠢᠭ ᠲᠤᠰᠠ ᠣᠯᠵᠤ ᠪᠣᠯᠬᠤ᠎ᠦᠭᠡᠢ᠃

  ᠬᠣᠷᠢᠨ ᠵᠢᠷᠭᠤᠳᠤᠭᠠᠷ ᠵᠦᠢᠯ   ᠰᠤᠷᠭᠠᠭᠤᠯᠢ᠎ᠨᠢ ᠰᠤᠷᠭᠠᠭᠤᠯᠢ᠎ᠶᠢᠨ ᠵᠠᠬᠢᠷᠤᠯ᠎ᠤᠨ ᠬᠠᠷᠢᠭᠤᠴᠠᠬᠤ ᠳᠦᠷᠢᠮ᠎ᠢ ᠬᠡᠷᠡᠭᠵᠢᠭᠦᠯᠦᠨ᠎ᠡ᠃ ᠰᠤᠷᠭᠠᠭᠤᠯᠢ᠎ᠶᠢᠨ ᠵᠠᠬᠢᠷᠤᠯ᠎ᠨᠢ ᠤᠯᠤᠰ᠎ᠠᠴᠠ ᠲᠣᠭᠲᠠᠭᠠᠭᠰᠠᠨ ᠲᠤᠱᠢᠶᠠᠯ ᠡᠭᠦᠷᠭᠡᠯᠡᠬᠦ ᠨᠥᠬᠦᠴᠡᠯ᠎ᠳᠦ ᠨᠡᠢᠴᠡᠭᠰᠡᠨ ᠪᠠᠢᠬᠤ ᠬᠡᠷᠡᠭᠲᠡᠢ᠃ ᠰᠤᠷᠭᠠᠭᠤᠯᠢ᠎ᠶᠢᠨ ᠵᠠᠬᠢᠷᠤᠯ᠎ᠢ ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠡᠴᠡ ᠬᠠᠤᠯᠢ ᠶᠣᠰᠤᠭᠠᠷ ᠤᠷᠢᠵᠤ ᠲᠣᠮᠢᠯᠠᠨ᠎ᠠ᠃

  ᠬᠣᠷᠢᠨ ᠳᠣᠯᠤᠳᠤᠭᠠᠷ ᠵᠦᠢᠯ   ᠰᠤᠷᠭᠠᠭᠤᠯᠢ᠎ᠶᠢᠨ ᠬᠠᠮᠢᠶᠠᠷᠤᠯᠲᠠ᠎ᠶᠢᠨ ᠳᠦᠷᠢᠮ᠎ᠢ ᠵᠥᠷᠢᠴᠡᠭᠰᠡᠨ ᠰᠤᠷᠤᠭᠴᠢᠳ᠎ᠢ ᠰᠤᠷᠭᠠᠭᠤᠯᠢ᠎ᠠᠴᠠ ᠱᠢᠭᠦᠮᠵᠢᠯᠡᠨ ᠰᠤᠷᠭᠠᠬᠤ ᠬᠡᠷᠡᠭᠲᠡᠢ᠂ ᠰᠤᠷᠭᠠᠭᠤᠯᠢ᠎ᠠᠴᠠ ᠬᠥᠭᠡᠭᠡᠵᠦ ᠪᠣᠯᠬᠤ᠎ᠦᠭᠡᠢ᠃

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604